ᠤᠢᠷ᠎ᠠ ᠵᠢᠨ ᠡᠳᠦᠷ᠂ ᠥᠪᠥᠷ ᠮᠣᠩᠭᠣᠯ᠎ᠤᠨ ᠬᠣᠥᠯᠢᠨ ᠭᠣᠣᠯ ᠬᠣᠲᠠ᠎ᠳᠤ ᠪᠠᠢᠭ᠎ᠠ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠳᠠᠭᠠᠭᠤᠯᠤᠬᠴᠢ ᠠᠵᠤ ᠠᠬᠤᠢᠯᠠᠯ ︱ ᠴᠤᠧᠠᠩ ᠰᠢᠨ ᠠᠵᠤ ᠦᠢᠯᠡᠰ᠎ᠦᠨ ᠪᠦᠯᠦᠭᠯᠡᠯ᠎ᠦᠨ ᠬᠢᠵᠠᠭᠠᠷᠲᠤ ᠺᠣᠮᠫᠠᠨᠢ (ᠬᠤᠪᠢ ᠣᠷᠣᠭᠤᠯᠤᠯᠲᠠ᠎ᠶᠢᠨ ᠣᠷᠣᠯᠠᠬᠤ ᠳ᠋ᠤᠭᠠᠷ᠄ 02788.HK᠂ ᠳᠣᠷᠣᠭ᠍ᠰᠢ 《ᠰᠢᠨ᠎ᠡ᠎ᠶᠢ ᠡᠭᠦᠳᠬᠦ ᠠᠵᠤ ᠦᠢᠯᠡᠰ》 ᠭᠡᠵᠦ ᠲᠣᠪᠴᠢᠯᠠᠨ᠎ᠠ) ᠰᠢᠶᠠᠩᠭᠠᠩ᠎ᠤᠨ ᠰᠲ᠋ᠤᠺ᠎ᠤᠨ ᠠᠷᠠᠯᠵᠢᠶᠠᠨ᠎ᠤ ᠭᠠᠵᠠᠷᠲᠦ᠍ ᠫᠠᠢᠰᠠ ᠡᠯᠭᠦᠨ ᠰᠲ᠋ᠤᠺ ᠵᠢᠡᠨ ᠵᠠᠬ᠎ᠠ ᠳᠦ ᠭᠠᠷᠭᠠᠪᠠ᠃ ᠡᠨᠡ ᠨᠢ ᠲᠣᠰ ᠺᠣᠮᠫᠠᠨᠢ ᠵᠢᠩᠬᠢᠨᠢ᠎ᠪᠡᠷ ᠣᠯᠠᠨ ᠤᠯᠤᠰ᠎ᠤᠨ ᠬᠥᠷᠥᠩᠭᠡ᠎ᠶᠢᠨ ᠵᠠᠬ᠎ᠠ ᠳᠡᠯᠭᠡᠭᠦᠷ᠎ᠲᠦ ᠣᠷᠣᠵᠤ᠂ ᠰᠢᠨ᠎ᠡ ᠬᠥᠭᠵᠢᠯᠲᠡ᠎ᠶᠢᠨ ᠱᠠᠲᠤ ᠦᠶ᠎ᠡ᠎ᠪᠡᠨ ᠤᠭᠲᠤᠭᠰᠠᠨᠢ ᠬᠠᠷᠠᠭᠤᠯᠵᠤ ᠪᠠᠢᠨ᠎ᠠ᠃
ᠳᠤᠮᠳᠠᠳᠤ ᠤᠯᠤᠰ᠎ᠤᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠠᠵᠢᠯ ᠲᠥᠷᠥᠯ᠎ᠦᠨ ᠭᠠᠳᠠᠭᠠᠳᠤ ᠳ᠋ᠤ ᠭᠠᠷᠭᠠᠬᠤ ᠠᠵᠤ ᠠᠬᠤᠢᠯᠠᠯ᠎ᠤᠨ ᠳᠠᠭᠠᠭᠤᠯᠤᠭ᠍ᠴᠢ ᠠᠵᠤ ᠠᠬᠤᠢᠯᠠᠯ ᠪᠣᠯᠤᠭᠰᠠᠨ᠎ᠤ ᠬᠤᠪᠢ᠎ᠳᠤ ᠴᠤᠧᠠᠩ ᠰᠢᠨ ᠠᠵᠤ ᠦᠢᠯᠡᠰ ᠵᠠᠬ᠎ᠠ ᠳᠡᠯᠭᠡᠭᠦᠷ᠎ᠲᠦ ᠭᠠᠷᠤᠮᠠᠬᠴᠠ ᠵᠠᠬ᠎ᠠ ᠳᠡᠯᠭᠡᠭᠥᠷ᠎ᠤᠨ ᠠᠩᠬᠠᠷᠤᠯ᠎ᠢ ᠬᠥᠴᠥᠳᠠᠢ ᠳᠠᠳᠠᠪᠠ᠃ ᠥᠨᠡᠳᠥ ᠳᠡᠮᠳᠡᠭᠳᠥ ᠵᠢᠨ ᠠᠷᠠᠯᠵᠢᠶᠠᠨ᠎ᠤ ᠭᠠᠵᠠᠷ᠎ᠤᠨ ᠺᠤᠮᠫᠠᠨᠢ ᠵᠢᠨ ᠲᠣᠭ᠎ᠠ ᠪᠠᠷᠢᠮᠲᠠ ᠡᠴᠡ ᠥᠵᠡᠪᠡᠯ᠂ ᠠᠵᠤ ᠠᠬᠤᠢᠯᠠᠯ ᠠᠩᠬ᠎ᠠ ᠤᠳᠠᠭ᠎ᠠ ᠢᠯᠡ᠎ᠪᠡᠷ ᠰᠲ᠋ᠣᠺ ᠵᠢᠨᠨ ᠲᠠᠷᠬᠠᠭᠠᠵᠤ ᠣᠯᠠᠨ ᠤᠯᠤᠰ᠎ᠲᠤ ᠲᠦᠭᠡᠭᠡᠨ ᠬᠤᠳᠠᠯᠳᠤᠭᠠᠳ 40 ᠭᠠᠷᠤᠢ ᠳᠠᠬᠢᠨ᠎ᠢᠶᠠᠷ ᠬᠤᠳᠠᠯᠳᠤᠨ ᠭᠠᠷᠭᠠᠬᠤ ᠵᠢ ᠪᠡᠶᠡᠯᠡᠭᠥᠯᠵᠤ᠂ 300 ᠭᠠᠷᠤᠢ ᠳᠡᠯᠡᠬᠡᠢ᠎ᠶᠢᠨ ᠲᠡᠷᠢᠭᠦᠨ ᠲᠠᠰ᠎ᠤᠨ ᠪᠠᠢᠭᠤᠯᠤᠮᠵᠢ ᠢᠳᠡᠪᠬᠢᠳᠠᠢ ᠵᠠᠬᠢᠶᠠᠯᠠᠨ᠂ ᠡᠷᠬᠡ ᠮᠡᠳᠡᠯᠳᠥ ᠰᠠᠭᠤᠷᠢ ᠮᠥᠩᠭᠥ᠂ ᠲᠡᠷᠢᠭᠦᠨ ᠲᠠᠰ᠎ᠤᠨ ᠣᠯᠠᠨ ᠤᠯᠤᠰ᠎ᠤᠨ ᠤᠷᠳᠤ ᠬᠤᠭᠤᠴᠠᠭᠠᠨ᠎ᠤ ᠪᠡᠯᠡ ᠮᠥᠩᠬᠥ᠂ ᠳᠤᠮᠳᠠᠳᠤ᠎ᠶᠢᠨ ᠬᠥᠷᠥᠩᠭᠡ ᠵᠢᠨ ᠣᠷᠳᠣ᠌ ᠬᠤᠭᠤᠴᠠᠭᠠᠨ᠎ᠤ ᠪᠡᠯᠡ ᠮᠥᠩᠬᠥ ᠵᠡᠷᠭᠡ᠎ᠶᠢ ᠪᠠᠭᠲᠠᠭᠠᠭᠰᠠᠨ ᠣᠯᠠᠨ ᠪᠠᠢᠭᠤᠯᠤᠮᠵᠢ ᠢᠳᠡᠪᠬᠢᠲᠡᠢ᠎ᠪᠡᠷ ᠵᠠᠬᠢᠶᠠᠯᠠᠨ ᠤᠷᠤᠯᠴᠠᠵᠠᠢ᠃ ᠰᠢᠶᠠᠩᠭᠠᠩ᠎ᠤᠨ ᠢᠯᠡ᠎ᠪᠡᠷ ᠬᠤᠳᠠᠯᠳᠤᠭᠰᠠᠨ ᠲᠣᠭ᠎ᠠ ᠬᠡᠮᠵᠢᠶ᠎ᠡ 450 ᠲᠠᠬᠢᠨ ᠰᠢᠬᠠᠮ ᠳᠠᠪᠠᠯᠲᠠ ᠵᠢ ᠪᠡᠶᠡᠯᠡᠭᠥᠯᠵᠤ᠂ ᠵᠠᠬ᠎ᠠ ᠳᠡᠯᠭᠡᠭᠦᠷ᠎ᠦᠨ ᠣᠷᠤᠯᠴᠠᠯᠭ᠎ᠠ ᠶᠡᠬᠡ ᠬᠥᠭᠵᠢᠶᠡᠨ᠎ᠲᠠᠢ ᠪᠤᠯᠤᠬᠰᠠᠨ ᠪᠠᠢᠨ᠎ᠠ᠃ ᠡᠭᠦᠨ᠎ᠦ ᠬᠠᠮᠲᠤ ᠴᠤᠧᠠᠩ ᠰᠢᠨ ᠠᠵᠤ ᠦᠢᠯᠡᠰ᠎ᠦᠨ ᠠᠩᠬ᠎ᠠ ᠤᠳᠠᠭ᠎ᠠ ᠢᠯᠡ᠎ᠪᠡᠷ ᠲᠠᠷᠬᠠᠭᠠᠭᠰᠠᠨ ᠰᠲ᠋ᠣᠺ ᠨᠢ ᠭᠣᠸ᠋ ᠯᠢᠩ᠂ ᠳᠤᠮᠳᠠᠳᠤ ᠤᠯᠤᠰ᠎ᠤᠨ ᠬᠣᠩ ᠴᠢᠶᠣᠤ᠂ ᠲᠠᠢ ᠺᠠᠩ ᠠᠮᠢ ᠨᠠᠰᠥᠨ᠎ᠤ ᠳᠠᠭᠠᠳᠬᠠᠯ᠂ ᠵᠢᠩ ᠯᠢᠨ᠂ ᠧᠦ ᠯᠢ ᠱᠢ᠂ ᠲᠠᠢ ᠪᠦᠦ᠂ ᠭᠤᠧᠠᠩ ᠹᠠ᠂ ᠹᠦ ᠭᠦᠸᠧ ᠵᠡᠷᠭᠡ᠎ᠶᠢ ᠪᠠᠭᠲᠠᠭᠠᠭᠰᠠᠨ 17 ᠨᠠᠷᠠᠲᠥ ᠪᠠᠢᠯᠳᠤᠬᠤ ᠪᠤᠳᠤᠯᠭ᠎ᠠ ᠵᠢᠨ ᠪᠡᠯᠡ ᠣᠷᠣᠭᠤᠯᠤᠭ᠍ᠴᠢ᠎ᠶᠢ ᠠᠮᠵᠢᠯᠲᠠ᠎ᠲᠠᠢ᠎ᠪᠠᠷ ᠣᠷᠣᠭᠤᠯᠤᠨ ᠠᠪᠴᠢᠷᠠᠵᠤ᠂ ᠬᠤᠳᠠᠯᠳᠤᠨ ᠠᠪᠤᠭᠰᠠᠨ ᠵᠣᠭᠣᠰ᠎ᠤᠨ ᠲᠣᠭ᠎ᠠ ᠨᠢ ᠪᠠᠷᠤᠭ 3.51 ᠳ᠋ᠦᠩᠰᠢᠭᠤᠷ ᠳ᠋ᠣᠯᠯᠠᠷ᠎ᠲᠤ ᠬᠦᠷᠴᠦ᠂ ᠪᠠᠢᠭᠤᠯᠤᠮᠵᠢ᠎ᠶᠢᠨ ᠪᠡᠯᠡ ᠣᠷᠣᠭᠤᠯᠤᠭ᠍ᠴᠢ᠎ᠶᠢᠨ ᠲᠣᠰ ᠺᠣᠮᠫᠠᠨᠢ᠎ᠶᠢᠨ ᠬᠥᠭᠵᠢᠯᠲᠡ᠎ᠶᠢᠨ ᠢᠷᠡᠭᠡᠳᠦᠢ ᠳ᠋ᠤ ᠢᠲᠡᠭᠡᠯ ᠲᠠᠢ ᠪᠠᠢᠬᠤ ᠵᠢ ᠬᠠᠷᠠᠭᠤᠯᠵᠠᠢ᠃
ᠣᠢᠯᠠᠭᠠᠭᠰᠠᠨ᠎ᠢᠶᠠᠷ᠂ ᠴᠤᠧᠠᠩ ᠰᠢᠨ ᠠᠵᠤ ᠦᠢᠯᠡᠰ᠎ᠢ ᠱᠠᠨᠳᠦ᠋ᠩ᠎ᠦᠨ ᠴᠤᠧᠠᠩ ᠰᠢᠨ ᠪᠦᠯᠦᠭᠯᠡᠯ 2012 ᠣᠨ᠎ᠳᠤ ᠬᠣᠥᠯᠢᠨ ᠭᠣᠣᠯ ᠬᠣᠲᠠ᠎ᠳᠤ ᠪᠠᠢᠭᠤᠯᠵᠤ᠂ ᠣᠲᠣ᠌ ᠨᠢᠭᠡᠨᠲᠡ ᠥᠪᠥᠷ ᠮᠣᠩᠭᠣᠯ᠎ᠤᠨ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠤᠨ ᠵᠠᠭᠤᠨ ᠬᠦᠴᠦᠷᠬᠡᠭ ᠪᠠ ᠦᠢᠯᠡᠳᠬᠦ ᠦᠢᠯᠡᠰ᠎ᠦᠨ ᠲᠠᠪᠢᠨ ᠬᠦᠴᠦᠷᠬᠡᠭ ᠠᠵᠤ ᠠᠬᠤᠢᠯᠠᠯ ᠳ᠋ᠤ ᠵᠢᠬᠰᠠᠭᠠᠬᠳᠠᠪᠠ᠃ ᠣᠯᠠᠨ ᠵᠢᠯ᠎ᠦᠨ ᠲᠤᠷᠰᠢ᠂ ᠠᠵᠤ ᠠᠬᠤᠢᠯᠠᠯ᠎ᠤᠨ ᠬᠢᠨ 《ᠰᠠᠯᠬᠢᠨ ᠬᠥᠴᠥᠨ᠎ᠤ ᠴᠡᠬᠢᠯᠭᠠᠨ ︱ ᠬᠡᠷᠡᠯᠴᠢ ᠴᠡᠨᠡᠭ ︱ ᠢᠯᠴᠢ ᠵᠢᠨ ᠴᠠᠬᠢᠯᠭᠠᠨ᠂ ᠨᠡᠭᠦᠷᠡᠰᠦ ︱ ᠴᠠᠬᠢᠯᠭᠠᠨ ︱ ( ᠪᠤᠬᠢᠷᠳᠥᠯ ᠥᠭᠡᠢ ) ᠬᠥᠩᠭᠡᠨᠴᠠᠭᠠᠨ ︱ ᠬᠥᠩᠭᠡᠨᠴᠠᠭᠠᠨ᠎ᠤ ᠡᠳ᠋ᠰᠢᠭᠥᠯᠥᠯᠲᠠ ︱ᠬᠥᠩᠭᠡᠨᠴᠠᠭᠠᠨ᠎ᠤ ᠨᠠᠷᠢᠯᠢᠭ᠋ ᠡᠳ᠋ᠰᠢᠭᠥᠯᠥᠯᠲᠠ》 ᠶ᠋ᠢ ᠨᠢᠭᠡ ᠴᠣᠭᠴᠠᠵᠢᠭᠤᠯᠤᠭᠰᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠵᠢᠨ ᠭᠠᠳᠠᠬᠰᠢᠯᠠᠭᠤᠯᠤᠯᠲᠠ ᠪᠠᠭ᠎ᠠ ᠬᠥᠩᠭᠡᠨᠴᠠᠭᠠᠨ᠎ᠤ ᠲᠣᠮᠣ᠌ ᠬᠡᠯᠪᠡᠷᠢ᠎ᠶᠢᠨ ᠠᠵᠤ ᠦᠢᠯᠡᠰ᠎ᠦᠨ ᠬᠦᠷᠢᠶᠡᠯᠡᠩ᠎ᠢ ᠪᠠᠶ᠋ᠢᠭᠤᠯᠬᠤ᠎ᠪᠠᠷ ᠴᠢᠷᠮᠠᠢᠵᠤ᠂ ᠬᠦᠷᠢᠶᠡᠯᠡᠩ ᠲᠣᠭᠣᠷᠢᠭ᠋᠎ᠤᠨ ᠲᠥᠯᠦᠪᠵᠢᠭᠦᠯᠭᠡ᠎ᠶᠢᠨ ᠶᠡᠷᠦᠩᠬᠡᠢ ᠪᠡᠯᠡ ᠣᠷᠣᠭᠤᠯᠤᠯᠲᠠ 298.6 ᠳ᠋ᠦᠩᠰᠢᠭᠤᠷ ᠲᠥᠭᠥᠷᠢᠭ᠎ᠲᠦ ᠬᠦᠷᠴᠦ᠂ ᠣᠳᠣᠬᠠᠨ᠎ᠳᠤ ᠨᠡᠶ᠋ᠢᠲᠡ 202 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠥᠨ᠂ ᠵᠢᠯ᠎ᠳᠦ 80 ᠲᠦᠮᠡᠨ ᠲᠣᠨ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠭᠠᠷᠤᠯᠲᠠ ᠵᠢᠴᠢ ᠢᠵᠢ ᠪᠦᠷᠢᠳᠦᠭᠰᠡᠨ 6330MW ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ᠎ᠶᠢ ᠪᠠᠢᠭᠤᠯᠵᠤ᠂ ᠬᠥᠩᠭᠡᠨᠴᠠᠭᠠᠨ᠎ᠤ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠣᠣᠷᠠᠳᠤ ᠭᠡᠯᠬᠢᠶ᠎ᠡ ᠵᠢ ᠬᠠᠮᠤᠷᠤᠭᠰᠠᠨ ᠪᠦᠷᠢᠨ ᠪᠦᠲᠦᠨ ᠠᠵᠤ ᠦᠢᠯᠡᠰ᠎ᠦᠨ ᠠᠮᠢ ᠠᠬᠤᠢ᠎ᠶᠢ ᠪᠣᠶ ᠪᠣᠯᠭᠠᠬᠰᠠᠨ ᠪᠠᠢᠨ᠎ᠠ᠃