ᠤᠢ᠍ᠢᠷ᠎ᠠ᠎ᠳᠤ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠲᠦᠷᠢᠮ》 (ᠳᠣᠷᠣᠭ᠍ᠰᠢ 《ᠲᠦᠷᠢᠮ》 ᠭᠡᠵᠦ᠍ ᠳᠥᠭᠥᠮᠴᠢᠯᠡᠨ᠎ᠡ) ᠢ᠋ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭ᠌ᠵᠢᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃
ᠮᠡᠳᠡᠭ᠌ᠳᠡᠯ᠎ᠳᠦ᠂ 《ᠲᠦᠷᠢᠮ》 ᠳ᠋ᠤ ᠵᠠᠰᠠᠪᠤᠷᠢ ᠣᠷᠣᠭᠤᠯᠬᠤ ᠳᠠᠭᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ ᠪᠣᠯᠤᠨ ᠲᠥᠷᠥ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠲᠤᠬᠠᠶ ᠤᠯᠤᠰ ᠲᠥᠷᠥ᠎ᠶ᠋ᠢᠨ ᠱᠠᠭᠠᠷᠳᠠᠯᠭ᠎ᠠ᠎ᠶ᠋ᠢ ᠤᠯᠠᠮ ᠴᠢᠩᠭᠠᠳᠭᠠᠵᠤ᠂ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠲᠤᠬᠢᠷᠠᠭᠤᠯᠤᠯᠳᠠ ᠪᠠ ᠠᠵᠢᠯᠯᠠᠭ᠎ᠠ᠎ᠶ᠋ᠢ ᠵᠢᠷᠤᠮᠵᠢᠭᠤᠯᠵᠤ᠂ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠪᠠ ᠠᠵᠢᠯ᠎ᠤᠨ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠪᠠ ᠬᠡᠵᠤ ᠵᠢᠭᠠᠵᠤ ᠭᠠᠷᠭᠠᠪᠠ᠃
ᠮᠡᠳᠡᠭ᠌ᠳᠡᠯ᠎ᠳᠦ᠂ ᠡᠯ᠎ᠡ ᠱᠠᠲᠤᠨ᠎ᠤ ᠨᠠᠮ᠎ᠤᠨ ᠬᠣᠷᠢᠶ᠎ᠠ 《ᠲᠦᠷᠢᠮ》 ᠢ᠋ ᠬᠡᠷᠡᠭ᠌ᠵᠢᠭᠦᠯᠬᠦ᠌ ᠠᠵᠢᠯ᠎ᠢ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠤᠬᠠᠭᠤᠯᠤᠨ ᠲᠠᠢᠯᠪᠤᠷᠢᠯᠠᠬᠤ ᠪᠠ ᠱᠠᠯᠠᠪᠳᠠᠭᠤᠯᠤᠨ ᠪᠠᠢᠴᠠᠭᠠᠬᠤ᠎ᠶ᠋ᠢ ᠰᠠᠢᠲᠤᠷ ᠠᠳᠭᠤᠵᠤ᠂ 《ᠲᠦᠷᠢᠮ》 ᠤ᠋ᠨ ᠡᠯ᠎ᠡ ᠵᠦᠢᠯ᠎ᠦᠨ ᠲᠣᠭ᠍ᠲᠠᠭᠠᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠨᠠᠮ᠎ᠤᠨ ᠡᠯ᠎ᠡ ᠱᠠᠲᠤᠨ᠎ᠤ ᠠᠵᠢᠯ᠎ᠤᠨ ᠪᠠᠢᠭᠤᠯᠭ᠎ᠠ 《ᠲᠦᠷᠢᠮ》 ᠢ᠋ ᠭᠦᠨᠵᠡᠭᠡᠶ ᠲᠤᠭᠤᠱᠢᠯᠠᠭᠤᠯᠤᠨ ᠬᠡᠷᠡᠭ᠌ᠵᠢᠭᠦᠯᠵᠦ᠍᠂ 《ᠲᠦᠷᠢᠮ》 ᠤ᠋ᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠨ᠂ ᠭᠦᠶ᠋ᠴᠡᠳᠭᠡᠬᠦ᠌ ᠪᠠᠢᠭᠤᠯᠭ᠎ᠠ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠨᠠᠮ᠎ᠤᠨ ᠬᠣᠷᠢᠶ᠎ᠠ ᠵᠢᠨ ᠰᠠᠢᠨ ᠵᠥᠪᠯᠡᠭ᠌ᠴᠢ ᠲᠤᠰᠠᠯᠠᠭ᠍ᠴᠢ ᠪᠣᠯᠵᠣ᠂ ᠨᠠᠮ᠎ᠤᠨ ᠤᠳᠤᠷᠢᠳᠤᠯᠭ᠎ᠠ᠎ᠶ᠋ᠢ ᠬᠡᠷᠡᠭ᠌ᠵᠢᠭᠦᠯᠬᠦ᠌᠂ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠂ ᠨᠠᠮ᠎ᠤᠨ ᠠᠵᠢᠯ ᠦᠶ᠋ᠯᠡᠰ᠎ᠢ ᠠᠬᠢᠭᠤᠯᠬᠤ ᠡᠯ᠎ᠡ ᠵᠦᠶ᠋ᠯ᠎ᠦᠨ ᠲᠤᠱᠢᠶᠠᠯ ᠬᠠᠷᠢᠭᠤᠴᠠᠯᠭ᠎ᠠ᠎ᠶ᠋ᠢ ᠦᠨᠡᠨ ᠬᠦ᠌ ᠬᠦᠢᠴᠡᠳᠬᠡᠬᠦ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《ᠲᠦᠷᠢᠮ》 ᠢ᠋ ᠬᠡᠷᠡᠭ᠌ᠵᠢᠭᠦᠯᠬᠦ᠌ ᠶᠠᠪᠤᠴᠠ᠎ᠳᠠᠬᠢ ᠴᠢᠬᠤᠯᠠ ᠪᠠᠢᠳᠠᠯ ᠪᠣᠯᠤᠨ ᠰᠠᠨᠠᠭᠤᠯᠭ᠎ᠠ᠎ᠶ᠋ᠢ ᠴᠠᠭ ᠲᠤᠬᠠᠢᠳᠤᠨᠢ ᠨᠠᠮ᠎ᠤᠨ ᠲᠥᠪ ᠬᠣᠷᠢᠶ᠎ᠠ᠎ᠳᠤ ᠮᠡᠳᠡᠭᠦᠯᠬᠦ᠌ ᠬᠡᠷᠡᠭ᠌ᠲᠡᠢ ᠭᠡᠵᠤ ᠱᠠᠭᠠᠷᠳᠠᠪᠠ᠃
《ᠲᠦᠷᠢᠮ》 ᠤ᠋ᠨ ᠪᠥᠬᠥ᠌ ᠠᠭᠤᠯᠭ᠎ᠠ᠎ᠨᠢ ᠳᠤᠤᠷᠠᠬᠢ ᠮᠡᠲᠦ᠍᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠲᠦᠷᠢᠮ
(2016 ᠣᠨ᠎ᠤ 11 ᠰᠠᠷ᠎ᠠ᠎ᠶ᠋ᠢᠨ 30᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ ᠵᠢᠨ ᠬᠤᠷᠠᠯ᠎ᠡᠴᠡ ᠵᠦᠪᠰᠢᠶᠡᠷᠡᠪᠠ 2017 ᠣᠨ᠎ᠤ 3 ᠰᠠᠷ᠎ᠠ᠎ᠶ᠋ᠢᠨ 1 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠡᠴᠡ ᠨᠠᠢᠳᠡᠯᠡᠪᠠ 2025 ᠣᠨ᠎ᠤ 11 ᠰᠠᠷ᠎ᠠ᠎ᠶ᠋ᠢᠨ 28᠎ᠤ᠋ ᠡᠳᠦᠷ ᠲᠤᠮᠳᠠᠳᠤ ᠤᠯᠤᠰ ᠤ᠋ᠨ ᠡᠪ ᠬᠠᠮᠳᠤ ᠨᠠᠮ ᠤ᠋ᠨ ᠲᠦᠪ ᠬᠤᠷᠢᠶ᠎ᠠ ᠡᠴᠡ ᠵᠠᠰᠠᠪᠤᠷᠢ ᠤᠷᠤᠭᠤᠯᠪᠠ 2025 ᠣᠨ᠎ᠤ 11 ᠰᠠᠷ᠎ᠠ᠎ᠶ᠋ᠢᠨ 28᠎ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠡᠴᠡ ᠨᠡᠢᠲᠡᠯᠡᠪᠡ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠠᠵᠢᠯ᠎ᠢ ᠴᠢᠩᠭᠠᠳᠭᠠᠨ ᠵᠢᠷᠤᠮᠵᠢᠭᠤᠯᠬᠤ᠎ᠶ᠋ᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠢᠮ》 ᠢ᠋ ᠦᠨᠳᠦᠰᠦᠯᠡᠨ᠂ ᠲᠤᠰ ᠲᠦᠷᠢᠮ᠎ᠢ ᠲᠣᠭ᠍ᠲᠠᠭᠠᠪᠠ᠃
ᠬᠣᠶᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠡᠷᠬᠡᠪᠰᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠬᠰᠡᠨ》 ᠤ᠋ ᠱᠢᠢᠳᠪᠦᠷᠢᠯᠡᠭᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠭᠦᠢᠴᠡᠳᠭᠡᠬᠦ᠌ ᠪᠠᠢᠭᠤᠯᠭ᠎ᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠬᠣᠷᠢᠶ᠎ᠠ ᠵᠢᠨ ᠰᠠᠢ᠌ᠨ ᠵᠥᠪᠯᠡᠭ᠌ᠴᠢ ᠲᠤᠰᠠᠯᠠᠭ᠍ᠴᠢ ᠪᠤᠯᠵᠤ᠂ ᠨᠠᠮ᠎ᠤᠨ ᠤᠳᠤᠷᠢᠳᠤᠯᠭ᠎ᠠ᠎ᠶ᠋ᠢ ᠬᠡᠷᠡᠭ᠌ᠵᠢᠭᠦᠯᠬᠦ᠌᠂ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠂ ᠨᠠᠮ᠎ᠤᠨ ᠠᠵᠢᠯ ᠦᠢᠯᠡᠰ᠎ᠢ ᠠᠬᠢᠭᠤᠯᠬᠤ ᠡᠯ᠎ᠡ ᠵᠦᠢᠯ᠎ᠦᠨ ᠡᠭᠦᠷᠭᠡ ᠬᠠᠷᠢᠭᠤᠴᠠᠯᠭ᠎ᠠ᠎ᠶ᠋ᠢ ᠦᠨᠡᠨ ᠬᠦ᠌ ᠭᠦᠢᠴᠡᠳᠭᠡᠬᠦ᠌ ᠬᠡᠷᠡᠭ᠌ᠲᠡᠢ᠃
ᠭᠤᠷᠪᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠡᠷᠬᠡᠪᠰᠢ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠳᠣᠣᠷ᠎ᠠ ᠵᠢᠭ᠍ᠰᠠᠭᠠᠭ᠍ᠰᠠᠨ ᠵᠠᠷᠴᠢᠮ᠎ᠢ ᠵᠢᠷᠤᠮᠯᠠᠨ ᠠᠵᠢᠯ᠎ᠢᠶᠠᠨ ᠥᠷᠨᠢᠭᠦᠯᠬᠦ᠌ ᠬᠡᠷᠡᠭ᠌ᠲᠡᠢ᠄
(ᠨᠢᠭᠡ) ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠨᠠᠮ ᠨᠢ ᠨᠠᠮ᠎ᠢᠶᠠᠨ ᠬᠠᠮᠢᠶᠠᠷᠬᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠪᠠᠷᠢᠮᠲᠠᠯᠠᠨ᠎ᠠ;
(ᠬᠣᠶᠠᠷ) ᠭᠣᠣᠯᠳᠠᠯᠭ᠎ᠠ ᠵᠢᠨ ᠲᠤᠭᠤᠷᠢᠨ ᠳ᠋ᠤ᠂ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠨ᠎ᠠ;
(ᠭᠤᠷᠪᠠ) ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠪᠠᠷᠢᠮᠲᠠᠯᠠᠨ᠎ᠠ;
(ᠲᠦᠷᠪᠡ) ᠲᠤᠰ ᠲᠤᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠵᠦ᠍᠂ ᠬᠠᠷᠢᠯᠴᠠᠨ ᠬᠠᠮᠵᠢᠯᠴᠠᠵᠤ᠂ ᠨᠠᠮ᠎ᠤᠨ ᠡᠯ᠎ᠡ ᠵᠦᠢᠯ᠎ᠦᠨ ᠠᠵᠢᠯ᠎ᠢ ᠵᠣᠬᠢᠴᠠᠭᠤᠯᠤᠨ ᠨᠢᠭᠡᠳᠭᠡᠵᠦ᠍᠂ ᠬᠠᠮᠵᠢᠯᠴᠠᠨ ᠠᠬᠢᠭᠤᠯᠬᠤ᠎ᠶ᠋ᠢ ᠦᠨᠡᠨ ᠬᠦ᠌ ᠪᠠᠳᠤᠯᠠᠨ᠎ᠠ;
(ᠲᠠᠪᠤ) ᠨᠠᠮ᠎ᠤᠨ ᠲᠦᠷᠢᠮ ᠨᠠᠮ᠎ᠤᠨ ᠲᠣᠭ᠍ᠲᠠᠭᠠᠯ ᠶᠣᠰᠣᠭᠠᠷ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠬᠡᠪᠴᠢᠶᠡᠨ᠎ᠳᠦ ᠠᠵᠢᠯᠯᠠᠭ᠎ᠠ ᠬᠢᠨ᠎ᠠ᠃
ᠳᠥᠷᠪᠡᠳᠦᠭᠡᠷ ᠵᠦᠢᠯ ᠲᠤᠰ ᠲᠦᠷᠢᠮ ᠲᠥᠪ᠎ᠦᠨ ᠪᠠ ᠣᠷᠣᠨ ᠨᠤᠲᠤᠭ᠎ᠤᠨ ᠨᠠᠮ᠎ᠤᠨ ᠠᠵᠢᠯ᠎ᠤᠨ ᠪᠠᠢᠭᠤᠯᠭ᠎ᠠ᠎ᠳᠤ ᠲᠤᠬᠢᠷᠠᠨ᠎ᠠ᠃
ᠨᠠᠮ᠎ᠤᠨ ᠬᠣᠷᠢᠶ᠎ᠠ ᠨᠢ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠂ ᠨᠠᠮ᠎ᠤᠨ ᠠᠵᠢᠯ᠎ᠤᠨ ᠪᠠᠢᠭᠤᠯᠭ᠎ᠠ ᠪᠤᠶᠤ ᠨᠠᠮ᠎ᠤᠨ ᠠᠵᠢᠯ᠎ᠤᠨ ᠪᠠᠢᠭᠤᠯᠭ᠎ᠠ᠎ᠡᠴᠡ ᠬᠠᠮᠢᠶᠠᠷᠴᠤ᠌ ᠪᠠᠢᠭ᠎ᠠ ᠪᠠᠢᠭᠤᠯᠭ᠎ᠠ᠂ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠪᠠᠢᠭᠤᠯᠤᠭ᠍ᠰᠠᠨ ᠪᠤᠶᠤ ᠲᠡᠭᠦᠨ᠎ᠦ ᠪᠦᠬᠦᠯᠢ ᠴᠣᠭ᠍ᠴᠠ᠎ᠡᠴᠡ ᠡᠬᠦᠷᠭᠡ ᠬᠠᠷᠢᠭᠤᠴᠠᠯᠭ᠎ᠠ ᠡᠭᠦᠷᠭᠡᠯᠡᠵᠦ᠍ ᠪᠠᠢᠭ᠎ᠠ ᠪᠠᠢᠭᠤᠯᠭ᠎ᠠ᠂ ᠨᠠᠮ᠎ᠤᠨ ᠬᠣᠷᠢᠶ᠎ᠠ ᠵᠢᠨ ᠱᠢᠭᠤᠳ ᠬᠠᠷᠢᠶ᠎ᠠ ᠠᠵᠢᠯ ᠦᠶ᠋ᠯᠡᠰ᠎ᠦᠨ ᠨᠢᠭᠡᠴᠢ ᠨᠢ ᠲᠣᠰ ᠲᠦᠷᠢᠮ᠎ᠢᠶᠡᠷ ᠯᠠᠪᠯᠠᠯᠲᠠ ᠪᠣᠯᠭᠠᠵᠤ ᠬᠡᠷᠡᠭ᠌ᠵᠢᠭᠦᠯᠦᠨ᠎ᠡ᠂ ᠨᠠᠮ᠎ᠤᠨ ᠲᠥᠪ ᠬᠣᠷᠢᠶ᠎ᠠ᠎ᠡᠴᠡ ᠠᠰᠲᠠᠭᠠᠨ ᠲᠣᠭ᠍ᠲᠠᠭᠠᠯ᠎ᠲᠠᠶ ᠨᠢ ᠡᠭᠦᠨ᠎ᠳᠦ ᠪᠠᠭ᠍ᠲᠠᠬᠤ ᠥᠬᠡᠶ᠃
ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶ᠋ᠢᠨ ᠪᠤᠢ ᠪᠣᠯᠬᠤ ᠪᠠ ᠠᠵᠢᠯᠯᠠᠬᠤ ᠶᠠᠪᠤᠳᠠᠯ᠎ᠢ ᠨᠠᠮ᠎ᠤᠨ ᠲᠦᠷᠢᠮ ᠪᠠ ᠨᠠᠮ᠎ᠤᠨ ᠳᠣᠲᠣᠭᠠᠳᠤ᠎ᠶ᠋ᠢᠨ ᠬᠣᠯᠪᠣᠭ᠍ᠳᠠᠯ ᠪᠦᠬᠦᠢ ᠬᠠᠤᠯᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠦᠨ᠎ᠡ᠃
ᠬᠣᠶᠠᠳᠤᠭᠠᠷ ᠪᠦᠯᠦᠭ ᠲᠤᠬᠢᠷᠠᠭᠤᠯᠤᠯᠳᠠ
ᠲᠠᠪᠤᠳᠤᠭᠠᠷ ᠵᠦᠢᠯ ᠨᠠᠮ᠎ᠤᠨ ᠲᠥᠪ ᠬᠣᠷᠢᠶ᠎ᠠ ᠵᠢᠴᠢ ᠣᠷᠣᠨ ᠨᠤᠲᠤᠭ᠎ᠤᠨ ᠨᠠᠮ᠎ᠤᠨ ᠬᠣᠷᠢᠶ᠎ᠠ ᠬᠡᠷᠡᠭ᠌ᠴᠡᠭᠡ᠎ᠪᠡᠨ ᠦᠨᠳᠦᠰᠦᠯᠡᠨ ᠡᠳᠦᠢ ᠲᠡᠳᠦᠢ ᠠᠵᠢᠯ᠎ᠤᠨ ᠪᠠᠢᠭᠤᠯᠭ᠎ᠠ ᠭᠠᠷᠭᠠᠨ᠎ᠠ᠂ ᠡᠭᠦᠨ᠎ᠳᠦ ᠭᠣᠣᠯᠳᠠᠭᠤ ᠠᠯᠪᠠᠨ ᠲᠢᠩᠬᠢᠮ (ᠲᠠᠰᠤᠭ)᠂ ᠡᠷᠬᠡ ᠲᠤᠱᠢᠶᠠᠯ᠎ᠳᠤ ᠰᠠᠯᠠᠭ᠎ᠠ ᠮᠥᠴᠢᠷ᠂ ᠬᠡᠷᠡᠭ ᠡᠷᠬᠢᠯᠡᠬᠦ᠌ ᠪᠠᠢᠭᠤᠯᠤᠮᠵᠢ ᠪᠠ ᠲᠣᠮᠢᠯᠠᠭ᠍ᠰᠠᠨ ᠪᠠᠢᠭᠤᠯᠭ᠎ᠠ ᠪᠠᠭ᠍ᠲᠠᠨ᠎ᠠ᠂ ᠨᠠᠮ᠎ᠤᠨ ᠬᠣᠯᠪᠣᠭ᠍ᠳᠠᠯ ᠪᠦᠬᠦᠢ ᠠᠵᠢᠯ᠎ᠢ ᠭᠤᠤᠯᠯᠠᠨ ᠬᠠᠮᠢᠶᠠᠷᠬᠤ ᠪᠤᠶᠤ ᠱᠢᠢᠳᠪᠦᠷᠢᠯᠡᠬᠦ᠌᠎ᠶ᠋ᠢ ᠬᠠᠷᠢᠭᠤᠴᠠᠨ᠎ᠠ᠃
ᠨᠠᠮ᠎ᠤᠨ ᠠᠵᠢᠯ᠎ᠤᠨ ᠪᠠᠢᠭᠤᠯᠭ᠎ᠠ᠎ᠶ᠋ᠢ ᠲᠤᠬᠢᠷᠠᠭᠤᠯᠬᠤ᠎ᠳᠠᠭᠠᠨ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠴᠡᠭᠡ᠎ᠳᠦ ᠵᠣᠬᠢᠴᠠᠭᠤᠯᠵᠤ᠂ ᠱᠢᠯᠢᠳᠡᠭ᠌ᠵᠢᠭᠦᠯᠬᠦ᠌ ᠬᠠᠮᠵᠢᠯᠴᠠᠭᠤᠯᠬᠤ ᠥᠨᠳᠥᠷ ᠪᠦᠲᠦᠮᠵᠢᠲᠡᠢ ᠪᠠᠢᠬᠤ ᠵᠠᠷᠴᠢᠮ᠎ᠢ ᠵᠢᠷᠤᠮᠯᠠᠵᠤ᠂ ᠶᠡᠷᠦᠩᠬᠡᠢ ᠬᠡᠮᠵᠢᠶ᠎ᠡ᠎ᠶ᠋ᠢ ᠬᠢᠵᠠᠭᠠᠷᠯᠠᠬᠤ ᠪᠠ ᠲᠣᠭ᠎ᠠ᠎ᠶ᠋ᠢ ᠬᠢᠵᠠᠭᠠᠷᠯᠠᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌ ᠬᠡᠷᠡᠭ᠌ᠲᠡᠢ᠃
ᠠᠵᠢᠯ᠎ᠤᠨ ᠬᠡᠷᠡᠭ᠌ᠴᠡᠭᠡ᠎ᠪᠡᠨ ᠦᠨᠳᠦᠰᠦᠯᠡᠨ᠂ ᠨᠠᠮ᠎ᠤᠨ ᠠᠵᠢᠯ᠎ᠤᠨ ᠪᠠᠢᠭᠤᠯᠭ᠎ᠠ᠎ᠶ᠋ᠢ ᠨᠡᠢᠯᠡᠭᠦᠯᠬᠦ᠌᠂ ᠵᠠᠬᠢᠷᠭ᠎ᠠ ᠨᠡᠢᠯᠡᠭᠦᠯᠦᠨ ᠠᠯᠪᠠᠯᠠᠬᠤ ᠵᠡᠷᠭᠡ ᠠᠷᠭ᠎ᠠ ᠬᠡᠯᠪᠡᠷᠢ ᠪᠡᠷ᠂ ᠡᠭᠦᠷᠭᠡ ᠴᠢᠳᠠᠪᠬᠢ ᠠᠳᠠᠯᠢᠪᠲᠤᠷ᠂ ᠬᠠᠷᠢᠯᠴᠠᠭ᠎ᠠ ᠨᠢᠭ᠍ᠲᠠ ᠪᠤᠰᠤᠳ ᠰᠠᠯᠠᠭ᠎ᠠ ᠮᠥᠴᠢᠷ᠎ᠲᠡᠶ ᠨᠢᠭᠡᠳᠦᠯᠲᠡᠢ ᠲᠥᠯᠥᠪᠵᠢᠭᠦᠯᠦᠨ ᠪᠠᠢᠷᠢᠯᠠᠭᠤᠯᠵᠤ ᠪᠣᠯᠤᠨ᠎ᠠ᠃ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ᠎ᠶ᠋ᠢ ᠮᠥᠨ ᠨᠠᠮ᠎ᠤᠨ ᠬᠣᠷᠢᠶ᠎ᠠ ᠭᠣᠣᠯᠯᠠᠨ ᠬᠠᠮᠢᠶᠠᠷᠤᠨ᠎ᠠ᠃
ᠵᠢᠷᠭᠤᠳᠤᠭᠠᠷ ᠵᠦᠢᠯ ᠨᠠᠮ᠎ᠤᠨ ᠲᠥᠪ ᠬᠣᠷᠢᠶ᠎ᠠ ᠵᠢᠨ ᠠᠵᠢᠯ᠎ᠤᠨ ᠪᠠᠢᠭᠤᠯᠭ᠎ᠠ᠎ᠶ᠋ᠢ ᠲᠤᠬᠢᠷᠠᠭᠤᠯᠬᠤ᠂ ᠬᠠᠰᠤᠬᠤ᠂ ᠨᠡᠢᠯᠡᠭᠦᠯᠬᠦ᠌ ᠪᠤᠶᠤ ᠬᠤᠪᠢᠷᠠᠭᠤᠯᠬᠤ᠎ᠳᠤ᠂ ᠲᠥᠪ᠎ᠦᠨ ᠪᠠᠢᠭᠤᠯᠤᠮᠵᠢ᠎ᠶ᠋ᠢᠨ ᠣᠷᠣᠨ ᠲᠣᠭ᠎ᠠ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠲᠥᠰᠦᠯ ᠳᠤᠷᠠᠳᠴᠤ᠌᠂ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠶ᠎ᠠ᠎ᠳᠤ ᠮᠡᠳᠡᠭᠦᠯᠦᠨ ᠬᠢᠨᠠᠨ ᠵᠥᠪᠱᠢᠶᠡᠷᠡᠭᠦᠯᠵᠦ᠍ ᠲᠣᠭ᠍ᠲᠠᠭᠠᠨ᠎ᠠ᠃
ᠣᠷᠣᠨ ᠨᠤᠲᠤᠭ᠎ᠤᠨ ᠨᠠᠮ᠎ᠤᠨ ᠬᠣᠷᠢᠶ᠎ᠠ᠎ᠶ᠋ᠢᠨ ᠠᠵᠢᠯ᠎ᠤᠨ ᠪᠠᠢᠭᠤᠯᠭ᠎ᠠ᠎ᠶ᠋ᠢ ᠲᠤᠬᠢᠷᠠᠭᠤᠯᠬᠤ᠂ ᠬᠠᠰᠤᠬᠤ᠂ ᠨᠡᠢᠯᠡᠭᠦᠯᠬᠦ᠌ ᠪᠤᠶᠤ ᠬᠤᠪᠢᠷᠠᠭᠤᠯᠬᠤ᠎ᠳᠤ᠂ ᠠᠳᠠᠯᠢ ᠱᠠᠲᠤᠨ᠎ᠤ ᠪᠠᠢᠭᠤᠯᠤᠮᠵᠢ᠎ᠶ᠋ᠢᠨ ᠣᠷᠣᠨ ᠲᠣᠭ᠎ᠠ᠎ᠶ᠋ᠢᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠲᠥᠰᠦᠯ ᠳᠤᠷᠠᠳᠴᠤ᠌᠂ ᠲᠣᠭ᠍ᠲᠠᠭ᠍ᠰᠠᠨ ᠳᠡᠰ ᠳᠠᠷᠠᠭᠠᠯᠠᠯ ᠶᠣᠰᠣᠭᠠᠷ ᠲᠤᠰ ᠱᠠᠲᠤᠨ᠎ᠤ ᠨᠠᠮ᠎ᠤᠨ ᠬᠣᠷᠢᠶ᠎ᠠ᠎ᠡᠴᠡ ᠶᠠᠷᠢᠯᠴᠠᠨ ᠲᠣᠭ᠍ᠲᠠᠭᠠᠭ᠍ᠰᠠᠨ᠎ᠤ ᠳᠠᠷᠠᠭ᠎ᠠ᠂ ᠳᠡᠭᠡᠳᠦ ᠨᠢᠭᠡ ᠱᠠᠲᠤᠨ᠎ᠤ ᠪᠠᠢᠭᠤᠯᠤᠮᠵᠢ᠎ᠶ᠋ᠢᠨ ᠣᠷᠣᠨ ᠲᠣᠭ᠎ᠠ᠎ᠶ᠋ᠢᠨ ᠵᠥᠪᠯᠡᠯ᠎ᠳᠦ ᠮᠡᠳᠡᠭᠦᠯᠦᠨ ᠬᠢᠨᠠᠨ ᠵᠥᠪᠱᠢᠶᠡᠷᠡᠭᠦᠯᠵᠦ᠍᠂ ᠴᠢᠬᠤᠯᠠ ᠶᠡᠬᠡ ᠵᠦᠢᠯᠡᠰ᠎ᠢ ᠳᠡᠭᠡᠳᠦ ᠨᠢᠭᠡ ᠱᠠᠲᠤᠨ᠎ᠤ ᠪᠠᠢᠭᠤᠯᠤᠮᠵᠢ᠎ᠶ᠋ᠢᠨ ᠣᠷᠣᠨ ᠲᠣᠭ᠎ᠠ᠎ᠶ᠋ᠢᠨ ᠵᠥᠪᠯᠡᠯ᠎ᠡᠴᠡ ᠬᠢᠨᠠᠨ ᠬᠠᠷᠭᠤᠭᠤᠯᠤᠭ᠍ᠰᠠᠨ᠎ᠤ ᠳᠠᠷᠠᠭ᠎ᠠ ᠲᠤᠰ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠬᠢᠨᠠᠨ ᠵᠥᠪᠱᠢᠶᠡᠷᠡᠭᠦᠯᠦᠨ᠎ᠡ᠃
ᠳᠣᠯᠣᠳᠤᠭᠠᠷ ᠵᠦᠶ᠋ᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠤᠳᠤᠷᠢᠳᠭᠤ ᠪᠠᠢᠭᠤᠯᠤᠮᠵᠢ ᠪᠣᠯ ᠬᠡᠯᠲᠡᠰ (ᠲᠢᠩᠬᠢᠮ᠂ ᠬᠤᠷᠢᠶ᠎ᠠ᠂ ᠲᠠᠰᠤᠭ) ᠤ᠋ᠨ ᠠᠵᠢᠯ᠎ᠤᠨ ᠬᠤᠷᠠᠯ ᠪᠣᠯᠤᠨ᠎ᠠ᠂ ᠡᠩ᠎ᠦᠨ ᠪᠠᠢᠳᠠᠯ᠎ᠳᠤ ᠵᠢᠩᠬᠢᠨᠢ ᠲᠤᠱᠢᠶᠠᠯ᠂ ᠳᠡᠳ᠋ ᠲᠤᠱᠢᠶᠠᠯ᠂ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠪᠤᠶᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠥᠪᠯᠡᠯ᠎ᠦᠨ ᠱᠦᠵᠢ ᠵᠢᠴᠢ ᠪᠤᠰᠤᠳ ᠪᠦᠷᠢᠯᠳᠦᠬᠦᠨ᠎ᠢᠶᠡᠷ ᠪᠦᠷᠢᠯᠳᠦᠨ᠎ᠡ᠃
ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠤᠳᠤᠷᠢᠳᠭᠤ ᠲᠤᠱᠢᠶᠠᠯ᠎ᠤᠨ ᠲᠣᠭ᠎ᠠ᠎ᠶ᠋ᠢ ᠠᠵᠢᠯ᠎ᠤᠨ ᠬᠡᠷᠡᠭ᠌ᠴᠡᠭᠡ ᠪᠠ ᠴᠢᠩᠭ᠎ᠠ ᠬᠢᠵᠠᠭᠠᠷᠯᠠᠬᠤ ᠵᠠᠷᠴᠢᠮ᠎ᠢ ᠦᠨᠳᠦᠰᠦᠯᠡᠨ᠂ ᠬᠣᠯᠪᠣᠭ᠍ᠳᠠᠯ ᠪᠦᠬᠦᠢ ᠲᠣᠭ᠍ᠲᠠᠭᠠᠯ᠎ᠢ ᠴᠢᠩᠭ᠎ᠠ ᠵᠢᠷᠤᠮᠯᠠᠨ ᠬᠡᠷᠡᠭ᠌ᠵᠢᠭᠦᠯᠦᠨ᠎ᠡ᠃ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠵᠢᠩᠬᠢᠨᠢ ᠲᠤᠱᠢᠶᠠᠯ᠎ᠢ ᠳᠡᠭᠡᠳᠦ ᠱᠠᠲᠤᠨ᠎ᠤ ᠪᠠᠢᠭᠤᠯᠤᠮᠵᠢ᠎ᠶ᠋ᠢᠨ ᠤᠳᠤᠷᠢᠳᠭᠤ ᠪᠦᠷᠢᠯᠳᠦᠬᠦᠨ ᠬᠠᠪᠰᠤᠷᠭᠠᠨ ᠡᠭᠦᠷᠭᠡᠯᠡᠵᠦ᠍ ᠪᠠᠢᠪᠠᠯ᠂ ᠡᠳᠦᠷ ᠲᠤᠳᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠲᠤᠱᠢᠶᠠᠯ ᠲᠤᠬᠢᠷᠠᠭᠤᠯᠵᠤ ᠪᠣᠯᠤᠨ᠎ᠠ᠃
ᠨᠠᠮ᠎ᠤᠨ ᠠᠵᠢᠯ᠎ᠤᠨ ᠪᠠᠢᠭᠤᠯᠭ᠎ᠠ᠎ᠳᠤ ᠵᠢᠩᠬᠢᠨᠢ ᠲᠤᠱᠢᠶᠠᠯ᠎ᠤᠨ ᠤᠳᠤᠷᠢᠳᠤᠯᠭ᠎ᠠ᠎ᠶ᠋ᠢᠨ ᠲᠤᠰᠠᠯᠠᠭ᠍ᠴᠢ᠂ ᠨᠠᠷᠢᠨ ᠪᠢᠴᠢᠭ᠎ᠦᠨ ᠳᠠᠷᠤᠭ᠎ᠠ ᠲᠤᠬᠢᠷᠠᠭᠤᠯᠬᠤ ᠦᠭᠡᠢ᠃ ᠨᠠᠮ᠎ᠤᠨ ᠲᠥᠪ ᠬᠣᠷᠢᠶ᠎ᠠ ᠵᠢᠨ ᠡᠭᠦᠷᠭᠡ ᠴᠢᠳᠠᠪᠬᠢᠳᠤ ᠰᠠᠯᠠᠭ᠎ᠠ ᠮᠥᠴᠢᠷ ᠦᠨᠡᠬᠡᠷ ᠪᠠᠢᠭᠤᠯᠬᠤ ᠴᠢᠬᠤᠯᠠᠲᠠᠢ ᠪᠠᠢᠪᠠᠯ᠂ ᠨᠠᠮ᠎ᠤᠨ ᠲᠥᠪ ᠬᠣᠷᠢᠶ᠎ᠠ᠎ᠳᠤ ᠮᠡᠳᠡᠭᠦᠯᠵᠦ᠍ ᠵᠥᠪᠱᠢᠶᠡᠷᠡᠭᠦᠯᠬᠦ᠌ ᠬᠡᠷᠡᠭ᠌ᠲᠡᠢ᠃
ᠨᠠᠢ᠍ᠮᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠨᠢ ᠠᠵᠢᠯ᠎ᠤᠨ ᠬᠡᠷᠡᠭ᠌ᠴᠡᠭᠡ ᠪᠠ ᠬᠤᠷᠴᠠ ᠴᠢᠳᠠᠮᠠᠭᠠᠢ ᠬᠦᠴᠦᠨ ᠴᠢᠳᠠᠪᠤᠷᠢ᠎ᠲᠠᠶ ᠪᠠᠢᠬᠤ ᠵᠠᠷᠴᠢᠮ᠎ᠢ ᠦᠨᠳᠦᠰᠦᠯᠡᠨ ᠴᠢᠬᠤᠯᠠ ᠪᠦᠬᠦᠢ ᠳᠣᠲᠣᠭᠠᠳᠤ᠎ᠶ᠋ᠢᠨ ᠪᠠᠢᠭᠤᠯᠤᠮᠵᠢ ᠭᠠᠷᠭᠠᠨ᠎ᠠ᠃ ᠳᠣᠲᠣᠭᠠᠳᠤ ᠪᠠᠢᠭᠤᠯᠤᠮᠵᠢ ᠪᠠᠢᠭᠤᠯᠬᠤ᠂ ᠬᠠᠰᠤᠬᠤ᠂ ᠨᠡᠢᠯᠡᠭᠦᠯᠬᠦ᠌ ᠪᠤᠶᠤ ᠬᠤᠪᠢᠷᠠᠭᠤᠯᠬᠤ᠎ᠳᠤ ᠲᠣᠭ᠍ᠲᠠᠭᠠᠭ᠍ᠰᠠᠨ ᠡᠷᠬᠡ ᠮᠡᠳᠡᠯ ᠪᠣᠯᠤᠨ ᠳᠡᠰ ᠳᠠᠷᠠᠭᠠᠯᠠᠯ᠎ᠤᠨ ᠶᠣᠰᠣᠭᠠᠷ ᠬᠢᠨᠠᠨ ᠵᠥᠪᠱᠢᠶᠡᠷᠡᠨ᠎ᠡ᠃
ᠶᠢᠰᠦᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠨᠢ ᠬᠢᠨᠠᠨ ᠲᠣᠭ᠍ᠲᠠᠭᠠᠭ᠍ᠰᠠᠨ ᠣᠷᠣᠨ ᠲᠣᠭ᠎ᠠ᠎ᠶ᠋ᠢᠨ ᠳᠣᠲᠣᠷ᠎ᠠ ᠪᠠᠢᠭᠤᠯᠭ᠎ᠠ᠎ᠶ᠋ᠢᠨ ᠠᠵᠢᠯᠳᠡᠠ ᠲᠤᠬᠢᠷᠡᠭᠤᠯᠤᠨᠠ᠃
ᠭᠤᠷᠪᠠᠳᠤᠭᠠᠷ ᠪᠦᠯᠦᠭ ᠲᠤᠰᠢᠶᠠᠯ ᠬᠠᠷᠢᠭᠤᠴᠠᠯᠭ᠎ᠠ
ᠠᠷᠪᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠲᠤᠱᠢᠶᠠᠯ ᠬᠠᠷᠢᠭᠤᠴᠠᠯᠭ᠎ᠠ ᠲᠣᠳᠣᠷᠬᠠᠢ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠢᠬᠤ ᠬᠡᠷᠡᠭ᠌ᠲᠡᠢ᠂ ᠲᠡᠭᠦᠨ᠎ᠦ ᠲᠤᠱᠢᠶᠠᠯ ᠬᠠᠷᠢᠭᠤᠴᠠᠯᠭ᠎ᠠ᠎ᠶ᠋ᠢ ᠡᠩ᠎ᠦᠨ ᠪᠠᠢᠳᠠᠯ᠎ᠳᠤ ᠨᠠᠮ᠎ᠤᠨ ᠲᠦᠷᠢᠮ ᠨᠠᠮ᠎ᠤᠨ ᠲᠣᠭ᠍ᠲᠠᠭᠠᠯ᠎ᠢᠶᠠᠷ ᠦᠨᠳᠦᠰᠦᠯᠡᠯ ᠪᠣᠯᠭᠠᠵᠤ ᠲᠣᠭ᠍ᠲᠠᠭᠠᠨ᠎ᠠ᠂ ᠪᠣᠳᠠᠲᠠᠢ ᠲᠤᠱᠢᠶᠠᠯ ᠬᠠᠷᠢᠭᠤᠴᠠᠯᠭ᠎ᠠ᠎ᠶ᠋ᠢ ᠡᠩ᠎ᠦᠨ ᠪᠠᠢᠳᠠᠯ᠎ᠳᠤ ᠬᠣᠯᠪᠣᠭ᠍ᠳᠠᠯ ᠪᠦᠬᠦᠢ ᠡᠭᠦᠷᠭᠡ ᠴᠢᠳᠠᠪᠬᠢ᠎ᠶ᠋ᠢᠨ ᠲᠤᠬᠢᠷᠠᠭᠤᠯᠤᠯᠳᠠ᠂ ᠳᠣᠲᠣᠭᠠᠳᠤ ᠪᠠᠢᠭᠤᠯᠤᠮᠵᠢ᠂ ᠠᠵᠢᠯᠳᠠᠨ᠎ᠤ ᠣᠷᠣᠨ ᠲᠣᠭ᠎ᠠ᠎ᠶ᠋ᠢᠨ ᠲᠣᠭ᠍ᠲᠠᠭᠠᠯ᠎ᠢᠶᠠᠷ ᠲᠣᠳᠣᠷᠬᠠᠢᠯᠠᠨ᠎ᠠ᠃
ᠨᠠᠮ᠎ᠤᠨ ᠬᠤᠷᠢᠶ᠎ᠠ ᠵᠢᠨ ᠭᠦᠢᠴᠡᠳᠭᠡᠪᠡᠰᠦ ᠵᠣᠬᠢᠬᠤ ᠲᠤᠱᠢᠶᠠᠯ ᠬᠠᠷᠢᠭᠤᠴᠠᠯᠭ᠎ᠠ᠎ᠶ᠋ᠢ ᠨᠠᠮ᠎ᠤᠨ ᠬᠣᠷᠢᠢ᠎ᠠ ᠠᠵᠢᠯ᠎ᠤᠨ ᠪᠠᠢᠭᠤᠯᠭ᠎ᠠ᠎ᠳᠤ ᠣᠯᠭᠣᠵᠤ ᠪᠣᠯᠬᠤ ᠦᠭᠡᠢ᠃
ᠠᠷᠪᠠᠨ ᠨᠢᠭᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠳᠣᠣᠷ᠎ᠠ ᠵᠢᠭ᠍ᠰᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠶ᠋ᠢ ᠭᠦᠢᠴᠡᠳᠭᠡᠬᠦ᠌ ᠬᠡᠷᠡᠭ᠌ᠲᠡᠢ᠄
(ᠨᠢᠭᠡ) ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠮ᠎ᠤᠨ ᠲᠥᠪ ᠬᠤᠷᠢᠶ᠎ᠠ ᠵᠢᠨ ᠵᠠᠷᠯᠢᠭ ᠴᠠᠭᠠᠵᠠ᠎ᠶ᠋ᠢ ᠳᠠᠭᠠᠬᠤ᠎ᠶ᠋ᠢ ᠦᠨᠡᠨ ᠬᠦ᠌ ᠪᠠᠲᠤᠯᠠᠨ᠎ᠠ;
(ᠬᠣᠶᠠᠷ) ᠳᠡᠭᠡᠳᠦ ᠱᠠᠲᠤ ᠪᠠ ᠲᠣᠰ ᠱᠠᠲᠤᠨ᠎ᠤ ᠨᠠᠮ᠎ᠤᠨ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠶ᠋ᠢᠨ ᠬᠡᠪᠴᠢᠶᠡᠨ᠎ᠳᠡᠬᠢ ᠠᠵᠢᠯ᠎ᠢ ᠰᠤᠳᠤᠯᠤᠨ ᠪᠠᠢᠷᠢᠯᠠᠭᠤᠯᠤᠨ᠎ᠠ ;
(ᠭᠤᠷᠪᠠ) ᠨᠠᠮ᠎ᠤᠨ ᠬᠤᠷᠢᠶ᠎ᠠ ᠵᠢᠨ ᠰᠠᠢ᠌ᠨ ᠵᠥᠪᠯᠡᠭ᠌ᠴᠢ ᠲᠤᠰᠠᠯᠠᠭ᠍ᠴᠢ ᠪᠤᠯᠵᠤ᠂ ᠬᠣᠯᠪᠣᠭ᠍ᠳᠠᠯ ᠪᠦᠬᠦᠢ ᠪᠠᠢᠳᠠᠯ᠎ᠢ ᠴᠠᠭ ᠲᠤᠬᠠᠢᠳᠤᠨᠢ ᠮᠡᠳᠡᠭᠦᠯᠵᠦ᠍᠂ ᠠᠰᠠᠭᠤᠳᠠᠯ᠎ᠢ ᠲᠤᠰᠭᠠᠨ᠂ ᠰᠠᠨᠠᠯ ᠰᠠᠨᠠᠭᠤᠯᠭ᠎ᠠ ᠳᠤᠷᠠᠳᠴᠤ᠌᠂ ᠨᠠᠮ᠎ᠤᠨ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠦᠢᠯᠡᠴᠢᠯᠡᠭᠡ ᠬᠠᠩᠭᠠᠨ᠎ᠠ;
(ᠲᠦᠷᠪᠡ) ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠲᠣᠭ᠍ᠲᠠᠭᠠᠯ ᠪᠠ ᠡᠷᠬᠡ᠎ᠶ᠋ᠢᠨ ᠶᠣᠰᠣᠭᠠᠷ ᠲᠠᠷᠬᠠᠭᠠᠬᠤ᠎ᠶ᠋ᠢ ᠬᠢᠵᠠᠭᠠᠷᠯᠠᠵᠤ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠪᠠ ᠱᠠᠯᠠᠪᠳᠠᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠨ᠎ᠠ ;
(ᠲᠠᠪᠤ) ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ ᠪᠠ ᠣᠯᠠᠨ ᠲᠦᠮᠡᠨ᠎ᠦ ᠪᠦᠯᠬᠦᠮ᠎ᠦᠨ ᠠᠵᠢᠯ᠎ᠢ ᠴᠢᠩᠭᠠᠳᠭᠠᠨ᠎ᠠ ;
(ᠵᠢᠷᠭᠤᠭ᠎ᠠ) ᠨᠠᠮ᠎ᠤᠨ ᠬᠣᠷᠢᠶ᠎ᠠ ᠪᠠ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠡᠴᠡ ᠳᠠᠭᠠᠭᠠᠯᠭᠠᠭ᠍ᠰᠠᠨ ᠬᠣᠯᠪᠣᠭ᠍ᠳᠠᠯ ᠪᠦᠬᠦᠢ ᠤᠴᠢᠷ ᠶᠠᠪᠤᠳᠠᠯ᠎ᠢ ᠳᠠᠭᠠᠭᠠᠨ ᠱᠢᠶ᠋ᠳᠪᠦᠷᠢᠯᠡᠨ᠎ᠡ᠃
ᠨᠠᠮ᠎ᠤᠨ ᠠᠵᠢᠯ᠎ᠤᠨ ᠪᠠᠢᠭᠤᠯᠭ᠎ᠠ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠣᠯᠪᠣᠭ᠍ᠳᠠᠯ ᠪᠦᠬᠦᠢ ᠨᠢᠭᠡᠴᠢ᠎ᠶ᠋ᠢ ᠱᠢᠰᠲ᠋ᠧᠮᠵᠢᠭᠦᠯᠦᠨ ᠤᠳᠤᠷᠢᠳᠭᠤ ᠪᠤᠶᠤ ᠱᠢᠰᠲ᠋ᠧᠮᠵᠢᠭᠦᠯᠦᠨ ᠬᠠᠮᠢᠶᠠᠷᠤᠨ᠎ᠠ᠃
ᠠᠷᠪᠠᠨ ᠬᠣᠶᠠᠳᠤᠭᠠᠷ ᠵᠦᠢᠯ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ (ᠠᠯᠪᠠᠨ ᠭᠡᠷ) ᠪᠣᠯ ᠨᠠᠮ᠎ᠤᠨ ᠬᠤᠷᠢᠶ᠎ᠠ ᠵᠢᠨ ᠶᠡᠷᠦᠩᠬᠡᠢᠯᠡᠭ᠌ᠰᠡᠨ ᠰᠠᠯᠠᠭ᠎ᠠ ᠮᠥᠴᠢᠷ ᠮᠥᠨ᠂ ᠨᠠᠮ᠎ᠤᠨ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢ ᠬᠠᠷᠢᠭᠤᠴᠠᠨ ᠠᠬᠢᠭᠤᠯᠵᠤ᠂ ᠨᠠᠮ᠎ᠤᠨ ᠬᠤᠷᠢᠶ᠎ᠠ ᠵᠢᠨ ᠱᠠᠭᠠᠷᠳᠠᠯᠭ᠎ᠠ ᠶᠣᠰᠣᠭᠠᠷ ᠬᠣᠯᠪᠣᠭ᠍ᠳᠠᠯ ᠪᠦᠬᠦᠢ ᠲᠠᠯ᠎ᠠ᠎ᠶ᠋ᠢ ᠵᠣᠬᠢᠴᠠᠭᠤᠯᠤᠨ ᠠᠵᠢᠯ᠎ᠢᠶᠠᠨ ᠥᠷᠨᠢᠭᠦᠯᠵᠦ᠍᠂ ᠨᠠᠮ᠎ᠤᠨ ᠬᠤᠷᠢᠶ᠎ᠠ ᠵᠢᠨ ᠠᠵᠢᠯᠯᠠᠭ᠎ᠠ᠎ᠨᠢ ᠪᠠᠲᠤᠯᠠᠬᠤ ᠪᠣᠳᠠᠲᠠᠢ ᠬᠡᠷᠡᠭ ᠶᠠᠪᠤᠳᠠᠯ᠎ᠢ ᠡᠭᠦᠷᠭᠡᠯᠡᠨ᠎ᠡ᠃
ᠠᠷᠪᠠᠨ ᠭᠤᠷᠪᠠᠳᠤᠭᠠᠷ ᠵᠦᠢᠯ ᠨᠠᠮ᠎ᠤᠨ ᠬᠤᠷᠢᠶ᠎ᠠ ᠵᠢᠨ ᠡᠭᠦᠷᠭᠡ ᠴᠢᠳᠠᠪᠬᠢᠳᠤ ᠰᠠᠯᠠᠭ᠎ᠠ ᠮᠥᠴᠢᠷ ᠪᠣᠯ ᠨᠠᠮ᠎ᠤᠨ ᠬᠤᠷᠢᠶ᠎ᠠ ᠵᠢᠨ ᠶᠠᠮᠠᠷ ᠨᠢᠭᠡᠨ ᠲᠠᠯ᠎ᠠ᠎ᠶ᠋ᠢᠨ ᠠᠵᠢᠯ᠎ᠢ ᠬᠠᠷᠢᠭᠤᠴᠠᠬᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠮᠥᠨ᠂ ᠲᠣᠭ᠍ᠲᠠᠭᠠᠯ ᠶᠣᠰᠣᠭᠠᠷ ᠬᠠᠷᠢᠴᠠᠩᠭᠤᠢ᠎ᠪᠠᠷ ᠪᠡᠶ᠎ᠡ᠎ᠪᠡᠨ ᠳᠠᠭᠠᠭᠠᠭ᠍ᠰᠠᠨ ᠬᠠᠮᠢᠶᠠᠷᠤᠯᠲᠠ᠎ᠶ᠋ᠢᠨ ᠡᠭᠦᠷᠭᠡ ᠴᠢᠳᠠᠪᠤᠷᠢ᠎ᠶ᠋ᠢ ᠭᠦᠢᠴᠡᠳᠭᠡᠵᠦ᠍᠂ ᠲᠤᠰ ᠱᠢᠰᠲ᠋ᠧᠮ᠂ ᠲᠤᠰ ᠬᠦᠷᠢᠶᠡᠨ᠎ᠳᠡᠬᠢ ᠠᠵᠢᠯ᠎ᠢᠶᠠᠨ ᠵᠣᠬᠢᠴᠠᠭᠤᠯᠤᠨ ᠵᠢᠯᠣᠭᠣᠳᠤᠨ᠎ᠠ᠃
ᠠᠷᠪᠠᠨ ᠳᠥᠷᠪᠡᠳᠦᠭᠡᠷ ᠵᠦᠢᠯ ᠨᠠᠮ᠎ᠤᠨ ᠬᠤᠷᠢᠶ᠎ᠠ ᠵᠢᠨ ᠬᠡᠷᠡᠭ ᠡᠷᠬᠢᠯᠡᠬᠦ᠌ ᠪᠠᠢᠭᠤᠯᠤᠮᠵᠢ ᠪᠣᠯ ᠨᠠᠮ᠎ᠤᠨ ᠬᠣᠷᠢᠢ᠎ᠠ᠎ᠶ᠋ᠢ ᠬᠠᠮᠵᠢᠨ ᠶᠠᠮᠠᠷ ᠨᠢᠭᠡᠨ ᠲᠠᠯ᠎ᠠ᠎ᠶ᠋ᠢᠨ ᠴᠢᠬᠤᠯᠠ ᠬᠡᠷᠡᠭ ᠶᠠᠪᠤᠳᠠᠯ᠎ᠢ ᠱᠢᠢᠳᠪᠦᠷᠢᠯᠡᠬᠦ᠌ ᠪᠠᠢᠭᠤᠯᠤᠮᠵᠢ ᠮᠥᠨ᠂ ᠡᠩ᠎ᠦᠨ ᠪᠠᠢᠳᠠᠯ᠎ᠳᠤ ᠨᠠᠮ᠎ᠤᠨ ᠬᠣᠷᠢᠢ᠎ᠠ᠎ᠡᠴᠡ ᠬᠦᠷᠢᠢ᠎ᠡ ᠴᠠᠷᠠᠭ᠎ᠠ ᠠᠯᠤᠰᠯᠠᠭ᠍ᠰᠠᠨ᠂ ᠰᠠᠯᠠᠭ᠎ᠠ ᠮᠥᠴᠢᠷ ᠠᠯᠤᠰᠯᠠᠭ᠍ᠰᠠᠨ ᠴᠢᠬᠤᠯᠠ ᠠᠵᠢᠯ᠎ᠤᠨ ᠤᠳᠤᠷᠢᠳᠤᠯᠭ᠎ᠠ ᠪᠠ ᠵᠣᠬᠢᠶᠠᠨ ᠪᠠᠢᠭᠤᠯᠵᠤ ᠵᠣᠬᠢᠴᠠᠭᠤᠯᠬᠤ᠎ᠶ᠋ᠢ ᠴᠢᠩᠭᠠᠳᠭᠠᠬᠤ᠎ᠶ᠋ᠢᠨ ᠲᠥᠯᠥᠭᠡ ᠪᠠᠢᠭᠤᠯᠤᠭ᠍ᠰᠠᠨ (ᠱᠢᠢᠳᠪᠦᠷᠢᠲᠦ ᠪᠤᠳᠤᠯᠭ᠎ᠠ ᠲᠣᠭ᠍ᠲᠠᠭᠠᠬᠤ) ᠬᠡᠷᠡᠭ ᠵᠥᠪᠯᠡᠵᠦ᠍ ᠵᠣᠬᠢᠴᠠᠭᠤᠯᠬᠤ ᠪᠠᠢᠭᠤᠯᠤᠮᠵᠢ᠎ᠶ᠋ᠢᠨ ᠪᠠᠢᠩᠭᠤ᠎ᠶ᠋ᠢᠨ ᠬᠡᠷᠡᠭ ᠡᠷᠬᠢᠯᠡᠬᠦ᠌ ᠪᠠᠢᠭᠤᠯᠤᠮᠵᠢ᠎ᠶ᠋ᠢ ᠵᠢᠭᠠᠵᠤ᠂ (ᠱᠢᠢᠳᠪᠦᠷᠢᠲᠦ ᠪᠤᠳᠤᠯᠭ᠎ᠠ ᠲᠣᠭ᠍ᠲᠠᠭᠠᠬᠤ) ᠬᠡᠷᠡᠭ ᠵᠥᠪᠯᠡᠵᠦ᠍ ᠵᠣᠬᠢᠴᠠᠭᠤᠯᠬᠤ ᠪᠠᠢᠭᠤᠯᠤᠮᠵᠢ᠎ᠶ᠋ᠢᠨ ᠡᠳᠦᠷ ᠲᠤᠳᠤᠮ᠎ᠤᠨ ᠠᠵᠢᠯ᠎ᠢ ᠡᠭᠦᠷᠭᠡᠯᠡᠨ᠎ᠡ᠂ ᠬᠣᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ ᠣᠨᠴᠠ ᠲᠣᠭ᠍ᠲᠠᠭᠠᠭ᠍ᠰᠠᠨ ᠬᠠᠮᠢᠶᠠᠷᠤᠯᠲᠠ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠭᠦᠢᠴᠡᠳᠭᠡᠵᠦ᠍ ᠪᠣᠯᠤᠨ᠎ᠠ᠃
ᠠᠷᠪᠠᠨ ᠲᠠᠪᠤᠳᠤᠭᠠᠷ ᠵᠦᠢᠯ ᠨᠠᠮ᠎ᠤᠨ ᠬᠤᠷᠢᠶ᠎ᠠ ᠵᠢᠨ ᠲᠣᠮᠢᠯᠠᠭ᠍ᠰᠠᠨ ᠪᠠᠢᠭᠤᠯᠭ᠎ᠠ ᠪᠣᠯ ᠣᠨᠴᠠ ᠲᠣᠭ᠍ᠲᠠᠭ᠍ᠰᠠᠨ ᠬᠦᠷᠢᠶ᠎ᠡ᠂ ᠠᠵᠢᠯ ᠲᠦᠷᠦᠯ᠂ ᠱᠢᠰᠲ᠋ᠧᠮ᠎ᠦᠨ ᠤᠳᠤᠷᠢᠳᠤᠯᠭ᠎ᠠ᠎ᠶ᠋ᠢ ᠴᠢᠩᠭᠠᠳᠭᠠᠬᠤ᠎ᠶ᠋ᠢᠨ ᠲᠥᠯᠥᠭᠡ ᠨᠠᠮ᠎ᠤᠨ ᠬᠤᠷᠢᠶ᠎ᠠ ᠵᠢᠨ ᠲᠣᠮᠢᠯᠠᠭ᠍ᠰᠠᠨ ᠪᠠᠢᠭᠤᠯᠭ᠎ᠠ ᠮᠥᠨ᠂ ᠬᠣᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ ᠨᠠᠮ᠎ᠤᠨ ᠬᠣᠷᠢᠢ᠎ᠠ᠎ᠶ᠋ᠢ ᠲᠥᠯᠥᠭᠡᠯᠡᠨ ᠲᠤᠰ ᠬᠦᠷᠢᠶ᠎ᠡ᠂ ᠠᠵᠢᠯ ᠲᠦᠷᠦᠯ᠂ ᠱᠢᠰᠲ᠋ᠧᠮ᠎ᠦᠨ ᠠᠵᠢᠯ᠎ᠢ ᠤᠳᠤᠷᠢᠳᠤᠨ᠎ᠠ᠃
ᠠᠷᠪᠠᠨ ᠵᠢᠷᠭᠤᠳᠤᠭᠠᠷ ᠵᠦᠶ᠋ᠯ ᠨᠠᠮ᠎ᠤᠨ ᠠᠵᠢᠯ᠎ᠤᠨ ᠪᠠᠢᠭᠤᠯᠭ᠎ᠠ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ ᠪᠠ ᠳᠣᠲᠣᠭᠠᠳᠤ ᠬᠠᠮᠢᠶᠠᠷᠤᠯᠲᠠ ᠪᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠴᠢᠳᠠᠪᠤᠷᠢ ᠪᠠ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠥᠨᠳᠥᠷ ᠬᠡᠪ ᠪᠣᠯᠪᠠᠰᠤᠷᠠᠯ᠎ᠲᠠᠶ ᠲᠤᠰᠭᠠᠢᠵᠢᠭ᠍ᠰᠠᠨ ᠺᠠᠳ᠋ᠷ᠎ᠤᠨ ᠡᠩᠨᠡᠭᠡ᠎ᠶ᠋ᠢ ᠪᠠᠢᠭᠤᠯᠤᠨ᠎ᠠ᠃
ᠳᠥᠷᠪᠡᠳᠦᠭᠡᠷ ᠪᠦᠯᠦᠭ ᠱᠢᠶ᠋ᠳᠪᠦᠷᠢᠲᠦ ᠪᠣᠳᠣᠯᠭ᠎ᠠ ᠪᠠ ᠬᠡᠷᠡᠭ᠌ᠵᠢᠭᠦᠯᠦᠯᠲᠡ
ᠠᠷᠪᠠᠨ ᠳᠣᠯᠣᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠡᠷᠬᠡᠪᠰᠢ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠪᠠᠷᠢᠮᠲᠠᠯᠠᠵᠤ᠂ ᠤᠳᠤᠷᠢᠳᠭᠤ ᠪᠠᠭ ᠬᠠᠮᠲᠤ᠎ᠪᠠᠷ ᠤᠳᠤᠷᠢᠳᠭᠤ ᠪᠠ ᠬᠤᠪᠢ ᠬᠥᠮᠦᠨ ᠠᠵᠢᠯ ᠬᠤᠪᠢᠶᠠᠷᠢᠯᠠᠨ ᠬᠠᠷᠢᠭᠤᠴᠠᠬᠤ᠎ᠶ᠋ᠢ ᠤᠶᠠᠯᠳᠤᠭᠤᠯᠤᠭ᠍ᠰᠠᠨ ᠲᠦᠷᠢᠮ᠎ᠢ ᠬᠡᠷᠡᠭ᠌ᠵᠢᠭᠦᠯᠦᠨ᠎ᠡ᠃ ᠲᠤᠰ ᠪᠠᠢᠭᠤᠯᠭ᠎ᠠ᠎ᠶ᠋ᠢᠨ ᠴᠢᠬᠤᠯᠠ ᠶᠡᠬᠡ ᠬᠡᠷᠡᠭ ᠶᠠᠪᠤᠳᠠᠯ᠎ᠳᠦ ᠬᠠᠷᠢᠶᠠᠯᠠᠭ᠍ᠳᠠᠬᠤ ᠪᠦᠬᠦᠨ᠎ᠢ ᠬᠠᠮᠲᠤ᠎ᠪᠠᠷ ᠤᠳᠤᠷᠢᠳᠭᠤ᠂ ᠠᠷᠠᠳᠴᠢᠯᠠᠯ ᠲᠥᠪᠯᠡᠷᠡᠯ᠎ᠢ ᠬᠡᠷᠡᠭ᠌ᠵᠢᠭᠦᠯᠬᠦ᠌᠂ ᠲᠤᠰᠭᠠᠢ ᠶᠠᠷᠢᠯᠴᠠᠬᠤ᠂ ᠬᠤᠷᠠᠯ᠎ᠢᠶᠠᠷ ᠲᠣᠭ᠍ᠲᠠᠭᠠᠬᠤ ᠵᠠᠷᠴᠢᠮ ᠶᠣᠰᠣᠭᠠᠷ ᠤᠳᠤᠷᠢᠳᠭᠤ ᠪᠠᠭ ᠬᠠᠮᠲᠤ᠎ᠪᠠᠷ ᠰᠤᠳᠤᠯᠤᠨ ᠲᠣᠭ᠍ᠲᠠᠭᠠᠨ᠎ᠠ᠃ ᠤᠳᠤᠷᠢᠳᠭᠤ ᠪᠠᠭ᠎ᠤᠨ ᠪᠦᠷᠢᠯᠳᠦᠬᠦᠨ ᠬᠠᠮᠲᠤ᠎ᠶ᠋ᠢᠨ ᠲᠣᠭ᠍ᠲᠠᠭᠠᠯ ᠪᠠ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠵᠣᠷᠢᠭ᠍ᠲᠠᠢ᠎ᠪᠠᠷ ᠡᠭᠦᠷᠭᠡᠯᠡᠵᠦ᠍᠂ ᠵᠣᠷᠢᠭ᠍ᠲᠠᠢ᠎ᠪᠠᠷ ᠬᠠᠷᠢᠭᠤᠴᠠᠵᠤ᠂ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠬᠦ᠌ ᠬᠡᠷᠡᠭ᠌ᠲᠡᠢ᠃
ᠠᠷᠪᠠᠨ ᠨᠠᠶ᠋ᠮᠠᠳᠤᠭᠠᠷ ᠵᠦᠶ᠋ᠯ ᠨᠠᠮ᠎ᠤᠨ ᠠᠵᠢᠯ᠎ᠤᠨ ᠪᠠᠢᠭᠤᠯᠭ᠎ᠠ ᠬᠡᠯᠲᠡᠰ (ᠲᠢᠩᠬᠢᠮ᠂ ᠬᠤᠷᠢᠶ᠎ᠠ᠂ ᠲᠠᠰᠤᠭ) ᠤ᠋ᠨ ᠠᠵᠢᠯ᠎ᠤᠨ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ᠎ᠪᠡᠷ ᠳᠤᠤᠷᠠᠬᠢ ᠴᠢᠬᠤᠯᠠ ᠶᠡᠬᠡ ᠵᠦᠶ᠋ᠯᠡᠰ᠎ᠢ ᠶᠠᠷᠢᠯᠴᠠᠨ ᠲᠣᠭ᠍ᠲᠠᠭᠠᠬᠤ ᠬᠡᠷᠡᠭ᠌ᠲᠡᠶ᠄
(ᠨᠢᠭᠡ) ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠤᠨ᠎ᠠ;
(ᠬᠣᠶᠠᠷ) ᠳᠡᠭᠡᠳᠦ ᠱᠠᠲᠤ ᠪᠠ ᠲᠤᠰ ᠱᠠᠲᠤᠨ᠎ᠤ ᠨᠠᠮ᠎ᠤᠨ ᠬᠣᠷᠢᠶ᠎ᠠ ᠵᠢᠴᠢ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ᠂ ᠵᠢᠭᠠᠪᠤᠷᠢ ᠪᠠ ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ;
(ᠭᠤᠷᠪᠠ) ᠲᠤᠰ ᠪᠠᠢᠭᠤᠯᠭ᠎ᠠ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢᠨ ᠬᠡᠪᠴᠢᠶᠡᠨ᠎ᠳᠡᠬᠢ ᠬᠣᠯᠪᠣᠭ᠍ᠳᠠᠯ ᠪᠦᠬᠦᠢ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠨᠠᠮ᠎ᠤᠨ ᠳᠣᠲᠣᠭᠠᠳᠤ᠎ᠶ᠋ᠢᠨ ᠬᠠᠤᠯᠢ ᠲᠣᠭ᠍ᠲᠠᠭᠠᠯ᠂ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠪᠣᠳᠠᠲᠠᠢ ᠠᠷᠭ᠎ᠠ ᠬᠡᠮᠵᠢᠶ᠎ᠡ᠎ᠶ᠋ᠢ ᠰᠤᠳᠤᠯᠤᠨ ᠶᠠᠷᠢᠯᠴᠠᠨ᠎ᠠ ;
(ᠲᠦᠷᠪᠡ) ᠲᠤᠰ ᠪᠠᠢᠭᠤᠯᠭ᠎ᠠ᠎ᠶ᠋ᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠴᠢᠬᠤᠯᠠ ᠠᠵᠢᠯᠳᠠᠨ᠎ᠢ ᠲᠣᠮᠢᠯᠠᠬᠤ ᠪᠠᠭᠤᠯᠭᠠᠬᠤ᠂ ᠴᠢᠬᠤᠯᠠ ᠶᠡᠬᠡ ᠲᠦᠷᠦᠯ ᠵᠦᠢᠯ᠎ᠢ ᠲᠤᠬᠢᠷᠠᠭᠤᠯᠬᠤ᠂ ᠶᠡᠬᠡ ᠲᠣᠭᠠᠨ᠎ᠤ ᠪᠡᠯᠡ ᠮᠥᠩᠭᠥ᠎ᠶ᠋ᠢ ᠬᠡᠷᠡᠭ᠌ᠯᠡᠬᠦ᠌ ᠵᠡᠷᠭᠡ ᠵᠦᠢᠯᠡᠰ᠎ᠢ ᠶᠠᠷᠢᠯᠴᠠᠨ ᠲᠣᠭ᠍ᠲᠠᠭᠠᠨ᠎ᠠ;
(ᠲᠠᠪᠤ) ᠨᠠᠮ᠎ᠤᠨ ᠬᠣᠷᠢᠶ᠎ᠠ ᠪᠠ ᠳᠡᠭᠡᠳᠦ ᠱᠠᠲᠤᠨ᠎ᠤ ᠨᠠᠮ᠎ᠤᠨ ᠠᠵᠢᠯ᠎ᠤᠨ ᠪᠠᠢᠭᠤᠯᠭ᠎ᠠ᠎ᠡᠴᠡ ᠵᠢᠭᠠᠪᠤᠷᠢ ᠠᠪᠴᠤ᠌ ᠮᠡᠳᠡᠭᠦᠯᠬᠦ᠌ ᠴᠢᠬᠤᠯᠠ ᠤᠴᠢᠷ ᠶᠠᠪᠤᠳᠠᠯ᠎ᠢ ᠬᠢᠨᠠᠨ ᠵᠥᠪᠯᠡᠨ᠎ᠡ;
(ᠵᠢᠷᠭᠤᠭ᠎ᠠ) ᠲᠤᠰ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠴᠢᠬᠤᠯᠠ ᠵᠦᠢᠯᠡᠰ᠎ᠢ ᠰᠤᠳᠤᠯᠤᠨ ᠪᠠᠢᠷᠢᠯᠠᠭᠤᠯᠤᠨ᠎ᠠ;
(ᠳᠣᠯᠣᠭ᠎ᠠ) ᠪᠤᠰᠤᠳ ᠴᠢᠬᠤᠯᠠ ᠵᠦᠢᠯᠡᠰ᠎ᠢ ᠰᠤᠳᠤᠯᠤᠨ ᠶᠠᠷᠢᠯᠴᠠᠨ᠎ᠠ᠃
ᠠᠷᠪᠠ ᠶᠢᠰᠦᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠤᠳᠤᠷᠢᠳᠭᠤ ᠪᠠᠭ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠲᠣᠭ᠍ᠲᠠᠭᠠᠯ ᠶᠣᠰᠣᠭᠠᠷ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠴᠢᠬᠤᠯᠠ ᠶᠡᠬᠡ ᠵᠦᠢᠯᠡᠰ᠎ᠦᠨ ᠲᠤᠬᠠᠢ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠡᠩ᠎ᠦᠨ ᠪᠠᠢᠳᠠᠯ᠎ᠳᠤ ᠪᠠᠢᠴᠠᠭᠠᠨ ᠰᠤᠳᠤᠯᠤᠯᠲᠠ ᠬᠢᠬᠦ᠌᠂ ᠰᠠᠨᠠᠯ ᠬᠤᠷᠢᠶᠠᠬᠤ᠂ ᠲᠤᠰᠭᠠᠢ ᠮᠡᠷᠭᠡᠵᠢᠯ᠎ᠦᠨ ᠦᠨᠡᠯᠡᠨ ᠵᠢᠱ᠌ᠢᠯᠲᠡ ᠬᠢᠬᠦ᠌᠂ ᠲᠣᠭ᠍ᠲᠠᠭᠠᠯ᠎ᠳᠤ ᠨᠡᠢᠴᠡᠬᠦ᠌ ᠬᠠᠤᠯᠢ ᠶᠣᠰᠣᠴᠢ ᠴᠢᠨᠠᠷ᠎ᠢ ᠬᠢᠨᠠᠨ ᠪᠠᠢᠴᠠᠭᠠᠬᠤ ᠪᠠ ᠬᠠᠮᠲᠤ᠎ᠪᠠᠷ ᠶᠠᠷᠢᠯᠴᠠᠨ ᠲᠣᠭ᠍ᠲᠠᠭᠠᠬᠤ ᠵᠡᠷᠭᠡ ᠲᠡᠰ ᠲᠠᠷᠠᠭᠠᠯᠠᠯ᠎ᠢ ᠥᠩᠭᠡᠷᠡᠭᠡᠵᠦ᠍᠂ ᠲᠣᠭ᠍ᠲᠠᠭᠠᠯ ᠶᠣᠰᠣᠭᠠᠷ ᠬᠣᠷᠸ᠎ᠠ ᠲᠦᠷᠦ᠍᠎ᠶ᠋ᠢᠨ ᠪᠤᠳᠤᠯᠭ᠎ᠠ᠎ᠯᠤᠭ᠎ᠠ ᠨᠢᠭᠡᠳᠦᠯᠲᠦ ᠴᠢᠨᠠᠷᠲᠠᠢ ᠦᠨᠡᠯᠡᠨ ᠵᠢᠱ᠌ᠢᠯᠲᠡ ᠬᠢᠬᠦ᠌ ᠬᠡᠷᠡᠭ᠌ᠲᠡᠢ᠃
ᠴᠢᠬᠤᠯᠠ ᠶᠡᠬᠡ ᠱᠢᠢᠳᠪᠦᠷᠢᠲᠦ ᠪᠤᠳᠤᠯᠭ᠎ᠠ᠎ᠳᠤ ᠬᠠᠷᠢᠶᠠᠯᠠᠭ᠍ᠳᠠᠪᠠᠯ᠂ ᠲᠣᠭ᠍ᠲᠠᠭᠠᠯ ᠶᠣᠰᠣᠭᠠᠷ ᠴᠠᠭ ᠲᠤᠬᠠᠢᠳᠤᠨᠢ ᠵᠢᠭᠠᠪᠤᠷᠢ ᠠᠪᠴᠤ᠌ ᠮᠡᠳᠡᠭᠦᠯᠬᠦ᠌ ᠬᠡᠷᠡᠭ᠌ᠲᠡᠢ᠃
ᠬᠣᠷᠢᠳᠤᠭᠠᠷ ᠵᠦᠶ᠋ᠯ ᠬᠡᠯᠲᠡᠰ (ᠲᠢᠩᠬᠢᠮ᠂ ᠬᠤᠷᠢᠶ᠎ᠠ᠂ ᠳᠠᠰᠤᠭ) ᠤ᠋ᠨ ᠠᠵᠢᠯ᠎ᠤᠨ ᠬᠤᠷᠠᠯ᠎ᠢ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠭᠤᠤᠯ ᠬᠠᠷᠢᠭᠤᠴᠠᠯᠭᠠᠲᠠᠨ᠎ᠡᠴᠡ ᠬᠤᠷᠠᠯᠳᠤᠭᠤᠯᠬᠤ ᠪᠥᠭᠡᠳ ᠡᠷᠬᠢᠯᠡᠵᠦ᠍᠂ ᠤᠳᠤᠷᠢᠳᠭᠤ ᠪᠠᠭ᠎ᠤᠨ ᠪᠦᠷᠢᠯᠳᠦᠬᠦᠨ ᠣᠷᠣᠯᠴᠠᠨ᠎ᠠ᠃ ᠭᠣᠣᠯ ᠬᠠᠷᠢᠭᠤᠴᠠᠯᠭᠠᠲᠠᠨ ᠨᠥᠬᠥᠳ ᠶᠠᠮᠠᠷ ᠨᠢᠭᠡᠨ ᠱᠢᠯᠲᠠᠭᠠᠨ᠎ᠡᠴᠡ ᠪᠤᠯᠵᠦ᠍ ᠬᠤᠷᠠᠯᠳᠤᠭᠤᠯᠬᠤ᠎ᠶ᠋ᠢᠨ ᠠᠷᠭ᠎ᠠ ᠤᠢ᠍ᠭᠡᠢ ᠪᠤᠶᠤ ᠬᠣᠭᠣᠰᠣᠨ ᠣᠷᠣ ᠭᠠᠷᠪᠠᠯ᠂ ᠪᠤᠰᠤᠳ ᠬᠠᠷᠢᠭᠤᠴᠠᠯᠭᠠᠲᠠᠨ ᠨᠥᠬᠥᠳ ᠪᠤᠶᠤ ᠨᠠᠮ᠎ᠤᠨ ᠬᠣᠷᠢᠶ᠎ᠠ᠎ᠡᠴᠡ ᠲᠣᠭ᠍ᠲᠠᠭᠠᠭ᠍ᠰᠠᠨ ᠬᠠᠷᠢᠭᠤᠴᠠᠯᠭᠠᠲᠠᠨ ᠨᠥᠬᠥᠳ᠎ᠲᠦ ᠨᠠᠢᠳᠠᠵᠤ ᠬᠤᠷᠠᠯ ᠬᠤᠷᠠᠯᠳᠤᠭᠤᠯᠵᠤ ᠪᠣᠯᠤᠨ᠎ᠠ᠃ ᠠᠵᠢᠯ᠎ᠤᠨ ᠬᠡᠷᠡᠭ᠌ᠴᠡᠭᠡ᠎ᠪᠡᠨ ᠦᠨᠳᠦᠰᠦᠯᠡᠨ᠂ ᠬᠤᠷᠠᠯ ᠵᠤᠬᠢᠶᠠᠨ ᠪᠠᠢᠭᠤᠯᠤᠭᠴᠢ ᠨᠢ ᠬᠣᠯᠪᠣᠭ᠍ᠳᠠᠯ ᠪᠦᠬᠦᠢ ᠬᠥᠮᠦᠰ᠎ᠢ ᠬᠤᠷᠠᠯ᠎ᠳᠤ ᠰᠤᠯᠠ ᠣᠷᠣᠯᠴᠠᠭᠤᠯᠬᠤ᠎ᠪᠠᠷ ᠲᠣᠭ᠍ᠲᠠᠭᠠᠵᠤ ᠪᠣᠯᠤᠨ᠎ᠠ᠃ ᠬᠤᠷᠠᠯ᠎ᠢ ᠲᠤᠰᠭᠠᠶ ᠠᠵᠢᠯᠲᠠᠨ᠎ᠡᠴᠡ ᠦᠨᠡᠨ ᠮᠥᠨ᠎ᠢᠶᠡᠷ ᠨᠢ ᠲᠡᠮᠳᠡᠭ᠌ᠯᠡᠵᠦ᠍᠂ ᠲᠣᠭ᠍ᠲᠠᠭᠠᠭ᠍ᠰᠠᠨ ᠵᠦᠶ᠋ᠯᠡᠰ᠎ᠢ ᠬᠤᠷᠠᠯ᠎ᠤᠨ ᠲᠣᠪᠴᠢ ᠲᠡᠮᠳᠡᠭ᠌ᠯᠡᠯ ᠪᠤᠯᠭᠠᠨ ᠨᠠᠢᠷᠠᠭᠤᠯᠤᠨ ᠲᠠᠷᠬᠠᠭᠠᠬᠤ᠎ᠶ᠋ᠢᠨ ᠬᠠᠮᠲᠤ ᠲᠣᠭ᠍ᠲᠠᠭᠠᠯ ᠶᠣᠰᠣᠭᠠᠷ ᠲᠠᠩᠰᠠ ᠡᠪᠬᠡᠮᠡᠯ᠎ᠳᠦ ᠬᠠᠳᠠᠭᠠᠯᠠᠨ ᠪᠠᠢᠴᠠᠭᠠᠬᠤ᠎ᠳᠤ ᠪᠡᠯᠡᠳᠭᠡᠨ᠎ᠡ᠃
ᠬᠣᠷᠢᠨ ᠨᠢᠭᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠨᠡᠷ᠎ᠡ᠎ᠪᠡᠷ ᠨᠡᠢᠲᠡᠯᠡᠬᠦ ᠪᠤᠶᠤ ᠳᠡᠭᠡᠭ᠌ᠰᠢ ᠮᠡᠳᠡᠭᠦᠯᠬᠦ ᠪᠢᠴᠢᠭ ᠮᠠᠲ᠋ᠧᠷᠢᠶᠠᠯ᠎ᠢ ᠭᠣᠣᠯ ᠬᠠᠷᠢᠭᠤᠴᠠᠯᠭᠠᠲᠠᠨ ᠨᠥᠬᠥᠷ ᠡᠴᠡ ᠭᠠᠷᠤᠨ ᠦᠰᠦᠭ ᠵᠢᠷᠤᠵᠤ ᠶᠠᠪᠤᠭᠤᠯᠤᠨ᠎ᠠ᠃
ᠬᠣᠷᠢᠨ ᠬᠣᠶᠠᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠨᠢ ᠱᠠᠯᠠᠪᠳᠠᠨ ᠪᠠᠢᠴᠠᠭᠠᠬᠤ᠂ ᠦᠨᠡᠯᠡᠨ ᠵᠢᠱ᠌ᠢᠬᠦ᠌ ᠪᠠ ᠬᠠᠷᠢᠭᠤ ᠲᠤᠰᠭᠠᠬᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠵᠤ᠂ ᠤᠳᠤᠷᠢᠳᠭᠤ ᠪᠠᠭ᠎ᠤᠨ ᠱᠢᠢᠳᠪᠦᠷᠢᠲᠦ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃
ᠬᠣᠷᠢᠨ ᠭᠤᠷᠪᠠᠳᠤᠭᠠᠷ ᠵᠦᠶ᠋ᠯ ᠨᠠᠮ᠎ᠤᠨ ᠠᠵᠢᠯ᠎ᠤᠨ ᠪᠠᠢᠭᠤᠯᠭ᠎ᠠ᠎ᠨᠢ ᠠᠵᠢᠯ᠎ᠤᠨ ᠬᠡᠷᠡᠭ᠌ᠴᠡᠭᠡ᠎ᠪᠡᠨ ᠦᠨᠳᠦᠰᠦᠯᠡᠨ᠂ ᠬᠡᠯᠳᠡᠰ᠎ᠤᠨ ᠲᠠᠷᠤᠭ᠎ᠠ (ᠡᠷᠬᠢᠯᠡᠭ᠌ᠴᠢ᠂ ᠱᠦᠵᠢ) ᠤ᠋ᠨ ᠠᠯᠪᠠᠨ ᠠᠵᠢᠯ᠎ᠤᠨ ᠬᠤᠷᠠᠯ ᠬᠤᠷᠠᠯᠳᠤᠭᠤᠯᠵᠤ᠂ ᠬᠡᠯᠳᠡᠰ (ᠲᠢᠩᠬᠢᠮ᠂ ᠬᠤᠷᠢᠶ᠎ᠠ᠂ ᠲᠠᠰᠤᠭ) ᠤ᠋ᠨ ᠠᠵᠢᠯ᠎ᠤᠨ ᠬᠤᠷᠠᠯ᠎ᠤᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠵᠦᠶ᠋ᠯᠡᠰ᠎ᠢ ᠨᠠᠢᠳᠠᠪᠤᠷᠢᠵᠢᠭᠤᠯᠬᠤ ᠪᠠ ᠰᠤᠳᠤᠯᠤᠨ ᠶᠠᠷᠢᠯᠴᠠᠬᠤ ᠲᠤᠰᠭᠠᠶ ᠠᠵᠢᠯ᠎ᠢ ᠵᠣᠬᠢᠶᠠᠨ ᠪᠠᠢᠭᠤᠯᠤᠨ ᠠᠬᠢᠭᠤᠯᠵᠤ ᠪᠣᠯᠤᠨ᠎ᠠ᠃ ᠬᠡᠯᠳᠡᠰ᠎ᠤᠨ ᠲᠠᠷᠤᠭ᠎ᠠ (ᠡᠷᠬᠢᠯᠡᠭ᠌ᠴᠢ᠂ ᠱᠦᠵᠢ) ᠵᠢᠨ ᠠᠯᠪᠠᠨ ᠠᠵᠢᠯ᠎ᠤᠨ ᠬᠤᠷᠠᠯ᠎ᠢ ᠬᠡᠯᠳᠡᠰ᠎ᠤᠨ ᠲᠠᠷᠤᠭ᠎ᠠ (ᠡᠷᠬᠢᠯᠡᠭ᠌ᠴᠢ᠂ ᠱᠦᠵᠢ) ᠪᠤᠶᠤ ᠤᠳᠤᠷᠢᠳᠭᠤ ᠪᠠᠭ᠎ᠤᠨ ᠪᠤᠰᠤᠳ ᠪᠦᠷᠢᠯᠳᠦᠬᠦᠨ᠎ᠳᠦ ᠨᠠᠢᠳᠠᠵᠤ ᠡᠷᠬᠢᠯᠡᠨ ᠬᠤᠷᠠᠯᠳᠤᠭᠤᠯᠵᠤ᠂ ᠤᠳᠤᠷᠢᠳᠭᠤ ᠪᠠᠭ᠎ᠤᠨ ᠬᠣᠯᠪᠣᠭ᠍ᠳᠠᠯ ᠪᠦᠬᠦᠢ ᠪᠦᠷᠢᠯᠳᠦᠬᠦᠨ ᠪᠠ ᠬᠣᠯᠪᠣᠭ᠍ᠳᠠᠯ ᠪᠦᠬᠦᠢ ᠳᠣᠲᠣᠭᠠᠳᠤ ᠪᠠᠢᠭᠤᠯᠤᠮᠵᠢ᠎ᠶ᠋ᠢᠨ ᠭᠣᠣᠯ ᠬᠠᠷᠢᠭᠤᠴᠠᠯᠭᠠᠲᠠᠨᠨᠠᠷ ᠣᠷᠣᠯᠴᠠᠨ᠎ᠠ᠃ ᠬᠡᠯᠳᠡᠰ᠎ᠤᠨ ᠲᠠᠷᠤᠭ᠎ᠠ (ᠡᠷᠬᠢᠯᠡᠭ᠌ᠴᠢ᠂ ᠱᠦᠵᠢ) ᠵᠢᠨ ᠠᠯᠪᠠᠨ ᠠᠵᠢᠯ᠎ᠤᠨ ᠬᠤᠷᠠᠯ᠎ᠡᠴᠡ ᠬᠡᠯᠳᠡᠰ (ᠲᠢᠩᠬᠢᠮ᠂ ᠬᠣᠷᠢᠶ᠎ᠠ᠂ ᠲᠠᠰᠤᠭ)᠎ᠤᠨ ᠶᠠᠪᠤᠳᠠᠯ᠎ᠤᠨ ᠬᠤᠷᠠᠯ᠎ᠢ ᠣᠷᠣᠯᠠᠨ ᠱᠢᠶ᠋ᠳᠪᠦᠷᠢᠲᠦ ᠪᠣᠳᠣᠯᠭ᠎ᠠ ᠭᠠᠷᠭᠠᠵᠤ ᠪᠣᠯᠬᠤ ᠦᠭᠡᠶ᠃
ᠬᠣᠷᠢᠨ ᠳᠥᠷᠪᠡᠳᠦᠭᠡᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠤᠳᠤᠷᠢᠳᠭᠤ ᠪᠠᠭ ᠵᠢᠴᠢ ᠲᠡᠭᠦᠨ᠎ᠦ ᠪᠦᠷᠢᠯᠳᠦᠬᠦᠨ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠲᠦᠷᠦᠭᠦᠯᠡᠨ ᠬᠠᠮᠠᠭᠠᠯᠠᠵᠤ᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠰᠠᠬᠢᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠴᠢᠩᠳᠠᠯᠠᠬᠤ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠡᠯ᠎ᠡ ᠵᠦᠢᠯ᠎ᠦᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ᠌ ᠦᠵᠡᠯ ᠪᠣᠯᠤᠨ ᠱᠠᠯᠢᠨ ᠪᠦᠷᠢᠯᠭᠡᠬᠦ᠌ ᠰᠤᠷᠲᠠᠯ᠎ᠢ ᠡᠷᠡᠰ ᠡᠰᠡᠷᠭᠦᠴᠡᠬᠦ᠌ ᠬᠡᠷᠡᠭ᠌ᠲᠡᠢ᠃
ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠤᠳᠤᠷᠢᠳᠭᠤ ᠪᠠᠭ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠨᠠᠮ᠎ᠤᠨ ᠰᠠᠬᠢᠯᠭ᠎ᠠ ᠪᠠᠲᠤ᠎ᠶ᠋ᠢ ᠡᠷᠡᠰ ᠬᠠᠮᠠᠭᠠᠯᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ᠍ ᠦᠢᠯᠡᠰ ᠪᠤᠰᠭᠠᠬᠤ ᠰᠠᠢ᠌ᠨ ᠰᠠᠢᠬᠠᠨ ᠣᠷᠴᠢᠨ ᠨᠦᠭᠦᠴᠡᠯ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠢ᠃
ᠲᠠᠪᠤᠳᠤᠭᠠᠷ ᠪᠦᠯᠦᠭ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ
ᠬᠣᠷᠢᠨ ᠲᠠᠪᠤᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ ᠨᠠᠮ᠎ᠤᠨ ᠬᠤᠷᠢᠶ᠎ᠠ᠎ᠵᠢᠨ ᠪᠦᠬᠦ᠌ ᠲᠠᠯ᠎ᠠ᠎ᠶ᠋ᠢᠨ ᠬᠢᠨᠠᠯᠲᠠ᠎ᠶ᠋ᠢ ᠬᠦᠯᠢᠶᠡᠵᠦ᠍᠂ ᠵᠢᠯ ᠪᠦᠷᠢ ᠠᠳᠠᠭ᠎ᠲᠠᠭᠠᠨ ᠨᠢᠭᠡ ᠤᠳᠠᠭ᠎ᠠ ᠨᠠᠮ᠎ᠤᠨ ᠬᠤᠷᠢᠶ᠎ᠠ᠎ᠳᠤ ᠪᠦᠬᠦ᠌ ᠲᠠᠯ᠎ᠠ᠎ᠶ᠋ᠢᠨ ᠠᠵᠢᠯ᠎ᠤᠨ ᠪᠠᠢᠳᠠᠯ᠎ᠢᠶᠠᠨ ᠮᠡᠳᠡᠭᠦᠯᠵᠦ᠍᠂ ᠴᠢᠬᠤᠯᠠ ᠪᠠᠢᠳᠠᠯ ᠲᠤᠯᠭᠠᠷᠠᠪᠠᠯ ᠴᠠᠭ ᠲᠤᠬᠠᠢᠳᠤᠨᠢ ᠵᠢᠭᠠᠪᠤᠷᠢ ᠠᠪᠴᠤ᠌ ᠮᠡᠳᠡᠭᠦᠯᠦᠨ᠎ᠡ᠃ ᠨᠠᠮ᠎ᠤᠨ ᠲᠥᠪ ᠬᠤᠷᠢᠶ᠎ᠠ ᠵᠢᠴᠢ ᠨᠠᠮ᠎ᠤᠨ ᠬᠤᠷᠢᠶ᠎ᠠ᠎ᠵᠢᠨ ᠶᠠᠮᠠᠷ ᠨᠢᠭᠡᠨ ᠴᠢᠬᠤᠯᠠ ᠵᠢᠭᠠᠪᠤᠷᠢ ᠪᠠ ᠲᠣᠭ᠍ᠲᠠᠭᠠᠯ᠎ᠢ ᠬᠡᠷᠡᠭ᠌ᠵᠢᠭᠦᠯᠦᠭ᠌ᠰᠡᠨ ᠪᠠᠢᠳᠠᠯ᠎ᠢ ᠲᠤᠰᠭᠠᠢ ᠰᠡᠳᠦᠪ᠎ᠢᠶᠡᠷ ᠮᠡᠳᠡᠭᠦᠯᠬᠦ᠌ ᠬᠡᠷᠡᠭ᠌ᠲᠡᠢ᠃ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠭᠠᠷᠭᠠᠭ᠍ᠰᠠᠨ ᠵᠤᠬᠢᠰ ᠤᠢ᠍ᠭᠡᠢ ᠲᠣᠭ᠍ᠲᠠᠭᠠᠯ᠎ᠢ ᠲᠤᠰ ᠱᠠᠲᠤᠨ᠎ᠤ ᠨᠠᠮ᠎ᠤᠨ ᠬᠤᠷᠢᠶ᠎ᠠ ᠬᠦᠴᠦᠨ ᠤᠢ᠍ᠭᠡᠢ ᠪᠣᠯᠭᠠᠬᠤ ᠪᠤᠶᠤ ᠬᠤᠪᠢᠷᠠᠭᠤᠯᠬᠤ ᠡᠷᠬᠡ᠎ᠲᠡᠶ᠃
ᠨᠠᠮ᠎ᠤᠨ ᠠᠵᠢᠯ᠎ᠤᠨ ᠪᠠᠢᠭᠤᠯᠭ᠎ᠠ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠵᠢᠴᠢ ᠲᠡᠭᠦᠨ᠎ᠦ ᠲᠣᠮᠢᠯᠠᠨ ᠰᠠᠭᠤᠯᠭᠠᠭ᠍ᠰᠠᠨ ᠪᠠᠢᠭᠤᠯᠤᠮᠵᠢ᠂ ᠲᠣᠮᠢᠯᠠᠭ᠍ᠰᠠᠨ ᠪᠠᠢᠭᠤᠯᠤᠮᠵᠢ ᠵᠡᠷᠭᠡ᠎ᠶ᠋ᠢᠨ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠬᠦ᠌᠎ᠶ᠋ᠢᠨ ᠬᠠᠮᠲᠤ ᠬᠢᠨᠠᠯᠲᠠ ᠲᠠᠯᠪᠢᠵᠤ ᠢᠯᠡᠷᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃
ᠬᠣᠷᠢᠨ ᠵᠢᠷᠭᠤᠳᠤᠭᠠᠷ ᠵᠦᠢᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠤᠳᠤᠷᠢᠳᠭᠤ ᠪᠠᠭ ᠨᠠᠮ᠎ᠤᠨ ᠥᠪᠡᠷ ᠪᠡᠶ᠎ᠡ ᠵᠢᠨ ᠬᠤᠪᠢᠰᠭᠠᠯ ᠬᠢᠬᠦ᠌ ᠱᠠᠭᠠᠷᠳᠠᠯᠭ᠎ᠠ᠎ᠶ᠋ᠢ ᠲᠦᠷᠦᠭᠦᠯᠡᠨ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ᠎ᠶ᠋ᠢᠨ ᠬᠢᠨᠠᠯᠲᠠ ᠪᠠ ᠤᠯᠠᠨ ᠲᠦᠮᠡᠨ᠎ᠦ ᠬᠢᠨᠠᠯᠲᠠ ᠵᠡᠷᠭᠡ ᠡᠯ᠎ᠡ ᠲᠦᠷᠦᠯ᠎ᠦᠨ ᠬᠢᠨᠠᠯᠲᠠ᠎ᠶ᠋ᠢ ᠤᠬᠠᠮᠰᠠᠷ᠎ᠡᠴᠡ ᠪᠠᠨ ᠬᠦᠯᠢᠶᠡᠬᠦ᠌ ᠬᠡᠷᠡᠭ᠌ᠲᠡᠢ᠃ ᠤᠳᠤᠷᠢᠳᠭᠤ ᠪᠠᠭ᠎ᠤᠨ ᠪᠦᠷᠢᠯᠳᠦᠬᠦᠨ ᠨᠠᠮ᠎ᠤᠨ ᠵᠣᠬᠢᠶᠠᠨ ᠪᠠᠢᠭᠤᠯᠤᠯᠲᠠ᠎ᠳᠤ ᠬᠤᠪᠢ ᠬᠥᠮᠦᠨ᠎ᠦ ᠬᠣᠯᠪᠣᠭ᠍ᠳᠠᠯ ᠪᠦᠬᠦᠢ ᠤᠴᠢᠷ ᠶᠠᠪᠤᠳᠠᠯ᠎ᠢᠶᠠᠨ ᠦᠨᠡᠨ ᠮᠥᠨ᠎ᠢᠶᠡᠷ ᠨᠢ ᠮᠡᠳᠡᠭᠦᠯᠵᠦ᠍᠂ ᠬᠠᠷᠢᠭᠤᠴᠠᠯᠭ᠎ᠠ᠎ᠶ᠋ᠢᠨ ᠮᠡᠳᠡᠭᠦᠯᠦᠯᠲᠡ ᠪᠠ ᠠᠷᠢᠭᠤᠨ ᠴᠢᠬᠡᠴᠢ᠎ᠶ᠋ᠢᠨ ᠮᠡᠳᠡᠭᠦᠯᠦᠯᠲᠡ ᠬᠢᠵᠦ᠍᠂ ᠵᠣᠬᠢᠶᠠᠨ ᠪᠠᠢᠭᠤᠯᠤᠯᠲᠠ᠎ᠶ᠋ᠢᠨ ᠬᠢᠨᠠᠯᠲᠠ᠎ᠶ᠋ᠢ ᠬᠦᠯᠢᠶᠡᠬᠦ᠌ ᠬᠡᠷᠡᠭ᠌ᠲᠡᠢ᠃
ᠬᠣᠷᠢᠨ ᠳᠣᠯᠣᠳᠤᠭᠠᠷ ᠵᠦᠢᠯ ᠨᠠᠮ᠎ᠤᠨ ᠬᠤᠷᠢᠶ᠎ᠠ ᠬᠠᠷᠢᠶ᠎ᠠ ᠪᠦᠬᠦᠢ ᠠᠵᠢᠯ᠎ᠤᠨ ᠪᠠᠢᠭᠤᠯᠭ᠎ᠠ᠎ᠶ᠋ᠢᠨ᠎ᠢᠶᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠢᠴᠠᠭᠠᠨ ᠬᠢᠨᠠᠨ ᠱᠢᠯᠭᠠᠵᠤ᠂ ᠪᠣᠳᠠᠲᠠᠢ ᠠᠵᠢᠯ᠎ᠢ ᠨᠠᠮ᠎ᠤᠨ ᠬᠤᠷᠢᠶ᠎ᠠ᠎ᠵᠢᠨ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠡᠴᠡ ᠬᠠᠷᠢᠭᠤᠴᠠᠵᠤ᠂ ᠬᠢᠨᠠᠨ ᠱᠢᠯᠭᠠᠭ᠍ᠰᠠᠨ ᠦᠷ᠎ᠡ ᠳ᠋ᠦᠩ᠎ᠢ ᠵᠣᠬᠢᠬᠤ ᠬᠡᠪᠴᠢᠶᠡᠨ᠎ᠳᠦ ᠵᠠᠷᠯᠠᠨ ᠮᠡᠳᠡᠭ᠌ᠳᠡᠬᠦ᠌ ᠬᠡᠷᠡᠭ᠌ᠲᠡᠢ᠃
ᠬᠣᠷᠢᠨ ᠨᠠᠶ᠋ᠮᠠᠳᠤᠭᠠᠷ ᠵᠦᠶ᠋ᠯ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠤᠳᠤᠷᠢᠳᠭᠤ ᠪᠠᠭ᠎ᠤᠨ ᠪᠦᠷᠢᠯᠳᠦᠬᠦᠨ ᠲᠤᠰ ᠲᠦᠷᠢᠮ᠎ᠦᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠵᠥᠷᠢᠴᠡᠪᠡᠯ᠂ ᠲᠡᠭᠦᠨ᠎ᠦ ᠠᠵᠢᠯᠯᠠᠭ᠎ᠠ᠎ᠶ᠋ᠢᠨ ᠱᠢᠨᠵᠢ ᠴᠢᠨᠠᠷ ᠪᠠ ᠦᠢᠯᠡ ᠪᠠᠢᠳᠠᠯ᠎ᠤᠨ ᠬᠦᠨᠳᠦ ᠬᠦᠩᠭᠡᠨᠢ ᠦᠨᠳᠦᠰᠦᠯᠡᠵᠦ᠍᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠶᠠᠷᠢᠯᠴᠠᠨ ᠰᠠᠨᠠᠭᠤᠯᠬᠤ᠂ ᠱᠢᠭᠦᠮᠵᠢᠯᠡᠨ ᠬᠥᠮᠦᠵᠢᠭᠦᠯᠬᠦ᠌᠂ ᠵᠠᠷᠯᠢᠭ᠍ᠳᠠᠨ ᠪᠠᠢᠴᠠᠭᠠᠬᠤ᠂ ᠰᠡᠷᠡᠮᠵᠢᠯᠡᠭᠦᠯᠦᠨ ᠢᠳᠭᠠᠬᠤ᠂ ᠵᠣᠬᠢᠶᠠᠨ ᠪᠠᠢᠭᠤᠯᠤᠯᠲᠠ᠎ᠠᠴᠠ ᠱᠢᠶ᠋ᠳᠪᠦᠷᠢᠯᠡᠬᠦ᠌ ᠪᠤᠶᠤ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠱᠢᠢᠳᠭᠡᠯ ᠥᠭ᠌ᠬᠦ ᠵᠡᠷᠭᠡ᠎ᠪᠡᠷ ᠱᠢᠶ᠋ᠳᠪᠦᠷᠢᠯᠡᠨ᠎ᠡ᠃
ᠵᠢᠷᠭᠤᠳᠤᠭᠠᠷ ᠪᠦᠯᠦᠭ ᠳᠠᠭᠠᠯᠳᠤᠭᠤᠯᠤᠭ᠍ᠰᠠᠨ ᠳᠦᠷᠢᠮ
ᠬᠣᠷᠢ ᠶᠢᠰᠦᠳᠦᠭᠡᠷ ᠵᠦᠢᠯ ᠪᠠᠢᠭᠤᠯᠤᠮᠵᠢ ᠣᠷᠣᠨ ᠲᠣᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠨᠢ ᠲᠤᠰ ᠳᠦᠷᠢᠮ᠎ᠢ ᠦᠨᠳᠦᠰᠦᠯᠡᠨ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠡᠭᠦᠷᠭᠡ ᠴᠢᠳᠠᠪᠬᠢ ᠶ᠋ᠢᠨ ᠲᠣᠬᠢᠷᠠᠭᠤᠯᠤᠯᠲᠠ᠂ ᠳᠣᠲᠣᠭᠠᠳᠤ ᠪᠠᠢᠭᠤᠯᠤᠮᠵᠢ᠂ ᠠᠵᠢᠯᠲᠠᠨ᠎ᠤ ᠣᠷᠣᠨ ᠲᠣᠭᠠᠨ᠎ᠤ ᠲᠣᠭ᠍ᠲᠠᠭᠠᠯ᠎ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠳᠡᠰ ᠳᠠᠷᠠᠭᠠᠯᠠᠯ ᠶᠣᠰᠣᠭᠠᠷ ᠲᠤᠰ ᠱᠠᠲᠤᠨ᠎ᠤ ᠪᠠᠢᠭᠤᠯᠤᠮᠵᠢ ᠣᠷᠣᠨ ᠲᠣᠭᠠᠨ᠎ᠤ ᠵᠥᠪᠯᠡᠯ᠎ᠢᠶᠡᠷ ᠬᠢᠨᠠᠨ ᠲᠣᠭ᠍ᠲᠠᠭᠠᠯᠭᠠᠬᠤ᠎ᠶ᠋ᠢᠨ ᠬᠠᠮᠲᠤ ᠲᠤᠰ ᠱᠠᠲᠤᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠬᠢᠨᠠᠨ ᠵᠥᠪᠱᠢᠶᠡᠷᠡᠭᠦᠯᠦᠭ᠌ᠰᠡᠨ᠎ᠦ ᠳᠠᠷᠠᠭ᠎ᠠ᠂ ᠨᠠᠮ᠎ᠤᠨ ᠬᠤᠷᠢᠶ᠎ᠠ᠎ᠵᠢᠨ ᠠᠯᠪᠠᠨ ᠲᠢᠩᠬᠢᠮ (ᠲᠠᠰᠤᠭ)᠎ᠤ᠋ᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠡᠷ ᠳᠠᠷᠤᠮᠠᠯᠯᠠᠨ ᠲᠠᠷᠬᠠᠭᠠᠬᠤ ᠬᠡᠷᠡᠭ᠌ᠲᠡᠶ᠃
ᠭᠤᠴᠢᠳᠤᠭᠠᠷ ᠵᠦᠶ᠋ᠯ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠤᠰ ᠲᠦᠷᠢᠮ᠎ᠢ ᠦᠨᠳᠦᠰᠦᠯᠡᠵᠦ᠍᠂ ᠬᠣᠯᠪᠣᠭ᠍ᠳᠠᠯ ᠪᠦᠬᠦᠢ ᠲᠣᠭ᠍ᠲᠠᠭᠠᠯ᠎ᠢ ᠲᠣᠭ᠍ᠲᠠᠭᠠᠵᠤ ᠪᠣᠯᠤᠨ᠎ᠠ᠃
ᠭᠤᠴᠢᠨ ᠨᠢᠭᠡᠳᠦᠭᠡᠷ ᠵᠦᠶ᠋ᠯ ᠲᠤᠰ ᠳᠦᠷᠢᠮ᠎ᠢ ᠲᠥᠪ ᠬᠤᠷᠢᠶ᠎ᠠ᠎ᠵᠢᠨ ᠠᠯᠪᠠᠨ ᠲᠢᠩᠬᠢᠮ᠎ᠡᠴᠡ ᠲᠥᠪ ᠬᠤᠷᠢᠶ᠎ᠠ᠎ᠵᠢᠨ ᠵᠣᠬᠢᠶᠠᠨ ᠪᠠᠢᠭᠤᠯᠬᠤ ᠬᠡᠯᠲᠡᠰ᠂ ᠲᠥᠪ᠎ᠦᠨ ᠪᠠᠢᠭᠤᠯᠤᠮᠵᠢᠣᠷᠣᠨ ᠲᠣᠭᠠᠨ᠎ᠤ ᠵᠥᠪᠯᠡᠯ᠎ᠦᠨ ᠠᠯᠪᠠᠨ ᠭᠡᠷ᠎ᠲᠡᠶ ᠵᠥᠪᠳᠡᠯᠴᠡᠨ ᠲᠠᠢᠯᠪᠤᠷᠢᠯᠠᠨ᠎ᠠ᠃
ᠭᠤᠴᠢᠨ ᠬᠣᠶᠠᠳᠤᠭᠠᠷ ᠵᠦᠶ᠋ᠯ ᠲᠤᠰ ᠳᠦᠷᠢᠮ᠎ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠬᠡᠷᠡᠭ᠌ᠵᠢᠭᠦᠯᠦᠨ᠎ᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)