ᠬᠥᠬᠡᠬᠣᠲᠠ᠎ᠶᠢᠨ ᠤᠢᠷ᠎ᠠ ᠤᠭᠳᠠᠷᠭᠤᠢ ᠵᠢᠨ ᠠᠵᠤ ᠠᠬᠤᠢ᠎ᠶᠢᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠬᠣᠯᠪᠣᠭᠠᠲᠤ ᠴᠣᠭᠴᠠ ᠪᠠᠢᠭᠤᠯᠤᠭᠳᠠᠪᠠ
2025-12-09 10:24:21
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠬᠥᠬᠡᠬᠣᠲᠠ᠎ᠶᠢᠨ ᠤᠢᠷ᠎ᠠ ᠤᠭᠳᠠᠷᠭᠤᠢ ᠵᠢᠨ ᠠᠵᠤ ᠠᠬᠤᠢ᠎ᠶᠢᠨ ᠠᠵᠤ ᠦᠢᠯᠡᠰ ᠪᠠ ᠵᠢᠭᠠᠨ ᠰᠤᠷᠭᠠᠯᠳᠠ ᠵᠢᠨ ᠬᠣᠯᠪᠣᠭᠠᠲᠤ ᠴᠣᠭᠴᠠ ᠪᠠᠢᠭᠤᠯᠤᠭᠳᠠᠬᠤ ᠬᠤᠷᠠᠯ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠶᠠᠪᠤᠭᠳᠠᠪᠠ᠃

ᠬᠥᠬᠡᠬᠣᠲᠠ᠎ᠶᠢᠨ ᠤᠢᠷ᠎ᠠ ᠤᠭᠳᠠᠷᠭᠤᠢ ᠵᠢᠨ ᠠᠵᠤ ᠠᠬᠤᠢ᠎ᠶᠢᠨ ᠠᠵᠤ ᠦᠢᠯᠡᠰ ᠪᠠ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠎ᠶᠢ ᠬᠥᠬᠡᠬᠣᠲᠠ ᠎ᠶᠢᠨ ᠰᠠᠨᠰᠠᠷ᠎ᠤᠨ ᠠᠶᠠᠯᠠᠯ᠎ᠤᠨ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠂ ᠥᠪᠥᠷ ᠮᠣᠩᠭᠣᠯ᠎ᠤᠨ ᠡᠯᠧᠺᠲᠷᠣᠨ ᠮᠡᠳᠡᠭᠡ ᠵᠠᠩᠭᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠤᠢᠷ᠎ᠠ ᠣᠭᠲᠠᠷᠭᠤᠢ᠎ᠶᠢᠨ ᡁᠢ ᠯᠢᠶᠠᠨ (ᠥᠪᠥᠷ ᠮᠣᠩᠭᠣᠯ) ᠳᠡᠭᠡᠳᠦ ᠰᠢᠨ᠎ᠡ ᠮᠡᠷᠭᠡᠵᠢᠯ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠢᠴᠢ ᠬᠦᠷᠢᠶᠡᠯᠡᠩ ᠲᠣᠭᠣᠷᠢᠭ᠋᠎ᠤᠨ ᠤᠢᠷ᠎ᠠ ᠣᠭᠲᠠᠷᠭᠤᠢ᠎ᠶᠢᠨ ᠠᠵᠤ ᠠᠬᠤᠢ᠎ᠶᠢᠨ ᠬᠠᠮᠢᠶ᠎ᠠ ᠪᠦᠬᠦᠢ ᠠᠵᠤ ᠠᠬᠤᠢᠯᠠᠯ ᠬᠠᠮᠲᠤᠷᠠᠨ ᠲᠦᠷᠦᠭᠦᠯᠡᠨ ᠪᠠᠢᠭᠤᠯᠵᠤ᠂ 80 ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢ ᠤᠷᠢᠵᠤ ᠬᠠᠮᠲᠤ ᠪᠠᠷ ᠵᠣᠬᠢᠶᠠᠨ ᠪᠠᠢᠭᠤᠯᠪᠠ᠃ ᠲᠣᠰ ᠬᠣᠯᠪᠣᠭᠠᠲᠤ ᠴᠣᠭᠴᠠ ᠨᠢ 《ᠤᠢᠷ᠎ᠠ ᠤᠭᠳᠠᠷᠭᠤᠢ + N》 ᠠᠵᠤ ᠦᠢᠯᠡᠰ᠎ᠦᠨ ᠬᠥᠭᠵᠢᠯᠲᠡ᠎ᠶᠢᠨ ᠵᠠᠭᠪᠤᠷ᠎ᠢᠶᠠᠷ ᠳᠠᠮᠵᠢᠨ᠂ ᠲᠣᠭᠲᠠᠴᠠ᠎ᠶᠢᠨ ᠰᠢᠨ᠎ᠡ᠎ᠶᠢ ᠡᠭᠦᠳᠬᠦ᠎ᠶᠢ ᠢᠳᠡᠪᠬᠢᠲᠡᠢ᠎ᠪᠡᠷ ᠬᠠᠢᠨ ᠰᠦᠪᠡᠭᠴᠢᠯᠡᠵᠦ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠦᠨ᠂ ᠬᠠᠮᠵᠢᠯᠴᠠᠨ ᠬᠠᠮᠲᠤᠷᠠᠯᠴᠠᠬᠤ᠎ᠶᠢ ᠴᠢᠩᠭᠠᠳᠬᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ᠎ᠲᠠᠢ ᠠᠵᠤ ᠦᠢᠯᠡᠰ ᠪᠠ ᠵᠢᠭᠠᠨ ᠰᠤᠷᠭᠠᠯᠳᠠ ᠵᠢᠨ ᠠᠭᠤᠰᠤᠯᠴᠠᠯ᠎ᠤᠨ ᠰᠢᠨ᠎ᠡ ᠦᠯᠢᠬᠡᠷ ᠵᠢᠱ᠌ᠢᠢ᠎ᠠ ᠵᠢ ᠪᠣᠶ ᠪᠣᠯᠭᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢᠷ᠎ᠠ ᠤᠭᠳᠠᠷᠭᠤᠢ ᠵᠢᠨ ᠠᠵᠤ ᠠᠬᠤᠢ᠎ᠶᠢᠨ ᠠᠵᠤ ᠦᠢᠯᠡᠰ ᠬᠢᠭᠡᠳ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号