ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠬᠤᠳᠠ ᠵᠢᠨ ᠠᠵᠢᠯ᠎ᠤᠨ ᠬᠤᠷᠠᠯ ᠬᠤᠷᠠᠯᠳᠤᠪᠠ
2025-12-09 09:40:24
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠶᠠᠷᠢᠶ᠎ᠠ ᠲᠠᠯᠪᠢᠵᠤ   ᠪᠤᠤ ᠭᠠᠩ ᠬᠤᠷᠠᠯ᠎ᠢ ᠡᠷᠬᠢᠯᠡᠨ    ᠵᠠᠩ ᠶᠠᠨ ᠺᠦᠨ ᠣᠷᠣᠯᠴᠠᠵᠠᠢ


12 ᠰᠠᠷ᠎ᠠ᠎ᠶᠢᠨ 8᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠬᠣᠲᠠ᠎ᠶᠢᠨ ᠠᠵᠢᠯ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠬᠤᠳᠠ᠎ᠶᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠣᠢᠯᠠᠭᠠᠵᠤ᠂ ᠵᠣᠷᠢᠭ᠍ᠲᠠᠢ᠎ᠪᠠᠷ ᠤᠷᠤᠭᠰᠢᠯᠠᠨ ᠳᠠᠪᠰᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠣᠳᠣᠬᠢᠴᠢᠯᠠᠭᠰᠠᠨ ᠠᠷᠠᠳ᠎ᠤᠨ ᠬᠤᠳᠠ᠎ᠶᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ᠎ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠬᠠᠮᠢᠶ᠎ᠠ ᠪᠦᠬᠦᠢ ᠤᠳᠤᠷᠢᠳᠬᠤ ᠨᠥᠬᠥᠳ ᠬᠤᠷᠠᠯ᠎ᠳᠤ ᠤᠷᠤᠯᠴᠠᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ 《ᠬᠣᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 ᠤ᠋ᠨ ᠲᠤᠬᠠᠢ ᠲᠠᠢᠯᠤᠮᠵᠢ ᠬᠢᠵᠦ᠂ ᠬᠥᠬᠡᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠎ᠦᠨ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠵᠤ ᠦᠭᠡ ᠬᠡᠯᠡᠪᠡ᠃

ᠸᠠᠩ ᠸᠧᠢ ᠵᠥᠩ ᠶᠠᠷᠢᠶᠠᠨ᠎ᠳᠠᠭᠠᠨ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠶᠢᠨ ᠫᠢᠩ ᠬᠤᠳᠠ᠎ᠶᠢᠨ ᠠᠵᠢᠯ᠎ᠢ ᠲᠦᠷᠦ᠎ᠶᠢ ᠵᠠᠰᠠᠬᠤ ᠵᠢᠨ ᠴᠢᠬᠤᠯᠠ ᠪᠠᠢᠷᠢᠨ᠎ᠳᠤ ᠲᠠᠯᠪᠢᠵᠤ᠂ ᠠᠯᠢ ᠤᠯᠠᠨ ᠴᠢᠬᠤᠯᠠ ᠥᠭᠦᠯᠡᠯᠲᠡ ᠬᠢᠵᠦ᠂ ᠬᠤᠳᠠ᠎ᠶᠢᠨ ᠬᠥᠭᠵᠢᠯᠲᠡ ᠬᠡᠨ᠎ᠦ ᠲᠥᠯᠥᠭᠡ ᠪᠠᠢᠬᠤ᠂ ᠬᠡᠨ᠎ᠳᠦ ᠲᠦᠰᠢᠭᠯᠡᠬᠦ᠂ ᠵᠢᠴᠢ ᠶᠠᠮᠠᠷ ᠶᠠᠩᠵᠤ᠎ᠶᠢᠨ ᠬᠤᠳᠠ᠎ᠶᠢ ᠪᠦᠲᠦᠭᠡᠨ ᠪᠠᠶ᠋ᠢᠭᠤᠯᠬᠤ᠂ ᠬᠤᠳᠠ᠎ᠶᠢ ᠬᠡᠷᠬᠢᠨ ᠪᠦᠲᠦᠭᠡᠨ ᠪᠠᠶ᠋ᠢᠭᠤᠯᠬᠤ ᠵᠡᠷᠭᠡ ᠴᠢᠬᠤᠯᠠ ᠶᠡᠬᠡ ᠤᠨᠤᠯ ᠪᠠ ᠦᠢᠯᠡᠳᠦᠯᠭᠡ᠎ᠶᠢᠨ ᠠᠰᠠᠭᠤᠳᠠᠯ᠎ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠰᠢᠨ᠎ᠡ ᠠᠶᠠᠨ᠎ᠤ ᠬᠤᠳᠠ᠎ᠶᠢᠨ ᠠᠵᠢᠯ᠎ᠢ ᠰᠠᠢᠲᠤᠷ ᠬᠢᠬᠦ᠎ᠳᠦ ᠴᠢᠬᠤᠯᠠ ᠵᠢᠷᠤᠮᠯᠠᠯ ᠬᠠᠩᠭᠠᠪᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠮᠠᠨ᠎ᠤ ᠤᠯᠤᠰ᠎ᠤᠨ ᠬᠣᠲᠠ᠎ᠶᠢᠨ ᠬᠥᠭᠵᠢᠯᠲᠡ᠎ᠶᠢᠨ ᠣᠷᠣᠰᠢᠵᠤ ᠪᠠᠢᠭ᠎ᠠ ᠲᠡᠦᠬᠡᠨ ᠣᠷᠣᠨ ᠪᠠᠢᠷᠢ᠂ ᠣᠳᠣᠬᠢᠴᠢᠯᠠᠭᠰᠠᠨ ᠠᠷᠠᠳ᠎ᠤᠨ ᠬᠣᠲᠠ᠎ᠶᠢ ᠪᠦᠲᠦᠭᠡᠨ ᠪᠠᠶ᠋ᠢᠭᠤᠯᠬᠤ ᠬᠠᠷᠠᠯᠲᠠ ᠪᠠᠢᠷᠢ ᠲᠣᠭᠲᠠᠭᠠᠯᠲᠠ᠂ ᠬᠣᠲᠠ᠎ᠶᠢᠨ ᠳᠣᠲᠣᠭᠠᠳᠤ ᠠᠭᠤᠯᠤᠭᠳᠠᠬᠤᠨ᠎ᠤ ᠮᠠᠶᠢᠭ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠬᠠᠨᠳᠤᠰᠢ᠂ ᠬᠣᠲᠠ᠎ᠶᠢᠨ ᠬᠥᠭᠵᠢᠯᠲᠡ᠎ᠶᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ ᠳᠣᠲᠣᠭᠠᠳᠤ ᠱᠠᠭᠠᠷᠳᠠᠯᠭ᠎ᠠ ᠪᠣᠯᠣᠨ ᠬᠣᠲᠠ᠎ᠶᠢᠨ ᠠᠵᠢᠯ᠎ᠤᠨ ᠰᠢᠰᠲᠧᠮᠲᠦ ᠴᠢᠨᠠᠷ ᠪᠤᠳᠤᠯᠢᠶᠠᠨᠲᠤ ᠴᠢᠨᠠᠷ᠎ᠢ ᠭᠦᠨᠵᠡᠭᠡᠢ ᠡᠵᠡᠮᠳᠡᠵᠦ᠂ ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠎ᠡᠬᠦᠷᠭᠡᠳᠦ ᠪᠤᠳᠤᠯ ᠵᠢᠡᠨ ᠤᠯᠠᠮ ᠴᠢᠩᠭᠠᠳᠬᠠᠵᠤ᠂ ᠨᠡᠩ ᠥᠷᠭᠡᠨ ᠬᠠᠷᠠᠭᠠᠰᠤ᠂ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ᠎ᠪᠡᠷ ᠬᠤᠳᠠ᠎ᠶᠢᠨ ᠠᠵᠢᠯ᠎ᠢ ᠰᠠᠢᠲᠤᠷ ᠬᠢᠬᠦ ᠬᠡᠷᠡᠭᠲᠡᠢ ᠭᠡᠵᠤ ᠬᠡᠯᠡᠪᠡ᠃

ᠸᠠᠩ ᠸᠧᠢ ᠵᠦᠩ ᠣᠢᠷ᠎ᠠ᠎ᠶᠢᠨ ᠵᠢᠯ᠎ᠦᠨ ᠲᠤᠷᠰᠢᠬᠢ ᠪᠦᠬᠦ ᠣᠷᠣᠨ᠎ᠤ ᠬᠤᠳᠠ᠎ᠶᠢᠨ ᠬᠥᠭᠵᠢᠯᠲᠡ᠎ᠶᠢᠨ ᠢᠯᠡᠷᠬᠡᠢ ᠦᠷ᠎ᠡ ᠪᠦᠲᠦᠮᠵᠢ᠎ᠶᠢ ᠭᠦᠢᠴᠡᠳ ᠨᠤᠲᠠᠯᠠᠵᠤ᠂ ᠮᠠᠨ᠎ᠤ ᠣᠷᠣᠨ᠎ᠤ ᠬᠤᠳᠠ᠎ᠶᠢᠨ ᠬᠥᠭᠵᠢᠯᠲᠡ᠎ᠳᠦ ᠲᠤᠯᠭᠠᠷᠠᠵᠤ ᠪᠠᠢᠭ᠎ᠠ ᠬᠦᠴᠢᠷᠳᠡᠯ ᠪᠣᠯᠣᠨ ᠠᠰᠠᠭᠤᠳᠠᠯ᠎ᠢ ᠭᠦᠨᠵᠡᠭᠡᠢ ᠵᠠᠳᠠᠯᠪᠠ᠃ ᠤᠷᠤᠨ ᠳᠠᠶᠠᠭᠠᠷ ᠵᠢᠡᠨ ᠶᠡᠷᠦᠩᠬᠡᠢ ᠱᠦᠵᠢ ᠰᠢ᠎ᠶᠢᠨ ᠫᠢᠩ᠎ᠤᠨ 《ᠨᠢᠭᠡ᠎ᠶᠢ ᠬᠦᠨᠳᠦᠳᠬᠡᠬᠦ᠂ ᠲᠠᠪᠤ᠎ᠶᠢ ᠨᠢᠭᠡᠳᠦᠯᠲᠡᠢ ᠲᠥᠯᠥᠪᠵᠢᠭᠦᠯᠬᠦ》 ᠴᠢᠬᠤᠯᠠ ᠱᠠᠭᠠᠷᠳᠠᠯᠭ᠎ᠠ ᠪᠠ 《ᠨᠢᠭᠡ᠎ᠶᠢ ᠰᠢᠯᠢᠳᠡᠭᠵᠢᠭᠦᠯᠬᠦ᠂ ᠵᠢᠷᠭᠤᠭ᠎ᠠ ᠵᠢ ᠪᠦᠲᠦᠭᠡᠨ ᠪᠠᠢᠭᠤᠯᠬᠤ》 ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠠ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠤᠭᠳᠠᠭᠠᠵᠦ ᠦᠭᠭᠦᠭᠰᠡᠨ ᠲᠠᠪᠤᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠲᠡᠥᠬᠡᠳᠦ ᠡᠭᠦᠷᠭᠡ ᠶ᠋ᠢ ᠨᠠᠢᠳᠠᠪᠤᠷᠢᠵᠢᠭᠤᠯᠬᠤ᠎ᠤᠶᠠᠯᠳᠤᠯ᠎ᠤᠨ ᠴᠡᠭ᠎ᠢ ᠣᠨᠣᠪᠴᠢᠲᠠᠢ ᠣᠯᠵᠤ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ᠂ ᠬᠤᠳᠠ᠎ᠶᠢᠨ ᠪᠠᠢᠳᠠᠯ ᠳ᠋ᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠥᠪᠥᠷ ᠮᠣᠩᠭᠣᠯ᠎ᠤᠨ ᠪᠣᠳᠠᠲᠠᠢ᠎ᠳᠤ ᠨᠡᠢᠴᠡᠭᠰᠡᠨ ᠬᠤᠳᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢ ᠲᠦᠷᠭᠡᠳᠬᠡᠨ ᠨᠡᠭᠡᠭᠡᠬᠦ ᠬᠡᠷᠡᠭᠳᠡᠢ ᠭᠡᠵᠦ ᠱᠠᠭᠠᠷᠳᠠᠪᠠ᠃

ᠸᠠᠩ ᠸᠧᠢ ᠵᠦᠩ᠂ ᠳᠣᠲᠣᠭᠠᠳᠤ ᠠᠭᠤᠯᠤᠭᠳᠠᠬᠤᠨ᠎ᠤ ᠮᠠᠶᠢᠭ᠋᠎ᠤᠨ ᠬᠥᠭᠵᠢᠯᠲᠡ᠎ᠪᠡᠷ ᠣᠳᠣᠬᠢᠴᠢᠯᠠᠭᠰᠠᠨ ᠠᠷᠠᠳ᠎ᠤᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢ ᠨᠡᠩ ᠰᠠᠢᠲᠤᠷ ᠲᠤᠯᠭᠠᠭᠤᠷᠢᠯᠠᠵᠤ᠂ ᠬᠤᠳᠠ᠎ᠶᠢᠨ ᠪᠦᠲᠦᠴᠡ᠎ᠶᠢ ᠰᠢᠯᠢᠳᠡᠭᠵᠢᠭᠦᠯᠬᠦ᠂ ᠬᠥᠳᠡᠯᠭᠡᠬᠦ ᠡᠨᠧᠷᠭᠢ᠎ᠶᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ᠂ ᠰᠣᠶᠣᠯ᠎ᠤᠨ ᠰᠤᠳᠠᠰᠤ᠎ᠶᠢ ᠦᠷᠭᠦᠯᠵᠢᠯᠡᠭᠦᠯᠬᠦ᠂ ᠵᠠᠰᠠᠯᠲᠠ ᠵᠢᠨ ᠦᠷ᠎ᠡ ᠪᠦᠲᠦᠮᠵᠢ ᠵᠢ ᠨᠡᠮᠡᠭᠳᠡᠭᠦᠯᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠭᠠᠬᠤ᠎ᠪᠠᠷ ᠴᠢᠷᠮᠠᠢᠬᠤ ᠬᠡᠷᠡᠭᠲᠡᠢ᠃ 《ᠨᠢᠭᠡ ᠭᠤᠤᠯᠳᠠᠯᠭ᠎ᠠ ᠬᠤᠤᠰ ᠤᠳᠤᠨ ᠤᠯᠠᠨ ᠵᠠᠩᠭᠢᠯᠠᠭ᠎ᠠ ᠵᠢᠨ ᠴᠡᠭ》 ᠤ᠋ᠨ ᠬᠤᠳᠠ᠎ᠶᠢᠨ ᠬᠥᠭᠵᠢᠯᠲᠡ᠎ᠶᠢᠨ ᠪᠠᠢᠷᠢᠰᠢᠯ ᠶᠣᠰᠣᠭᠠᠷ᠂ ᠲᠣᠮᠣ᠌ ᠳᠤᠮᠳᠠ ᠪᠠᠭ᠎ᠠ ᠬᠤᠳᠠ ᠪᠠ ᠵᠢᠵᠢᠭ ᠬᠣᠲᠠ ᠪᠠᠯᠭᠠᠰᠤ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠠᠵᠤ ᠦᠢᠯᠡᠰ ᠪᠠ ᠬᠣᠲᠠ᠎ᠶᠢ ᠠᠭᠤᠰᠤᠯᠴᠠᠭᠤᠯᠬᠤ᠂ ᠬᠣᠲᠠ ᠪᠠ ᠠᠵᠤ ᠦᠢᠯᠡᠰ᠎ᠢ ᠨᠢᠭᠡ ᠴᠣᠭᠴᠠᠵᠢᠭᠤᠯᠬᠤ᠎ᠶᠢ ᠪᠠᠷᠢᠮᠲᠠᠯᠠᠵᠤ᠂ ᠠᠵᠤ ᠦᠢᠯᠡᠰ᠎ᠦᠨ ᠬᠥᠭᠵᠢᠯᠲᠡ ᠬᠢᠭᠡᠳ ᠬᠣᠲᠠ᠎ᠶᠢᠨ ᠴᠢᠳᠠᠮᠵᠢ᠎ᠶᠢ ᠰᠢᠯᠢᠳᠡᠭᠵᠢᠭᠦᠯᠬᠦ᠎ᠳᠦ ᠬᠣᠣᠰ ᠴᠢᠭᠯᠡᠯ᠎ᠢᠶᠡᠷ ᠡᠨᠧᠷᠭᠢ ᠣᠯᠭᠣᠬᠤ᠎ᠶᠢ ᠠᠬᠢᠭᠤᠯᠬᠤ ᠬᠡᠷᠡᠭᠳᠡᠢ᠃ ᠮᠠᠯ ᠠᠵᠤ ᠠᠬᠤᠢ ᠲᠠᠷᠢᠶᠠᠯᠠᠩ ᠡᠴᠡ ᠰᠢᠯᠵᠢᠭᠰᠡᠨ ᠬᠥᠮᠥᠨ ᠠᠮᠠ᠎ᠶᠢ ᠬᠣᠲᠠ᠎ᠶᠢᠨ ᠠᠷᠠᠳ ᠪᠣᠯᠭᠠᠬᠤ᠎ᠶᠢ ᠠᠬᠢᠭᠤᠯᠵᠤ᠂ ᠲᠡᠳᠡᠨ᠎ᠢ ᠦᠨᠡᠨ ᠬᠦ᠌ ᠬᠣᠲᠠ᠎ᠳᠤ ᠠᠭᠤᠰᠬᠠᠨ ᠣᠷᠣᠭᠤᠯᠬᠤ ᠬᠡᠷᠡᠭᠲᠡᠢ᠃ ᠬᠤᠳᠠ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠣᠢᠯᠠᠭᠠᠭᠳᠠᠬᠤᠨ᠂ ᠲᠣᠭᠲᠡᠴᠡ᠎ᠶᠢᠨ ᠰᠢᠨ᠎ᠡ᠎ᠶᠢ ᠡᠭᠦᠳᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ᠎ᠶᠢᠨ ᠰᠢᠨᠡᠴᠢᠯᠡᠯᠲᠡ᠎ᠶᠢ ᠴᠢᠨᠠᠷ ᠰᠠᠢᠲᠠᠢ ᠥᠷᠨᠢᠭᠦᠯᠵᠦ᠂ ᠬᠤᠳᠠ᠎ᠶᠢ ᠢᠷᠡᠭᠡᠳᠦᠢ᠎ᠶᠢᠨ ᠬᠥᠭᠵᠢᠯᠲᠡ᠎ᠶᠢ ᠬᠥᠲᠥᠯᠥᠨ ᠳᠠᠭᠠᠭᠤᠯᠬᠤ ᠠᠮᠢᠵᠢᠷᠠᠯ᠎ᠤᠨ ᠬᠦᠴᠦᠨ᠎ᠦ ᠬᠤᠳᠠ᠂ ᠠᠵᠠ ᠲᠣᠬᠢᠶᠠᠯ᠎ᠤᠨ ᠬᠤᠳᠠ ᠪᠣᠯᠭᠠᠨ ᠴᠣᠭᠴᠠᠯᠠᠬᠤ ᠬᠡᠷᠡᠭᠲᠡᠢ᠃ ᠬᠤᠳᠠ᠎ᠶᠢᠨ ᠠᠮᠢᠳᠤᠷᠠᠯ᠎ᠤᠨ ᠣᠷᠣᠰᠢᠨ ᠰᠠᠭᠤᠷᠢᠰᠢᠬᠤ᠎ᠳᠤ ᠲᠣᠬᠢᠷᠠᠬᠤ ᠬᠡᠮᠵᠢᠶ᠎ᠡ᠎ᠶᠢ ᠳᠡᠭᠡᠭᠰᠢᠯᠡᠭᠦᠯᠬᠦ᠎ᠳᠦ᠂ 《ᠦᠨᠭᠭᠡᠨ ᠲᠠᠯ᠎ᠠ》 ᠶ᠋ᠢ ᠴᠢᠬᠤᠯᠠᠴᠢᠯᠠᠬᠤ᠎ᠪᠠᠷ ᠪᠠᠷᠠᠬᠤ ᠦᠭᠡᠢ᠂ 《ᠳᠤᠳᠤᠭᠠᠲᠤ ᠠᠭᠤᠯᠤᠭᠳᠠᠬᠤᠨ》 ᠢ᠋ ᠨᠡᠩ ᠴᠢᠬᠤᠯᠠᠴᠢᠯᠠᠵᠤ᠂ ᠬᠤᠳᠠ᠎ᠶᠢᠨ ᠲᠡᠭᠷᠢ᠎ᠶᠢᠨ ᠬᠠᠶᠠᠭ᠎ᠠ ᠵᠢ ᠰᠠᠢᠲᠤᠷ ᠰᠠᠬᠢᠵᠤ᠂ ᠬᠤᠳᠠ᠎ᠶᠢᠨ ᠲᠦᠷᠢ ᠲᠦᠷᠬᠦ ᠵᠢ ᠰᠢᠯᠢᠳᠡᠭᠵᠢᠭᠦᠯᠵᠦ᠂ ᠨᠣᠭᠣᠭᠠᠷᠠᠭᠤᠯᠤᠯᠲᠠ ᠵᠢᠨ ᠦᠵᠡᠮᠵᠢ᠎ᠶᠢ ᠪᠦᠲᠦᠭᠡᠨ ᠪᠠᠢᠭᠤᠯᠵᠤ᠂ ᠤᠯᠠᠨ ᠨᠡᠶ᠋ᠢᠲᠡ᠎ᠶᠢᠨ ᠣᠷᠣᠨ ᠵᠠᠢ᠎ᠶᠢᠨ 《ᠥᠩᠭᠡ ᠵᠢᠰᠦ》 ᠶ᠋ᠢ ᠳᠡᠭᠡᠭᠰᠢᠯᠡᠭᠦᠯᠬᠦ᠎ᠶᠢᠨ ᠬᠠᠮᠲᠤ ᠭᠠᠵᠠᠷ ᠳᠣᠣᠷᠠᠬᠢ ᠬᠣᠭᠣᠯᠠᠢ᠎ᠶᠢᠨ ᠬᠣᠩᠭᠢᠯ ᠵᠡᠷᠭᠡ 《ᠰᠠᠢᠨ ᠰᠠᠨᠠᠭᠠᠨ᠎ᠤ ᠢᠨᠵᠧᠨᠧᠷᠢᠩ》 ᠢ᠋ ᠰᠠᠢᠲᠤᠷ ᠪᠠᠶ᠋ᠢᠭᠤᠯᠬᠤ ᠬᠡᠷᠡᠭᠲᠡᠢ᠃ ᠬᠥᠮᠥᠨ᠎ᠦ ᠪᠥᠬᠥ ᠲᠠᠯ᠎ᠠ᠎ᠶᠢᠨ ᠬᠥᠭᠵᠢᠯᠲᠡ ᠪᠠ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠴᠢᠩᠭᠠᠳᠬᠠᠵᠤ᠂ 《ᠥᠲᠡᠭᠦᠰ ᠨᠢᠯᠬᠠᠰ》 ᠤ᠋ᠨ ᠲᠦᠭᠡᠮᠡᠯ ᠬᠠᠷᠠᠭᠠᠯᠵᠠᠯ᠎ᠤᠨ ᠦᠢᠯᠡᠴᠢᠯᠡᠭᠡ᠎ᠶᠢ ᠴᠢᠩᠭᠠᠳᠬᠠᠨ᠂ ᠲᠠᠭᠤ ᠱᠤᠤᠭᠢᠶᠠᠨ ᠠᠷᠠᠳ᠎ᠢ ᠦᠢᠮᠡᠭᠦᠯᠬᠦ᠂ ᠤᠴᠢᠷ ᠶᠠᠪᠤᠳᠠᠯ ᠪᠦᠲᠦᠭᠡᠬᠦ᠎ᠳᠦ ᠶᠠᠷᠰᠢᠭ᠋ ᠲᠦᠪᠡᠭᠲᠡᠢ ᠵᠡᠷᠭᠡ ᠣᠯᠠᠨ ᠲᠦᠮᠡᠨ᠎ᠦ ᠪᠤᠬᠢᠨᠢᠳᠤᠵᠤ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠠᠮᠢᠳᠤᠷᠠᠬᠤ᠎ᠳᠤ ᠨᠠᠩ ᠲᠣᠬᠢᠷᠠᠮᠵᠢᠲᠠᠢ᠂ ᠠᠵᠢᠯᠯᠠᠬᠤ ᠳ᠋ᠤ ᠨᠠᠩ ᠲᠣᠬᠢᠷᠠᠮᠵᠢᠲᠠᠢ᠂ ᠵᠤᠭᠠᠯᠠᠵᠤ ᠴᠡᠨᠭᠭᠡᠬᠥ᠎ᠳᠦ ᠨᠡᠨᠭ ᠲᠣᠬᠢᠷᠠᠮᠵᠢᠲᠠᠢ᠂ ᠵᠢᠭᠤᠯᠴᠢᠯᠠᠬᠤ᠎ᠳᠤ ᠨᠠᠩ ᠲᠣᠬᠢᠷᠠᠮᠵᠢᠲᠠᠢ ᠰᠠᠢᠨ ᠰᠠᠢᠬᠠᠨ ᠣᠷᠴᠢᠨ ᠨᠦᠬᠦᠴᠡᠯ᠎ᠢ ᠪᠣᠶ ᠪᠣᠯᠭᠠᠵᠤ᠂ ᠣᠯᠠᠨ ᠲᠦᠮᠡᠨ᠎ᠳᠦ ᠬᠣᠲᠠ᠎ᠶᠢᠨ ᠶᠠᠰᠤ ᠴᠢᠨᠠᠷ᠎ᠤᠨ ᠳᠡᠭᠡᠭᠰᠢᠯᠡᠯᠲᠡ᠎ᠶᠢ ᠮᠡᠳᠡᠷᠡᠭᠦᠯᠬᠦ ᠬᠡᠷᠡᠭᠲᠡᠢ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠵᠡᠰᠬᠦᠯᠡᠩᠲᠦ ᠰᠠᠢᠬᠠᠨ ᠣᠷᠴᠢᠨ ᠲᠤᠭᠤᠷᠢᠨ᠎ᠢ ᠪᠤᠢ ᠪᠣᠯᠭᠠᠵᠤ᠂ ᠰᠢᠨ᠎ᠡ ᠡᠨᠧᠷᠭᠢ᠎ᠶᠢᠨ ᠮᠠᠰᠢᠨ ᠲᠡᠷᠭᠡ᠂ ᠵᠢᠯᠣᠭᠣᠴᠢ ᠦᠭᠡᠢ ᠣᠶᠤᠨᠴᠢ ᠪᠡᠷ ᠵᠢᠯᠤᠭᠤᠳᠬᠤ ᠵᠡᠷᠭᠡ ᠵᠢ ᠤᠯᠠᠨ ᠲᠠᠯᠠᠪᠤᠷ᠎ᠲᠤ᠌ ᠬᠡᠪᠴᠢᠶᠡᠵᠢᠭᠦᠯᠦᠨ ᠬᠡᠷᠡᠭᠯᠡᠬᠦ᠎ᠶᠢ ᠲᠦᠷᠭᠡᠳᠬᠡᠵᠦ ᠂ ᠠᠷᠢᠭᠤᠨ ᠴᠡᠪᠡᠷ ᠳᠤᠯᠠᠭᠠᠯᠠᠭ᠎ᠠ᠎ᠶᠢᠨ ᠬᠡᠪᠴᠢᠶ᠎ᠡ᠎ᠶᠢ ᠥᠷᠭᠡᠳᠬᠡᠵᠦ᠂ ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ᠎ᠶᠢᠨ ᠮᠠᠲᠧᠷᠢᠶᠠᠯ᠂ ᠪᠣᠬᠢᠷᠲᠤᠯ ᠦᠭᠡᠢ ᠵᠠᠮ ᠬᠠᠷᠢᠯᠴᠠᠭ᠎ᠠ᠎ᠶᠢ ᠶᠡᠬᠡ ᠪᠡᠷ ᠳᠡᠯᠭᠡᠷᠡᠭᠦᠯᠵᠦ᠂ ᠬᠣᠭ ᠨᠣᠪᠰᠢ᠎ᠶᠢ ᠲᠦᠷᠦᠯ ᠬᠤᠪᠢᠶᠠᠨ ᠰᠢᠢᠳᠪᠦᠷᠢᠯᠡᠬᠦ ᠪᠠ ᠡᠬᠢ ᠪᠠᠶᠠᠯᠢᠭ᠍ᠵᠢᠭᠤᠯᠤᠨ ᠠᠰᠢᠭ᠍ᠯᠠᠬᠤ᠎ᠶᠢ ᠴᠢᠩᠭᠠᠳᠬᠠᠵᠤ᠂ ᠬᠤᠳᠠ᠎ᠶᠢᠨ 《ᠬᠦᠭᠵᠢᠶᠡᠨᠲᠡᠢ ᠪᠠᠢᠳᠠᠯ》 ᠢ᠋ ᠨᠡᠩ ᠰᠢᠨ᠎ᠡ ᠰᠣᠷᠭᠣᠭ ᠪᠣᠯᠭᠠᠵᠤ᠂ ᠰᠠᠭᠤᠭᠠᠯᠢ ᠠᠷᠠᠳ᠎ᠤᠨ 《ᠵᠣᠯ ᠵᠢᠷᠭᠠᠯᠲᠤ ᠬᠦᠷᠢᠶᠡᠯᠡᠩ》 ᠢ᠋ ᠨᠡᠩ ᠴᠡᠪᠡᠷ ᠰᠠᠢᠬᠠᠨ ᠪᠣᠯᠭᠠᠬᠤ ᠬᠡᠷᠡᠭᠲᠡᠢ᠃ ᠬᠤᠳᠠ᠎ᠶᠢᠨ 《ᠦᠨᠳᠦᠰᠦ》 ᠪᠣᠯᠣᠨ 《ᠰᠦᠭ ᠰᠦᠨᠡᠰᠦ》 ᠶ᠋ᠢ ᠰᠠᠢᠲᠤᠷ ᠰᠠᠬᠢᠵᠤ᠂ ᠬᠤᠳᠠ᠎ᠶᠢᠨ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠰᠢᠰᠲ᠋ᠸᠮ᠎ᠢ ᠲᠡᠭᠦᠯᠳᠡᠷᠵᠢᠭᠦᠯᠵᠦ᠂ ᠬᠤᠳᠠ᠎ᠶᠢᠨ ᠰᠣᠶᠣᠯ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠰᠢᠯᠢᠳᠡᠭᠵᠢᠭᠦᠯᠵᠦ᠂ ᠬᠤᠳᠠ᠎ᠶᠢᠨ ᠪᠣᠯᠪᠠᠰᠤᠨ᠎ᠢ ᠢᠳᠡᠪᠬᠢᠲᠡᠢ ᠪᠣᠢᠵᠢᠭᠤᠯᠵᠤ᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠬᠤᠳᠠᠯᠳᠤᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠠᠬᠢᠭᠤᠯᠬᠤ ᠬᠡᠷᠡᠭᠲᠡᠢ᠃ ᠬᠤᠳᠠ᠎ᠶᠢᠨ ᠠᠮᠤᠷ ᠲᠦᠪᠰᠢᠨ᠎ᠦ ᠰᠠᠭᠤᠷᠢ᠎ᠶᠢ ᠪᠡᠬᠢᠵᠢᠭᠦᠯᠵᠦ᠂ ᠬᠤᠳᠠ᠎ᠶᠢᠨ ᠰᠠᠭᠤᠷᠢ ᠲᠥᠬᠦᠭᠡᠷᠦᠮᠵᠢ᠎ᠶᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶᠡᠨ᠎ᠦ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢ ᠴᠢᠩᠭᠠᠳᠬᠠᠵᠤ᠂ ᠨᠡᠢᠭᠡᠮ᠎ᠦᠨ ᠠᠮᠤᠷ᠎ᠢ ᠬᠠᠮᠠᠭᠠᠯᠠᠬᠤ ᠪᠦᠬᠦᠯᠢ ᠴᠣᠭᠴᠠ᠎ᠶᠢᠨ ᠰᠡᠷᠭᠡᠢᠯᠡᠯᠲᠡ ᠡᠵᠡᠮᠳᠡᠯ᠎ᠢ ᠴᠢᠩᠭᠠᠳᠬᠠᠵᠤ᠂ ᠬᠤᠳᠠ᠎ᠶᠢᠨ ᠠᠮᠤᠷ ᠲᠦᠪᠰᠢᠨ ᠡᠮᠬᠢ ᠵᠢᠷᠤᠮ ᠎ᠲᠠᠢ ᠠᠵᠢᠯᠯᠠᠭᠠᠨ᠎ᠢ ᠪᠠᠲᠤᠯᠠᠬᠤ ᠬᠡᠷᠡᠭᠲᠡᠢ᠃ ᠬᠤᠳᠠ᠎ᠶᠢᠨ ᠵᠠᠰᠠᠯᠲᠠ᠎ᠶᠢᠨ ᠦᠷ᠎ᠡ ᠪᠦᠲᠦᠮᠵᠢ᠎ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ᠎ᠶᠢᠨ ᠣᠶᠤᠨᠴᠢᠯᠠᠭᠰᠠᠨ ᠥᠭᠡᠷᠡᠴᠢᠯᠡᠯᠲᠡ ᠪᠣᠯᠣᠨ ᠬᠤᠳᠠ᠎ᠶᠢᠨ ᠮᠡᠳᠡᠭᠡ ᠵᠠᠩᠭᠢ᠎ᠶᠢᠨ ᠵᠠᠭᠪᠤᠷ᠎ᠤᠨ ᠲᠠᠪᠴᠠᠩ᠎ᠤᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠵᠣᠬᠢᠴᠠᠭᠤᠯᠬᠤ ᠲᠣᠭᠲᠡᠴᠡ᠎ᠶᠢ ᠲᠡᠭᠦᠯᠳᠡᠷᠵᠢᠭᠦᠯᠵᠦ᠂ ᠤᠶᠠᠨ ᠵᠥᠭᠡᠯᠡᠨ ᠵᠠᠰᠠᠯᠲᠠ᠂ ᠰᠣᠶᠣᠯ ᠢᠷᠭᠡᠨᠰᠢᠯ᠎ᠦᠨ ᠬᠠᠯᠠᠮᠵᠢᠯᠠᠯ᠎ᠢ ᠨᠡᠩ ᠴᠢᠬᠤᠯᠠᠴᠢᠯᠠᠵᠤ᠂ ᠶᠡᠬᠡ ᠬᠦᠴᠦ ᠣᠷᠣᠭᠤᠯᠵᠤ  ᠠᠳᠠᠯ ᠠᠬᠤᠢ᠎ᠶᠢᠨ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠸᠧᠢ ᠵᠦᠩ᠂ ᠬᠤᠳᠠ ᠎ᠶᠢᠨ ᠠᠵᠢᠯ ᠎ᠳᠠᠬᠢ ᠨᠠᠮ ᠎ᠤᠨ ᠪᠦᠬᠦ ᠲᠠᠯ᠎ᠠ ᠎ᠶᠢᠨ ᠤᠳᠤᠷᠢᠳᠤᠯᠭ᠎ᠠ ᠎ᠶᠢ ᠴᠢᠩᠭᠠᠳᠬᠠᠵᠤ᠂ ᠬᠠᠷᠢᠭᠤᠴᠠᠯᠭ᠎ᠠ᠎ᠶᠢᠨ ᠨᠠᠢᠳᠠᠪᠤᠷᠢᠵᠢᠭᠤᠯᠤᠯᠲᠠ ᠎ᠶᠢ ᠴᠢᠩᠭᠠᠳᠬᠠᠵᠤ᠂ ᠬᠤᠳᠠ᠎ᠶᠢᠨ ᠲᠥᠯᠦᠪᠵᠢᠭᠦᠯᠭᠡ᠎ᠶᠢᠨ ᠪᠠᠢᠷᠢᠰᠢᠭᠤᠯᠤᠯᠲᠠ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠂ ᠲᠦᠷᠦ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠯᠲᠠ ᠵᠡᠷᠭᠡ ᠡᠯ᠎ᠡ ᠵᠦᠢᠯ᠎ᠦᠨ ᠠᠵᠢᠯ᠎ᠢ ᠴᠢᠩᠭ᠎ᠠ ᠪᠣᠳᠠᠲᠠᠢ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶᠢ ᠴᠢᠩᠭᠠᠳᠬᠠᠵᠤ᠂ ᠠᠵᠢᠯ᠎ᠤᠨ ᠠᠷᠭ᠎ᠠ ᠬᠡᠮᠵᠢᠶ᠎ᠡ᠎ᠶᠢᠨ ᠰᠢᠰᠲᠧᠮᠲᠦ ᠴᠢᠨᠠᠷ ᠬᠠᠮᠵᠢᠯᠴᠠᠬᠤ ᠴᠢᠨᠠᠷ᠎ᠢ ᠴᠢᠩᠭᠠᠳᠬᠠᠵᠤ᠂ ᠲᠥᠯᠦᠪᠵᠢᠭᠦᠯᠭᠡ ᠪᠦᠲᠦᠭᠡᠨ ᠪᠠᠢᠭᠤᠯᠤᠯᠲᠠ᠎ᠶᠢᠨ ᠦᠷᠭᠦᠯᠵᠢᠯᠡᠬᠦ ᠴᠢᠨᠠᠷ᠎ᠢ ᠪᠠᠲᠤᠯᠠᠵᠤ᠂ ᠬᠣᠢᠨ᠎ᠠ ᠬᠣᠢᠨ᠎ᠠ᠎ᠡᠴᠡ᠎ᠪᠠᠨ ᠠᠵᠢᠯᠯᠠᠵᠤ᠂ ᠨᠢᠭᠡ ᠵᠢᠷᠤᠭ ᠲᠥᠰᠥᠪ᠎ᠢ ᠡᠴᠦᠰ ᠲᠦ᠍ᠨᠢ ᠲᠤᠯᠲᠠᠯ᠎ᠠ ᠵᠢᠷᠤᠭᠯᠠᠬᠤ ᠬᠡᠷᠡᠭᠲᠡᠢ᠃ ᠪᠣᠳᠠᠲᠠᠢ᠎ᠠᠵᠢᠯᠯᠠᠬᠤ ᠰᠤᠷᠲᠠᠯ᠎ᠢ ᠪᠠᠳᠠᠷᠠᠭᠤᠯᠵᠤ᠂ ᠬᠤᠳᠠ᠎ᠶᠢᠨ ᠬᠥᠭᠵᠢᠯᠲᠡ᠎ᠶᠢ ᠦᠨᠡᠯᠡᠬᠦ ᠰᠢᠨᠵᠢᠯᠡᠬᠦ ᠤᠬᠠᠭᠠᠨᠴᠢ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠺᠠᠳ᠋ᠷᠴᠤᠳ᠎ᠢ ᠬᠥᠲᠥᠯᠥᠨ ᠵᠢᠯᠤᠭᠣᠳᠴᠤ ᠵᠥᠪ ᠠᠵᠢᠯ᠎ᠤᠨ ᠪᠦᠲᠦᠮᠵᠢ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠤᠳᠠ᠎ᠶᠢᠨ ᠠᠵᠢᠯ᠎ᠢ ᠤᠳᠤᠷᠢᠳᠬᠤ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠨᠢ ᠸᠢᠳᠢᠤ᠋ ᠬᠡᠯᠪᠡᠷᠢ᠎ᠪᠡᠷ ᠶᠠᠪᠤᠭᠳᠠᠵᠤ᠂ ᠡᠯ᠎ᠡ ᠠᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号