ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠢ᠎ᠠ ᠬᠤᠷᠠᠯ ᠬᠤᠷᠠᠯᠳᠤᠭᠤᠯᠵᠤ 2026 ᠣᠨ᠎ᠤ ᠠᠵᠤ ᠠᠬᠤᠢ᠎ᠶ᠋ᠢᠨ ᠠᠵᠢᠯ᠎ᠢ ᠵᠠᠳᠠᠯᠤᠨ ᠰᠤᠳᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠪᠦᠬᠦ᠌ ᠲᠠᠯ᠎ᠠ ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠲᠦᠷᠢᠮ》 ᠢ᠋ ᠬᠢᠨᠠᠨ ᠵᠥᠪᠯᠡᠪᠡ
2025-12-09 09:25:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ


ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶ᠎ᠠ 12 ᠰᠠᠷ᠎ᠠ᠎ᠶ᠋ᠢᠨ 8᠎ᠤ᠋ ᠡᠳᠦᠷ ᠬᠤᠷᠠᠯ ᠬᠤᠷᠠᠯᠳᠤᠭᠤᠯᠵᠤ᠂ 2026 ᠣᠨ᠎ᠤ ᠠᠵᠤ ᠠᠬᠤᠶ᠎ᠶ᠋ᠢᠨ ᠠᠵᠢᠯ᠎ᠢ ᠵᠠᠳᠠᠯᠤᠨ ᠰᠤᠳᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠲᠦᠷᠢᠮ》 ᠢ᠋ ᠬᠢᠨᠠᠨ ᠵᠥᠪᠯᠡᠪᠡ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ᠃

ᠬᠤᠷᠠᠯ᠎ᠡᠴᠡ᠂ ᠡᠨᠡ ᠵᠢᠯ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ᠎ᠳᠠᠬᠢ ᠴᠢᠬᠤᠯᠠ ᠠᠴᠢ ᠬᠣᠯᠪᠣᠭ᠍ᠳᠠᠯ ᠲᠠᠶ ᠨᠢᠭᠡ ᠵᠢᠯ ᠪᠣᠯᠤᠨ᠎ᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠵᠤ᠂ ᠡᠷᠡᠯᠬᠡᠭ᠌ᠯᠡᠨ ᠲᠡᠮᠡᠴᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠩ ᠢᠳᠡᠪᠬᠢᠲᠡᠢ ᠦᠷ᠎ᠡ ᠪᠦᠳᠦᠮᠵᠢᠳᠠᠢ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶ᠋ᠢ ᠤᠷᠤᠭ᠍ᠰᠢᠲᠠᠢ ᠪᠡᠶᠡᠯᠡᠭᠦᠯᠬᠦ᠌ ᠪᠣᠯᠤᠨ᠎ᠠ᠃ ᠮᠠᠨ᠎ᠤ ᠤᠯᠤᠰ᠎ᠤᠨ ᠠᠵᠤ ᠠᠬᠤᠶ᠎ᠶ᠋ᠢᠨ ᠡᠷᠬᠢᠯᠲᠡ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠲᠣᠭ᠍ᠲᠠᠭᠤᠨ᠎ᠤ ᠲᠤᠮᠳᠠ ᠤᠷᠤᠭ᠍ᠰᠢᠯᠠᠨ ᠲᠠᠪᠰᠢᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠲᠣᠭ᠍ᠲᠠᠭᠤᠨ᠎ᠢᠶᠠᠷ ᠬᠥᠭ᠌ᠵᠢᠵᠦ᠍᠂ ᠥᠭᠡᠷᠡᠴᠢᠯᠡᠯᠲᠡ ᠨᠡᠭᠡᠭᠡᠯᠲᠡ ᠱᠢᠨ᠎ᠡ ᠠᠯᠬᠤᠮ᠎ᠢ ᠠᠯᠬᠤᠵᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ ᠢᠳᠡᠪᠬᠢᠲᠡᠶ ᠠᠬᠢᠯᠲᠠ᠎ᠲᠠᠶ ᠪᠣᠯᠵᠣ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠠᠩ ᠬᠦᠴᠦᠲᠡᠶ ᠪᠣᠯᠵᠣ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃ ᠥᠩᠭᠡᠷᠡᠭ᠌ᠰᠡᠨ 5 ᠵᠢᠯ᠎ᠳᠦ᠂ ᠪᠢᠳᠠ ᠡᠯ᠎ᠡ ᠵᠦᠢᠯ᠎ᠦᠨ ᠲᠠᠭᠠᠷᠢᠯᠳᠠ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠵᠤ᠂ ᠮᠠᠨ᠎ᠤ ᠤᠯᠤᠰ᠎ᠤᠨ ᠠᠵᠤ ᠠᠬᠤᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ ᠵᠡᠷᠭᠡ ᠬᠠᠲᠠᠭᠤ ᠪᠣᠳᠠᠲᠤ ᠬᠦᠴᠦᠨ ᠪᠣᠯᠤᠨ ᠰᠣᠶᠣᠯ᠂ ᠪᠠᠢᠭᠤᠯᠤᠯ᠂ ᠭᠠᠳᠠᠭᠠᠳᠤ ᠬᠠᠷᠢᠯᠴᠠᠭ᠎ᠠ ᠵᠡᠷᠭᠡ ᠵᠥᠭᠡᠯᠡᠨ ᠪᠣᠳᠠᠲᠤ ᠬᠦᠴᠦᠨ ᠢᠯᠡᠳᠲᠡ ᠳᠡᠭᠡᠭ᠌ᠰᠢᠯᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠶ ᠰᠢᠪᠳᠤᠷᠠᠭᠠᠨ ᠎ᠳᠠᠭᠠᠨ ᠤᠷᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠲᠡᠶ ᠪᠤᠯᠤᠭᠰᠠᠨ ᠪᠠᠢᠨ᠎ᠠ ᠭᠡᠵᠦ ᠦᠵᠡᠪᠡ᠃

ᠬᠤᠷᠠᠯ᠎ᠡᠴᠡ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ᠎ᠳᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠭᠦᠢᠴᠡᠳ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠬᠦᠴᠦᠯᠡᠨ ᠠᠬᠢᠭᠤᠯᠵᠤ᠂ ᠲᠣᠭᠲᠠᠭᠤᠨ᠎ᠤ᠋ ᠳᠤᠮᠳᠠ ᠤᠷᠤᠭᠰᠢᠯᠠᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶᠢᠨ ᠠᠵᠤ ᠠᠬᠤᠢ᠎ᠶᠢᠨ ᠠᠵᠢᠯ ᠪᠣᠯᠣᠨ ᠳᠡᠯᠡᠬᠡᠢ᠎ᠶᠢᠨ ᠠᠵᠤ ᠠᠬᠤᠢ ᠠᠷᠠᠯᠵᠢᠶᠠᠨ᠎ᠤ ᠲᠡᠮᠡᠴᠡᠯ᠎ᠢ ᠨᠡᠩ ᠰᠠᠢᠲᠤᠷ ᠨᠢᠭᠡᠳᠦᠯᠲᠡᠢ ᠲᠥᠯᠤᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠤᠪᠵᠢᠭᠦᠯᠵᠦ᠂ ᠨᠡᠩ ᠢᠳᠡᠪᠬᠢᠲᠡᠢ ᠦᠷ᠎ᠡ ᠪᠦᠳᠦᠮᠵᠢᠳᠠᠢ ᠬᠣᠷᠸ᠎ᠠ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠲᠥᠷᠥ᠎ᠶᠢᠨ ᠪᠣᠳᠣᠯᠭ᠎ᠠ᠎ᠶᠢᠨ ᠪᠠᠷᠠᠯᠠᠯᠳᠦ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠬᠠᠵᠤ᠂ ᠳᠣᠲᠣᠭᠠᠳᠤ ᠬᠡᠷᠡᠭᠴᠡᠭᠡ᠎ᠪᠡᠨ ᠦᠷᠭᠦᠯᠵᠢᠯᠡᠨ ᠥᠷᠭᠡᠳᠬᠡᠨ᠂ ᠬᠠᠩᠭᠠᠯᠭ᠎ᠠ᠎ᠪᠠᠨ ᠰᠢᠯᠢᠳᠡᠭᠵᠢᠭᠦᠯᠵᠤ᠂ ᠨᠡᠮᠡᠭᠳᠡᠯ᠎ᠦᠨ ᠬᠡᠮᠵᠢᠶ᠎ᠡ᠎ᠶᠢ ᠰᠢᠯᠢᠳᠡᠭᠵᠢᠭᠦᠯᠤᠨ᠂ ᠬᠠᠳᠠᠭᠠᠯᠠᠯᠲᠠ᠎ᠶᠢᠨ ᠬᠡᠮᠵᠢᠶ᠎ᠡ᠎ᠶᠢ ᠬᠦᠭᠵᠢᠭᠡᠵᠤ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ ᠲᠠᠢ ᠬᠦᠷᠢᠶᠡᠨ᠎ᠳᠡᠬᠢ ᠠᠶᠤᠯ ᠲᠦᠭᠰᠢᠭᠦᠷᠢ᠎ᠶᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ᠎ᠶᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢᠵᠤ᠂ ᠠᠵᠤ ᠠᠬᠤᠢ᠎ᠶᠢᠨ ᠴᠢᠨᠠᠷ᠎ᠢ ᠪᠦᠲᠦᠮᠵᠢᠲᠡᠶ᠎ᠳᠡᠭᠡᠭᠰᠢᠯᠡᠭᠦᠯᠬᠦ ᠪᠠ ᠬᠡᠮᠵᠢᠶ᠎ᠡ᠎ᠶᠢ ᠵᠣᠬᠢᠰᠲᠠᠢ ᠨᠡᠮᠡᠭᠳᠡᠭᠦᠯᠬᠦ᠎ᠶᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠰᠠᠢᠨ ᠡᠬᠢᠯᠡᠯᠲᠡ᠎ᠶᠢ ᠪᠡᠶᠡᠯᠡᠭᠦᠯᠬᠦ ᠬᠡᠷᠡᠭᠳᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠢᠷᠡᠬᠦ ᠵᠢᠯ᠎ᠦᠨ ᠠᠵᠤ ᠠᠬᠤᠢ᠎ᠶᠢᠨ ᠠᠵᠢᠯ᠎ᠳᠤ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠠᠷᠢᠮᠲᠠᠯᠠᠵᠤ᠂ ᠨᠡᠩ ᠢᠳᠡᠪᠬᠢᠲᠡᠢ ᠡᠳ᠋᠎ᠦᠨ ᠵᠠᠰᠠᠭ᠎ᠤᠨ ᠳᠦᠷᠦ᠎ᠶᠢᠨ ᠪᠣᠳᠣᠯᠭ᠎ᠠ ᠪᠣᠯᠣᠨ ᠵᠣᠬᠢᠰᠲᠠᠢ ᠠᠭᠤᠵᠢᠭᠤ ᠪᠠᠢᠯᠭᠠᠬᠤ ᠵᠣᠭᠣᠰᠤᠨ᠎ᠤ ᠳᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠬᠠᠳᠠᠭᠠᠯᠠᠯᠲᠠ ᠵᠢᠨ ᠳᠦᠷᠦ᠎ᠶᠢᠨ ᠪᠣᠳᠣᠯᠭ᠎ᠠ ᠪᠣᠯᠣᠨ ᠨᠡᠮᠡᠭᠳᠡᠯ᠎ᠦᠨ ᠳᠦᠷᠦ᠎ᠶᠢᠨ ᠪᠣᠳᠣᠯᠭ᠎ᠠ᠎ᠶᠢᠨ ᠬᠤᠷᠠᠮᠠᠯ ᠦᠢᠯᠡᠳᠦᠯ᠎ᠢ ᠪᠠᠳᠠᠷᠠᠭᠤᠯᠵᠤ᠂ ᠰᠥᠷᠭᠡᠦ ᠦᠶᠡᠯᠡᠯ᠎ᠦᠨ ᠬᠤᠭᠤᠴᠠᠭ᠎ᠠ ᠪᠣᠯᠣᠨ ᠦᠶᠡᠯᠡᠯ᠎ᠦᠨ ᠬᠤᠭᠤᠴᠠᠭ᠎ᠠ ᠠᠯᠤᠰᠯᠠᠨ ᠲᠣᠬᠢᠷᠠᠭᠤᠯᠬᠤ ᠡᠷᠴᠢᠮ᠎ᠢ ᠴᠢᠩᠭᠠᠷᠠᠭᠤᠯᠵᠤ᠂ ᠬᠣᠷᠸ᠎ᠠ ᠠᠵᠤ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠮᠵᠢ᠎ᠶᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠬᠡᠷᠡᠭᠴᠡᠭᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠢ ᠪᠠᠶ᠋ᠢᠭᠤᠯᠬᠤ ᠬᠡᠷᠡᠭᠲᠡᠢ; ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠎ᠶᠢ ᠪᠠᠷᠢᠮᠲᠠᠯᠠᠵᠤ᠂ ᠰᠢᠨ᠎ᠡ ᠬᠥᠳᠡᠯᠭᠡᠬᠦ ᠬᠦᠴᠦᠨ᠎ᠢ ᠱᠠᠯᠠᠪᠳᠠᠨ ᠪᠣᠢᠵᠢᠭᠤᠯᠤᠨ ᠪᠤᠵᠠᠭᠠᠢᠷᠠᠭᠤᠯᠬᠤ ᠬᠡᠷᠡᠭᠲᠡᠢ; ᠥᠭᠡᠷᠡᠴᠢᠯᠡᠯᠲᠡ᠎ᠶᠢᠨ ᠪᠣᠭᠣᠮᠲᠠ ᠰᠢᠪᠲᠤᠯᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠴᠢᠩᠭᠠᠳᠬᠠᠬᠤ ᠬᠡᠷᠡᠭᠲᠡᠢ; ᠭᠠᠳᠠᠭᠠᠳᠤ ᠨᠡᠭᠡᠭᠡᠯᠲᠡ ᠬᠢᠬᠦ᠎ᠶᠢ ᠪᠠᠷᠢᠮᠲᠠᠯᠠᠵᠤ᠂ ᠤᠯᠠᠨ ᠬᠦᠷᠢᠶᠡᠨ᠎ᠳᠡᠬᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ᠋ ᠬᠦᠷᠳᠡᠬᠦ᠎ᠶᠢ ᠠᠬᠢᠭᠤᠯᠬᠤ ᠬᠡᠷᠡᠭᠲᠡᠢ; ᠵᠣᠬᠢᠴᠠᠩᠭᠤᠢ᠎ᠬᠥᠭᠵᠢᠬᠦ᠎ᠶᠢ ᠪᠠᠷᠢᠮᠲᠠᠯᠠᠵᠤ᠂ ᠬᠤᠳᠠ ᠬᠥᠳᠡᠭᠡ᠎ᠶᠢᠨ ᠠᠭᠤᠰᠤᠯᠴᠠᠯ ᠪᠠ ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠠᠬᠢᠭᠤᠯᠬᠤ ᠬᠡᠷᠡᠭᠲᠡᠢ; 《ᠬᠣᠣᠰ ᠨᠡᠭᠦᠷᠡᠰᠦᠲᠥ᠋ᠷᠥᠭᠴᠢ》 ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠪᠣᠬᠢᠷᠲᠤᠯ ᠦᠭᠡᠢ ᠲᠠᠢᠰᠢ ᠬᠡᠯᠪᠡᠷᠢ ᠪᠡᠨ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ; ᠠᠷᠠᠳ᠎ᠤᠨ ᠠᠮᠢᠳᠤᠷᠠᠯ᠎ᠢ ᠲᠡᠷᠢᠭᠦᠨ᠎ᠳᠦ ᠲᠠᠯᠪᠢᠬᠤ ᠵᠢ ᠪᠠᠷᠢᠮᠲᠠᠯᠠᠵᠤ᠂ ᠠᠷᠠᠳ ᠤᠯᠠᠨ᠎ᠳᠤ ᠢᠯᠡᠭᠦᠬᠡᠨ ᠪᠣᠳᠠᠲᠦ ᠠᠵᠢᠯ ᠬᠢᠬᠦ᠎ᠪᠡᠷ ᠴᠢᠷᠮᠠᠢᠬᠤ ᠬᠡᠷᠡᠭᠲᠡᠢ; ᠬᠣᠷᠢᠭ᠎ᠠ ᠱᠤᠭᠤᠮ᠎ᠢ ᠪᠠᠲᠤ ᠰᠠᠬᠢᠬᠤ᠎ᠶᠢ ᠪᠠᠷᠢᠮᠲᠠᠯᠠᠵᠤ᠂ ᠭᠣᠣᠯᠳᠠᠯᠭ᠎ᠠ᠎ᠲᠠᠢ ᠬᠦᠷᠢᠶᠡᠨ᠎ᠦ ᠠᠶᠤᠯ ᠲᠦᠭᠰᠢᠭᠦᠷᠢ᠎ᠶᠢ ᠢᠳᠡᠪᠬᠢᠲᠡᠢ ᠯᠠᠪᠳᠠᠭᠤᠨ᠎ᠰᠢᠢᠳᠪᠦᠷᠢᠯᠡᠬᠦ ᠭᠡᠷᠡᠭᠳᠡᠢ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠨᠠᠮ᠎ᠤᠨ ᠤᠳᠤᠷᠢᠳᠤᠯᠭ᠎ᠠ ᠢᠯᠠᠩᠭᠤᠶ᠎ᠠ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠬᠤ ᠬᠡᠷᠡᠭᠲᠡᠢ᠃ ᠵᠥᠪ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠵᠤ ᠠᠬᠤᠢ᠎ᠶᠢᠨ ᠠᠵᠢᠯ᠎ᠢ ᠰᠠᠢᠲᠤᠷ ᠬᠢᠵᠦ᠂ ᠴᠢᠨᠠᠷ ᠰᠠᠢᠲᠠᠢ ᠪᠥᠭᠡᠳ ᠦᠷᠭᠦᠯᠵᠢᠯᠡᠬᠦ ᠬᠥᠭᠵᠢᠯᠲᠡ᠎ᠶᠢ ᠪᠡᠶᠡᠯᠡᠭᠦᠯᠬᠦ ᠬᠡᠷᠡᠭᠲᠡᠢ᠃ ᠤᠯᠤᠰ ᠪᠠ ᠣᠷᠣᠨ ᠨᠤᠲᠤᠭ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ ᠵᠢᠴᠢ ᠲᠤᠰᠬᠠᠢ ᠲᠥᠯᠦᠪᠵᠢᠭᠦᠯᠭᠡ᠎ᠶᠢ ᠰᠠᠢᠲᠤᠷ ᠨᠠᠢᠷᠠᠭᠤᠯᠤᠨ ᠵᠣᠬᠢᠶᠠᠬᠤ ᠬᠡᠷᠡᠭᠲᠡᠢ᠃ ᠵᠢᠯ᠎ᠦᠨ ᠰᠡᠭᠦᠯᠴᠢ ᠤᠨ᠎ᠤ ᠡᠬᠢᠨ᠎ᠦ ᠴᠢᠬᠤᠯᠠ ᠠᠷᠠᠳ᠎ᠤᠨ ᠠᠮᠢᠳᠤᠷᠠᠯ᠎ᠤᠨ ᠲᠠᠸᠠᠷ᠎ᠤᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠰᠠᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠢ ᠬᠠᠯᠠᠮᠵᠢᠯᠠᠵᠤ᠂ ᠠᠵᠤ ᠠᠬᠤᠢᠯᠠᠯ᠎ᠤᠨ ᠲᠠᠩᠰᠠᠨ᠎ᠤ ᠵᠣᠭᠣᠰ ᠪᠠ ᠬᠥᠯᠥᠰᠦᠨ ᠲᠠᠷᠢᠶᠠᠴᠢᠨ᠎ᠤ ᠴᠠᠯᠢᠩ᠎ᠢ ᠥᠷᠢᠲᠦᠵᠦ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠴᠠᠭ ᠢᠮᠠᠭᠲᠠ ᠰᠠᠨᠠᠭ᠎ᠠ ᠠᠮᠤᠷ ᠦᠭᠡᠢ ᠪᠠᠢᠬᠤ ᠬᠠᠷᠢᠭᠤᠴᠠᠯᠭᠠᠲᠤ ᠰᠡᠳᠬᠢᠯᠭᠡ᠎ᠪᠡᠷ ᠠᠶᠤᠯᠭᠦᠢ ᠦᠢᠯᠡᠳᠪᠦᠷᠢᠯᠡᠯ᠎ᠢ ᠰᠠᠢᠲᠤᠷ ᠠᠳᠬᠤᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠳᠦᠷᠢᠮ》 ᠢ᠋ ᠲᠣᠭᠲᠠᠭᠠᠭᠰᠠᠨ ᠨᠢ ᠨᠠᠮ᠎ᠤᠨ ᠤᠳᠤᠷᠢᠳᠤᠭᠰᠠᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠶᠢᠨ ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ᠂ ᠵᠢᠷᠤᠮᠵᠢᠭ᠍ᠰᠠᠨ ᠲᠦᠪᠰᠢᠨ᠎ᠢ ᠤᠯᠠᠮ ᠳᠡᠭᠡᠭᠰᠢᠯᠡᠭᠦᠯᠵᠦ᠂ ᠨᠡᠩ ᠲᠡᠭᠦᠯᠳᠡᠷᠵᠢᠭᠰᠡᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠰᠢᠰᠲᠧᠮ᠎ᠢ ᠪᠠᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠤᠯᠤᠰ᠎ᠢ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭᠠᠵᠤ ᠭᠠᠷᠭᠠᠪᠠ᠃

ᠬᠤᠷᠠᠯ᠎ᠡᠴᠡ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠠᠮ᠎ᠤᠨ ᠬᠠᠤᠯᠢ ᠲᠣᠭᠲᠠᠭᠠᠬᠤ᠎ᠶᠢ ᠤᠳᠤᠷᠢᠳᠬᠤ᠂ ᠬᠠᠤᠯᠢ ᠬᠡᠷᠡᠭᠵᠢᠭᠦᠯᠬᠦ᠎ᠶᠢ ᠪᠠᠲᠤᠯᠠᠬᠤ᠂ ᠬᠠᠤᠯᠢ ᠪᠠᠷᠢᠬᠤ᠎ᠶᠢ ᠳᠡᠮᠵᠢᠬᠦ᠂ ᠲᠦᠷᠦᠭᠦᠯᠡᠨ ᠬᠠᠤᠯᠢ᠎ᠶᠢ ᠰᠠᠬᠢᠬᠤ ᠵᠢ ᠪᠣᠳᠠᠲᠠᠢ᠎ᠳᠤ ᠨᠠᠢᠳᠠᠪᠤᠷᠢᠵᠢᠭᠤᠯᠬᠤ᠂ ᠬᠠᠤᠯᠢ᠎ᠪᠠᠷ ᠤᠯᠤᠰ᠎ᠢᠶᠠᠨ ᠵᠠᠰᠠᠬᠤ᠂ ᠬᠠᠤᠯᠢ᠎ᠪᠠᠷ ᠲᠦᠷᠦ ᠪᠠᠷᠢᠬᠤ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠵᠥᠪ ᠤᠯᠤᠰ ᠲᠦᠷᠦ᠎ᠶᠢᠨ ᠴᠢᠭᠯᠡᠯ᠎ᠢ ᠪᠠᠲᠤ ᠡᠵᠡᠮᠳᠡᠵᠦ᠂ ᠬᠠᠤᠯᠢ ᠪᠡᠷ ᠵᠠᠰᠠᠬᠤ ᠢᠲᠡᠭᠡᠯ᠎ᠢᠶᠡᠨ ᠪᠠᠲᠤᠳᠬᠠᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠵᠠᠮ᠎ᠢᠶᠠᠷ ᠭᠤᠢᠪᠢᠰᠢ ᠦᠭᠡᠢ ᠵᠠᠮᠨᠠᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠬᠠᠤᠯᠢ᠎ᠪᠠᠷ ᠵᠠᠰᠠᠬᠤ᠎ᠶᠢ ᠬᠦᠨᠳᠦᠳᠬᠡᠬᠦ᠂ ᠬᠠᠤᠯᠢ ᠴᠠᠭᠠᠵᠠ᠎ᠶᠢ ᠪᠢᠰᠢᠷᠡᠨ ᠵᠢᠷᠦᠬᠡᠰᠢᠶᠡᠬᠦ ᠤᠬᠠᠮᠰᠠᠷ᠎ᠢᠶᠠᠨ ᠴᠢᠩᠭᠠᠳᠬᠠᠬᠤ᠎ᠶᠢ ᠠᠬᠢᠭᠤᠯᠵᠤ᠂ ᠰᠢᠨᠵᠢᠯᠡᠬᠦ ᠤᠬᠠᠭᠠᠨᠴᠢ᠎ᠪᠠᠷ ᠬᠠᠤᠯᠢ ᠲᠣᠭᠲᠠᠭᠠᠬᠤ᠂ ᠬᠠᠤᠯᠢ᠎ᠶᠢ ᠴᠢᠩᠭ᠎ᠠ ᠬᠡᠷᠡᠭᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠵᠢᠡᠷ᠎ᠢᠶᠡᠨ ᠬᠠᠤᠯᠢ ᠰᠠᠬᠢᠬᠤ᠎ᠶᠢ ᠬᠠᠮᠵᠢᠯᠴᠠᠨ ᠠᠬᠢᠭᠤᠯᠵᠤ᠂ ᠤᠯᠤᠰ᠎ᠤᠨ ᠡᠯ᠎ᠡ ᠲᠠᠯ᠎ᠠ᠎ᠶᠢᠨ ᠠᠵᠢᠯ᠎ᠤᠨ ᠬᠠᠤᠯᠢ᠎ᠪᠠᠷ ᠵᠠᠰᠠᠬᠤ ᠪᠤᠯᠭᠠᠬᠤ᠎ᠶᠢ ᠪᠦᠬᠦ ᠲᠠᠯ᠎ᠠ᠎ᠪᠠᠷ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠬᠠᠤᠯᠢ᠎ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号