ᠤᠯᠠᠭᠠᠨᠴᠠᠪ ᠬᠣᠲᠠ᠎ᠶ᠋ᠢᠨ ᠭᠤᠤᠯᠳᠠᠯᠭ᠎ᠠ᠎ᠲᠠᠶ ᠲᠤᠯᠭᠠᠭᠤᠷᠢ ᠠᠵᠤ ᠦᠶ᠋ᠯᠡᠰ ᠡᠷᠴᠢᠮᠲᠠᠢ ᠬᠦᠭᠵᠢᠵᠤ ᠪᠤᠢ
2025-12-09 10:04:24
ᠵᠣᠬᠢᠶᠠᠭ᠍ᠴᠢ᠄
​ ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

11 ᠰᠠᠷ᠎ᠠ᠎ᠶ᠋ᠢᠨ 29 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠭᠠᠨᠴᠠᠪ ᠬᠣᠲᠠ᠎ᠶ᠋ᠢᠨ ᠲᠠᠪᠤᠳᠤᠭᠠᠷ ᠬᠤᠭᠤᠴᠠᠭᠠᠨ᠎ᠤ ᠬᠣᠷᠢᠶᠠᠨ᠎ᠤ ᠠᠷᠪᠠᠳᠤᠭᠠᠷ ᠪᠥᠬᠥᠳᠡ ᠬᠤᠷᠠᠯ ᠵᠢᠨᠢᠩ ᠲᠣᠭᠣᠷᠢᠭ᠎ᠲᠤ ᠬᠤᠷᠠᠯᠳᠤᠪᠠ᠃ ᠰᠤᠷᠪᠤᠯᠵᠢᠯᠠᠭ᠍ᠴᠢ ᠬᠤᠷᠠᠯ ᠳᠡᠭᠡᠷ᠎ᠡ᠎ᠡᠴᠡ ᠣᠢᠯᠠᠭᠠᠭ᠍ᠰᠠᠨ᠎ᠢᠶᠠᠷ᠂ ᠵᠢᠯ᠎ᠦᠨ ᠡᠬᠢᠨ᠎ᠡᠴᠡ ᠤᠯᠠᠭᠠᠨᠴᠠᠪ ᠬᠣᠲᠠ᠎ᠶ᠋ᠢᠨ ᠱᠢᠨ᠎ᠡ ᠡᠨᠧᠷᠭᠢ᠂ ᠲᠡᠮᠦᠷ᠎ᠦᠨ ᠬᠠᠢᠯᠤᠰᠢ᠂ ᠪᠤᠳᠤᠬᠤ ᠴᠢᠳᠠᠪᠤᠷᠢ᠂ ᠲᠥᠮᠥᠰᠥ᠍᠂ ᠰᠣᠶᠣᠯ ᠵᠢᠭᠤᠯᠴᠢᠯᠠᠯ ᠵᠡᠷᠭᠡ ᠭᠤᠤᠯᠳᠠᠯᠭ᠎ᠠ᠎ᠲᠠᠶ ᠲᠤᠯᠭᠠᠭᠤᠷᠢ ᠠᠵᠤ ᠦᠶ᠋ᠯᠡᠰ ᠦᠷᠭᠦᠯᠵᠢᠯᠡᠨ ᠡᠷᠴᠢᠮᠲᠡᠶ ᠬᠥᠭ᠌ᠵᠢᠵᠦ᠍᠂ ᠲᠣᠰ ᠲᠣᠰ ᠢᠯᠡᠳᠲᠡ ᠦᠷ᠎ᠡ ᠪᠦᠲᠦᠮᠵᠢ ᠣᠯᠵᠠᠶ᠃

ᠤᠯᠠᠭᠠᠨᠴᠠᠪ ᠬᠣᠲᠠ ᠪᠣᠳᠠᠲᠤ ᠴᠣᠭ᠍ᠴᠠ᠎ᠶ᠋ᠢᠨ ᠠᠵᠤ ᠠᠬᠤᠶ᠎ᠪᠠᠷ ᠰᠠᠭᠤᠷᠢ ᠪᠣᠯᠭᠠᠬᠤ᠎ᠶ᠋ᠢ ᠪᠠᠷᠢᠮᠲᠠᠯᠠᠵᠤ᠂ ᠤᠶᠤᠨᠴᠢᠯᠠᠯᠲᠠ᠂ ᠪᠣᠬᠢᠷᠲᠤᠯ ᠦᠭᠡᠢᠵᠢᠭᠦᠯᠦᠯᠲᠡ᠂ ᠠᠭᠤᠰᠤᠯᠴᠠᠭᠤᠯᠬᠤ᠎ᠪᠠᠷ ᠴᠢᠭ᠌ᠯᠡᠯ ᠪᠣᠯᠭᠠᠵᠤ᠂ ᠱᠢᠨ᠎ᠡ ᠬᠠᠭᠤᠴᠢᠨ ᠬᠥᠳᠡᠯᠭᠡᠬᠦ᠌ ᠬᠦᠴᠦᠨ ᠤ᠋ ᠰᠣᠯᠢᠯᠴᠠᠭ᠎ᠠ ᠵᠢ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ᠎ᠲᠠᠶ ᠲᠤᠯᠭᠠᠭᠤᠷᠢ ᠠᠵᠤ ᠦᠶ᠋ᠯᠡᠰ᠎ᠢ ᠦᠷᠭᠦᠯᠵᠢᠯᠡᠨ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠤᠯᠠᠭᠠᠨᠴᠠᠪ᠎ᠤᠨ ᠣᠨᠴᠠᠯᠢᠭ ᠪᠠ ᠳᠠᠪᠠᠭᠤᠯᠢᠭ᠎ᠲᠠᠶ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ  ᠪᠥᠬᠥ᠌  ᠬᠦᠴᠦᠨ᠎ᠢᠶᠡᠷ᠎ᠢᠶᠡᠨ  ᠪᠠᠢᠭᠤᠯᠪᠠ᠃

ᠱᠢᠨ᠎ᠡ ᠡᠨᠧᠷᠭᠢ᠎ᠶ᠋ᠢᠨ ᠠᠵᠤ ᠦᠢᠯᠡᠰ ᠦᠷᠭᠦᠯᠵᠢᠯᠡᠨ ᠪᠤᠵᠠᠭᠠᠢᠷᠠᠪᠠ᠃ ᠲᠤᠮᠤ ᠬᠡᠯᠪᠡᠷᠢ ᠵᠢᠨ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ ᠤ᠋ᠨ ᠴᠠᠬᠢᠯᠭᠠᠨ ᠤ᠋ ᠰᠠᠭᠤᠷᠢᠨ ᠎ᠤ  ᠪᠦᠲᠦᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠲᠦᠯᠬᠢᠨ ᠠᠬᠢᠭᠤᠯᠵᠤ᠂ ᠡᠨᠧᠷᠭᠢ ᠲᠤᠤᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠬᠤ ᠲᠥᠷᠥᠯ ᠵᠦᠢᠯ᠎ᠢ ᠲᠦᠷᠭᠡᠳᠭᠡᠨ ᠪᠠᠢᠭᠤᠯᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 194 ᠲᠦᠮᠡᠨ ᠺᠢᠯᠦᠸᠠᠲ ᠱᠢᠨ᠎ᠡ᠎ᠪᠡᠷ ᠨᠡᠮᠡᠭ᠌ᠳᠡᠭᠦᠯᠵᠦ᠍᠂ ᠵᠢᠯ᠎ᠦᠨ ᠡᠴᠦᠰ᠎ᠲᠦ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 2000 ᠲᠦᠮᠡᠨ ᠺᠢᠯᠦᠸᠠᠲ᠎ᠤᠨ ᠶᠡᠬᠡ ᠪᠣᠭᠣᠮᠲᠠ᠎ᠶ᠋ᠢ ᠳᠠᠪᠠᠵᠤ᠂ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 323 ᠲᠦᠮᠡᠨ ᠺᠢᠯᠦᠸᠠᠲ / 1106 ᠲᠦᠮᠡᠨ ᠺᠢᠯᠦᠸᠠᠲ ᠴᠠᠭ᠎ᠲᠤ ᠬᠦᠷᠴᠦ᠍᠂ ᠴᠥᠮ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠩᠨᠡᠭᠡᠨ᠎ᠳᠦ ᠣᠷᠣᠬᠤ ᠪᠣᠯᠤᠨ᠎ᠠ᠃ ᠪᠤᠬᠢᠷᠳᠤᠯ ᠦᠭᠡᠢ ᠴᠠᠬᠢᠯᠭᠠᠨ᠎ᠢᠶᠠᠷ ᠤᠰᠤᠲᠥ᠋ᠷᠥᠭ᠌ᠴᠢᠲᠦ ᠠᠮᠢᠨᠣ᠋ ᠠᠯᠺᠣᠣᠯ ᠦᠢᠯᠡᠳᠬᠦ᠌ ᠲᠦᠷᠦᠯ ᠵᠤᠢᠯ ᠢ᠋ ᠪᠠᠢᠷᠢᠯᠠᠭᠤᠯᠵᠤ᠂ ᠳᠤᠮᠳᠠᠳᠤ ᠤᠯᠤᠰ᠎ᠤᠨ ᠴᠢᠯᠠᠭᠤᠨ ᠲᠣᠰᠣ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ 10 ᠲᠦᠮᠡᠨ ᠲᠣᠨ / ᠵᠢᠯ᠎ᠦᠨ ᠰᠠᠯᠬᠢᠨ ᠬᠦᠴᠤᠨ ᠤ᠋ ᠴᠠᠬᠢᠯᠭᠠᠨ ᠭᠠᠷᠭᠠᠬᠤ ᠭᠡᠷᠡᠯᠴᠢ ᠴᠡᠨᠡᠭ ᠤ᠋ᠨ ᠴᠠᠬᠢᠯᠭᠠᠨ ᠭᠠᠷᠭᠠᠬᠤ ᠤᠰᠤᠲᠥ᠋ᠷᠥᠭ᠌ᠴᠢ ᠦᠢᠯᠡᠳᠬᠦ᠌ ᠵᠢ ᠨᠢᠭᠡ ᠴᠣᠭ᠍ᠴᠠᠵᠢᠭᠤᠯᠬᠤ ᠲᠥᠷᠥᠯ ᠵᠦᠢᠯ᠎ᠦᠨ ᠭᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠬᠡᠰᠡᠭ᠎ᠢ ᠳᠠᠩᠰᠠᠯᠠᠭᠤᠯᠵᠤ᠂ ᠳᠤᠮᠳᠠᠳᠤ ᠤᠯᠤᠰ᠎ᠤᠨ ᠨᠡᠭᠦᠷᠡᠰᠦᠨ ᠤ᠋  ᠡᠨᠧᠷᠬᠢ ᠵᠢᠨ ᠪᠦᠯᠦᠭᠯᠡᠯ᠂ ᠵᠢᠶᠦ᠋ᠨ ᠷᠦᠢ ᠵᠢᠨ ᠪᠤᠬᠢᠷᠳᠤᠯ ᠦᠭᠡᠢ ᠤᠰᠤᠲᠥ᠋ᠷᠥᠭ᠌ᠴᠢ᠎ᠶ᠋ᠢᠨ ᠲᠥᠷᠥᠯ ᠵᠦᠢᠯ᠎ᠢ ᠲᠦᠷᠭᠡᠳᠭᠡᠨ ᠠᠬᠢᠭᠤᠯᠪᠠ᠃

ᠲᠡᠮᠦᠷ᠎ᠦᠨ ᠬᠠᠢᠯᠤᠰᠢ᠎ᠶ᠋ᠢᠨ ᠠᠵᠤ ᠦᠢᠯᠡᠰ᠎ᠢ ᠥᠭᠡᠷᠡᠴᠢᠯᠡᠨ ᠳᠡᠰ ᠳᠡᠪᠱᠢᠭᠦᠯᠪᠠ᠃ ᠲᠡᠮᠦᠷ᠎ᠦᠨ ᠬᠠᠢᠯᠤᠰᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠰᠤᠳᠤᠯᠭᠠᠨ᠎ᠤ ᠬᠦᠷᠢᠶᠡᠯᠡᠩ᠎ᠢ ᠪᠠᠢᠭᠤᠯᠵᠤ᠂ ᠲᠡᠮᠦᠷ᠎ᠦᠨ ᠬᠠᠢᠯᠤᠰᠢ᠎ᠶ᠋ᠢᠨ ᠦᠢᠯᠡᠳᠬᠦᠨ᠎ᠦ 3 ᠵᠦᠢᠯ᠎ᠦᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠨ ᠬᠡᠷᠡᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠦᠢᠯᠡᠳᠬᠦ᠌ ᠦᠢᠯᠡᠰ᠎ᠦᠨ ᠲᠣᠭᠠᠴᠢᠯᠠᠭ᠍ᠰᠠᠨ ᠬᠡᠯᠪᠡᠷᠢ᠎ᠪᠡᠨ ᠬᠤᠪᠢᠷᠠᠭᠤᠯᠬᠤ ᠲᠤᠷᠱᠢᠯᠲᠠ᠎ᠶ᠋ᠢᠨ ᠴᠡᠭ ᠤ᠋ᠨ ᠲᠥᠷᠥᠯ ᠵᠦᠢᠯ ᠨᠢ ᠵᠥᠪᠱᠢᠶᠡᠷᠡᠭᠳᠡᠪᠡ᠃ ᠲᠣᠭ᠍ᠲᠠᠮᠠᠯ ᠭᠥᠶᠥᠳᠡᠯᠳᠦ ᠵᠤᠤᠬ᠎ᠠ᠎ᠶ᠋ᠢᠨ ᠤᠷ᠎ᠠ ᠮᠡᠷᠭᠡᠵᠢᠯ ᠎ᠤᠨ ᠥᠭᠡᠷᠡᠴᠢᠯᠡᠯᠲᠡ᠂ ᠪᠤᠬᠢᠷᠳᠤᠯ ᠦᠭᠡᠢ ᠤᠰᠤᠲᠥ᠋ᠷᠥᠭ᠌ᠴᠢ᠎ᠪᠡᠷ ᠬᠠᠢᠯᠤᠭᠤᠯᠬᠤ᠂ ᠪᠤᠬᠢᠷᠳᠤᠯ ᠦᠭᠡᠢ ᠡᠨᠧᠷᠭᠢ᠎ᠪᠡᠷ ᠣᠷᠣᠯᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠲᠡᠶ ᠶᠤᠸᠠᠨ᠂ ᠸᠠᠩ ᠶᠤᠸᠠᠨ ᠵᠡᠷᠭᠡ 23 ᠪᠣᠬᠢᠷᠲᠤᠯ ᠥᠭᠡᠢ ᠲᠡᠮᠥᠷ᠎ᠦᠨ ᠬᠠᠢᠯᠤᠰᠢ᠎ᠶ᠋ᠢᠨ ᠲᠥᠷᠥᠯ ᠵᠦᠢᠯ᠎ᠢ ᠲᠦᠷᠭᠡᠳᠭᠡᠨ ᠪᠥᠳᠥᠭᠡᠨ ᠪᠠᠢᠭᠤᠯᠬᠤ᠎ᠶ᠋ᠢ ᠠᠬᠢᠭᠤᠯᠵᠤ᠂ 276 ᠲᠦᠮᠡᠨ ᠲᠣᠨ ᠦᠢᠯᠡᠳᠪᠦᠷᠢᠯᠡᠬᠦ᠌ ᠴᠢᠳᠠᠪᠤᠷᠢ ᠰᠢᠨ᠎ᠠ ᠪᠡᠷ ᠨᠡᠮᠡᠭᠳᠡᠵᠤ᠂ ᠶᠡᠷᠦᠩᠬᠡᠢ ᠦᠢᠯᠡᠳᠪᠦᠷᠢᠯᠡᠬᠦ᠌ ᠴᠢᠳᠠᠪᠤᠷᠢ 1371 ᠲᠦᠮᠡᠨ ᠲᠣᠨ᠎ᠳᠤ ᠬᠦᠷᠴᠦ᠍᠂ ᠲᠤᠰ ᠲᠤᠰ ᠪᠥᠬᠥ᠌ ᠤᠯᠤᠰ ᠪᠥᠬᠥ᠌ ᠣᠷᠣᠨ᠎ᠤ ᠶᠡᠷᠦᠩᠬᠡᠢ ᠦᠢᠯᠡᠳᠪᠦᠷᠢᠯᠡᠬᠦ᠌ ᠴᠢᠳᠠᠪᠤᠷᠢ᠎ᠶ᠋ᠢᠨ 24% ᠪᠠ 70% ᠵᠢ ᠡᠵᠡᠯᠡᠵᠦ᠍᠂ ᠡᠨᠧᠷᠭᠢ᠎ᠶ᠋ᠢᠨ ᠠᠱᠢᠭ᠍ᠯᠠᠮᠵᠢ᠎ᠶ᠋ᠢᠨ ᠬᠡᠪ ᠳᠠᠭᠤᠷᠢᠶᠠᠯ᠎ᠠᠴᠠ ᠳᠡᠭᠡᠭ᠌ᠰᠢᠬᠢ ᠦᠢᠯᠡᠳᠪᠦᠷᠢᠯᠡᠬᠦ᠌ ᠴᠢᠳᠠᠪᠤᠷᠢ 50% ᠵᠢ ᠳᠠᠪᠠᠵᠤ᠂ ᠪᠥᠬᠥ᠌ ᠤᠯᠤᠰ᠎ᠤᠨ ᠳᠤᠮᠳᠠᠴᠢ ᠬᠢᠷᠢ ᠲᠦᠪᠰᠢᠨ᠎ᠡᠴᠡ ᠲᠠᠪᠠᠵᠠᠢ᠃

ᠪᠤᠳᠤᠬᠤ ᠴᠢᠳᠠᠪᠤᠷᠢ᠎ᠶ᠋ᠢᠨ ᠠᠵᠤ ᠦᠶ᠋ᠯᠡᠰ ᠡᠷᠴᠢᠮᠲᠡᠶ ᠬᠥᠭ᠌ᠵᠢᠵᠤ ᠪᠤᠢ᠃ ᠪᠥᠬᠥ᠌ ᠤᠯᠤᠰ᠎ᠤᠨ ᠪᠣᠬᠢᠷᠲᠤᠯ ᠥᠬᠡᠶ ᠪᠤᠳᠤᠬᠤ ᠴᠢᠳᠠᠪᠤᠷᠢ᠎ᠶ᠋ᠢᠨ ᠥᠨᠳᠥᠷᠯᠢᠭ ᠭᠠᠵᠠᠷ᠂ ᠳ᠋ᠠᠢᠲ᠋ᠠ᠎ᠶ᠋ᠢᠨ ᠠᠵᠤ ᠦᠶ᠋ᠯᠡᠰ ᠲᠥᠪᠯᠡᠷᠡᠭᠰᠡᠨ ᠣᠷᠣᠨ᠂ 《 ᠪᠣᠬᠢᠷᠲᠤᠯ ᠥᠬᠡᠶ ᠪᠤᠳᠤᠬᠤ ᠴᠢᠳᠠᠪᠤᠷᠢ + ᠵᠣᠬᠢᠶᠠᠮᠠᠯ ᠣᠶᠤᠨ ᠴᠢᠳᠠᠪᠤᠷᠢ》ᠶ᠋ᠢᠨ ᠬᠡᠷᠡᠭ᠌ᠯᠡᠭᠡᠨ᠎ᠦ ᠰᠠᠭᠤᠷᠢᠨ᠎ᠢ ᠲᠦᠷᠭᠡᠳᠭᠡᠨ ᠪᠠᠢᠭᠤᠯᠵᠤ᠂ ᠪᠥᠬᠥ᠌ ᠤᠯᠤᠰ᠎ᠤᠨ ᠠᠩᠬᠠᠳᠠᠭ᠍ᠴᠢ ᠳ᠋ᠠᠢᠲ᠋ᠠ ᠵᠢᠨ ᠲᠥᠪ ᠪᠣᠬᠢᠷᠲᠤᠯ ᠥᠬᠡᠶ ᠴᠠᠬᠢᠯᠭᠠᠨ ᠲᠠᠢ ᠱᠢᠭᠤᠳ ᠬᠣᠯᠪᠣᠯᠳᠤᠭᠰᠠᠨ ᠡᠨᠧᠷᠬᠢ ᠲᠤᠤᠷ ᠳᠠᠭᠠᠭᠠᠴᠠ ᠨᠥᠭᠡᠴᠡ᠎ᠶ᠋ᠢ ᠨᠢᠭᠡ ᠴᠣᠭ᠍ᠴᠠᠵᠢᠭᠤᠯᠬᠤ ᠲᠥᠷᠥᠯ ᠵᠦᠢᠯ᠎ᠢ ᠲᠤᠤᠷ ᠨᠡᠢᠯᠡᠭᠦᠯᠦᠨ ᠠᠱᠢᠭ᠍ᠯᠠᠯᠲᠠ᠎ᠳᠤ ᠣᠷᠣᠭᠤᠯᠵᠤ᠂ ᠤᠯᠤᠰ᠎ᠤᠨ 《 ᠪᠤᠳᠤᠬᠤ ᠴᠢᠳᠠᠪᠤᠷᠢ ᠴᠠᠬᠢᠯᠭᠠᠨ ᠬᠦᠴᠦᠨ᠎ᠦ ᠬᠠᠮᠵᠢᠯᠴᠠᠭᠠᠨ᠎ᠤ ᠨᠡᠢᠲᠡᠯᠢᠭ ᠵᠢᠱ᠌ᠢᠶ᠎ᠡ》 ᠪᠠᠷ ᠦᠨᠡᠯᠡᠭ᠌ᠳᠡᠪᠡ᠃ ᠪᠡᠭᠡᠵᠢᠩ ᠣᠷᠣᠨ᠎ᠤ ᠪᠤᠳᠤᠯᠭ᠎ᠠ ᠵᠢᠨ ᠠᠵᠢᠯ᠎ᠢ 6.1 ᠲᠦᠮᠡᠨ P ᠬᠦᠯᠢᠶᠡᠨ ᠠᠪᠴᠤ᠌᠂ DeepSeek᠂ ᠪᠠᠶ ᠳ᠋ᠦ᠋ ᠵᠡᠷᠭᠡ ᠨᠡᠷᠡᠲᠡᠢ ᠠᠵᠤ ᠠᠬᠤᠢᠯᠠᠯ᠎ᠤᠨ AI ᠶᠡᠬᠡ ᠵᠠᠭ᠍ᠪᠤᠷ᠎ᠤᠨ ᠪᠣᠯᠪᠠᠰᠤᠷᠠᠯ᠎ᠳᠤ ᠱᠢᠭᠤᠳ ᠦᠢᠯᠡᠴᠢᠯᠡᠵᠤ ᠪᠤᠢ᠃ ᠪᠤᠳᠤᠬᠤ ᠴᠢᠳᠠᠪᠤᠷᠢ᠎ᠶ᠋ᠢᠨ ᠬᠡᠪᠴᠢᠶ᠎ᠡ ᠡᠷᠴᠢᠮᠲᠡᠶ ᠨᠡᠮᠡᠭ᠌ᠳᠡᠵᠦ᠍᠂ ᠵᠢᠯ᠎ᠦᠨ ᠰᠡᠭᠦᠯᠴᠢ ᠪᠤᠯᠳᠠᠯ᠎ᠠ ᠪᠤᠳᠤᠬᠤ ᠴᠢᠳᠠᠪᠤᠷᠢ᠎ᠶ᠋ᠢᠨ ᠬᠡᠪᠴᠢᠶ᠎ᠡ ᠨᠢ 12 ᠲᠦᠮᠡᠨ P ᠵᠢ ᠳᠠᠪᠠᠵᠤ᠂ ᠣᠶᠤᠨᠳᠤ ᠪᠣᠳᠣᠯᠭ᠎ᠠ᠎ᠶ᠋ᠢᠨ ᠡᠵᠡᠯᠡᠬᠦ᠌ ᠬᠠᠷᠢᠴᠠᠯ ᠨᠢ 90% ᠵᠢ ᠳᠠᠪᠠᠵᠤ᠂ ᠪᠥᠬᠥ᠌ ᠤᠯᠤᠰ᠎ᠤᠨ ᠪᠤᠳᠤᠬᠤ ᠴᠢᠳᠠᠪᠤᠷᠢ᠎ᠶ᠋ᠢᠨ ᠬᠦᠶ᠋ᠰᠦ᠂ ᠰᠦᠷᠦᠭᠵᠢᠯ᠎ᠤᠨ ᠳᠤᠮᠳᠠ ᠲᠡᠷᠢᠭᠦᠨ᠎ᠳᠦ ᠣᠷᠣᠵᠤ ᠪᠤᠢ᠃

ᠱᠢᠨ᠎ᠡ ᠮᠠᠲ᠋ᠧᠷᠢᠶᠠᠯ᠎ᠤᠨ ᠠᠵᠤ ᠦᠢᠯᠡᠰ ᠯᠠᠪᠳᠠᠭᠤᠨ᠎ᠢᠶᠠᠷ ᠠᠬᠢᠪᠠ᠃ ᠲᠡᠭᠡᠳᠤ ᠲᠡᠰ᠎ᠤᠨ ᠹᠯᠣᠷᠲᠤ ᠱᠢᠨ᠎ᠡ ᠮᠠᠲ᠋ᠧᠷᠢᠶᠠᠯ᠎ᠤᠨ ᠭᠠᠷᠤᠯᠲᠠ᠂ ᠦᠢᠯᠡᠳᠬᠦᠨ᠎ᠦ ᠥᠷᠲᠡᠭ᠎ᠦᠨ ᠪᠦᠬᠦ᠌ ᠬᠣᠲᠠ᠎ᠶ᠋ᠢᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠢᠯᠡᠰ᠎ᠲᠦ ᠡᠵᠡᠯᠡᠬᠦ᠌ ᠬᠤᠪᠢ᠎ᠶ᠋ᠢᠨ ᠵᠢᠩ᠎ᠨᠢ ᠳᠡᠭᠡᠭ᠌ᠰᠢᠯᠡᠭᠡᠳ 12.9% ᠪᠠ 29.5% ᠪᠣᠯᠪᠠ᠃ ᠪᠢᠯᠢᠭ ᠲᠤᠢᠯ᠎ᠤᠨ ᠮᠠᠲ᠋ᠧᠷᠢᠶᠠᠯ᠎ᠤᠨ ᠶᠡᠷᠦᠩᠬᠡᠶ ᠦᠶ᠋ᠯᠡᠳᠪᠦᠷᠢᠯᠡᠬᠦ᠌ ᠴᠢᠳᠠᠪᠤᠷᠢ 67 ᠲᠦᠮᠡᠨ ᠲᠣᠨ᠎ᠳᠤ ᠬᠦᠷᠴᠦ᠍᠂ ᠪᠥᠬᠥ᠌ ᠣᠷᠣᠨ᠎ᠤ 84%᠂ ᠪᠥᠬᠥ᠌ ᠤᠯᠤᠰ᠎ᠤᠨ 17%᠎ᠶ᠋ᠢ ᠡᠵᠡᠯᠡᠪᠡ᠃ ᠨᠠᠨ ᠳ᠋ᠠ ᠭᠤᠸᠡᠩ ᠳ᠋ᠢᠶᠠᠨ᠎ᠤ ᠭᠣᠣᠯᠯᠠᠬᠤ ᠦᠢᠯᠡᠳᠬᠦᠨ ᠭᠤᠷᠪᠠᠨ ᠹᠯᠣᠷᠲᠤ ᠠᠽᠣᠲ᠎ᠤᠨ ᠵᠠᠬ᠎ᠠ ᠳᠡᠯᠭᠡᠭᠦᠷ᠎ᠦᠨ ᠡᠵᠡᠯᠡᠬᠦ᠌ ᠬᠤᠪᠢ ᠵᠢᠨ ᠵᠢᠡᠭ ᠪᠦᠬᠦ᠌ ᠤᠯᠤᠰ᠎ᠤᠨ ᠡᠮᠦᠨ᠎ᠡ ᠭᠤᠷᠪᠠ᠎ᠳᠤ ᠣᠷᠣᠪᠠ᠃ ᠴᠤᠯᠤ ᠴᠡᠪᠡᠷ ᠬᠦᠡᠭᠭᠡᠨᠴᠠᠭᠠᠨ ᠢᠯᠳᠡᠰᠤ ᠦᠢᠯᠡᠳᠪᠦᠷᠢᠯᠡᠬᠦ ᠴᠢᠳᠠᠪᠤᠷᠢ ᠪᠦᠬᠦ᠌ ᠣᠷᠣᠨ᠎ᠤ 90% ᠵᠢ ᠡᠵᠡᠯᠡᠵᠦ᠍᠂ ᠪᠦᠬᠦ᠌ ᠤᠯᠤᠰ᠎ᠤᠨ 24% ᠵᠢ ᠡᠵᠡᠯᠡᠬᠦ ᠪᠤᠯᠵᠠᠢ᠃ ᠼᠤᠤ ᠰᠧ ᠶᠣᠣ ᠵᠢᠨ ᠮᠤᠯᠢᠪᠳᠧᠨ᠎ᠤ ᠠᠭᠤᠷᠬᠠᠶ᠎ᠶ᠋ᠢᠨ ᠲᠥᠷᠥᠯ ᠵᠦᠶ᠋ᠯ᠎ᠦᠨ ᠡᠯ᠎ᠡ ᠵᠦᠶ᠋ᠯ᠎ᠦᠨ ᠭᠠᠷ ᠬᠦᠢᠴᠡᠳᠭᠡᠯ ᠵᠢᠴᠢ ᠡᠮᠦᠨᠡᠬᠢ ᠬᠤᠭᠤᠴᠠᠭᠠᠨ᠎ᠤ ᠠᠵᠢᠯ ᠱᠠᠲᠤᠴᠢ ᠴᠢᠨᠠᠷᠲᠠᠶ ᠦᠷ᠎ᠡ ᠪᠦᠲᠦᠭᠡᠯ ᠣᠯᠵᠤ᠂ ᠬᠠᠢᠨ ᠲᠤᠳᠤᠯᠠᠭᠰᠡᠨ ᠮᠠᠯᠲᠠᠵᠤ ᠰᠣᠩᠭᠣᠬᠤ ᠬᠡᠪᠴᠢᠶ᠎ᠡ᠎ᠨᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠡᠬᠢ ᠪᠠᠶᠠᠯᠢᠭ᠎ᠤᠨ ᠦᠨ᠎ᠡ ᠦᠷᠳᠡᠭ ᠤ᠋ᠨ ᠠᠱᠢᠭ ᠢ᠋ 22 ᠳ᠋ᠦᠩᠱᠢᠭᠤᠷ ᠲᠥᠭᠥᠷᠢᠭ ᠪᠡᠶᠡᠯᠡᠭᠦᠯᠪᠡ᠃

ᠲᠥᠮᠥᠰᠥᠨ᠎ᠦ ᠠᠵᠤ ᠦᠶ᠋ᠯᠡᠰ᠎ᠦᠨ ᠶᠠᠰᠤ ᠴᠢᠨᠠᠷ ᠦᠷ᠎ᠡ ᠠᠱᠢᠭ ᠵᠡᠷᠭᠡ᠎ᠪᠡᠷ ᠳᠡᠭᠡᠭ᠌ᠰᠢᠯᠡᠪᠡ᠃ ᠱᠢᠰᠲ᠋ᠧᠮᠵᠢᠭᠦᠯᠦᠨ ᠰᠢᠯᠢᠳᠡᠭ ᠡᠭᠦᠯᠳᠡᠷ ᠪᠤᠢᠵᠢᠭᠤᠯᠬᠤ᠂ ᠪᠠᠷᠢᠮᠵᠢᠶᠠᠵᠢᠭᠤᠯᠤᠨ ᠲᠠᠷᠢᠬᠤ᠂ ᠨᠠᠷᠢᠯᠢᠭ ᠭᠦᠨᠵᠡᠭᠡᠢ ᠡᠳ᠋ᠱᠢᠭᠦᠯᠬᠦ᠂ ᠲᠦᠷᠦᠯ ᠲᠡᠮᠳᠡᠭ᠌ᠵᠢᠭᠦᠯᠦᠨ ᠡᠵᠡᠩᠨᠡᠨ ᠪᠣᠷᠣᠯᠠᠭᠤᠯᠬᠤ ᠵᠡᠷᠭᠡ ᠳᠥᠷᠪᠡᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ 《ᠮᠸᠡᠭ ᠡᠤ᠌ ᠲᠥᠮᠥᠰᠥ᠎ᠶ᠋ᠢᠨ ᠱᠢᠷᠢᠰ》 64 ᠥᠪᠡᠷ ᠤ᠋ᠨ ᠦᠮᠴᠢᠯᠠᠯ ᠤ᠋ᠨ ᠡᠷᠬᠡ ᠲᠠᠢ ᠡᠭᠦᠯᠳᠡᠷ ᠢ᠋ ᠰᠣᠩᠭᠣᠨ ᠪᠣᠢᠵᠢᠭᠤᠯᠵᠤ᠂ ᠵᠢᠵᠢᠭ ᠬᠡᠯᠪᠡᠷᠢ᠎ᠶ᠋ᠢᠨ ᠲᠥᠮᠥᠰᠥ᠎ᠶ᠋ᠢᠨ ᠵᠢᠯ᠎ᠦᠨ ᠦᠢᠯᠡᠳᠪᠦᠷᠢᠯᠡᠬᠦ᠌ ᠴᠢᠳᠠᠪᠤᠷᠢ ᠨᠢ 20 ᠳ᠋ᠦᠩᠱᠢᠭᠤᠷ ᠮᠦᠬᠦᠯᠢᠭ ᠎ᠲᠦ ᠬᠦᠷᠴᠤ᠂ ᠵᠢᠯ ᠤ᠋ᠨ ᠲᠦᠮᠦᠰᠤ ᠡᠳ᠋ᠰᠢᠭᠦᠯᠬᠦ ᠴᠢᠳᠠᠪᠤᠷᠢ 100 ᠲᠦᠮᠡᠨ ᠲᠣᠨ᠎ᠳᠤ ᠬᠦᠷᠴᠠᠢ᠃ ᠨᠣᠬᠠᠶ᠎ᠶ᠋ᠢᠨ ᠬᠣᠱᠢᠭᠤ᠂ ᠬᠦᠢᠲᠡᠨ ᠰᠡᠷᠢᠭᠦᠨ ᠢᠳᠡᠱᠢᠨ ᠨᠣᠭᠣᠭ᠎ᠠ᠂ ᠮᠢᠬᠠᠨ ᠦᠬᠡᠷ ᠬᠣᠨᠢ ᠵᠡᠷᠭᠡ ᠲᠠᠷᠢᠶᠠᠯᠠᠩ ᠮᠠᠯ ᠠᠵᠤ ᠠᠬᠤᠢ᠎ᠶ᠋ᠢᠨ ᠳᠠᠪᠠᠭᠤᠯᠢᠭ ᠭᠣᠣᠯᠯᠠᠬᠤ ᠠᠵᠤ ᠦᠢᠯᠡᠰ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠤ ᠪᠤᠳᠠᠭ᠎ᠠ ᠭᠤᠷᠪᠠᠨ ᠵᠢᠯ ᠳᠠᠷᠠᠭᠠᠯᠠᠨ ᠲᠠᠷᠢᠬᠤ ᠲᠠᠯᠠᠪᠠᠢ᠂ ᠶᠡᠷᠦᠩᠬᠡᠢ ᠤᠨᠠᠯᠲᠠ᠂ ᠲᠠᠯᠠᠪᠠᠢ ᠨᠢᠭᠡᠴᠢ᠎ᠶ᠋ᠢᠨ ᠤᠨᠠᠯᠲᠠ《ᠭᠤᠷᠪᠠ᠎ᠶ᠋ᠢ ᠨᠡᠮᠡᠭ᠌ᠳᠡᠭᠦᠯᠬᠦ᠌ 》 ᠶ᠋ᠢ ᠪᠡᠶᠡᠯᠡᠭᠦᠯᠪᠡ; ᠮᠢᠬᠠᠨ ᠦᠬᠡᠷ᠂ ᠮᠢᠬᠠᠨ ᠬᠣᠨᠢ ᠲᠣᠭ᠍ᠲᠠᠭᠤᠨ᠎ᠢᠶᠠᠷ ᠨᠡᠮᠡᠭ᠌ᠳᠡᠪᠡ᠃ 《 ᠳ᠋ᠦ᠋ ᠮᠸᠡᠭ ᠬᠤᠨᠢᠨ ᠤ᠋ ᠱᠢᠨ᠎ᠡ ᠡᠭᠦᠯᠳᠡᠷ᠎ᠢ ᠪᠣᠢᠵᠢᠭᠤᠯᠬᠤ ᠪᠠ ᠪᠣᠢᠵᠢᠭᠤᠯᠤᠨ ᠳᠡᠯᠭᠡᠷᠡᠭᠦᠯᠬᠦ᠌ ᠮᠡᠷᠭᠡᠵᠢᠯ᠎ᠦᠨ ᠱᠢᠰᠲ᠋ᠧᠮ ᠤ᠋ᠨ ᠡᠭᠦᠳᠦᠨ ᠪᠠᠢᠭᠤᠯᠤᠯᠳᠠ ᠪᠠ ᠬᠡᠷᠡᠭ᠌ᠯᠡᠯᠲᠡ》 ᠨᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠨᠢᠭᠡᠳᠦᠭᠡᠷ ᠳᠡᠰ᠎ᠤᠨ ᠱᠠᠩᠨᠠᠯ᠎ᠢ ᠭᠥᠷᠳᠡᠵᠦ᠍᠂ ᠨᠢᠭᠡᠳᠦᠭᠡᠷ ᠳᠡᠰ᠎ᠤᠨ ᠱᠠᠩᠨᠠᠯ ᠤ᠋ᠨ ᠬᠤᠭᠤᠰᠤᠨ ᠢ᠋ ᠨᠦᠭᠦᠪᠦᠷᠢᠯᠡᠪᠡ᠃ ᠤᠯᠠᠭᠠᠨᠴᠠᠪ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠲᠦᠷᠦᠯ ᠲᠡᠮᠳᠡᠭ᠎ᠦᠨ ᠥᠷᠲᠡᠭ 487 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 175.3% ᠨᠡᠮᠡᠭ᠌ᠳᠡᠪᠡ᠃

ᠰᠣᠶᠣᠯ ᠵᠢᠭᠤᠯᠴᠢᠯᠠᠯ᠎ᠤᠨ ᠠᠵᠤ ᠦᠶ᠋ᠯᠡᠰ ᠠᠭᠤᠰᠤᠯᠴᠠᠨ ᠬᠥᠭ᠌ᠵᠢᠪᠠ᠃ 《 ᠲᠠᠯ᠎ᠠ ᠨᠤᠲᠤᠭ ᠵᠢᠡᠷ ᠵᠢᠭᠤᠯᠴᠢᠯᠠᠬᠤ 》 ᠨᠠᠭᠠᠳᠤᠮ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠤᠨ ᠥᠷᠨᠢᠭᠦᠯᠵᠦ᠍᠂ ᠤᠯᠠᠭᠠᠨᠴᠠᠪ᠎ᠤᠨ ᠦᠳᠡᠰᠢ᠂ ᠤᠯᠠᠭᠠᠨᠬᠠᠳᠠ᠎ᠶ᠋ᠢᠨ ᠭᠠᠯᠲᠤ ᠠᠭᠤᠯᠠ ᠵᠡᠷᠭᠡ ᠦᠵᠡᠮᠵᠢ᠎ᠶ᠋ᠢᠨ ᠣᠷᠣᠨ᠎ᠤ ᠳᠡᠰ ᠳᠡᠪᠱᠢᠬᠦ᠌᠎ᠶ᠋ᠢ ᠠᠬᠢᠭᠤᠯᠵᠠᠢ᠃ 《2025 ᠤᠨ ᠤ᠋ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠬᠦᠯ ᠪᠦᠮᠪᠦᠭᠡ ᠵᠢᠨ ᠬᠡᠳᠤ ᠲᠡᠰ ᠤ᠋ᠨ ᠬᠤᠯᠪᠤᠭᠠᠳᠤ ᠤᠷᠤᠯᠳᠤᠭᠠᠨ》᠂ 《ᠰᠢᠡᠭ ᠲᠠᠢ ᠪᠦᠯᠦᠭᠯᠡᠯ· 2025 ᠤᠨ ᠤ᠋ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠡᠷᠡᠭᠲᠠᠢ ᠵᠢᠨ ᠰᠠᠭᠰᠤᠨ ᠪᠦᠮᠪᠦᠭᠡ ᠵᠢᠨ ᠬᠤᠯᠪᠤᠭᠠᠳᠤ ᠤᠷᠤᠯᠳᠤᠭᠠᠨ》᠂ 《ᠮᠣᠩᠭᠣᠯ ᠮᠣᠷᠢᠨ᠎ᠤ ᠬᠡᠲᠦ ᠲᠡᠰ ᠤ᠋ᠨ ᠬᠣᠯᠪᠣᠭᠠᠲᠤ ᠤᠷᠤᠯᠳᠤᠭᠠᠨ》 ᠵᠡᠷᠭᠡ ᠤᠷᠤᠯᠳᠤᠭᠠᠨ᠎ᠢ ᠢᠳᠡᠪᠬᠢᠲᠡᠢ ᠳᠠᠭᠠᠭᠠᠴᠢᠯᠠᠨ ᠡᠷᠬᠢᠯᠡᠵᠦ᠍᠂ ᠤᠷᠤᠯᠳᠤᠭᠠᠨ᠎ᠤ ᠠᠵᠤ ᠠᠬᠤᠢ᠎ᠶ᠋ᠢ ᠴᠡᠴᠡᠭ᠌ᠯᠡᠭᠦᠯᠦᠨ ᠬᠥᠭ᠌ᠵᠢᠭᠦᠯᠵᠠᠢ᠃ ᠵᠢᠯ ᠤ᠋ᠨ ᠡᠬᠢᠨ ᠡᠴᠡ ᠨᠠᠭᠠᠰᠢ ᠲᠤᠰ ᠬᠣᠲᠠ ᠨᠡᠢᠲᠡ 2322 ᠲᠦᠮᠡᠨ ᠵᠢᠭᠤᠯᠴᠢᠯᠠᠭᠰᠡᠳ᠎ᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠡᠴᠡ 13.6%᠎ᠪᠠᠷ ᠨᠡᠮᠡᠭ᠌ᠳᠡᠵᠦ᠍᠂ ᠵᠢᠭᠤᠯᠴᠢᠯᠠᠬᠰᠠᠳ᠎ᠤᠨ ᠶᠡᠷᠦᠩᠬᠡᠶ ᠵᠠᠷᠤᠯᠭ᠎ᠠ 275.8 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 11.8% ᠎ᠪᠠᠷ ᠨᠡᠮᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号