ᠳᠤᠯᠤᠳᠤ ᠰᠤᠮᠤ ᠵᠢᠨ ᠠᠮᠢ ᠠᠬᠤᠢ ᠰᠡᠷᠭᠦᠨ ᠰᠠᠢᠵᠢᠷᠠᠵᠤ ᠠᠵᠤ ᠦᠢᠯᠡᠰ ᠬᠥᠭ᠌ᠵᠢᠨ ᠪᠠᠳᠠᠷᠠᠵᠤ ᠪᠠᠢᠨ᠎ᠠ
2025-12-09 10:18:30
ᠵᠣᠬᠢᠶᠠᠭ᠍ᠴᠢ᠄
ᠵᠤᠯᠠ
ᠣᠩᠱᠢᠭ᠍ᠰᠠᠨ ᠣᠳᠠᠭ᠎ᠠ᠄
★★★☆☆

《 ᠠᠷᠪᠠᠨ ᠳᠥᠷᠪᠡᠳᠦᠭᠡᠷ ᠲᠠᠪᠤᠨ ᠵᠢᠯ 》 ᠎ᠤ᠋ᠨ ᠬᠤᠭᠤᠴᠠᠭᠠᠨ᠎ᠳᠤ ᠲᠥᠩᠯᠢᠶᠤᠤ ᠬᠤᠲᠠ᠎ᠶ᠋ᠢᠨ ᠵᠠᠷᠤᠳ ᠬᠤᠱᠢᠭᠤᠨ᠎ᠤ ᠳᠤᠯᠤᠳᠤ ᠰᠤᠮᠤ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠭ᠌ᠯᠡᠯ᠎ᠢ ᠲᠣᠭ᠍ᠲᠠᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠣᠯ ᠱᠤᠭᠤᠮ᠎ᠢ ᠴᠢᠩᠭ᠎ᠠ ᠡᠵᠡᠮᠳᠡᠨ᠂ ᠨᠢᠭᠡ ᠲᠠᠯ᠎ᠠ᠎ᠪᠠᠷ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠠᠳᠭᠤᠵᠤ᠂ ᠨᠥᠭᠦᠭᠡ ᠲᠠᠯ᠎ᠠ᠎ᠪᠠᠷ ᠠᠮᠢ ᠠᠬᠤᠢ ᠠᠵᠤ ᠦᠢᠯᠡᠰ᠎ᠤᠨ ᠠᠭᠤᠰᠤᠯᠴᠠᠯ᠎ᠢ ᠠᠬᠢᠭᠤᠯᠵᠤ᠂ ᠪᠦᠬᠦ᠌ ᠰᠤᠮᠤᠨ᠎ᠤ ᠳᠦᠷᠰᠦ ᠪᠠᠢᠳᠠᠯ ᠡᠳᠦᠷ᠎ᠠᠴᠠ ᠡᠳᠦᠷ ᠱᠢᠨᠡᠳᠴᠦ᠍᠂ ᠬᠠᠮᠲᠤ᠎ᠶ᠋ᠢᠨ ᠠᠵᠤ ᠠᠬᠤᠢ ᠲᠣᠭ᠍ᠲᠠᠭᠤᠨ᠎ᠢᠶᠠᠷ ᠪᠤᠵᠠᠭᠠᠢᠷᠠᠨ᠂ ᠮᠠᠯᠴᠢᠳ᠎ᠤᠨ ᠠᠮᠢᠳᠤᠷᠠᠯ ᠡᠳᠦᠷ᠎ᠠᠴᠠ ᠡᠳᠦᠷ ᠰᠠᠢᠵᠢᠷᠠᠪᠠ᠃

ᠳᠤᠯᠤᠳᠤ ᠰᠤᠮᠤ᠎ᠶ᠋ᠢᠨ᠎ᠬᠢᠨ ᠠᠮᠢ ᠠᠬᠤᠢ᠎ᠶ᠋ᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠱᠢᠰᠲ᠋ᠧᠮ᠎ᠲᠠᠢ ᠠᠬᠢᠭᠤᠯᠤᠨ᠂ ᠠᠮᠢ ᠠᠬᠤᠢ᠎ᠶ᠋ᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠨᠤᠲᠤᠭ ᠪᠡᠯᠴᠢᠭᠡᠷ᠎ᠤᠨ ᠠᠮᠢ ᠠᠬᠤᠢ᠎ᠶ᠋ᠢ ᠦᠷᠭᠦᠯᠵᠢᠯᠡᠨ ᠰᠠᠢᠵᠢᠷᠠᠭᠤᠯᠵᠤ᠂ ᠠᠵᠤ ᠦᠶ᠋ᠯᠡᠰ᠎ᠤᠨ ᠲᠠᠰ ᠳᠡᠪᠱᠢᠬᠦ᠌ ᠭᠤᠤᠯ ᠱᠢᠵᠢᠮ᠎ᠲᠠᠢ ᠨᠢᠭ᠍ᠲᠠ ᠤᠶᠠᠯᠳᠤᠭᠤᠯᠤᠨ᠂ ᠦᠬᠡᠷ᠎ᠤᠨ ᠠᠵᠤ ᠦᠶ᠋ᠯᠡᠰ᠎ᠤᠨ ᠡᠭᠦᠯᠳᠡᠷ ᠰᠠᠢᠵᠢᠷᠠᠭᠤᠯᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠭᠤᠤᠯᠳᠠᠯᠭ᠎ᠠ᠎ᠲᠠᠢ ᠠᠬᠢᠭᠤᠯᠵᠤ᠂ ᠲᠠᠷᠢᠶᠠᠯᠠᠩ᠎ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠂ ᠳᠠᠷᠢᠵᠤ ᠲᠡᠵᠢᠭᠡᠬᠦ᠌᠎ᠶ᠋ᠢ ᠤᠶᠠᠯᠳᠤᠭᠤᠯᠤᠭ᠍ᠰᠠᠨ ᠣᠯᠠᠨ ᠡᠱᠢᠲᠦ ᠣᠷᠣᠯᠭ᠎ᠠ᠎ᠶ᠋ᠢ ᠨᠡᠮᠡᠭ᠌ᠳᠡᠭᠦᠯᠬᠦ᠌ ᠵᠠᠭ᠍ᠪᠤᠷ᠎ᠢ ᠪᠠᠢᠭᠤᠯᠵᠤ᠂ ᠠᠵᠤ ᠦᠶ᠋ᠯᠡᠰ᠎ᠤᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭ᠌ᠵᠢᠭᠡᠨ᠂ ᠦᠨᠳᠦᠰᠦᠨ ᠱᠠᠲᠤᠨ᠎ᠤ ᠵᠠᠰᠠᠯᠲᠠ᠎ᠶ᠋ᠢ ᠭᠦᠨᠵᠡᠭᠡᠢᠷᠡᠭᠦᠯᠵᠦ᠍᠂ 《ᠲᠣᠣᠷᠵᠢᠯ + ᠦᠢᠯᠡᠴᠢᠯᠡᠭᠡ 》 ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠵᠠᠰᠠᠯᠲᠠ᠎ᠶ᠋ᠢ ᠨᠠᠷᠢᠯᠢᠬ᠍ᠵᠢᠭᠤᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠮ᠂ ᠬᠥᠭᠦᠷᠭᠡ ᠵᠡᠷᠭᠡ ᠰᠠᠭᠤᠷᠢ ᠲᠥᠬᠦᠭᠡᠷᠦᠮᠵᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ ᠵᠡᠷᠭᠡ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠂ ᠤᠯᠠᠨ ᠲᠦᠮᠡᠨ᠎ᠤ ᠬᠥᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ ᠎ᠢ  ᠢᠯᠡᠳᠲᠡ  ᠳᠡᠭᠡᠭ᠌ᠰᠢᠯᠡᠭᠦᠯᠪᠡ᠃ 

ᠪᠦᠷᠢᠳᠭᠡᠯ᠎ᠢ ᠦᠨᠳᠦᠰᠦᠯᠡᠪᠡᠯ᠂ 《ᠠᠷᠪᠠᠨ ᠳᠥᠷᠪᠡᠳᠦᠭᠡᠷ ᠲᠠᠪᠤᠨ ᠵᠢᠯ》 ᠎ᠤ᠋ᠨ ᠬᠤᠭᠤᠴᠠᠭᠠᠨ᠎ᠳᠤ ᠳᠤᠯᠤᠳᠤ ᠰᠤᠮᠤ 11.6 ᠲᠦᠮᠡᠨ ᠮᠥ᠍ ᠠᠮᠤ ᠪᠤᠳᠠᠭ᠎ᠠ ᠳᠠᠷᠢᠵᠤ᠂ ᠡᠭᠦᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ 2200 ᠮᠥ᠍ ᠪᠠᠢᠵᠤ᠂ 7.6 ᠲᠦᠮᠡᠨ ᠮᠥ᠍ ᠭᠠᠵᠠᠷ᠎ᠲᠤ ᠬᠠᠷ᠎ᠠ ᠬᠥᠷᠥᠰᠥ᠎ᠶ᠋ᠢᠨ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠭ᠎ᠠ᠎ᠶ᠋ᠢ ᠬᠡᠷᠡᠭ᠌ᠵᠢᠭᠦᠯᠵᠦ᠍᠂ 2.2 ᠲᠦᠮᠡᠨ ᠮᠥ᠍ ᠭᠠᠵᠠᠷ᠎ᠲᠤ ᠳᠠᠷᠢᠶᠠᠯᠠᠩ᠎ᠤᠨ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠳᠡᠯᠭᠡᠷᠡᠭᠦᠯᠪᠡ᠃ ᠮᠠᠯ᠎ᠤᠨ ᠲᠤᠭ᠎ᠠ ᠲᠤᠯᠤᠭᠠᠢ 17.7 ᠲᠦᠮᠡ᠎ᠳᠤ ᠬᠦᠷᠪᠡ᠃ ᠮᠢᠩᠭᠠᠨ ᠦᠬᠡᠷ᠎ᠢ ᠪᠣᠷᠳᠣᠵᠤ ᠲᠠᠷᠭᠤᠯᠠᠭᠤᠯᠬᠤ ᠲᠠᠯᠠᠪᠠᠶ 1᠂ ᠪᠣᠷᠳᠣᠵᠤ ᠲᠠᠷᠭᠤᠯᠠᠭᠤᠯᠬᠤ ᠭᠤᠣᠯᠳᠠᠯᠭ᠎ᠠ᠎ᠲᠠᠢ ᠡᠷᠦᠬᠡ 5᠂ ᠪᠠᠷᠢᠮᠵᠢᠶᠠᠵᠢᠭᠤᠯᠤᠭ᠍ᠰᠠᠨ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ 4᠎ᠶ᠋ᠢ ᠪᠤᠢᠵᠢᠭᠤᠯᠵᠤ᠂ 2 ᠡᠭᠦᠯᠳᠡᠷ ᠰᠠᠢᠵᠢᠷᠠᠭᠤᠯᠬᠤ ᠴᠡᠭ᠂ 2 ᠡᠭᠦᠯᠳᠡᠷ ᠰᠠᠢᠵᠢᠷᠠᠭᠤᠯᠵᠤ ᠪᠠᠷᠠᠭ᠍ᠰᠠᠨ ᠵᠢᠱ᠌ᠢᠶ᠎ᠡ ᠦᠵᠡᠭᠦᠯᠬᠦ᠌ ᠲᠣᠰᠭᠤᠨ᠎ᠢ ᠪᠠᠢᠭᠤᠯᠪᠠ᠃ 155 ᠶᠠᠳᠠᠭᠤ᠎ᠠᠴᠠ ᠠᠩᠭᠢᠵᠢᠷᠠᠭ᠍ᠰᠠᠨ ᠲᠡᠵᠢᠭᠡᠨ ᠦᠷᠡᠵᠢᠭᠦᠯᠬᠦ᠌ ᠡᠷᠦᠬᠡ᠂ 22 ᠬᠡᠷᠡᠯᠴᠢ ᠴᠡᠨᠡᠭ᠎ᠢᠶᠠᠷ ᠶᠠᠳᠠᠭᠤ᠎ᠶ᠋ᠢ ᠲᠡᠳᠬᠦᠬᠦ᠌ ᠡᠷᠦᠬᠡ᠎ᠳᠤ ᠲᠣᠰ ᠲᠣᠰ 6.2 ᠲᠦᠮᠡᠨ ᠲᠥᠭᠦᠷᠢᠭ᠂ 6.6 ᠲᠦᠮᠡᠨ ᠲᠥᠭᠦᠷᠢᠭ᠎ᠤᠨ ᠨᠥᠬᠦᠪᠥᠷᠢ ᠣᠯᠭᠤᠪᠠ᠃ 118.164 ᠲᠦᠮᠡᠨ ᠲᠥᠭᠦᠷᠢᠭ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠮᠥᠩᠭᠦ᠌᠂ 25.73 ᠲᠦᠮᠡᠨ ᠲᠥᠭᠦᠷᠢᠭ ᠵᠡᠮᠳᠡᠭ᠌ᠴᠦᠳ᠎ᠤᠨ ᠨᠥᠬᠦᠪᠥᠷᠢ᠂ 17.6 ᠲᠦᠮᠡᠨ ᠲᠥᠭᠦᠷᠢᠭ ᠲᠦᠷ ᠴᠠᠭ᠎ᠤᠨ ᠠᠪᠤᠷᠠᠨ ᠲᠤᠰᠠᠯᠠᠬᠤ ᠮᠥᠩᠭᠦ᠌ ᠵᠢᠴᠢ 72.84 ᠲᠦᠮᠡᠨ ᠲᠥᠭᠦᠷᠢᠭ ᠪᠤᠰᠤᠳ ᠨᠥᠬᠦᠪᠥᠷᠢ ᠮᠥᠩᠭᠦ᠌ ᠲᠠᠷᠬᠠᠭᠠᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号