ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠯᠡᠯ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠪᠡᠭᠡᠵᠢᠩ ᠤ᠋ᠨ ᠳᠠᠷᠤᠮᠠᠯᠯᠠᠯ᠎ᠤᠨ ᠳᠡᠭᠡᠳᠦ ᠰᠤᠷᠭᠠᠭᠤᠯᠢ᠎ᠠᠴᠠ ᠳᠠᠭᠠᠭᠠᠴᠢᠯᠠᠨ ᠡᠷᠬᠢᠯᠡᠵᠦ᠂ ᠦᠪᠦᠷ ᠮᠤᠩᠭᠤᠯ ᠤ᠋ᠨ ᠵᠢᠷᠤᠭᠲᠤ ᠰᠡᠳᠬᠦᠯ ᠤ᠋ᠨ ᠬᠤᠷᠢᠶ᠎ᠠ᠂ ᠦᠪᠦᠷ ᠮᠤᠩᠭᠤᠯ ᠤ᠋ᠨ ᠰᠢᠨᠬᠤᠸᠠ ᠰᠤᠨᠢᠨ ᠤ᠋ ᠦᠢᠯᠡᠰ ᠤ᠋ᠨ ᠲᠦᠪ ᠠ᠋ᠴᠠ ᠬᠠᠮᠵᠢᠨ ᠡᠷᠬᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠦᠰᠦᠭ ᠪᠢᠴᠢᠭ᠎ᠤᠨ ᠬᠡᠪᠯᠡᠯ ᠤ᠋ᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ᠎ᠦ ᠴᠢᠳᠠᠪᠤᠷᠢ᠎ᠵᠢ ᠳᠡᠭᠡᠭᠰᠢᠯᠡᠬᠦᠯᠬᠦ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ 12 ᠰᠠᠷ᠎ᠠ᠎ᠶᠢᠨ 1 ᠡᠴᠡ 5᠎ᠤ᠋ ᠡᠳᠦᠷ ᠪᠤᠯᠳᠠᠯ᠎ᠠ ᠪᠡᠭᠡᠵᠢᠩ ᠳ᠋ᠸ᠋ ᠶᠠᠪᠤᠭᠳᠠᠪᠠ᠃
ᠪᠣᠯᠪᠠᠰᠤᠷᠠᠯ᠎ᠤᠨ ᠠᠩᠭᠢ ᠡᠴᠡ᠂ ᠦᠨᠳᠦᠰᠦᠳᠡᠨ᠎ᠤ ᠦᠰᠦᠭ ᠪᠢᠴᠢᠭ᠎ᠤᠨ ᠬᠡᠪᠯᠡᠯ᠎ᠤᠨ ᠬᠢᠨ ᠤᠯᠤᠰ ᠲᠦᠷᠦ ᠵᠢᠨ ᠵᠤᠭᠰᠤᠴᠠ ᠪᠠᠨ ᠳᠡᠭᠡᠭᠰᠢᠯᠡᠬᠦᠯᠵᠦ᠂ ᠵᠦᠪ ᠤᠨᠤᠪᠴᠢᠳᠠᠢ ᠤᠯᠤᠰ ᠲᠦᠷᠦ ᠵᠢᠨ ᠴᠢᠭᠯᠡᠯ᠂ ᠬᠡᠪᠯᠡᠯ᠎ᠤᠨ ᠬᠦᠲᠦᠯᠦᠮᠵᠢ ᠪᠠ ᠦᠷᠳᠡᠭ᠎ᠤᠨ ᠬᠠᠨᠳᠤᠰᠢ ᠵᠢ ᠢᠮᠠᠭᠳᠠ ᠪᠠᠷᠢᠮᠳᠠᠯᠠᠵᠦ᠂ ᠳᠤᠮᠳᠠᠳᠤ ᠵᠢᠨ ᠦᠨᠳᠦᠰᠦᠳᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠵᠢ ᠨᠠᠢᠷᠠᠭᠤᠯᠤᠨ ᠬᠡᠪᠯᠡᠬᠦᠯᠬᠦ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠦ᠂ ᠲᠤᠭ᠎ᠢ ᠮᠠᠨᠳᠤᠭᠤᠯᠤᠨ᠂ ᠠᠷᠠᠳ᠎ᠤᠨ ᠰᠡᠳᠬᠢᠯ᠎ᠢ ᠨᠢᠭᠲᠠᠷᠠᠭᠤᠯᠵᠦ᠂ ᠰᠢᠨ᠎ᠠ ᠬᠦᠮᠦᠨ᠎ᠢ ᠬᠦᠮᠦᠵᠢᠬᠦᠯᠬᠦ᠂ ᠰᠤᠶᠤᠯ᠎ᠢ ᠮᠠᠨᠳᠤᠭᠤᠯᠬᠤ᠂ ᠳᠦᠷᠢ ᠳᠦᠷᠬᠦ ᠵᠢ ᠳᠡᠯᠭᠡᠨ ᠦᠵᠡᠬᠦᠯᠬᠦ ᠲᠡᠤᠬᠡᠲᠤ ᠬᠠᠷᠢᠭᠤᠴᠠᠯᠭ᠎ᠠ ᠵᠢ ᠤᠬᠠᠮᠰᠠᠷ ᠡᠴᠡ ᠪᠠᠨ ᠡᠭᠦᠷᠭᠡᠯᠡᠵᠦ᠂ ᠲᠤᠰᠬᠠᠢ ᠮᠡᠷᠭᠡᠵᠢᠯ᠎ᠤᠨ ᠬᠡᠪ ᠪᠤᠯᠪᠠᠰᠤᠷᠠᠯ᠎ᠢᠶᠡᠨ ᠳᠡᠭᠡᠭᠰᠢᠯᠡᠬᠦᠯᠵᠦ᠂ ᠲᠤᠬᠠᠢᠯᠠᠭᠰᠠᠨ ᠠᠵᠢᠯ ᠳ᠋ᠠᠭᠠᠨ ᠴᠠᠭᠠᠷᠠᠵᠦ᠂ ᠲᠦᠪ ᠶᠤᠰᠤ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠦ᠂ ᠰᠤᠶᠤᠯ᠎ᠤᠨ ᠤᠯᠠᠮᠵᠢᠯᠠᠯ᠎ᠤᠨ ᠡᠭᠦᠳᠦᠭᠴᠢ ᠪᠤᠯᠬᠤ ᠬᠡᠷᠡᠭᠳᠡᠢ ᠭᠡᠵᠦ ᠱᠠᠭᠠᠷᠳᠠᠪᠠ᠃
ᠦᠨᠳᠦᠰᠦᠲᠡᠨ᠎ᠦ ᠦᠰᠦᠭ ᠪᠢᠴᠢᠭ᠎ᠤᠨ ᠨᠠᠢᠷᠠᠭᠤᠯᠤᠨ ᠬᠡᠪᠯᠡᠭᠦᠯᠬᠦ ᠠᠵᠢᠯ ᠪᠣᠯ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ᠂ ᠦᠨᠳᠦᠰᠦᠲᠡᠨ᠎ᠦ ᠰᠣᠶᠣᠯ᠎ᠤᠨ ᠡᠷᠳᠡᠨᠢᠰ᠎ᠢ ᠬᠠᠮᠠᠭᠠᠯᠠᠬᠤ ᠴᠢᠬᠤᠯᠠ ᠠᠴᠢᠶᠠᠯᠠᠪᠤᠷᠢ ᠪᠣᠯᠣᠨ᠎ᠠ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ ᠴᠢᠬᠤᠯᠠ ᠬᠥᠭᠥᠷᠭᠡ ᠬᠣᠯᠪᠣᠭᠠᠰᠤ ᠮᠥᠨ᠂ ᠨᠡᠩ ᠴᠦ᠍ ᠪᠦᠬᠦ ᠣᠷᠣᠨ᠎ᠤ ᠴᠢᠨᠠᠷ ᠰᠠᠢᠳᠠᠢ ᠬᠥᠭᠵᠢᠯᠲᠡ᠎ᠳᠦ ᠦᠢᠯᠡᠴᠢᠯᠡᠬᠦ᠂ ᠦᠨᠳᠦᠰᠦᠲᠡᠨ᠎ᠨᠦᠭᠦᠳ ᠤ᠋ᠨ ᠣᠯᠠᠨ ᠲᠦᠮᠡᠨ ᠤ᠋ ᠣᠶᠤᠨ᠎ᠤ ᠰᠣᠶᠣᠯ᠎ᠤᠨ ᠬᠡᠷᠡᠭᠴᠡᠭᠡ᠎ᠶᠢ ᠬᠠᠩᠭᠠᠬᠤ ᠴᠢᠬᠤᠯᠠ ᠲᠤᠯᠭᠠᠭᠤᠷᠢᠯᠠᠯ ᠮᠦᠨ᠃ ᠥᠪᠥᠷ ᠮᠣᠩᠭᠣᠯ ᠡᠯᠪᠡᠭ ᠪᠠᠶᠠᠯᠢᠭ᠋ ᠰᠣᠶᠣᠯ᠎ᠤᠨ ᠡᠬᠢ ᠪᠠᠶᠠᠯᠢᠭ᠋ ᠪᠠ ᠬᠦᠨ ᠵᠤᠵᠠᠭᠠᠨ ᠰᠣᠶᠣᠯ᠎ᠤᠨ ᠣᠣᠷ ᠲᠤᠨᠤᠳᠠᠰᠤ᠎ᠲᠠᠢ ᠪᠠᠢᠵᠤ᠂ ᠦᠨᠳᠦᠰᠦᠲᠡᠨ᠎ᠦ ᠦᠰᠦᠭ ᠪᠢᠴᠢᠭ᠎ᠤᠨ ᠨᠠᠢᠷᠠᠭᠤᠯᠤᠨ ᠬᠡᠪᠯᠡᠬᠦᠯᠬᠦ ᠠᠵᠢᠯ᠎ᠤᠨ ᠲᠠᠯ᠎ᠠ ᠪᠠᠷ ᠶᠡᠷᠦ ᠨᠢ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠬᠣᠰᠢᠭᠤᠷᠠᠵᠤ᠂ ᠣᠢᠷ᠎ᠠ᠎ᠶᠢᠨ ᠵᠢᠯ᠎ᠡᠴᠡ ᠨᠠᠭᠠᠰᠢ᠂ ᠭᠣᠣᠯ ᠰᠡᠳᠦᠪᠲᠦ ᠬᠡᠪᠯᠡᠯ᠂ ᠰᠣᠳᠣᠨ ᠪᠦᠲᠦᠭᠡᠯ ᠤ᠋ᠨ ᠡᠭᠦᠳᠦᠯᠲᠡ᠂ ᠰᠣᠶᠣᠯ᠎ᠤᠨ ᠳᠠᠮᠵᠢᠭᠤᠯᠭ᠎ᠠ ᠵᠡᠷᠭᠡ ᠲᠠᠯ᠎ᠠ᠎ᠪᠠᠷ ᠡᠯᠪᠡᠭ ᠪᠠᠶᠠᠯᠢᠭ᠋ ᠦᠷ᠎ᠡ ᠪᠦᠲᠦᠭᠡᠯᠤᠯᠵᠦ᠂ ᠨᠠᠮ᠎ᠤᠨ ᠳᠠᠭᠤᠨ ᠬᠤᠭᠤᠯᠠᠢ ᠵᠢ ᠳᠠᠮᠵᠢᠭᠤᠯᠬᠤ᠂ ᠦᠨᠳᠦᠰᠦᠲᠡᠨ᠎ᠦ ᠰᠣᠶᠣᠯ᠎ᠢ ᠤᠯᠠᠮᠵᠢᠯᠠᠬᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃
ᠭᠡᠪᠡᠴᠦ ᠡᠳᠦᠷ ᠢᠷᠡᠬᠦᠶ᠎ᠡ ᠰᠢᠨᠡᠳᠦᠨ ᠬᠥᠭᠵᠢᠵᠦ ᠪᠠᠢᠭ᠎ᠠ ᠵᠠᠭᠤᠴᠢᠯᠠᠭᠤᠷ᠎ᠤᠨ ᠪᠠᠢᠷᠢᠰᠢᠯ᠂ ᠠᠭᠤᠰᠤᠯᠴᠠᠨ ᠬᠥᠭᠵᠢᠬᠦ ᠠᠵᠢᠯ ᠲᠥᠷᠥᠯ ᠤ᠋ᠨ ᠬᠠᠨᠳᠤᠰᠢ ᠵᠢᠴᠢ AI ᠵᠡᠷᠭᠡ ᠰᠢᠨ᠎ᠡ ᠮᠡᠷᠭᠡᠵᠢᠯ ᠤ᠋ᠨ ᠠᠪᠴᠢᠷᠠᠭᠰᠠᠨ ᠠᠵᠠ ᠲᠣᠬᠢᠶᠠᠯ ᠪᠠ ᠥᠷᠢᠰᠦᠯᠳᠦᠭᠡᠨ᠎ᠦ ᠡᠮᠦᠨ᠎ᠡ᠂ ᠦᠨᠳᠦᠰᠦᠲᠡᠨ᠎ᠦ ᠦᠰᠦᠭ ᠪᠢᠴᠢᠭ᠎ᠤᠨ ᠨᠠᠢᠷᠠᠭᠤᠯᠤᠨ ᠬᠡᠪᠯᠡᠬᠦᠯᠬᠦ ᠠᠵᠢᠯ ᠠᠭᠤᠯᠭ᠎ᠠ᠎ᠶᠢᠨ ᠰᠢᠨ᠎ᠡ᠎ᠶᠢ ᠡᠭᠦᠳᠬᠦ ᠲᠠᠯ᠎ᠠ᠎ᠪᠠᠷ ᠬᠦᠷᠦᠯᠴᠡᠬᠦ ᠦᠭᠡᠢ᠂ ᠳᠠᠮᠵᠢᠭᠤᠯᠬᠤ ᠬᠡᠯᠪᠡᠷᠢ ᠳᠠᠩ ᠴᠤᠯᠭᠤᠢ᠂ ᠲᠤᠰᠬᠠᠢ ᠮᠡᠷᠭᠡᠵᠢᠯ ᠤ᠋ᠨ ᠴᠢᠳᠠᠪᠤᠷᠢᠲᠠᠨ ᠳᠤᠲᠠᠮᠠᠭ ᠵᠡᠷᠭᠡ ᠥᠷᠢᠰᠦᠯᠳᠦᠭᠡᠨ ᠲᠤᠯᠭᠠᠷᠠᠵᠤ᠂ ᠦᠨᠳᠦᠰᠦᠲᠡᠨ᠎ᠦ ᠦᠰᠦᠭ ᠪᠢᠴᠢᠭ᠎ᠤᠨ ᠬᠡᠪᠯᠡᠯ ᠤ᠋ᠨ ᠠᠵᠢᠯᠲᠠᠳ ᠨᠡᠩ ᠲᠤᠰᠬᠠᠢᠵᠢᠭ᠍ᠰᠠᠨ ᠴᠢᠳᠠᠪᠤᠷᠢ᠎ᠶᠢᠨ ᠳᠡᠭᠡᠭᠰᠢᠯᠡᠯᠲᠡ ᠪᠠᠷ ᠴᠠᠭ ᠦᠶ᠎ᠡ᠎ᠶᠢᠨ ᠭᠣᠣᠯ ᠰᠡᠳᠦᠪᠲᠦ ᠬᠠᠨᠳᠤᠵᠦ᠂ ᠰᠤᠷᠤᠯᠴᠠᠯᠭ᠎ᠠ᠎ᠪᠠᠨ ᠴᠢᠩᠭᠠᠳᠬᠠᠵᠤ᠂ ᠴᠢᠳᠠᠪᠤᠷᠢ᠎ᠪᠠᠨ ᠳᠡᠭᠡᠭᠰᠢᠯᠡᠭᠦᠯᠬᠦ᠂ ᠳᠤᠲᠠᠭᠤᠳᠠᠯ᠎ᠢᠶᠠᠨ ᠨᠥᠬᠥᠪᠦᠷᠢᠯᠡᠬᠦ᠎ᠶᠢ ᠪᠠᠴᠢᠮ ᠱᠠᠭᠠᠷᠳᠠᠵᠤ ᠪᠠᠢᠨ᠎ᠠ᠃
ᠪᠤᠯᠪᠠᠰᠤᠷᠠᠯ᠎ᠳᠤ᠂ ᠲᠦᠪ ᠶᠤᠰᠤ ᠵᠢ ᠪᠠᠷᠢᠮᠳᠠᠯᠠᠨ ᠰᠢᠨ᠎ᠡ ᠵᠢ ᠡᠭᠦᠳᠴᠦ᠂ ᠳᠤᠮᠳᠠᠳᠤ ᠵᠢᠨ ᠦᠨᠳᠦᠰᠦᠳᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠳᠤᠮᠳᠠ ᠬᠡᠪᠯᠡᠯ᠎ᠤᠨ ᠦᠢᠯᠡᠰ᠎ᠤᠨ ᠦᠵᠡᠯ ᠤᠬᠠᠮᠰᠠᠷ᠎ᠤᠨ ᠬᠡᠯᠪᠡᠷᠢ᠎ᠶᠢᠨ ᠬᠠᠷᠢᠶᠠᠯᠠᠬᠤ ᠴᠢᠨᠠᠷ᠎ᠢ ᠡᠵᠡᠮᠳᠡᠬᠦ᠂ AI ᠮᠡᠷᠭᠡᠵᠢᠯ᠎ᠢᠶᠡᠷ ᠬᠡᠪᠯᠡᠯ᠎ᠤᠨ ᠦᠢᠯᠡᠰ ᠲᠸ᠋ ᠴᠢᠳᠠᠪᠤᠷᠢ ᠤᠯᠭᠤᠬᠤ᠂ ᠬᠤᠭᠤᠴᠠᠭ᠎ᠠ᠎ᠳᠤ ᠰᠡᠳᠬᠦᠯ᠎ᠤᠨ ᠬᠢᠨᠠᠨ ᠬᠠᠷᠭᠤᠭᠤᠯᠭ᠎ᠠ ᠵᠢᠨ ᠦᠨᠳᠦᠰᠦᠨ ᠳᠦᠷᠢᠮᠵᠢᠯ ᠬᠢᠭᠡᠳ ᠬᠢᠨᠠᠨ ᠤᠩᠰᠢᠬᠤ ᠳᠤᠮᠳᠠᠬᠢ ᠦᠷᠬᠦᠯᠵᠢ ᠲᠤᠬᠢᠶᠠᠯᠳᠤᠬᠤ ᠠᠰᠠᠭᠤᠳᠠᠯ᠂ ᠰᠢᠨ᠎ᠡ ᠡᠷᠡᠨ᠎ᠳᠤ ᠭᠤᠤᠯ ᠰᠡᠳᠦᠪ᠎ᠲᠤ ᠬᠡᠪᠯᠡᠯ᠎ᠤᠨ ᠰᠤᠳᠤᠨ ᠪᠦᠲᠦᠭᠡᠯ᠎ᠢ ᠬᠡᠷᠬᠢᠨ ᠬᠢᠬᠦ ᠲᠤᠬᠠᠢ ᠵᠡᠷᠭᠡ ᠡᠯᠪᠡᠭ ᠪᠠᠶᠠᠯᠢᠭ ᠠᠭᠤᠯᠭ᠎ᠠ ᠲᠤᠬᠢᠷᠠᠭᠤᠯᠤᠭᠰᠠᠨ ᠪᠠᠢᠨ᠎ᠠ᠃
ᠪᠣᠯᠪᠠᠰᠤᠷᠠᠯ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠳᠡᠨ ᠤ᠋ ᠦᠰᠦᠭ ᠪᠢᠴᠢᠭ᠎ᠤᠨ ᠰᠣᠨᠢᠨ ᠰᠡᠳᠬᠦᠯ ᠬᠡᠪᠯᠡᠯ ᠤ᠋ᠨ ᠵᠢᠷᠠᠭᠠᠳ ᠬᠥᠮᠥᠰ ᠣᠷᠣᠯᠴᠠᠪᠠ᠃