ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠴᠢᠨᠠᠭ᠍ᠰᠢᠯᠠᠪᠠᠯ ᠪᠥᠬᠥ᠌ ᠤᠯᠤᠰ᠎ᠤᠨ ᠴᠢᠬᠤᠯᠠ ᠱᠢᠨ᠎ᠡ ᠡᠨᠧᠷᠭᠢ᠎ᠶ᠋ᠢᠨ ᠡᠬᠢ ᠪᠠᠶᠠᠯᠢᠭ ᠡᠯᠪᠡᠭ ᠬᠤᠷᠠᠭ᠍ᠰᠠᠨ ᠣᠷᠣᠨ ᠪᠣᠯᠤᠭ᠍ᠰᠠᠨ᠎ᠤ ᠬᠤᠪᠢ᠎ᠳᠤ ᠱᠢᠯᠢ᠎ᠶ᠋ᠢᠨ ᠭᠤᠤᠯ ᠠᠢᠮᠠᠭ᠎ᠤᠨ ᠱᠢᠯᠢᠩᠬᠣᠲᠠ ᠨᠢ ᠠᠢᠮᠠᠭ᠎ᠤᠨ ᠲᠥᠪ ᠬᠣᠲᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠪᠠᠷ ᠪᠢᠷ ᠪᠣᠯᠭᠠᠵᠤ᠂ ᠱᠢᠨ᠎ᠡ᠎ᠶ᠋ᠢ ᠡᠭᠦᠳᠬᠦ᠌ ᠱᠢᠪᠲᠤᠯᠤᠯᠲᠠ᠎ᠪᠠᠷ ᠪᠡᠬᠡ ᠪᠣᠯᠭᠠᠨ᠂ ᠴᠡᠪᠡᠷ ᠡᠨᠧᠷᠭᠢ᠎ᠶ᠋ᠢ ᠭᠠᠳᠠᠭ᠍ᠰᠢ ᠭᠠᠷᠭᠠᠬᠤ᠂ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢ ᠪᠣᠢᠵᠢᠭᠤᠯᠬᠤ᠂ ᠲᠣᠨᠣᠭ ᠲᠥᠬᠥᠭᠡᠷᠦᠮᠵᠢ ᠦᠶ᠋ᠯᠡᠳᠬᠦ ᠵᠢ ᠲᠠᠰ ᠳᠡᠪᠱᠢᠭᠦᠯᠬᠦ᠌ ᠭᠤᠷᠪᠠᠨ ᠶᠡᠬᠡ ᠤᠷᠤᠯᠳᠤᠭᠠᠨ᠎ᠤ ᠵᠠᠮ ᠳᠡᠭᠡᠷ᠎ᠡ ᠬᠠᠮᠵᠢᠯᠴᠠᠨ ᠬᠦᠴᠦᠯᠡᠵᠦ᠍᠂ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ ᠬᠢᠭᠡᠳ ᠲᠠᠯ᠎ᠠ ᠨᠤᠲᠤᠭ᠎ᠤᠨ ᠠᠮᠢ ᠠᠬᠤᠶ᠎ᠶ᠋ᠢᠨ ᠬᠠᠮᠠᠭᠠᠯᠠᠯᠲᠠ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠬᠠᠮᠵᠢᠯᠴᠠᠨ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠵᠤ᠂ ᠲᠠᠯ᠎ᠠ ᠨᠤᠲᠤᠭ᠎ᠤᠨ ᠣᠨᠴᠠᠯᠢᠭ᠎ᠪᠦᠬᠦᠢ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠤᠮᠠᠷᠠᠲᠤ ᠬᠢᠯᠢ᠎ᠶ᠋ᠢᠨ ᠭᠠᠵᠠᠷ ᠣᠷᠣᠨ᠎ᠤ ᠠᠵᠤ ᠦᠶ᠋ᠯᠡᠳᠪᠦᠷᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠳᠦ ᠠᠮᠢᠳᠤᠯᠢᠭ ᠦᠶ᠋ᠯᠡᠳᠦᠯᠭᠡ ᠬᠠᠩᠭᠠᠪᠠ᠃
ᠴᠡᠪᠡᠷ ᠡᠨᠧᠷᠭᠢ ᠵᠢᠨ ᠰᠠᠭᠤᠷᠢ᠎ᠶᠢ ᠴᠤᠭᠴᠠᠯᠠᠵᠤ᠄ ᠲᠠᠯ᠎ᠠ ᠨᠤᠲᠤᠭ᠎ᠤᠨ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ ᠨᠢ 《ᠬᠤᠤᠰ ᠨᠡᠭᠦᠷᠡᠰᠦᠲᠥ᠋ᠷᠥᠭ᠌ᠴᠢ》 ᠶ᠋ᠢᠨ ᠱᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠬᠢᠯᠠᠯᠵᠠᠭᠤᠯᠪᠠ
《20 ᠠᠵᠢᠯᠴᠢᠨ 5 ᠲᠦᠮᠡᠨ ᠺᠢᠯᠦᠸᠠᠲ᠎ᠤᠨ ᠢᠯᠴᠢ᠎ᠶ᠋ᠢᠨ ᠴᠠᠬᠢᠯᠭᠠᠨ᠎ᠤ ᠲᠠᠯᠠᠪᠠᠢ᠎ᠶ᠋ᠢ ᠵᠢᠵᠢᠭᠦᠷᠯᠡᠨ ᠰᠠᠬᠢᠵᠤ ᠪᠠᠢᠭ᠍ᠰᠠᠨ᠎ᠡᠴᠡ 12 ᠬᠥᠮᠦᠨ 50 ᠲᠦᠮᠡᠨ ᠺᠢᠯᠦᠸᠠᠲ᠎ᠤᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠲᠠᠯᠠᠪᠠᠢ᠎ᠶ᠋ᠢ ᠠᠵᠢᠯᠯᠠᠭᠤᠯᠵᠤ ᠬᠠᠮᠠᠭᠠᠯᠠᠬᠤ ᠪᠤᠯᠤᠭᠰᠠᠨ᠂ ᠲᠠᠬᠢᠭᠠᠳ ᠬᠥᠮᠦᠨ ᠬᠡᠷᠡᠭ᠌ᠯᠡᠬᠦ᠌ ᠦᠭᠡᠢ᠎ᠪᠡᠷ ᠰᠠᠬᠢᠨ ᠬᠠᠮᠠᠭᠠᠯᠠᠬᠤ ᠲᠡᠢᠰᠢ ᠤᠷᠤᠭ᠍ᠰᠢᠯᠠᠭ᠍ᠰᠠᠨ — ᠡᠨᠡ 10 ᠵᠢᠯ ᠪᠤᠯ ᠲᠠᠯ᠎ᠠ ᠨᠤᠲᠤᠭ᠎ᠤᠨ ᠠᠵᠤ ᠦᠢᠯᠡᠳᠪᠦᠷᠢ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ᠎ᠪᠡᠨ ᠬᠤᠪᠢᠷᠠᠭᠤᠯᠤᠭ᠍ᠰᠠᠨ 10 ᠵᠢᠯ ᠪᠣᠯᠤᠨ᠎ᠠ᠃》 10 ᠰᠠᠷ᠎ᠠ᠎ᠶ᠋ᠢᠨ 20 ᠤ᠋ ᠡᠳᠦᠷ᠂ ᠱᠢᠯᠢᠩᠬᠣᠲᠠ᠎ᠶ᠋ᠢᠨ᠎ᠲᠠᠶ ᠹᠦ᠋ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠎ᠶ᠋ᠢᠨ ᠣᠶᠤᠨᠳᠤ ᠠᠵᠢᠯᠯᠠᠭᠤᠯᠵᠤ ᠬᠠᠮᠠᠭᠠᠯᠠᠬᠤ ᠲᠥᠪ᠎ᠦᠨ ᠬᠢᠨᠠᠨ ᠡᠵᠡᠮᠳᠡᠬᠦ᠌ ᠲᠣᠮᠣ ᠳᠡᠯᠭᠡᠴᠡ᠎ᠶ᠋ᠢᠨ ᠡᠮᠦᠨ᠎ᠡ ᠵᠣᠭ᠍ᠰᠣᠵᠤ᠂ ᠦᠶ᠋ᠯᠡᠳᠪᠦᠷᠢᠯᠡᠯ ᠡᠵᠡᠩᠨᠡᠯᠲᠡ᠎ᠶ᠋ᠢᠨ ᠬᠡᠯᠲᠡᠰ᠎ᠦᠨ ᠡᠷᠬᠢᠯᠡᠭ᠌ᠴᠢ᠎ᠶ᠋ᠢᠨ ᠲᠤᠰᠠᠯᠠᠭ᠍ᠴᠢ ᠵᠣᠣ ᠳ᠋ᠠ ᠸᠧᠶ ᠳᠡᠯᠭᠡᠴᠡ ᠳᠦᠭᠦᠷᠡᠩ ᠲᠣᠭ᠎ᠠ ᠪᠠᠷᠢᠮᠲᠠ᠎ᠶ᠋ᠢ ᠵᠢᠭᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠲᠡᠦᠬᠡᠨ ᠠᠬᠢᠴᠠ᠎ᠶᠢ ᠲᠤᠭᠠᠴᠢᠪᠠ᠃
ᠡᠳᠦᠭᠡ ᠲᠣᠰ ᠺᠣᠮᠫᠠᠨᠢ᠎ᠶ᠋ᠢᠨ ᠭᠠᠷᠭᠠᠭ᠍ᠰᠠᠨ ᠴᠡᠪᠡᠷ ᠴᠠᠬᠢᠯᠭᠠᠨ ᠬᠦᠴᠦᠨ᠎ᠨᠢ ᠶᠠᠭ ᠣᠨᠴᠠ ᠥᠨᠳᠥᠷ ᠬᠦᠴᠦᠳᠡᠯᠲᠦ ᠨᠡᠪᠲᠡᠷᠡᠬᠦ᠌ ᠵᠠᠮ᠎ᠢᠶᠠᠷ ᠳᠠᠮᠵᠢᠨ ᠪᠡᠭᠡᠵᠢᠩ᠂ ᠵᠢᠶᠠᠩᠰᠦ᠂ ᠱᠠᠨᠳᠦ᠋ᠩ ᠵᠡᠷᠭᠡ ᠭᠠᠵᠠᠷ᠎ᠲᠤ ᠲᠠᠰᠤᠷᠠᠯᠲᠠ ᠥᠬᠡᠶ ᠬᠦᠷᠭᠡᠭᠳᠡᠵᠦ᠍᠂ ᠤᠮᠠᠷᠠᠲᠤ ᠣᠷᠣᠨ᠂ ᠳᠣᠷᠣᠨᠠᠲᠤ ᠣᠷᠣᠨ᠎ᠤ ᠡᠨᠧᠷᠭᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠳᠦ 《ᠲᠠᠯ᠎ᠠ ᠨᠤᠲᠤᠭ᠎ᠤᠨ ᠬᠥᠳᠡᠯᠭᠡᠬᠦ᠌ ᠬᠦᠴᠦᠨ》 ᠢ᠋ ᠨᠡᠮᠡᠷᠢᠯᠡᠪᠡ᠃
ᠡᠨᠡ ᠬᠦ᠌ 《ᠪᠣᠬᠢᠷᠲᠤᠯ ᠥᠬᠡᠶ ᠬᠠᠷᠢᠭᠤᠯᠲᠠ᠎ᠶ᠋ᠢᠨ ᠬᠠᠭᠤᠳᠠᠰᠤ》 ᠶ᠋ᠢᠨ ᠠᠷᠤ᠎ᠳᠤ ᠱᠢᠯᠢᠩᠬᠣᠲᠠ᠎ᠶ᠋ᠢᠨ ᠡᠬᠢ ᠪᠠᠶᠠᠯᠢᠭ᠎ᠢ᠋ ᠣᠨᠣᠪᠴᠢᠲᠠᠶ ᠡᠵᠡᠮᠳᠡᠭ᠌ᠰᠡᠨ ᠪᠠ ᠱᠢᠨᠵᠢᠯᠡᠬᠦ᠌ ᠤᠬᠠᠭᠠᠨᠴᠢ᠎ᠪᠠᠷ ᠨᠡᠭᠡᠭᠡᠨ ᠠᠱᠢᠭ᠍ᠯᠠᠭ᠍ᠰᠠᠨ ᠶᠠᠪᠤᠳᠠᠯ ᠪᠣᠶ᠃
ᠱᠢᠯᠢᠩᠬᠣᠲᠠ᠎ᠶ᠋ᠢᠨ ᠵᠢᠯ᠎ᠦᠨ ᠳᠤᠮᠳᠠᠴᠢ ᠰᠠᠯᠬᠢᠨ᠎ᠤ ᠬᠤᠷᠳᠤᠴᠠ ᠨᠢ ᠰᠧᠺᠦ᠋ᠨ᠋ᠳ᠋ ᠪᠦᠷᠢ 3.5 ᠮᠸᠲᠷ ᠲᠤ᠌ ᠬᠦᠷᠴᠦ᠍᠂ ᠪᠦᠲᠦᠮᠵᠢᠲᠡᠢ ᠰᠠᠯᠬᠢᠨ ᠡᠨᠧᠷᠭᠢ᠎ᠶ᠋ᠢᠨ ᠠᠱᠢᠭ᠍ᠯᠠᠯᠲᠠ᠎ᠶ᠋ᠢᠨ ᠴᠠᠭ᠎ᠤᠨ ᠲᠣᠭ᠎ᠠ ᠨᠢ 2800 ᠴᠠᠭ᠎ᠢ ᠳᠠᠪᠠᠵᠤ᠂ ᠨᠡᠷᠡᠨ᠎ᠦ ᠡᠨᠧᠷᠭᠢ᠎ᠶ᠋ᠢᠨ ᠶᠡᠷᠦᠩᠬᠡᠢ ᠬᠠᠳᠠᠭᠠᠯᠠᠭ᠍ᠳᠠᠴᠠ ᠨᠢ 2.5 ᠳ᠋ᠦᠩᠱᠢᠭᠤᠷ ᠺᠢᠯᠦᠸᠠᠲ᠎ᠲᠤ ᠬᠦᠷᠴᠦ᠍᠂ ᠥᠪᠡᠷᠮᠢᠴᠡ ᠨᠥᠬᠥᠴᠡᠯ ᠨᠢ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠴᠡᠢ᠃ 2023 ᠣᠨ᠎ᠳᠤ᠂ ᠤᠯᠤᠰ᠎ᠤᠨ ᠠᠩᠬᠠᠳᠠᠭ᠍ᠴᠢ ᠪᠦᠯᠦᠭ ᠡᠯᠡᠰᠦᠨ ᠴᠥᠯ᠂ ᠭᠣᠪᠢ᠂ ᠴᠦᠯᠯᠡᠷᠭᠡᠭ ᠭᠠᠵᠠᠷ ᠣᠷᠣᠨ᠎ᠤ ᠲᠣᠮᠣ ᠬᠡᠯᠪᠡᠷᠢ᠎ᠶ᠋ᠢᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠬᠡᠷᠡᠯᠴᠢ ᠴᠡᠨᠡᠭ᠎ᠦᠨ ᠰᠠᠭᠤᠷᠢᠨ ᠤ᠋ ᠭᠤᠤᠯᠳᠠᠯᠭ᠎ᠠ᠎ᠲᠠᠶ ᠲᠥᠷᠥᠯ ᠵᠦᠶ᠋ᠯ —ᠲᠡᠶ ᠹᠦ᠋ ᠡᠨᠧᠷᠭᠢ᠎ᠶ᠋ᠢᠨ 1000 ᠮᠸᠭ᠎ᠠ ᠸᠠᠲ᠎ᠤᠨ ᠰᠠᠯᠬᠢᠨ ᠬᠦᠴᠦ ᠪᠡᠷ ᠴᠠᠬᠢᠯᠭᠠᠨ᠎ᠭᠠᠷᠭᠠᠬᠤ ᠲᠥᠷᠥᠯ ᠵᠦᠶ᠋ᠯ᠎ᠢ ᠲᠤᠤᠷ᠎ᠲᠤ ᠨᠡᠢᠯᠡᠭᠦᠯᠦᠨ ᠴᠠᠬᠢᠯᠭᠠᠨ ᠭᠠᠷᠭᠠᠵᠤ᠂ ᠵᠢᠯ᠎ᠦᠨ ᠲᠤᠤᠷ᠎ᠲᠤ ᠤᠷᠤᠭ᠍ᠰᠠᠨ ᠴᠠᠬᠢᠯᠭᠠᠨ᠎ᠤ ᠬᠡᠮᠵᠢᠶ᠎ᠡ 36 ᠳ᠋ᠦᠩᠱᠢᠭᠤᠷ ᠭᠷᠠᠳᠦ᠋ᠰᠢ ᠳᠠᠪᠠᠵᠤ᠂ ᠪᠠᠷᠢᠮᠵᠢᠶ᠎ᠠ ᠨᠡᠭᠦᠷᠡᠰᠦ᠎ᠶ᠋ᠢ 110 .7 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 243.6 ᠲᠦᠮᠡᠨ ᠲᠣᠨ ᠪᠠᠭᠠᠰᠭᠠᠵᠠᠢ᠃
ᠣᠳᠣᠬᠠᠨ᠎ᠳᠤ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ ᠨᠢ 400 ᠮᠸᠭ᠎ᠠ ᠸᠠᠲ᠎ᠤᠨ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠲᠥᠷᠥᠯ ᠵᠦᠶ᠋ᠯ ᠶᠠᠭ ᠰᠠᠢᠬᠠᠨ ᠠᠵᠢᠯ᠎ᠤᠨ ᠬᠤᠭᠤᠴᠠᠭ᠎ᠠ᠎ᠶ᠋ᠢ ᠱᠠᠯᠠᠪᠳᠠᠨ ᠠᠳᠭᠤᠵᠤ᠂ ᠵᠢᠱ᠌ᠢᠯᠲᠡ᠎ᠪᠡᠷ ᠡᠨᠡ ᠵᠢᠯ᠎ᠦᠨ 12 ᠰᠠᠷ᠎ᠠ᠎ᠶ᠋ᠢᠨ 30 ᠤ᠋ ᠡᠳᠦᠷ ᠪᠥᠬᠥ᠌ ᠪᠠᠭ᠍ᠲᠠᠭᠠᠮᠵᠢ᠎ᠶ᠋ᠢ ᠲᠤᠤᠷ᠎ᠲᠤ ᠨᠡᠢᠯᠡᠭᠦᠯᠵᠦ᠍᠂ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ ᠵᠢᠯ ᠪᠦᠷᠢ ᠳᠠᠬᠢᠨ 96 ᠲᠦᠮᠡᠨ ᠲᠣᠨ ᠨᠡᠭᠦᠷᠡᠰᠦ ᠵᠢᠨ ᠬᠡᠷᠡᠭᠴᠡᠭᠡ᠎ᠶᠢ ᠪᠠᠭᠠᠰᠬᠠᠵᠤ᠂ 30 ᠲᠦᠮᠡᠨ ᠡᠷᠦᠬᠡ᠎ᠶ᠋ᠢᠨ ᠬᠡᠷ ᠪᠦᠯᠢ᠎ᠶ᠋ᠢᠨ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ᠎ᠶ᠋ᠢ ᠬᠠᠩᠭᠠᠬᠤ ᠪᠣᠯᠤᠨ᠎ᠠ᠃
6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠱᠢᠯᠢᠩᠬᠣᠲᠠ᠎ᠶ᠋ᠢᠨ ᠬᠡᠪᠴᠢᠶᠡᠵᠢᠯ᠎ᠡᠴᠡ ᠳᠡᠭᠡᠭ᠌ᠰᠢᠬᠢ 13 ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠠᠵᠤ ᠠᠬᠤᠢᠯᠠᠯ᠎ᠤᠨ ᠶᠡᠷᠦᠩᠬᠡᠶ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ 323.84 ᠲᠦᠮᠡᠨ ᠺᠢᠯᠦᠸᠠᠲ᠎ᠲᠤ ᠬᠦᠷᠴᠦ᠍᠂ ᠴᠠᠬᠢᠯᠭᠠᠨ ᠭᠠᠷᠭᠠᠭ᠍ᠰᠠᠨ ᠬᠡᠮᠵᠢᠶ᠎ᠡ ᠨᠡᠢᠲᠡ 48 ᠳ᠋ᠦᠩᠱᠢᠭᠤᠷ ᠭᠷᠠᠳᠦ᠋ᠰ᠎ᠲᠦ ᠬᠦᠷᠴᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 478 ᠲᠦᠮᠡᠨ ᠲᠣᠨ ᠪᠠᠭᠠᠰᠭᠠᠵᠤ᠂ ᠪᠠᠷᠢᠮᠵᠢᠶ᠎ᠠ ᠨᠡᠭᠦᠷᠡᠰᠦ᠎ᠶ᠋ᠢ 192 ᠲᠦᠮᠡᠨ ᠲᠣᠨ ᠠᠷᠪᠢᠯᠠᠭ᠍ᠰᠠᠨ᠎ᠲᠠᠶ ᠲᠡᠩᠴᠡᠪᠡ᠃ ᠨᠡᠭᠦᠷᠡᠰᠦ᠎ᠪᠡᠷ ᠴᠠᠬᠢᠯᠭᠠᠨ ᠭᠠᠷᠭᠠᠵᠤ ᠪᠠᠢᠭ᠍ᠰᠠᠨ᠎ᠡᠴᠡ 《ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠬᠡᠷᠡᠯᠴᠢ ᠴᠡᠨᠡᠭ ᠢ᠋ ᠬᠦᠭᠵᠢᠭᠦᠯᠦᠭᠰᠡᠨ》 ᠬᠦᠷᠲᠡᠯ᠎ᠡ᠂ ᠡᠨᠧᠷᠭᠢ ᠣᠷᠣᠭᠤᠯᠵᠤ ᠪᠠᠢᠭ᠍ᠰᠠᠨ᠎ᠡᠴᠡ 《ᠴᠡᠪᠡᠷ ᠡᠨ᠋ᠸᠷᠬᠢ ᠵᠢ ᠭᠠᠳᠠᠭ᠍ᠰᠢ ᠭᠠᠷᠭᠠᠭ᠍ᠰᠠᠨ》 ᠬᠦᠷᠲᠡᠯ᠎ᠡ᠂ ᠱᠢᠯᠢᠩᠬᠣᠲᠠ ᠶᠠᠭ 《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ》 ᠭᠡᠬᠦ ᠣᠢᠯᠠᠭᠠᠭ᠍ᠳᠠᠬᠤᠨ᠎ᠢ ᠢᠳᠡᠪᠬᠢᠲᠡᠢ ᠦᠢᠯᠡᠳᠦᠯᠭᠡᠵᠢᠭᠦᠯᠵᠦ᠍᠂ ᠤᠯᠤᠰ᠎ᠤᠨ 《ᠬᠣᠣᠰ ᠨᠡᠭᠦᠷᠡᠰᠦᠳᠦ᠋ᠷᠦᠭ᠌ᠴᠢ》 ᠵᠢᠨ ᠪᠠᠢᠯᠳᠤᠬᠤ ᠪᠤᠳᠤᠯᠭ᠎ᠠ᠎ᠶ᠋ᠢᠨ ᠤᠮᠠᠷᠠᠲᠤ᠎ᠶ᠋ᠢᠨ ᠲᠠᠯ᠎ᠠ ᠨᠤᠲᠤᠭᠲᠡᠬᠢ ᠡᠷᠡᠰ ᠦᠢᠯᠡᠳᠦᠯᠭᠡᠵᠢᠭᠦᠯᠦᠭ᠌ᠴᠢ ᠪᠣᠯᠵᠠᠢ᠃
ᠤᠢᠷ᠎ᠠ ᠤᠭᠳᠠᠷᠭᠤᠢ ᠵᠢᠨ ᠠᠵᠤ ᠠᠬᠤᠶᠪᠡᠷᠭᠡᠶᠢ ᠲᠠᠪᠠᠵᠤ᠄ ᠲᠠᠯ᠎ᠠ ᠨᠤᠲᠤᠭ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ《ᠱᠢᠨ᠎ᠡ ᠤᠷᠤᠯᠳᠤᠭᠠᠨ᠎ᠤ ᠵᠠᠮ》 ᠢ᠋ ᠨᠡᠭᠡᠭᠡᠪᠡ
《〈ᠱᠢᠯᠢ᠎ᠶ᠋ᠢᠨ ᠭᠣᠣᠯ ᠨᠢᠭᠡᠳᠦᠭᠡᠷ〉 ᠤ᠋ᠨ ᠠᠩᠬᠠᠨ᠎ᠤ ᠠᠶᠠᠯᠠᠯ ᠨᠢ ᠨᠢᠭᠡᠨ ᠤᠳᠠᠭ᠎ᠠ᠎ᠶ᠋ᠢᠨ ᠨᠢᠰᠦᠯᠲᠡ ᠪᠣᠯᠬᠤ᠎ᠪᠠᠷ ᠪᠠᠷᠠᠬᠤ ᠦᠭᠡᠢ ᠨᠡᠩ ᠴᠤ᠌ ᠲᠠᠯ᠎ᠠ ᠨᠤᠲᠤᠭ᠎ᠤᠨ ᠤᠢᠷ᠎ᠠ ᠤᠭᠳᠠᠷᠭᠤᠢ ᠵᠢᠨ ᠠᠵᠤ ᠠᠬᠤᠢ᠎ᠶ᠋ᠢᠨ ᠲᠠᠩ ᠴᠡᠭ᠎ᠢᠶᠡᠷ ᠬᠠᠢᠨ ᠰᠦᠪᠡᠭ᠌ᠴᠢᠯᠡᠵᠦ᠍ ᠪᠠᠢᠭ᠍ᠰᠠᠨ᠎ᠡᠴᠡ᠎ᠪᠠᠨ ᠪᠦᠯᠦᠭ᠌ᠵᠢᠨ ᠬᠥᠭ᠌ᠵᠢᠬᠰᠡᠨ ᠡᠷᠭᠢᠯᠲᠡ ᠮᠦᠨ》᠃ ᠥᠪᠥᠷ ᠮᠣᠩᠭᠣᠯ᠎ᠤᠨ ᠤᠢᠷ᠎ᠠ ᠣᠭ᠍ᠲᠠᠷᠭᠤᠢ᠎ᠳᠤ ᠪᠡᠯᠡ ᠣᠷᠣᠭᠤᠯᠤᠨ ᠬᠥᠭ᠌ᠵᠢᠭᠦᠯᠬᠦ᠌ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢ ᡁᠢ ᠭᠦᠸᠧ᠎ᠶ᠋ᠢᠨ ᠬᠡᠯᠡᠭ᠌ᠰᠡᠨ ᠦᠭᠡ ᠨᠢ ᠱᠢᠯᠢᠩᠬᠣᠲᠠ᠎ᠶ᠋ᠢᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠤᠷᠤᠯᠳᠤᠭᠠᠨ᠎ᠤ ᠵᠠᠮ᠎ᠢ ᠵᠠᠪᠳᠤᠨ ᠡᠵᠡᠯᠡᠬᠦ᠌ ᠠᠤᠭ᠎ᠠ ᠵᠣᠷᠢᠭ᠎ᠢ ᠢᠯᠡᠳᠭᠡᠵᠡᠢ᠃ ᠨᠡᠢᠳᠡᠮ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ 1᠂ ᠰᠠᠯᠪᠤᠷᠢ ᠱᠤᠭᠤᠮ᠎ᠤᠨ ᠨᠢᠰᠭᠡᠯ᠎ᠦᠨ ᠪᠠᠭᠤᠳᠠᠯ 1 ᠪᠠᠢᠬᠤ ᠠᠢᠮᠠᠭ ᠤ᠋ᠨ ᠲᠦᠪ ᠬᠣᠲᠠ ᠪᠣᠯᠤᠭ᠍ᠰᠠᠨ᠎ᠤ ᠬᠤᠪᠢ᠎ᠳᠤ ᠱᠢᠯᠢᠩᠬᠣᠲᠠ ᠥᠷᠭᠡᠨ ᠠᠭᠤᠳᠠᠮ ᠠᠭᠠᠷ᠎ᠤᠨ ᠣᠷᠣᠨ᠎ᠤ ᠡᠬᠢ ᠪᠠᠶᠠᠯᠢᠭ ᠪᠣᠯᠤᠨ ᠣᠯᠠᠨ ᠡᠱᠢᠲᠦ ᠬᠡᠷᠡᠭ᠌ᠯᠡᠭᠡᠨ᠎ᠦ ᠪᠠᠢᠳᠠᠯ᠎ᠳᠤ ᠲᠦᠱᠢᠭ᠌ᠯᠡᠨ᠂ ᠤᠢᠷ᠎ᠠ ᠤᠭᠳᠠᠷᠭᠤᠢ ᠵᠢᠨ ᠠᠵᠤ ᠠᠬᠤᠶ᠎ᠶ᠋ᠢ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡᠶ᠋ᠢ ᠠᠬᠢᠭᠤᠯᠬᠤ ᠴᠢᠬᠤᠯᠠ ᠨᠡᠮᠡᠭ᠌ᠳᠡᠯ᠎ᠦᠨ ᠲᠤᠢᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠠᠵᠤ ᠦᠶ᠋ᠯᠡᠰ᠎ᠦᠨ ᠬᠣᠭᠣᠰᠣᠨ᠎ᠢ ᠠᠯᠬᠤᠮ ᠠᠯᠬᠤᠮ᠎ᠢᠶᠠᠷ ᠨᠥᠬᠥᠪᠥᠷᠢᠯᠡᠪᠡ᠃
ᠴᠣᠬᠠᠠᠭᠤᠯᠠ ᠰᠤᠮᠤ᠎ᠶ᠋ᠢᠨ ᠲᠠᠯ᠎ᠠ ᠨᠤᠲᠤᠭ᠎ᠲᠤ᠂ ᠵᠢᠯᠣᠭᠣᠴᠢ ᠥᠬᠡᠶ ᠨᠢᠰᠭᠡᠯ᠎ᠨᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠣᠶᠤᠨᠲᠤ ᠬᠠᠪᠰᠤᠷᠤᠭ᠍ᠴᠢ ᠪᠣᠯᠵᠣ ᠪᠠᠢᠨ᠎ᠠ᠄ 4.3 ᠴᠠᠭ᠎ᠲᠤ 1.1 ᠲᠦᠮᠡᠨ ᠮᠥ᠍ ᠣᠷᠣᠨ ᠪᠦᠰᠡ᠎ᠶ᠋ᠢ ᠲᠣᠭᠣᠷᠢᠨ ᠪᠠᠢᠴᠠᠭᠠᠵᠤ᠂ ᠡᠳᠦᠷ᠎ᠲᠡᠬᠡᠨ ᠤᠷᠭᠤᠮᠠᠯ᠎ᠤᠨ ᠬᠤᠴᠢᠯᠭ᠎ᠠ᠎ᠶ᠋ᠢᠨ ᠤᠷᠭᠤᠯᠲᠠ᠎ᠶ᠋ᠢᠨ ᠪᠠᠢᠳᠠᠯ᠎ᠢ ᠰᠡᠭᠦᠳᠡᠷᠯᠡᠵᠦ᠍᠂ ᠰᠥᠨᠢ᠎ᠳᠡᠭᠡᠨ ᠲᠣᠭ᠍ᠲᠠᠭᠠᠯ᠎ᠡᠴᠡ ᠵᠥᠷᠢᠴᠡᠨ ᠮᠠᠯ ᠮᠠᠯᠵᠢᠬᠤ ᠪᠠᠢᠳᠡᠯ᠎ᠳᠤ ᠤᠯᠠᠭᠠᠨ᠎ᠤ ᠭᠠᠳᠠᠨᠠᠬᠢ ᠲᠤᠶᠠᠭᠠᠨᠤ ᠬᠢᠨᠠᠨ ᠬᠡᠮᠵᠢᠯᠲᠡ ᠬᠢᠵᠦ᠍᠂ ᠣᠨᠣᠪᠴᠢᠲᠠᠶ ᠪᠠᠢᠷᠢ ᠲᠣᠭ᠍ᠲᠠᠭᠠᠭ᠍ᠰᠠᠨ᠎ᠤ ᠳᠠᠷᠠᠭ᠎ᠠ ᠭᠡᠷᠡᠴᠢ ᠪᠠᠷᠢᠮᠲᠠ᠎ᠶ᠋ᠢ ᠴᠠᠭ ᠲᠤᠬᠠᠶ᠎ᠳᠤᠨᠢ ᠪᠤᠴᠠᠭᠠᠨ ᠳᠠᠮᠵᠢᠭᠤᠯᠵᠤ᠂ ᠬᠠᠤᠯᠢ ᠬᠡᠷᠡᠭ᠌ᠵᠢᠭᠦᠯᠬᠦ᠌ ᠦᠷ᠎ᠡ ᠪᠦᠲᠦᠮᠵᠢ᠎ᠨᠢ ᠬᠥᠮᠦᠨ᠎ᠦ ᠬᠦᠴᠦᠨᠦᠬᠢᠡᠴᠡ ᠵᠠᠭᠤ ᠭᠠᠷᠤᠶ ᠳᠠᠬᠢᠨ ᠳᠡᠭᠡᠭ᠌ᠰᠢᠯᠡᠪᠡ᠃ 2025 ᠣᠨ᠎ᠤ 7 ᠰᠠᠷ᠎ᠠ᠎ᠡᠴᠡ ᠡᠬᠢᠯᠡᠨ ᠵᠢᠯᠣᠭᠣᠴᠢ ᠥᠬᠡᠶ ᠨᠢᠰᠭᠡᠯ᠎ᠢᠶᠡᠷ ᠲᠣᠭᠣᠷᠢᠨ ᠪᠠᠢᠴᠠᠭᠠᠭ᠍ᠰᠠᠨ᠎ᠡᠴᠡ ᠨᠠᠭᠠᠰᠢ᠂ ᠲᠤᠬᠠᠶ᠎ᠶ᠋ᠢᠨ ᠭᠠᠵᠠᠷ᠎ᠤᠨ᠎ᠬᠢᠨ ᠨᠡᠢᠲᠡ 33.83 ᠲᠦᠮᠡᠨ ᠮᠥ᠍ ᠨᠤᠲᠤᠭ ᠪᠡᠯᠴᠢᠭᠡᠷ᠎ᠢ ᠲᠣᠭᠣᠷᠢᠨ ᠪᠠᠢᠴᠠᠭᠠᠵᠤ᠂ ᠲᠣᠭ᠍ᠲᠠᠭᠠᠯ᠎ᠡᠴᠡ ᠵᠥᠷᠢᠴᠡᠨ ᠮᠠᠯ ᠮᠠᠯᠵᠢᠬᠤ ᠣᠯᠠᠨ ᠠᠰᠠᠭᠤᠳᠠᠯ᠎ᠢ ᠴᠠᠭ ᠲᠤᠬᠠᠶ᠎ᠳᠤᠨᠢ ᠴᠡᠭ᠌ᠴᠡᠯᠡᠨ ᠰᠠᠢᠵᠢᠷᠠᠭᠤᠯᠪᠠ᠃ ᠡᠯᠡᠰᠦᠷᠬᠡᠭ ᠭᠠᠵᠠᠷ᠎ᠢ ᠵᠠᠰᠠᠬᠤ ᠲᠤᠬᠠᠶ᠎ᠶ᠋ᠢᠨ ᠲᠠᠯᠠᠪᠠᠶ᠎ᠳᠤ᠂ ᠵᠢᠯᠣᠭᠣᠴᠢ ᠥᠬᠡᠶ ᠨᠢᠰᠭᠡᠯ ᠨᠢ ᠮᠠᠱᠢᠨ ᠲᠡᠷᠭᠡ ᠬᠦᠷᠴᠦ᠍ ᠳᠡᠢᠯᠬᠦ᠌ ᠥᠬᠡᠶ ᠭᠠᠵᠠᠷ ᠣᠷᠣᠨ᠎ᠳᠤ ᠱᠢᠷ᠎ᠠ ᠪᠤᠷᠭᠠᠰᠤᠨ ᠮᠥᠴᠢᠷ᠂ ᠡᠪᠡᠰᠦᠨ ᠦᠷ᠎ᠡ᠎ᠶ᠋ᠢ ᠣᠨᠣᠪᠴᠢᠲᠠᠶ ᠬᠦᠷᠭᠡᠵᠦ᠍᠂ ᠡᠯᠡᠰᠦᠵᠠᠰᠠᠬᠤ ᠠᠵᠢᠯ 《ᠲᠩᠷᠢ᠎ᠶ᠋ᠢᠨ ᠴᠢᠷᠠᠶ᠎ᠶ᠋ᠢ ᠬᠠᠷᠠᠬᠤ》 ᠪᠠᠨ ᠪᠤᠯᠢᠵᠤ᠂ ᠣᠶᠤᠨᠴᠢ ᠥᠨᠳᠥᠷ ᠪᠦᠲᠦᠮᠵᠢᠲᠡᠶ ᠱᠢᠨ᠎ᠡ ᠱᠠᠲᠤᠨ᠎ᠳᠤ ᠣᠷᠤᠪᠠ᠃
ᠠᠮᠢ ᠠᠬᠤᠶ᠎ᠶ᠋ᠢᠨ ᠬᠡᠷᠡᠭ᠌ᠯᠡᠭᠡᠨ᠎ᠢᠶᠡᠷ ᠵᠣᠭ᠍ᠰᠣᠬᠤ ᠥᠬᠡᠶ᠂ ᠱᠢᠯᠢᠨᠭᠬᠣᠲᠠ ᠶᠠᠭ 《ᠤᠢᠷ᠎ᠠ ᠣᠭ᠍ᠲᠠᠷᠭᠤᠶ +》᠎ᠶ᠋ᠢ ᠨᠠᠩ ᠣᠯᠠᠨ ᠬᠦᠷᠢᠶ᠎ᠡ ᠳᠠᠢᠰᠢ ᠤᠷᠲᠤᠳᠭᠠᠬᠤ᠎ᠶ᠋ᠢ ᠠᠬᠢᠭᠤᠯᠵᠤ ᠪᠠᠢᠨ᠎ᠠ᠃ ᠲᠤᠬᠠᠶ᠎ᠶ᠋ᠢᠨ ᠭᠠᠵᠠᠷ᠎ᠤᠨ᠎ᠬᠢᠨ 《ᠤᠢᠷ᠎ᠠ ᠣᠭ᠍ᠲᠠᠷᠭᠤᠶ᠎ᠵᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ》᠎ᠪᠠᠷ ᠵᠢᠯᠣᠭᠣᠳᠣᠯᠭ᠎ᠠ ᠪᠣᠯᠭᠠᠵᠤ᠂ ᠤᠢᠷ᠎ᠠ ᠣᠭ᠍ᠲᠠᠷᠭᠤᠶ᠎ᠵᠢᠨ ᠠᠵᠤ ᠠᠬᠤᠶ᠎ᠶ᠋ᠢᠨ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠢ ᠲᠥᠯᠥᠪᠵᠢᠭᠦᠯᠦᠨ ᠪᠠᠢᠭᠤᠯᠵᠤ᠂ ᠠᠭᠠᠷ᠎ᠤᠨ ᠠᠶᠠᠯᠠᠯ᠎ᠤᠨ ᠵᠢᠵᠢᠭ ᠪᠠᠯᠭᠠᠰᠤ᠂ ᠨᠢᠰᠦᠯᠲᠡ᠎ᠶ᠋ᠢᠨ ᠬᠤᠸᠠᠷᠠᠨ᠎ᠢ ᠪᠠᠢᠷᠢᠱᠢᠭᠤᠯᠵᠤ᠂ ᠤᠢᠷ᠎ᠠ ᠣᠭ᠍ᠲᠠᠷᠭᠤᠶ᠎ᠵᠢᠨ ᠨᠢᠰᠦᠭᠦᠷ ᠦᠶ᠋ᠯᠡᠳᠬᠦ᠌᠂ ᠵᠢᠯᠣᠭᠣᠴᠢ ᠥᠬᠡᠶ ᠨᠢᠰᠭᠡᠯ᠎ᠦᠨ ᠰᠡᠯᠪᠢᠭ ᠲᠣᠨᠣᠭ ᠦᠶ᠋ᠯᠡᠳᠪᠦᠷᠢᠯᠡᠬᠦ᠌ ᠵᠡᠷᠭᠡ ᠳᠠᠭᠠᠭᠤᠯᠤᠭᠴᠢ ᠠᠵᠤ ᠠᠬᠤᠢᠯᠠᠯ᠎ᠢ ᠭᠤᠤᠯᠳᠠᠯᠭ᠎ᠠ᠎ᠲᠠᠶ ᠣᠷᠣᠭᠤᠯᠤᠨ ᠠᠪᠴᠢᠷᠠᠵᠤ᠂ 《ᠣᠶᠤᠨᠴᠢ ᠦᠶ᠋ᠯᠡᠳᠭᠡᠯ — ᠰᠠᠭᠤᠷᠢ ᠲᠦᠬᠦᠭᠡᠷᠦᠮᠵᠢ — ᠡᠵᠡᠩᠨᠡᠯᠲᠡ ᠦᠶ᠋ᠯᠡᠴᠢᠯᠡᠭᠡ — ᠬᠥᠮᠦᠵᠢᠯ ᠪᠣᠯᠪᠠᠰᠤᠷᠠᠯ》 ᠤ᠋ᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠬᠦᠴᠦᠯᠡᠨ ᠪᠠᠢᠭᠤᠯᠪᠠ᠃ 《 ᠤᠢᠷ᠎ᠠ ᠣᠭ᠍ᠲᠠᠷᠭᠤᠶ + ᠵᠢᠭᠤᠯᠴᠢᠯᠠᠯ》 ᠨᠢ ᠲᠠᠯ᠎ᠠ ᠨᠤᠲᠤᠭ᠎ᠤᠨ ᠭᠤᠶᠤ ᠦᠵᠡᠮᠵᠢ᠎ᠶ᠋ᠢ ᠬᠣᠯᠪᠣᠭ᠍ᠰᠠᠨ᠎ᠡᠴᠡ 《ᠤᠢᠷ᠎ᠠ ᠣᠭ᠍ᠲᠠᠷᠭᠤᠶ + ᠪᠠᠴᠢᠮ ᠪᠠᠢᠳᠠᠯ᠎ᠢ ᠠᠷᠭᠠᠴᠡᠭᠠᠬᠤ》 ᠨᠢ ᠠᠷᠠᠳ᠎ᠤᠨ ᠠᠮᠢᠳᠤᠷᠠᠯ᠎ᠤᠨ ᠠᠮᠤᠷ ᠲᠦᠪᠱᠢᠨ᠎ᠢ ᠪᠠᠲᠤᠯᠠᠬᠤ ᠬᠦᠷᠲᠡᠯ᠎ᠡ᠂ ᠤᠯᠠᠨ ᠬᠦᠷᠢᠢ᠎ᠡ᠎ᠶ᠋ᠢ ᠪᠦᠷᠬᠦᠭ᠌ᠰᠡᠨ᠂ ᠪᠦᠬᠦ᠌ ᠬᠡᠯᠬᠢᠢ᠎ᠡ᠎ᠶ᠋ᠢ ᠬᠣᠯᠪᠣᠭ᠍ᠰᠠᠨ ᠤᠢᠷ᠎ᠠ ᠣᠭ᠍ᠲᠠᠷᠭᠤᠶ᠎ᠵᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠵᠠᠮ ᠶᠠᠭ ᠲᠠᠯ᠎ᠠ ᠨᠤᠲᠤᠭ᠎ᠤᠨ ᠣᠭ᠍ᠲᠠᠷᠭᠤᠢ᠎ᠳᠤ ᠠᠯᠭᠤᠷᠬᠠᠨ ᠳᠡᠯᠭᠡᠭ᠌ᠳᠡᠵᠦ᠍ ᠪᠤᠢ᠃
ᠲᠣᠨᠣᠭ᠍ᠯᠠᠯ ᠦᠢᠯᠡᠳᠬᠦ᠌᠎ᠨᠢ ᠲᠡᠰ ᠳᠡᠪᠱᠢᠵᠦ᠄ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ 《ᠪᠦᠬᠦ᠌ ᠬᠡᠯᠬᠢᠶᠡᠨ᠎ᠦ ᠪᠦᠯᠦᠭ᠌ᠵᠢᠯ》 ᠢ᠋ ᠪᠠᠢᠭᠤᠯᠪᠠ
《ᠦᠶ᠋ᠯᠡᠳᠪᠦᠷᠢᠯᠡᠯ᠎ᠦᠨ ᠱᠤᠭᠤᠮ ᠲᠠᠰ ᠳᠡᠪᠱᠢᠭ᠌ᠰᠡᠨᠦ ᠳᠠᠷᠠᠭ᠎ᠠ ᠵᠢᠯ᠎ᠦᠨ ᠦᠶ᠋ᠯᠡᠳᠪᠦᠷᠢᠯᠡᠬᠦ᠌ ᠴᠢᠳᠠᠪᠤᠷᠢ ᠨᠢ 12GWh ᠪᠣᠯᠤᠨ ᠳᠡᠭᠡᠭ᠌ᠰᠢᠯᠡᠵᠦ᠍᠂ ᠲᠣᠨᠣᠭ᠍ᠯᠠᠬᠤ ᠦᠷ᠎ᠡ ᠪᠦᠲᠦᠮᠵᠢ ᠨᠢ ᠳᠠᠬᠢᠨ᠎ᠢᠶᠠᠷ ᠨᠡᠮᠡᠭ᠌ᠳᠡᠵᠦ᠍᠂ ᠠᠵᠢᠯᠯᠠᠬᠤ ᠣᠷᠴᠢᠨ ᠨᠥᠬᠥᠴᠡᠯ ᠨᠢ ᠴᠦ᠍ ᠤᠯᠠᠮ᠎ᠡᠴᠡ ᠤᠯᠠᠮ ᠤᠶᠤᠨᠴᠢᠯᠠᠵᠤ ᠪᠠᠢᠨ᠎ᠠ》᠃ ᠶᠤᠸᠠᠨ ᠵᠢᠩ ᠮᠸᠩ ᠱᠢᠨ ᠪᠦᠯᠦᠭ᠌ᠯᠡᠯ᠎ᠦᠨ ᠱᠢᠯᠢ᠎ᠶ᠋ᠢᠨ ᠭᠤᠤᠯ ᠠᠢᠮᠠᠭ᠎ᠤᠨ ᠰᠠᠯᠬᠢᠨ ᠬᠦᠴᠦᠨ᠎ᠤ ᠨᠦᠬᠡᠴᠡᠯᠡᠬᠦ ᠲᠣᠨᠣᠭ ᠲᠥᠬᠥᠭᠡᠷᠦᠮᠵᠢ᠎ᠶ᠋ᠢ ᠨᠢᠭᠡ ᠴᠣᠭ᠍ᠴᠠᠵᠢᠭᠤᠯᠤᠨ ᠦᠶ᠋ᠯᠡᠳᠬᠦ᠌ ᠰᠠᠭᠤᠷᠢᠨ᠎ᠳᠤ᠂ ᠦᠶ᠋ᠯᠡᠳᠪᠦᠷᠢᠯᠡᠯ᠎ᠢ ᠭᠤᠤᠯᠯᠠᠨ ᠬᠠᠮᠢᠶᠠᠷᠴᠤ᠌ ᠪᠠᠢᠭ᠎ᠠ ᠵᠦ᠍ ᠭᠤᠸᠠᠩ ᡁᠢ᠎ᠶ᠋ᠢᠨ ᠲᠥᠷᠥᠭ᠌ᠳᠡᠯ ᠪᠣᠯ ᠱᠢᠯᠢᠩᠬᠣᠲᠠ᠎ᠶ᠋ᠢᠨ ᠲᠤᠨᠤᠭᠯᠠᠯ ᠦᠶ᠋ᠯᠡᠳᠬᠦ᠌ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠦᠭ᠌ᠰᠡᠨᠦ ᠬᠤᠷᠢᠶᠠᠩᠭᠤᠶ ᠳᠦᠷᠰᠦ ᠪᠣᠯᠤᠨ᠎ᠠ᠃ ᠲᠠᠯ᠎ᠠ ᠨᠤᠲᠤᠭ᠎ᠤᠨ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠢᠯᠡᠳᠬᠦ᠌ 《ᠭᠣᠣᠯ ᠬᠦᠴᠦᠨ》 ᠪᠣᠯᠤᠭ᠍ᠰᠠᠨ᠎ᠤ ᠬᠤᠪᠢ᠎ᠳᠤ᠂ ᠲᠤᠰ ᠰᠠᠭᠤᠷᠢᠨ ᠨᠢ 2023 ᠣᠨ᠎ᠳᠤ ᠠᠱᠢᠭ᠍ᠯᠠᠯᠲᠠ᠎ᠳᠤ ᠣᠷᠣᠬᠤ ᠡᠬᠢᠨ᠎ᠦ ᠵᠢᠯ᠎ᠳᠦ 80 ᠰᠠᠭᠤᠷᠢ ᠰᠠᠯᠬᠢᠨ ᠬᠦᠴᠦᠨ᠎ᠦ ᠮᠠᠱᠢᠨ ᠦᠢᠯᠡᠳᠪᠦᠷᠢᠯᠡᠵᠦ᠍᠂ 17 ᠢᠵᠢ ᠡᠨᠧᠷᠭᠢ ᠬᠠᠳᠠᠭᠠᠯᠠᠬᠤ ᠲᠥᠬᠥᠭᠡᠷᠦᠮᠵᠢ ᠦᠢᠯᠡᠳᠪᠦᠷᠢᠯᠡᠵᠦ᠍᠂ 2024 ᠣᠨ᠎ᠳᠤ ᠦᠢᠯᠡᠳᠪᠦᠷᠢᠯᠡᠯ᠎ᠦᠨ ᠴᠢᠳᠠᠪᠬᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠂ ᠡᠨᠡ ᠵᠢᠯ ᠵᠢᠱ᠌ᠢᠯᠲᠡ᠎ᠪᠡᠷ 66 ᠢᠵᠢ ᠰᠠᠯᠬᠢᠨ ᠬᠦᠴᠦᠨ᠎ᠦ ᠮᠠᠱᠢᠨ᠂ 175 ᠢᠵᠢ ᠡᠨᠧᠷᠭᠢ ᠬᠠᠳᠠᠭᠠᠯᠠᠬᠤ ᠲᠥᠬᠥᠭᠡᠷᠦᠮᠵᠢ ᠦᠢᠯᠡᠳᠪᠦᠷᠢᠯᠡᠬᠦ ᠡᠭᠦᠷᠭᠡ᠎ᠶ᠋ᠢ ᠪᠡᠶᠡᠯᠡᠭᠦᠯᠵᠦ᠍᠂ ᠣᠷᠣᠨ ᠪᠦᠰᠡ᠎ᠶ᠋ᠢᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠪᠠᠲᠤ ᠪᠡᠬᠢ ᠲᠣᠨᠣᠭ᠍ᠯᠠᠯ᠎ᠤᠨ ᠲᠤᠯᠭᠠᠭᠤᠷᠢᠯᠠᠯ ᠬᠠᠩᠭᠠᠬᠤ ᠪᠣᠯᠤᠨ᠎ᠠ᠃
ᠣᠢᠷ᠎ᠠ᠎ᠶ᠋ᠢᠨ ᠵᠢᠯ᠎ᠦᠨ ᠲᠤᠷᠰᠢ ᠱᠢᠯᠢᠨᠭᠬᠣᠲᠠ 《ᠱᠢᠨ᠎ᠡ ᠡᠨᠧᠷᠭᠢ + ᠲᠤᠨᠤᠭᠯᠠᠯ + ᠨᠥᠭᠡᠴᠡ ᠡᠨᠧᠷᠭᠢ + ᠠᠵᠢᠯᠯᠠᠭᠤᠯᠵᠤ ᠬᠠᠮᠠᠭᠠᠯᠠᠬᠤ》 ᠬᠥᠭ᠌ᠵᠢᠯᠲᠡ᠎ᠶ᠋ᠢᠨ ᠱᠢᠰᠲ᠋ᠧᠮ᠎ᠲᠡᠶ ᠨᠢᠭ᠍ᠲᠠ ᠤᠶᠠᠯᠳᠤᠭᠤᠯᠤᠨ᠂ ᠲᠤᠨᠤᠭᠯᠠᠯ ᠦᠶ᠋ᠯᠡᠳᠬᠦ᠌ ᠦᠶ᠋ᠯᠡᠰ᠎ᠢ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠭᠠᠷᠳᠡᠴᠡ ᠪᠣᠯᠭᠠᠵᠤ᠂ ᠤᠷᠢᠳ ᠬᠣᠵᠢᠳ ᠮᠢᠩ ᠶᠠᠩ ᠱᠢᠨ᠎ᠡ ᠡᠨᠧᠷᠭᠢ ᠂ ᠥᠪᠥᠷ ᠮᠣᠩᠭᠣᠯ᠎ᠤᠨ ᠬᠠᠶ ᠵᠤᠸᠠᠩ ᠰᠠᠯᠬᠢᠨ ᠬᠦᠴᠦᠨ᠎ᠦ ᠴᠠᠬᠢᠯᠭᠠᠨ᠂ ᠱᠠᠩᠬᠠᠶ᠎ᠶ᠋ᠢᠨ ᠴᠠᠬᠢᠯᠭᠠᠨ ᠱᠢᠲᠠᠮᠠᠬᠠᠶ ᠬᠡᠶ ᠰᠠᠯᠬᠢᠨ ᠡᠨ᠋ᠸᠷᠬᠢᠵᠢᠨᠲᠤᠨᠤᠭᠯᠠᠯ ᠵᠡᠷᠭᠡ ᠭᠤᠤᠯᠳᠠᠯᠭ᠎ᠠ᠎ᠲᠠᠶ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 15 ᠳ᠋ᠦᠩᠱᠢᠭᠤᠷ ᠲᠥᠭᠥᠷᠢᠭ᠎ᠢ ᠳᠠᠪᠠᠵᠤ᠂ ᠰᠠᠯᠬᠢᠨ ᠬᠦᠴᠦᠨ᠎ᠦ ᠮᠠᠱᠢᠨ᠎ᠢ ᠪᠦᠬᠦᠯᠢ ᠴᠣᠭ᠍ᠴᠠ᠎ᠪᠠᠷ ᠦᠶ᠋ᠯᠡᠳᠬᠦ᠌᠎ᠡᠴᠡ ᠡᠨᠧᠷᠭᠢ ᠨᠦᠭᠡᠴᠡᠯᠡᠬᠦ ᠲᠣᠨᠣᠭ ᠲᠥᠬᠥᠭᠡᠷᠦᠮᠵᠢ ᠦᠶ᠋ᠯᠡᠳᠪᠦᠷᠢᠯᠡᠬᠦ᠌᠂ ᠭᠤᠤᠯ ᠰᠡᠯᠪᠢᠭ ᠲᠣᠨᠣᠭ᠎ᠢ ᠰᠤᠳᠤᠯᠤᠨ ᠨᠡᠭᠡᠭᠡᠬᠦ᠌᠎ᠡᠴᠡ ᠠᠵᠢᠯᠯᠠᠭᠤᠯᠵᠤ ᠬᠠᠮᠠᠭᠠᠯᠠᠬᠤ ᠦᠶ᠋ᠯᠡᠴᠢᠯᠡᠭᠡ ᠬᠢᠬᠦ᠌ ᠬᠦᠷᠲᠡᠯᠡᠬᠢ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠦᠯᠦᠭᠵᠢᠯ᠎ᠢ ᠠᠯᠬᠤᠮ ᠠᠯᠬᠤᠮ᠎ᠢᠶᠠᠷ ᠪᠣᠶ ᠪᠣᠯᠭᠠᠪᠠ᠃ ᠶᠤᠸᠠᠨ ᠵᠢᠩ ᠮᠸᠩ ᠱᠢᠨᠰᠠᠭᠤᠷᠢᠨᠳᠤ᠂ ᠠᠵᠤ ᠠᠬᠤᠢᠯᠠᠯ ᠶᠠᠭ ᠶᠠ ᠫᠠᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠺᠤᠮᠫᠠᠨᠢ ᠲᠠᠢᠡᠨᠧᠷᠭᠢ ᠨᠦᠭᠡᠴᠡᠯᠡᠬᠦ ᠬᠤᠷᠠᠮᠠᠯ ᠮᠡᠷᠭᠡᠵᠢᠯ᠎ᠦᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠳᠡᠭᠡᠳᠦ ᠴᠢᠳᠠᠪᠬᠢᠳᠤ ᠡᠨᠧᠷᠭᠢ ᠨᠦᠭᠡᠴᠡᠯᠡᠬᠦ ᠱᠢᠰᠲ᠋ᠧᠮ᠎ᠢ ᠬᠠᠮᠲᠤ᠎ᠪᠠᠷ ᠨᠡᠭᠡᠭᠡᠨ ᠬᠥᠭ᠌ᠵᠢᠭᠦᠯᠵᠦ᠍᠂ 《ᠲᠠᠯ᠎ᠠ ᠨᠤᠲᠤᠭ᠎ᠤᠨ ᠦᠶ᠋ᠯᠡᠳᠬᠡᠯ》᠎ᠢ᠋ 《ᠲᠠᠯ᠎ᠠ ᠨᠤᠲᠤᠭ᠎ᠤᠨ ᠣᠶᠤᠨᠴᠢ ᠦᠶ᠋ᠯᠡᠳᠭᠡᠯ》 ᠳᠠᠢᠰᠢ ᠳᠠᠪᠠᠯᠲᠠ᠎ᠲᠠᠶ ᠪᠣᠯᠭᠠᠬᠤ᠎ᠶ᠋ᠢ ᠠᠬᠢᠭᠤᠯᠵᠤ ᠪᠠᠢᠨ᠎ᠠ; ᠡᠯ᠎ᠡ ᠦᠢᠯᠡᠳᠪᠦᠷᠢᠯᠡᠯ᠎ᠦᠨ ᠳᠠᠰᠤᠭ᠎ᠲᠤ᠂ ᠬᠣᠷᠭᠣ ᠬᠡᠯᠪᠡᠷᠢ ᠵᠢᠨ ᠡᠨᠧᠷᠭᠢ ᠨᠦᠭᠡᠴᠡᠯᠡᠬᠦ ᠲᠥᠬᠥᠭᠡᠷᠦᠮᠵᠢ᠎ᠶ᠋ᠢ ᠳᠡᠰ ᠳᠡᠪᠱᠢᠭᠦᠯᠦᠨ ᠬᠠᠢᠷᠴᠠᠭ᠍ᠲᠤ ᠬᠡᠯᠪᠡᠷᠢ ᠪᠣᠯᠭᠠᠵᠤ᠂ ᠠᠦ᠋ᠲ᠋ᠣᠴᠢᠯᠠᠭ᠍ᠰᠠᠨ᠂ ᠣᠶᠤᠨᠴᠢᠯᠠᠭ᠍ᠰᠠᠨ ᠥᠭᠡᠷᠡᠴᠢᠯᠡᠯᠲᠡ᠎ᠪᠡᠷ 《 ᠱᠢᠯᠢᠨᠭᠬᠣᠲᠠᠵᠢᠨ ᠦᠢᠯᠡᠳᠬᠡᠯ 》 ᠤ᠋ᠨ ᠭᠣᠣᠯᠯᠠᠭ᠍ᠴᠢ ᠥᠷᠢᠰᠦᠯᠳᠦᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠪᠡ᠃
ᠴᠡᠪᠡᠷ ᠡᠨᠧᠷᠭᠢ᠎ᠶ᠋ᠢᠨ ᠭᠠᠷᠭᠠᠯᠲᠠ᠎ᠶ᠋ᠢᠨ ᠦᠵᠦᠭᠦᠷᠯᠢᠭ᠎ᠡᠴᠡ ᠲᠣᠨᠣᠭ᠍ᠯᠠᠯ ᠦᠢᠯᠡᠳᠬᠦ᠌ ᠬᠠᠩᠭᠠᠯᠭ᠎ᠠ᠎ᠶ᠋ᠢᠨ ᠦᠵᠦᠭᠦᠷᠯᠢᠭ ᠬᠦᠷᠲᠡᠯ᠎ᠡ᠂ ᠤᠢᠷ᠎ᠠ ᠤᠭᠲᠠᠷᠭᠤᠢ᠎ᠵᠢᠨ ᠠᠵᠤ ᠠᠬᠤᠢ᠎ᠶ᠋ᠢᠨ 《ᠱᠢᠨ᠎ᠡ ᠤᠷᠤᠯᠳᠤᠭᠠᠨ᠎ᠤ ᠵᠠᠮ》 ᠡᠴᠡ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠪᠦᠯᠦᠭ᠌ᠵᠢᠯ ᠬᠦᠷᠲᠡᠯ᠎ᠡ᠂ ᠱᠢᠯᠢᠩᠬᠣᠲᠠ ᠶᠠᠭ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠎ᠪᠡᠷ ᠬᠥᠳᠡᠯᠭᠡᠭᠦᠷ ᠪᠣᠯᠭᠠᠵᠤ᠂ ᠲᠠᠯ᠎ᠠ ᠨᠤᠲᠤᠭ᠎ᠤᠨ ᠠᠮᠢ ᠠᠬᠤᠢ᠎ᠶ᠋ᠢ ᠬᠠᠮᠠᠭᠠᠯᠠᠬᠤ᠎ᠶ᠋ᠢᠨ ᠬᠠᠮᠲᠤ᠂ ᠤᠮᠠᠷᠠᠲᠤ ᠬᠢᠯᠢ᠎ᠶ᠋ᠢᠨ ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃ ᠢᠷᠡᠭᠡᠳᠦᠶ᠎ᠳᠦ᠂ ᠡᠨᠡ ᠬᠦ᠌ ᠲᠠᠯ᠎ᠠ ᠨᠤᠲᠤᠭ᠎ᠤᠨ ᠬᠣᠲᠠ ᠨᠢ ᠨᠣᠭᠣᠭᠠᠷᠠᠭᠤᠯᠤᠯᠲᠠ᠂ ᠤᠶᠤᠨᠴᠢᠯᠠᠯᠳᠠ᠂ ᠪᠦᠯᠦᠭ᠌ᠵᠢᠯᠲᠡᠶ᠋ᠢᠨ ᠴᠢᠭ᠌ᠯᠡᠯ᠎ᠢᠶᠡᠨ ᠦᠷᠭᠦᠯᠵᠢᠯᠡᠨ ᠲᠣᠭ᠍ᠲᠠᠭᠠᠵᠤ᠂ ᠠᠵᠤ ᠦᠶ᠋ᠯᠡᠳᠪᠦᠷᠢ᠎ᠶ᠋ᠢᠨ ᠠᠵᠤ ᠠᠬᠤᠶ ᠬᠢᠭᠡᠳ ᠠᠮᠢ ᠠᠬᠤᠶ᠎ᠶ᠋ᠢᠨ ᠬᠠᠮᠠᠭᠠᠯᠠᠯᠲᠠ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠨᠠᠩ ᠣᠯᠠᠨ 《ᠱᠢᠯᠢᠩᠬᠣᠲᠠ᠎ᠶ᠋ᠢᠨ ᠬᠦᠴᠦᠨ ᠴᠢᠳᠠᠯ》᠎ᠢ᠋ ᠨᠡᠮᠡᠷᠢᠯᠡᠬᠦ᠌ ᠪᠣᠯᠤᠨ᠎ᠠ᠃