ᠪᠦᠲᠦᠮᠵᠢᠲᠡᠢ ᠲᠤᠬᠲᠠᠴᠠ ᠪᠣᠯ ᠠᠰᠠᠭᠤᠳᠠᠯ᠎ᠢ ᠱᠢᠢᠳᠪᠦᠷᠢᠯᠡᠬᠦ᠌ ᠵᠢᠨ ᠵᠠᠩᠭᠢᠯᠠᠭ᠎ᠠ
2025-12-08 16:58:12
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠬᠤᠭᠤᠴᠠᠭᠠᠨ᠎ᠳᠤ᠂ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ 《ᠨᠠᠮ᠎ᠤᠨ ᠠᠴᠢ᠎ᠳᠤ ᠳᠠᠯᠠᠷᠬᠠᠵᠦ᠂ ᠨᠠᠮ᠎ᠤᠨ ᠦᠬᠡ᠎ᠶᠢ ᠰᠤᠨᠤᠰᠴᠦ᠂ ᠨᠠᠮ ᠵᠢᠡᠨ ᠳᠠᠭᠠᠨ ᠤᠷᠤᠬᠰᠢᠯᠠᠬᠤ》 ᠵᠢ ᠪᠤᠳᠠᠳᠦ ᠠᠵᠢᠯᠯᠠᠭ᠎ᠠ ᠪᠤᠯᠭᠠᠨ ᠦᠢᠯᠡᠳᠦᠯᠭᠡᠵᠢᠬᠦᠯᠵᠦ᠂ ᠠᠷᠠᠳ᠎ᠤᠨ ᠠᠮᠢᠳᠤᠷᠠᠯ᠎ᠢᠶᠠᠷ ᠳᠡᠪᠢᠰᠭᠡᠷ ᠦᠩᠭᠡ ᠪᠣᠯᠭᠠᠭ᠍ᠰᠠᠨ ᠭᠣᠢᠳᠠ ᠰᠠᠢᠬᠠᠨ ᠵᠢᠷᠤᠭ᠎ᠤᠨ ᠬᠠᠭᠤᠳᠠᠰᠦ᠎ᠵᠢ ᠪᠢᠴᠢᠭᠯᠡᠨ᠎ᠡ᠃

ᠨᠠᠮ᠎ᠤᠨ ᠲᠥᠷᠥ᠎ᠶ᠋ᠢᠨ ᠪᠣᠳᠣᠯᠭ᠎ᠠ ᠪᠣᠯ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢᠨ ᠪᠠᠲᠤ ᠪᠡᠬᠢ ᠰᠠᠭᠤᠷᠢ ᠮᠥᠨ᠃ ᠬᠣᠲᠣᠩ ᠠᠷᠠᠳ᠎ᠤᠨ ᠲᠣᠭᠣᠷᠢᠭ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠴᠦ᠍᠂ ᠤᠯᠠᠮᠵᠢᠯᠠᠯᠲᠤ 《ᠬᠤᠷᠠᠯ ᠬᠢᠬᠦ᠌》 ᠮᠠᠶᠢᠭ᠎ᠤᠨ ᠤᠬᠠᠭᠤᠯᠤᠨ ᠲᠠᠢᠯᠪᠤᠷᠢᠯᠠᠬᠤ ᠬᠡᠪ ᠵᠠᠭ᠍ᠪᠤᠷ᠎ᠠᠴᠠ ᠰᠠᠯᠵᠤ᠂《ᠲᠠᠰ ᠬᠤᠪᠢᠶᠠᠨ ᠲᠥᠷᠥᠯ ᠬᠤᠪᠢᠶᠠᠬᠤ + ᠡᠷᠦᠬᠡ᠎ᠳᠦ ᠬᠦᠷᠴᠦ᠍ ᠤᠬᠠᠭᠤᠯᠤᠨ ᠲᠠᠢᠯᠪᠤᠷᠢᠯᠠᠬᠤ》 ᠳᠣᠲᠣᠨᠣᠰᠣᠭ ᠠᠷᠭ᠎ᠠ ᠮᠠᠶᠢᠭ᠎ᠢ ᠬᠡᠷᠡᠭ᠌ᠯᠡᠪᠡ᠃ ᠠᠳᠠᠯᠢ ᠪᠤᠰᠤ ᠬᠠᠮᠳᠦ ᠨᠡᠢᠲᠡ᠎ᠶᠢᠨ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠣᠢᠯᠠᠭᠠᠯᠲᠠ ᠪᠠ ᠬᠡᠷᠡᠭ᠌ᠴᠡᠭᠡ ᠱᠠᠭᠠᠷᠳᠠᠯᠭ᠎ᠠ ᠨᠢ ᠮᠠᠰᠢ ᠶᠡᠬᠡ ᠵᠥᠷᠢᠶ᠎ᠡ᠎ᠲᠡᠶ ᠪᠠᠢᠳᠠᠭ᠂ ᠲᠠᠰ ᠳᠠᠪᠬᠤᠷᠭ᠎ᠠ ᠲᠥᠷᠥᠯ ᠬᠤᠪᠢᠶᠠᠨ ᠂ᠨᠠᠰᠤ ᠵᠢᠯ᠂ ᠠᠵᠢᠯ ᠮᠡᠷᠭᠡᠵᠢᠯ ᠵᠡᠷᠭᠡ ᠵᠢᠨ ᠪᠠᠢᠳᠠᠯ᠎ᠢ ᠦᠨᠳᠦᠰᠦᠯᠡᠨ ᠤᠬᠠᠭᠤᠯᠤᠨ ᠲᠠᠢᠯᠪᠤᠷᠢᠯᠠᠬᠤ ᠠᠭᠤᠯᠭ᠎ᠠ ᠲᠣᠭ᠍ᠲᠠᠭᠠᠵᠤ᠂ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠳᠠᠮᠵᠢᠭᠤᠯᠤᠨ ᠬᠦᠷᠭᠡᠬᠦ᠌ ᠨᠢ ᠮᠡᠳᠡᠭᠡ ᠵᠠᠩᠭᠢ᠎ᠶ᠋ᠢ ᠣᠯᠠᠨ ᠲᠦᠮᠡᠨ᠎ᠦ ᠳᠣᠲᠣᠭᠠᠳᠤ ᠰᠡᠳᠭᠢᠯ᠎ᠳᠦ ᠱᠢᠭᠤᠳ ᠬᠦᠷᠭᠡᠵᠦ᠍᠂ ᠨᠠᠩ ᠬᠠᠨᠳᠤᠯᠭᠠᠲᠤ ᠴᠢᠨᠠᠷᠲᠠᠶ ᠪᠣᠯᠭᠠᠪᠠ᠃ ᠤᠬᠠᠭᠤᠯᠤᠨ ᠲᠠᠢᠯᠪᠤᠷᠢᠯᠠᠬᠤ ᠵᠢ ᠡᠷᠦᠭᠡ᠎ᠳᠤ ᠰᠢᠭᠤᠳ ᠬᠦᠷᠭᠡᠵᠦ᠂᠎ᠲᠥᠬᠥᠮ ᠣᠢᠯᠠᠭᠠᠮᠵᠢᠲᠠᠶ ᠦᠭᠡ ᠬᠡᠯᠡ᠂ ᠠᠮᠢᠳᠤᠯᠢᠭ ᠪᠣᠳᠠᠲᠠᠶ ᠬᠡᠷᠡᠭ᠎ᠦᠨ ᠵᠢᠱ᠌ᠢᠶ᠎ᠡ᠎ᠪᠡᠷ ᠲᠥᠷᠥ᠎ᠶ᠋ᠢᠨ ᠪᠣᠳᠣᠯᠭ᠎ᠠ᠎ᠶ᠋ᠢ ᠭᠦᠨᠵᠡᠭᠡᠶ ᠪᠥᠭᠡᠳ ᠨᠡᠪᠲᠡᠷᠡᠲᠡᠯ᠎ᠡ ᠶᠠᠷᠢᠬᠤ ᠨᠢ ᠲᠥᠷᠥ᠎ᠶ᠋ᠢᠨ ᠪᠣᠳᠣᠯᠭ᠎ᠠ ᠬᠢᠭᠡᠳ ᠣᠯᠠᠨ ᠲᠦᠮᠡᠨ᠎ᠦ ᠬᠣᠭᠣᠷᠣᠨᠳᠣᠬᠢ ᠵᠠᠢ᠎ᠶᠢ ᠨᠡᠩ ᠤᠢᠷᠠᠲᠤᠭᠤᠯᠵᠦ᠂ ᠨᠠᠮ᠎ᠤᠨ ᠬᠠᠢᠷ᠎ᠠ ᠬᠠᠯᠠᠮᠵᠢ᠎ᠶ᠋ᠢ ᠤᠯᠠᠨ ᠲᠦᠮᠡᠨ᠎ᠤ ᠳᠡᠷᠭᠡᠳᠡ ᠬᠦᠷᠭᠡᠭᠰᠡᠨ ᠶᠠᠪᠤᠳᠠᠯ ᠪᠤᠯᠬᠤ ᠶᠤᠮ᠃

ᠬᠣᠲᠣᠩ ᠠᠷᠠᠳ᠎ᠤᠨ ᠲᠣᠭᠣᠷᠢᠭ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠲᠦᠷᠦ᠎ᠶᠢᠨ ᠪᠤᠳᠤᠯᠭ᠎ᠠ᠎ᠶᠢᠨ ᠨᠠᠢᠳᠠᠪᠤᠷᠢᠵᠢᠭᠤᠯᠤᠯᠲᠠ᠎ᠶᠢ ᠪᠠᠲᠤᠯᠠᠵᠦ᠂ ᠬᠦᠴᠢᠷᠳᠡᠯᠲᠡᠶ ᠬᠥᠮᠦᠰ᠎ᠢ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠎ᠨᠢ ᠠᠷᠠᠳ᠎ᠤᠨ ᠠᠮᠢᠳᠤᠷᠠᠯ᠎ᠳᠤ ᠬᠦᠰᠡᠯ ᠡᠷᠡᠮᠡᠯᠵᠡᠯ ᠣᠯᠭᠣᠵᠤ ᠂ ᠠᠵᠢᠯ ᠣᠯᠭᠣᠵᠤ ᠦᠶ᠋ᠯᠡᠰ ᠪᠤᠰᠬᠠᠬᠤ᠎ᠶ᠋ᠢ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠨᠢ ᠣᠯᠠᠨ ᠲᠦᠮᠡᠨ᠎ᠦ ᠬᠦᠰᠡᠯ ᠵᠡᠭᠦᠳᠦ᠍ ᠪᠡᠨ ᠬᠥᠭᠡᠭᠡᠴᠡᠯᠳᠦᠬᠦ᠌᠎ᠳᠦ ᠬᠦᠴᠦᠨ ᠨᠡᠮᠡᠷᠢᠯᠡᠵᠦ᠍᠂ ᠠᠷᠠᠳ᠎ᠤᠨ ᠠᠮᠢᠳᠤᠷᠠᠯ᠎ᠤᠨ ᠰᠠᠭᠤᠷᠢ ᠲᠥᠬᠥᠭᠡᠷᠦᠮᠵᠢ᠎ᠶ᠋ᠢ ᠰᠠᠢᠵᠢᠷᠠᠭᠤᠯᠬᠤ ᠲᠥᠷᠥ᠎ᠶ᠋ᠢᠨ ᠪᠣᠳᠣᠯᠭ᠎ᠠ᠎ᠨᠢ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ᠃ ᠡᠳᠡᠭᠡᠷ ᠨᠢ ᠣᠯᠠᠨ ᠲᠦᠮᠡᠨ᠎ᠳᠦ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠵᠢ ᠦᠨᠡᠨ᠎ᠬᠦ᠌ ᠬᠦᠷᠲᠡᠭᠡᠨ ᠮᠡᠳᠡᠷᠡᠭᠦᠯᠵᠦ᠂ ᠤᠯᠠᠨ ᠲᠦᠮᠡᠨ᠎ᠤ ᠨᠠᠮ᠎ᠢᠶᠠᠨ ᠳᠠᠭᠠᠨ ᠤᠷᠤᠬᠰᠢᠯᠠᠬᠤ ᠡᠷᠡᠰ ᠵᠣᠷᠢᠭ᠎ᠢ ᠪᠠᠲᠤᠳᠭᠠᠪᠠ᠃

ᠪᠦᠳᠦᠮᠵᠢᠳᠡᠢ ᠲᠣᠭ᠍ᠲᠠᠴᠠ ᠪᠣᠯ ᠤᠯᠠᠨ ᠲᠦᠮᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠠᠩᠭᠢᠯᠠᠭ᠎ᠠ ᠪᠤᠯᠤᠨ᠎ᠠ᠃ ᠬᠣᠲᠣᠩ ᠠᠷᠠᠳ᠎ᠤᠨ ᠲᠣᠭᠣᠷᠢᠭ ᠡᠯ᠎ᠡ ᠲᠠᠯ᠎ᠠ᠎ᠶ᠋ᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ ᠂ ᠥᠨᠳᠥᠷ ᠪᠦᠲᠦᠮᠵᠢᠲᠡᠶ ᠠᠰᠠᠭᠤᠳᠠᠯ᠎ᠢ ᠱᠢᠶ᠋ᠳᠪᠦᠷᠢᠯᠡᠬᠦ᠌ ᠳᠤᠬᠳᠠᠴᠠ ᠵᠢᠨ ᠰᠢᠨ᠎ᠡ ᠵᠢ ᠡᠭᠦᠳᠴᠦ᠂ ᠬᠠᠮᠲᠤᠷᠠᠯ ᠬᠦᠴᠦᠨ᠎ᠢ ᠪᠦᠷᠢᠯᠳᠦᠭᠦᠯᠪᠡ᠃ ᠨᠡᠢᠭᠡᠮ ᠲᠣᠭᠣᠷᠢᠭ᠎ᠨᠢ ᠠᠰᠠᠭᠤᠳᠠᠯ᠎ᠤᠨ ᠪᠠᠴᠢᠮ ᠪᠠᠢᠳᠠᠯ᠎ᠢ ᠦᠨᠳᠦᠰᠦᠯᠡᠨ ᠲᠥᠷᠥᠯ ᠵᠦᠶ᠋ᠯ ᠬᠤᠪᠢᠶᠠᠵᠤ᠂ ᠪᠠᠴᠢᠮ ᠠᠰᠠᠭᠤᠳᠠᠯ᠎ᠢ ᠤᠷᠢᠳ ᠵᠢᠡᠷ ᠱᠢᠶ᠋ᠳᠪᠦᠷᠢᠯᠡᠬᠦ᠌᠂ ᠡᠩ᠎ᠦᠨ ᠠᠰᠠᠭᠤᠳᠠᠯ᠎ᠢ ᠡᠮᠬᠢ ᠵᠢᠷᠤᠮ᠎ᠲᠠᠶ ᠱᠢᠶ᠋ᠳᠪᠦᠷᠢᠯᠡᠬᠦ᠌᠎ᠶ᠋ᠢ ᠦᠨᠡᠨ᠎ᠬᠦ᠌ ᠪᠠᠲᠤᠯᠠᠪᠠ᠃ ᠡᠳᠡᠭᠡᠷ ᠲᠣᠭ᠍ᠲᠠᠴᠠ ᠨᠢ ᠤᠯᠠᠨ ᠲᠦᠮᠡᠨ᠎ᠢ ᠭᠠᠴᠢᠭ᠍ᠳᠠᠭᠤᠯᠵᠤ ᠪᠠᠢᠭ᠎ᠠ ᠶᠡᠬᠡ ᠬᠡᠮᠵᠢᠶᠡᠨ᠎ᠦ ᠠᠮᠢᠳᠤᠷᠠᠯ᠎ᠤᠨ ᠪᠡᠷᠬᠡ ᠰᠡᠳᠦᠪ᠎ᠢ ᠠᠮᠠᠷᠬᠠᠨ ᠱᠢᠢᠳᠪᠦᠷᠢᠯᠡᠵᠦ᠍᠂ ᠱᠢᠢᠳᠪᠦᠷᠢᠯᠡᠵᠦ᠍ ᠳᠠᠭᠤᠰᠭᠠᠬᠤ ᠨᠤᠷᠮ᠎ᠠ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠨᠠᠮ ᠪᠠ ᠵᠠᠰᠠᠭ᠎ᠤᠨ ᠣᠷᠳᠣᠨ᠎ᠤ ᠠᠷᠠᠳ ᠲᠦᠮᠡᠨ᠎ᠳᠦ ᠦᠢᠯᠡᠴᠢᠯᠡᠬᠦ᠌ ᠵᠣᠷᠢᠯᠲᠠ᠎ᠶ᠋ᠢ ᠬᠦᠢᠴᠡᠳ ᠢᠯᠡᠷᠡᠭᠦᠯᠪᠠ᠃

ᠨᠡᠢᠭᠡᠮ᠎ᠦᠨ ᠵᠠᠰᠠᠯᠲᠠ᠎ᠳᠤ ᠪᠦᠬᠦ᠌ ᠨᠡᠢᠭᠡᠮ᠎ᠢᠶᠡᠷ᠎ᠢᠶᠡᠨ ᠬᠠᠮᠲᠤ᠎ᠪᠠᠷ ᠣᠷᠣᠯᠴᠠᠬᠤ ᠴᠢᠬᠤᠯᠠᠲᠠᠢ᠃ ᠬᠣᠲᠣᠩ ᠠᠷᠠᠳ᠎ᠤᠨ ᠲᠣᠭᠣᠷᠢᠭ᠎ᠤᠨ《ᠬᠤᠪᠢᠰᠭᠠᠯᠲᠤ ᠬᠤᠳᠠᠯᠳᠤᠭᠠᠨ᠎ᠤ ᠲᠣᠭᠣᠷᠢᠭ》 ᠤ᠋ᠨ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠵᠠᠭ᠍ᠪᠤᠷ ᠨᠢ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ᠂ ᠨᠡᠢᠭᠡᠮ ᠲᠣᠭᠣᠷᠢᠭ᠂ ᠠᠵᠤ ᠠᠬᠤᠢᠯᠠᠯ᠂ ᠨᠢᠭᠡᠴᠢ ᠵᠡᠷᠭᠡ ᠡᠯ᠎ᠡ ᠲᠠᠯ᠎ᠠ᠎ᠶ᠋ᠢᠨ ᠬᠦᠴᠦᠨ᠎ᠢ ᠨᠡᠢᠳᠭᠡᠵᠦ᠍᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠵᠦ᠍᠂ ᠲᠥᠷᠥ᠎ᠶ᠋ᠢᠨ ᠪᠣᠳᠣᠯᠭ᠎ᠠ᠎ᠪᠠᠷ ᠵᠠᠮᠴᠢᠯᠠᠨ᠂ ᠲᠣᠭ᠍ᠲᠠᠴᠠ᠎ᠶ᠋ᠢᠨ ᠪᠠᠲᠤᠯᠠᠭ᠎ᠠ ᠬᠠᠩᠭᠠᠵᠤ᠂ ᠠᠷᠠᠳ᠎ᠤᠨ ᠠᠮᠢᠳᠤᠷᠠᠯ᠎ᠢ ᠲᠠᠰᠤᠷᠠᠯᠲᠠ ᠥᠬᠡᠶ ᠰᠠᠢᠵᠢᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号