12 ᠰᠠᠷ᠎ᠠ᠎ᠶ᠋ᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠸᠠᠩ ᠸᠧᠢ ᠵᠦᠩ ᠬᠥᠬᠡᠬᠣᠲᠠ᠎ᠳᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠠᠢᠳᠠᠯ᠎ᠢ ᠪᠠᠢᠴᠠᠭᠠᠨ ᠰᠤᠳᠤᠯᠵᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠡᠬᠢ ᠪᠠᠶᠠᠯᠢᠭ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠢᠷᠡᠭᠦᠯᠵᠦ᠍᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠸᠠᠩ ᠸᠧᠶ ᠵᠥᠩ ᠤᠷᠢᠳ ᠬᠣᠵᠢᠳ ᠵᠠᠩᠵᠤᠨ᠎ᠤ ᠶᠠᠮᠤᠨ ᠮᠦᠽᠧᠶ᠂ ᠵᠣᠣ ᠵᠢᠶᠦ᠋ᠨ ᠮᠦᠽᠧᠶ ᠵᠢᠨ ᠬᠦᠷᠢᠶᠡᠯᠡᠩ᠂ ᠥᠪᠥᠷ ᠮᠣᠩᠭᠣᠯ᠎ᠤᠨ ᠮᠦᠽᠧᠶ ᠵᠢᠨ ᠬᠦᠷᠢᠶᠡᠯᠡᠩ᠎ᠳᠦ ᠬᠦᠷᠴᠦ᠍᠂ ᠲᠠᠢᠯᠤᠮᠵᠢ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠳᠡᠯᠭᠡᠨ ᠦᠵᠡᠭᠦᠯᠭᠡ᠎ᠶ᠋ᠢ ᠨᠠᠷᠢᠨ ᠨᠢᠮᠪᠠᠶ ᠲᠣᠭᠣᠷᠢᠨ ᠦᠵᠡᠵᠦ᠍᠂ ᠰᠣᠶᠣᠯ ᠬᠢᠭᠡᠳ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠬᠦᠯᠦᠭᠰᠡᠨ ᠪᠠᠢᠳᠠᠯ᠎ᠢ ᠭᠦᠨᠵᠡᠭᠡᠶ ᠣᠢᠯᠠᠭᠠᠪᠠ᠃ ᠲᠡᠷᠡ᠂ ᠥᠪᠥᠷ ᠮᠣᠩᠭᠣᠯ᠎ᠤᠨ ᠲᠡᠦᠬᠡ ᠰᠣᠶᠣᠯ᠎ᠤᠨ ᠤᠤᠷ ᠲᠤᠨᠤᠳᠠᠰᠤ ᠭᠦᠨ ᠵᠤᠵᠠᠭᠠᠨ᠂ ᠳᠤᠮᠳᠠᠳᠤ᠎ᠶ᠋ᠢᠨ ᠰᠣᠶᠣᠯ ᠥᠩᠭᠡ ᠢᠯᠭᠠᠷᠠᠮ᠎ᠠ ᠪᠠᠢᠵᠤ᠂ ᠪᠠᠰᠠ ᠠᠭᠤᠳᠠᠮ ᠲᠠᠯ᠎ᠠ ᠨᠤᠲᠤᠭ᠂ ᠦᠷᠭᠡᠨ ᠣᠶ ᠱᠢᠭᠤᠶ᠂ ᠶᠡᠬᠡ ᠭᠤᠤᠯ ᠨᠠᠭᠤᠷ᠂ ᠲᠤᠮᠤ ᠡᠯᠡᠰᠦ ᠮᠠᠩᠬ᠎ᠠ᠂ ᠨᠡᠯᠦᠭᠡᠷ ᠮᠥᠰᠥ᠍ ᠴᠠᠰᠤ ᠵᠡᠷᠭᠡ ᠣᠯᠠᠨ ᠵᠦᠶ᠋ᠯ᠎ᠦᠨ ᠪᠠᠢᠭᠠᠯᠢ᠎ᠶ᠋ᠢᠨ ᠦᠵᠡᠮᠵᠢ ᠲᠡᠶ᠂ ᠵᠡᠭᠦᠨ᠎ᠡᠴᠡ ᠪᠠᠷᠠᠭᠤᠨᠰᠢᠬᠦᠷᠲᠡᠯᠡ ᠴᠥᠮ ᠮᠠᠰᠢ ᠭᠣᠶᠣ ᠰᠠᠢᠬᠠᠨ᠂ ᠵᠢᠯ᠎ᠦᠨ ᠳᠥᠷᠪᠡᠨ ᠤᠯᠠᠷᠢᠯ᠎ᠳᠤ ᠴᠥᠮ ᠵᠤᠭᠠᠴᠠᠵᠤ ᠪᠣᠯᠬᠤ ᠶᠤᠮ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠢ ᠬᠥᠭ᠌ᠵᠢᠭᠦᠯᠬᠦ ᠲᠠᠯ᠎ᠠ ᠪᠡᠷ ᠭᠢᠬᠥ ᠠᠵᠢᠯ ᠮᠠᠰᠢ ᠤᠯᠠᠨ ᠪᠠᠢᠵᠤ᠂ ᠰᠠᠷᠠᠭᠤᠯ ᠠᠭᠤᠳᠠᠮ ᠢᠷᠡᠭᠡᠳᠦᠶ ᠲᠡᠶ ᠶᠤᠮ᠃ ᠰᠣᠶᠣᠯ᠎ᠤᠨ ᠢᠲᠡᠭᠡᠯ᠎ᠢᠶᠡᠨ ᠴᠢᠩᠭᠠᠳᠭᠠᠵᠤ᠂ ᠴᠢᠩᠭ᠎ᠠ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠎ᠢᠶᠠᠷ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠵᠤ ᠠᠱᠢᠭ᠍ᠯᠠᠬᠤ ᠪᠠ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ᠎ᠢ ᠰᠠᠢᠲᠤᠷ ᠬᠢᠵᠦ᠍᠂ ᠰᠣᠶᠣᠯ᠎ᠤᠨ ᠦᠢᠯᠡᠰ᠎ᠢ ᠶᠡᠬᠡᠪᠡᠷ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠡᠷ ᠠᠬᠢᠭᠤᠯᠬᠤ ᠬᠡᠷᠡᠭ᠌ᠲᠡᠢ᠃ ᠰᠣᠶᠣᠯ ᠬᠢᠭᠡᠳ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠡᠯᠪᠡᠭ ᠪᠠᠶᠠᠯᠢᠭ ᠲᠡᠦᠬᠡ ᠰᠣᠶᠣᠯ ᠬᠢᠭᠡᠳ ᠰᠦᠷᠯᠢᠭ ᠰᠠᠢᠬᠠᠨ ᠪᠠᠢᠭᠠᠯᠢ᠎ᠶ᠋ᠢᠨ ᠥᠩᠭᠡ ᠦᠵᠡᠮᠵᠢ᠎ᠶ᠋ᠢ ᠤᠶᠠᠯᠳᠤᠭᠤᠯᠵᠤ᠂ ᠨᠠᠩ ᠣᠯᠠᠨ ᠨᠠᠩ ᠶᠡᠬᠡ ᠲᠠᠲᠠᠬᠤ ᠬᠦᠴᠦᠨ᠎ᠲᠡᠶ ᠵᠢᠭᠤᠯᠴᠢᠯᠠᠯ᠎ᠤᠨ ᠦᠶ᠋ᠯᠡᠳᠬᠦᠨ ᠪᠠ ᠤᠨᠴᠠᠯᠢᠬ᠍ᠳᠤ ᠵᠠᠮ ᠱᠤᠭᠤᠮ᠎ᠢ ᠨᠡᠭᠡᠭᠡᠨ ᠬᠥᠭ᠌ᠵᠢᠭᠦᠯᠵᠦ᠍᠂ ᠰᠣᠶᠣᠯ᠎ᠢᠶᠠᠷ ᠵᠢᠭᠤᠯᠴᠢᠯᠠᠯ᠎ᠢ ᠨᠠᠩ ᠰᠠᠢᠳᠤᠷ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠨᠠᠩ ᠰᠠᠢᠳᠤᠷ ᠢᠯᠡᠷᠡᠭᠦᠯᠬᠦ᠌ ᠬᠡᠷᠡᠭ᠌ᠲᠡᠶ᠃ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠨᠡᠭᠡᠭᠡᠯᠲᠡᠲᠦ ᠬᠥᠭ᠌ᠵᠢᠯᠲᠡ᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠵᠤ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠶ᠋ᠯᠡᠳᠬᠦᠨ᠎ᠦ ᠱᠢᠨ᠎ᠡ᠎ᠶ᠋ᠢ ᠡᠭᠦᠳᠬᠦ᠌ ᠪᠠ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠴᠢᠨᠠᠷ ᠰᠠᠢᠲᠠᠶ ᠦᠶ᠋ᠯᠡᠳᠬᠦᠨ᠎ᠦ ᠬᠠᠩᠭᠠᠯᠭ᠎ᠠ᠎ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠰᠣᠶᠣᠯ ᠵᠢᠭᠤᠯᠴᠢᠯᠠᠯ᠎ᠤᠨ ᠤᠬᠠᠭᠤᠯᠭ᠎ᠠ ᠲᠠᠨᠢᠯᠴᠠᠭᠤᠯᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠥᠪᠥᠷ ᠮᠣᠩᠭᠣᠯ᠎ᠢ ᠤᠯᠤᠰ᠎ᠤᠨ ᠳᠣᠲᠣᠭᠠᠳᠤ ᠭᠠᠳᠠᠭᠠᠳᠤ᠎ᠳᠤ ᠠᠯᠳᠠᠷᠱᠢᠭ᠍ᠰᠠᠨ ᠵᠢᠭᠤᠯᠴᠢᠯᠠᠯ᠎ᠤᠨ ᠵᠤᠷᠢᠯᠳᠠᠳᠤ ᠣᠷᠣᠨ ᠪᠣᠯᠭᠠᠬᠤ᠎ᠪᠠᠷ ᠴᠢᠷᠮᠠᠢᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠪᠠᠢᠴᠠᠭᠠᠨ ᠰᠤᠳᠤᠯᠤᠯᠲᠠ᠎ᠶ᠋ᠢᠨ ᠳᠤᠮᠳᠠ᠂ ᠸᠠᠩ ᠸᠧᠢ ᠵᠦᠩ᠂ ᠮᠠᠨ᠎ᠤ ᠣᠷᠣᠨ᠎ᠤ ᠮᠦᠽᠧᠢ ᠵᠢᠨ ᠬᠦᠷᠢᠶᠡᠯᠡᠩ (ᠣᠷᠳᠣᠨ) ᠳ᠋ᠤ᠌ ᠬᠠᠳᠠᠭᠠᠯᠠᠵᠤ ᠪᠠᠢᠭ᠎ᠠ ᠡᠯᠪᠡᠭ ᠪᠠᠶᠠᠯᠢᠭ ᠲᠡᠦᠬᠡ᠎ᠶ᠋ᠢᠨ ᠳᠤᠷᠠᠰᠭᠠᠯᠲᠤ ᠵᠦᠢᠯᠡᠰ ᠨᠢ ᠳᠤᠮᠳᠠᠳᠤ᠎ᠶ᠋ᠢᠨ ᠦᠨᠳᠦᠰᠦᠲᠡᠨ᠎ᠦ ᠤᠯᠠᠨ ᠡᠱᠢᠲᠦ ᠨᠢᠭᠡ ᠴᠤᠬ᠍ᠴᠠᠵᠢᠬ᠍ᠰᠠᠨ ᠭᠡᠷᠡᠯ ᠰᠠᠴᠤᠷᠠᠩᠭᠤᠢ ᠰᠣᠶᠣᠯ᠎ᠢ ᠢᠯᠡᠷᠡᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠨᠢ ᠤᠳᠠᠭᠠᠨ ᠲᠡᠦᠬᠡ᠎ᠶ᠋ᠢ ᠠᠴᠢᠶᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠮᠢᠳᠤᠯᠢᠭ ᠵᠢᠭᠠᠬᠤ ᠮᠠᠲ᠋ᠧᠷᠢᠶᠠᠯ ᠮᠦᠨ ᠭᠡᠵᠦ ᠵᠢᠭᠠᠵᠤ ᠭᠠᠷᠭᠠᠪᠠ᠃ ᠲᠡᠷᠡ᠂ ᠥᠪᠥᠷ ᠮᠣᠩᠭᠣᠯ ᠪᠣᠯ ᠶᠡᠷᠦᠩᠬᠡᠢ ᠱᠦᠵᠢ ᠰᠢ ᠵᠢᠨ ᠫᠢᠩ᠎ᠦᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠮᠥᠨ》 ᠭᠡᠬᠦ᠌ ᠴᠢᠬᠤᠯᠠ ᠶᠡᠬᠡ ᠨᠤᠲᠠᠯᠠᠯᠲᠠ᠎ᠶ᠋ᠢ ᠠᠩᠬ᠎ᠠ ᠤᠳᠠᠭ᠎ᠠ ᠳᠤᠷᠠᠳᠤᠭ᠍ᠰᠠᠨ ᠭᠠᠵᠠᠷ ᠪᠣᠯᠤᠨ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠦᠪᠤᠷ ᠮᠤᠨᠭᠭᠤᠯ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠪᠣᠯᠬᠤ ᠬᠠᠷᠢᠭᠤᠴᠠᠯᠭ᠎ᠠ ᠲᠠᠢ ᠶᠤᠮ᠃ ᠮᠠᠨ᠎ᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠪᠣᠯᠤᠨ ᠰᠣᠶᠣᠯ᠎ᠤᠨ ᠥᠪ ᠵᠡᠷᠭᠡ ᠡᠯᠪᠡᠭ ᠪᠠᠶᠠᠯᠢᠭ ᠡᠬᠢ ᠪᠠᠶᠠᠯᠢᠭ᠎ᠢ ᠭᠦᠢᠴᠡᠳ ᠰᠠᠢᠲᠤᠷ ᠠᠱᠢᠭ᠍ᠯᠠᠵᠤ᠂ ᠠᠮᠢᠳᠤᠯᠢᠭ᠍ᠵᠢᠭᠤᠯᠤᠨ ᠠᠱᠢᠭ᠍ᠯᠠᠬᠤ ᠠᠵᠢᠯ᠎ᠢ ᠰᠠᠢᠲᠤᠷ ᠬᠢᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢᠶᠡᠷ ᠲᠠᠮᠵᠢᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠎ᠢ ᠰᠠᠢᠲᠤᠷ ᠬᠦᠤᠷᠨᠢᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠥᠨ ᠳᠠᠭᠠᠭᠤᠯᠵᠤ 《ᠲᠦᠷᠪᠡ ᠵᠢ ᠬᠠᠮᠲᠤᠳᠬᠠᠬᠤ》 ᠵᠢ ᠪᠠᠲᠤ ᠪᠤᠢ ᠪᠣᠯᠭᠠᠵᠤ᠂ 《ᠲᠠᠪᠤᠨ ᠬᠠᠮᠲᠤ᠎ᠶ᠋ᠢᠨ ᠲᠠᠨᠢᠯᠲᠠ》 ᠵᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠱᠢᠨ᠂ ᠪᠦᠦ ᠱᠢᠶᠠᠨ ᠬᠤᠸᠠ᠂ ᠶᠠᠩ ᠵᠢᠨ ᠣᠷᠣᠯᠴᠠᠪᠠ᠃