ᠬᠠᠷᠢᠭᠤᠴᠠᠯᠭ᠎ᠠ ᠡᠭᠦᠷᠭᠡᠯᠡᠯ ᠵᠢᠡᠷ ᠰᠢᠵᠢᠮᠯᠡᠭᠰᠡᠨ ᠠᠰᠢᠬ ᠲᠤᠰᠠ ᠵᠢᠨ ᠬᠤᠯᠪᠤᠭᠠᠯᠠᠯ
2025-12-09 10:29:44
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

《ᠥᠩᠭᠡᠷᠡᠭᠰᠡᠨ᠎ᠳᠦ ᠦᠬᠡᠷ ᠲᠡᠵᠢᠭᠡᠬᠦ᠎ᠳᠦ ᠵᠥᠪᠬᠡᠨ ᠲᠤᠷᠰᠢᠯᠭ᠎ᠠ᠎ᠳᠠᠭᠠᠨ ᠲᠦᠰᠢᠭᠯᠡᠵᠦ ᠪᠠᠢᠬᠰᠠᠨ᠂ ᠣᠳᠣ᠌ ᠮᠧᠩ ᠳ᠋ᠥᠩ ᠮᠢᠬᠠᠨ᠎ᠤ ᠦᠢᠯᠡᠰ᠎ᠢ ᠳᠠᠭᠠᠨ ᠮᠡᠷᠭᠡᠵᠢᠯ ᠰᠤᠷᠴᠤ᠂ ᠭᠡᠷ᠎ᠡ ᠲᠣᠭᠲᠠᠭᠠᠳ᠂ ᠥᠩᠭᠡᠷᠡᠭᠰᠡᠨ᠎ᠦ ᠬᠢ᠎ᠡᠴᠡ ᠢᠯᠡᠭᠦᠦ 3 ᠲᠦᠮᠡᠨ ᠲᠥᠭᠥᠷᠢᠭ ᠣᠷᠴᠢᠮ᠎ᠤᠨ ᠤᠷᠤᠯᠭ᠎ᠠ ᠤᠯᠵᠤ ᠪᠠᠢᠨ᠎ᠠ》 ᠭᠡᠵᠤ ᠲᠥᠩᠯᠢᠶᠤᠤ ᠬᠣᠲᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠪᠤᠤᠺᠠᠩ ᠪᠠᠯᠭᠠᠰᠤᠨ᠎ᠤ ᠳᠠ ᠪᠧᠢ ᠮᠠ ᠵᠢᠶᠠ ᠲᠣᠰᠬᠣᠨ᠎ᠤ ᠲᠡᠵᠢᠭᠡᠪᠥᠷᠢ ᠵᠢᠨ ᠡᠷᠦᠬᠡ ᠯᠢ ᠶᠢᠦ ᠭᠦᠩ ᠦᠬᠡᠷ᠎ᠦᠨ ᠬᠠᠰᠢᠶᠠᠨ᠎ᠳᠠᠬᠢ 100 ᠭᠠᠷᠤᠢ ᠦᠬᠡᠷ᠎ᠢᠶᠡᠨ ᠡᠪᠡᠰᠥᠯᠡᠬᠥ ᠵᠢᠨ ᠳᠠᠭᠠᠤ ᠪᠠᠶᠠᠷᠯᠠᠨ ᠬᠡᠯᠡᠵᠤ ᠪᠠᠢᠯ᠎ᠠ᠃

ᠲᠦᠩᠯᠢᠶᠣᠣ ᠬᠤᠲᠠ᠎ᠳᠤ ᠯᠢ ᠶᠢᠦ ᠬᠦᠩ ᠮᠡᠲᠦ᠎ᠶᠢᠨ ᠮᠠᠯ ᠠᠵᠤ ᠠᠬᠤᠢ ᠲᠠᠷᠢᠶᠠᠯᠠᠩ᠎ᠤᠨ ᠳᠠᠭᠠᠭᠤᠯᠤᠭ᠍ᠴᠢ ᠠᠵᠤ ᠠᠬᠤᠢᠯᠠᠯ᠎ᠤᠨ ᠠᠰᠢᠭ᠋ ᠲᠤᠰᠠ᠎ᠶᠢ ᠭᠥᠷᠳᠡᠭᠰᠡᠨ ᠮᠠᠯᠴᠢᠨ ᠲᠠᠷᠢᠶᠠᠴᠢᠨ ᠮᠠᠰᠢ ᠤᠯᠠᠨ ᠪᠠᠢᠳᠠᠬ᠃ ᠣᠳᠣᠬᠠᠨ᠎ᠳᠤ ᠨᠢᠭᠡ ᠪᠦᠯᠦᠭ ᠠᠮᠢᠵᠢᠷᠠᠯ᠎ᠤᠨ ᠬᠦᠴᠦᠨ ᠳᠡᠭᠥᠯᠳᠡᠷ ᠳᠠᠭᠠᠭᠤᠯᠤᠭ᠍ᠴᠢ ᠠᠵᠤ ᠠᠬᠤᠢᠯᠠᠯ ᠠᠵᠤ ᠦᠢᠯᠡᠰ᠎ᠦᠨ ᠲᠡᠰ ᠳᠡᠪᠰᠢᠬᠦ᠎ᠶᠢ ᠢᠳᠡ ᠬᠦᠴᠦᠲᠡᠢ ᠲᠠᠢ᠍ᠢᠴᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠲᠠᠰᠤᠷᠠᠯᠳᠡ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠪᠠᠢᠨ᠎ᠠ᠃

ᠮᠧᠩ ᠳ᠋ᠥᠩ ᠮᠢᠬᠠᠨ᠎ᠤ ᠦᠢᠯᠡᠰ᠎ᠦᠨ ᠬᠥᠭᠵᠢᠯᠲᠡ᠎ᠶᠢᠨ ᠵᠠᠮ ᠮᠥᠷ ᠪᠤᠯ ᠲᠦᠩᠯᠢᠶᠣᠣ ᠬᠤᠲᠠ᠎ᠶᠢᠨ ᠬᠥᠭᠵᠢᠨ ᠮᠠᠨᠳᠤᠵᠤ ᠪᠠᠢᠭ᠎ᠠ ᠳᠠᠭᠠᠭᠤᠯᠤᠭ᠍ᠴᠢ ᠠᠵᠤ ᠠᠬᠤᠢᠯᠠᠯ᠎ᠤᠨ ᠠᠮᠢᠳᠤ ᠵᠢᠷᠤᠭᠯᠠᠯ ᠪᠣᠯᠬᠤ ᠶᠤᠮ᠃ 2022 ᠣᠨ᠎ᠳᠤ ᠲᠤᠰ ᠠᠵᠤ ᠠᠬᠤᠢᠯᠠᠯ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠪᠠ ᠪᠥᠬᠥ ᠬᠡᠯᠬᠢᠶᠡᠨ᠎ᠳᠡᠬᠢ ᠶᠠᠰᠤ ᠴᠢᠨᠠᠷ᠎ᠤᠨ ᠡᠵᠡᠮᠳᠡᠯ᠎ᠢᠶᠡᠷ ᠬᠣᠲᠠ᠎ᠶᠢᠨ ᠲᠠᠰ᠎ᠤᠨ ᠳᠠᠭᠠᠭᠤᠯᠤᠬᠴᠢ ᠠᠵᠤ ᠠᠬᠤᠢᠯᠠᠯ᠎ᠢᠶᠠᠷ ᠦᠨᠡᠯᠡᠭᠳᠡᠪᠡ᠃ 2023 ᠣᠨ᠎ᠳᠤ 《ᠲᠡᠵᠢᠭᠡᠨ ᠦᠷᠡᠵᠢᠭᠦᠯᠬᠦ ︱ ᠡᠳ᠋ᠰᠢᠭᠦᠯᠬᠦ ︱ ᠪᠣᠷᠣᠯᠠᠭᠤᠯᠬᠤ》 ᠵᠢ ᠨᠢᠭᠡ ᠴᠣᠭᠴᠠᠵᠢᠭᠤᠯᠤᠭᠰᠠᠨ ᠵᠠᠭᠪᠤᠷ ᠪᠦᠷᠢᠯᠳᠦᠵᠦ᠂ ᠥᠪᠡᠷ᠎ᠦᠨ ᠲᠥᠷᠥᠯ ᠲᠡᠮᠳᠡᠭ 《ᠲᠠᠯ᠎ᠠ ᠨᠤᠲᠤᠭ᠎ᠤᠨ ᠦᠬᠡᠷᠴᠢᠨ ᠡᠪᠦᠭᠡᠨ》 ᠤ᠋ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠭᠡᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠠᠯ ᠠᠵᠤ ᠠᠬᠤᠢ᠎ᠲᠠᠷᠢᠶᠠᠯᠠᠩ᠎ᠤᠨ ᠠᠵᠤ ᠦᠶ᠋ᠯᠡᠰᠵᠢᠯᠲᠡ᠎ᠶᠢᠨ ᠭᠣᠣᠯᠳᠠᠯᠭ᠎ᠠ᠎ᠲᠠᠢ ᠳᠠᠭᠠᠭᠤᠯᠤᠬᠴᠢ ᠠᠵᠤ ᠠᠬᠤᠢᠯᠠᠯ᠎ᠢᠶᠠᠷ ᠠᠮᠵᠢᠯᠲᠠ᠎ᠲᠠᠢ ᠦᠨᠡᠯᠡᠭᠳᠡᠵᠠᠢ᠃ 2024 ᠣᠨ᠎ᠳᠤ᠂ ᠲᠣᠭᠠᠴᠢᠯᠠᠭᠰᠠᠨ ᠬᠠᠮᠢᠶᠠᠷᠤᠯᠲᠠ ᠪᠠ ᠪᠣᠬᠢᠷᠲᠤᠯ ᠦᠭᠡᠢ ᠡᠳ᠋ᠰᠢᠭᠥᠯᠬᠦ ᠮᠡᠷᠭᠡᠵᠢᠯ᠎ᠳᠦ ᠲᠦᠰᠢᠭᠯᠡᠵᠦ᠂ ᠤᠯᠤᠰ᠎ᠤᠨ ᠳᠡᠰ᠎ᠤᠨ ᠲᠠᠷᠢᠶᠠᠯᠠᠩ᠎ᠤᠨ ᠠᠵᠤ ᠦᠢᠯᠡᠰᠵᠢᠯᠲᠡ᠎ᠶᠢᠨ ᠭᠣᠣᠯᠳᠠᠯᠭ᠎ᠠ᠎ᠲᠠᠢ ᠲᠠᠭᠠᠭᠤᠯᠤᠬᠴᠢ ᠠᠵᠤ ᠠᠬᠤᠢᠯᠠᠯ᠎ᠤᠨ ᠨᠡᠷᠡᠰ᠎ᠤᠨ ᠵᠢᠬᠰᠠᠭᠠᠯ ᠳ᠋ᠤ ᠠᠮᠵᠢᠯᠲᠠ᠎ᠲᠠᠢ᠎ᠵᠢᠬᠰᠠᠭᠠᠬᠳᠠᠪᠠ᠃

ᠳᠠᠭᠠᠭᠤᠯᠤᠬᠴᠢ ᠠᠵᠤ ᠠᠬᠤᠢᠯᠠᠯ᠎ᠤᠨ ᠲᠦᠷᠭᠡᠨ ᠬᠥᠭᠵᠢᠯᠲᠡ᠎ᠶᠢᠨ ᠠᠷᠤ᠎ᠳᠤ ᠲᠦᠷᠦ᠎ᠶᠢᠨ ᠪᠣᠳᠣᠯᠭ᠎ᠠ᠎ᠶᠢᠨ ᠨᠠᠷᠢᠯᠢᠬ ᠤᠨᠤᠴᠠᠳᠠᠢ ᠨᠠᠢᠳᠠᠪᠤᠷᠢᠵᠢᠭᠤᠯᠤᠯᠲᠠ ᠳᠤᠯᠭᠠᠭᠤᠷᠢᠯᠡᠵᠤ ᠪᠤᠢ᠃ 2022 ᠣᠨ᠎ᠳᠤ᠂ ᠲᠤᠰ ᠬᠣᠲᠠ ᠮᠢᠬᠠᠨ᠎ᠤ ᠦᠬᠡᠷ᠎ᠦᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ᠂ ᠭᠣᠣᠯᠳᠠᠯᠭ᠎ᠠ᠎ᠲᠠᠢ ᠳᠠᠭᠠᠭᠤᠯᠤᠬᠴᠢ ᠠᠵᠤ ᠠᠬᠤᠢᠯᠠᠯ᠎ᠳᠤ ᠪᠡᠯᠡᠨ ᠮᠥᠩᠬᠥ᠎ᠶᠢᠨ ᠱᠠᠩᠨᠠᠯ ᠣᠯᠭᠣᠵᠠᠢ᠃ ᠮᠧᠩ ᠳ᠋ᠥᠩ ᠮᠢᠬᠠᠨ᠎ᠤ ᠦᠢᠯᠡᠰ ᠨᠢᠭᠡᠨᠲᠡ ᠡᠯ᠎ᠡ ᠱᠠᠲᠤᠨ᠎ᠤ ᠱᠠᠩᠨᠠᠯ᠎ᠤᠨ ᠪᠡᠯᠡ ᠮᠥᠩᠭᠥ᠎ᠶᠢ ᠨᠡᠶ᠋ᠢᠲᠡ 98 ᠲᠦᠮᠡᠨ ᠲᠥᠭᠥᠷᠢᠭ ᠭᠥᠷᠳᠡᠵᠦ᠂ ᠪᠠᠰᠠ 1000 ᠲᠦᠮᠡᠨ ᠲᠥᠭᠥᠷᠢᠭ᠎ᠦᠨ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠲᠥᠷᠥᠯ ᠵᠦᠢᠯ᠎ᠦᠨ ᠨᠥᠬᠥᠪᠦᠷᠢ ᠵᠢ ᠭᠥᠷᠳᠡᠭᠰᠡᠨ ᠪᠠᠢᠨ᠎ᠠ᠃ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠲᠠᠢ ᠪᠣᠯᠤᠭᠰᠠᠨ᠎ᠠᠴᠠ ᠠᠵᠤ ᠠᠬᠤᠢᠯᠠᠯ ᠡᠷᠬᠢᠨ ᠲᠣᠭᠣᠷᠢᠨ᠎ᠤ 6 ᠲᠡᠵᠢᠭᠡᠪᠦᠷᠢ ᠵᠢᠨ ᠬᠣᠷᠰᠢᠶ᠎ᠠ᠎ᠲᠠᠢ ᠭᠠᠷ ᠬᠣᠯᠪᠣᠯᠴᠠᠨ᠂ 1630 ᠡᠷᠦᠬᠡ ᠮᠠᠯᠴᠢᠨ ᠲᠠᠷᠢᠶᠠᠴᠢᠨ᠎ᠢ ᠳᠠᠶ᠋ᠢᠴᠢᠯᠠᠵᠤ᠂ ᠵᠢᠯ ᠳᠤᠮᠳᠠᠴᠢ᠎ᠪᠠᠷ 5000 ᠲᠥᠭᠥᠷᠢᠭ᠎ᠡᠴᠡ ᠳᠡᠭᠡᠭᠰᠢ ᠣᠷᠣᠯᠭ᠎ᠠ ᠵᠢ ᠨᠢ ᠨᠡᠮᠡᠭᠳᠡᠭᠦᠯᠵᠦ ᠪᠤᠢ᠃《ᠲᠠᠯ᠎ᠠ ᠨᠤᠲᠤᠭ᠎ᠤᠨ ᠦᠬᠡᠷᠴᠢᠨ ᠡᠪᠦᠭᠡᠨ》 ᠤ᠋ ᠰᠢᠷᠢᠰ ᠦᠢᠯᠡᠳᠬᠦᠨ ᠨᠢ ᠤᠯᠤᠰ᠎ᠤᠨ ᠲᠠᠰ᠎ᠤᠨ ᠲᠠᠭᠠᠭᠤᠯᠤᠬᠴᠢ ᠠᠵᠤ ᠠᠬᠤᠢᠯᠠᠯ᠎ᠤᠨ ᠠᠯᠳᠠᠷᠰᠢᠯ ᠳ᠋ᠤ ᠲᠥᠰᠢᠭᠯᠡᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠎ᠤᠨ ᠬᠤᠳᠠᠯᠳᠤᠭᠠᠨ᠎ᠤ ᠬᠠᠮ ᠳᠡᠯᠭᠡᠭᠦᠷ ᠲᠦ᠍ ᠣᠷᠣᠵᠤ᠂ ᠵᠢᠯ᠎ᠦᠨ ᠪᠣᠷᠤᠯᠠᠭᠤᠯᠭ᠎ᠠ ᠨᠢ 1.6 ᠳ᠋ᠦᠩᠰᠢᠭᠤᠷ ᠲᠥᠭᠥᠷᠢᠭ᠎ᠢ ᠳᠠᠪᠠᠵᠤ ᠪᠠᠢᠨ᠎ᠠ᠃

ᠣᠲᠣ᠌ ᠪᠣᠯᠲᠠᠯ᠎ᠠ ᠪᠥᠬᠥ ᠬᠣᠲᠠ᠎ᠶᠢᠨ ᠬᠣᠲᠠ᠎ᠶᠢᠨ ᠲᠠᠰ ᠵᠢᠴᠢ ᠲᠡᠭᠦᠨ᠎ᠡᠴᠡ ᠳᠡᠭᠡᠭᠰᠢᠬᠢ ᠮᠠᠯ ᠠᠵᠤ ᠠᠬᠤᠢ᠎ᠲᠠᠷᠢᠶᠠᠯᠠᠩ᠎ᠤᠨ ᠳᠠᠭᠠᠭᠤᠯᠤᠬᠴᠢ ᠠᠵᠤ ᠠᠬᠤᠢᠯᠠᠯ ᠨᠢᠭᠡᠨᠲᠡ 155 ᠪᠣᠯᠵᠤ ᠬᠥᠭᠵᠢᠨ᠂ ᠡᠭᠦᠨ᠎ᠳᠦ ᠤᠯᠤᠰ᠎ᠤᠨ ᠲᠠᠰ᠎ᠤᠨ 5 ᠠᠵᠤ ᠠᠬᠤᠢᠯᠠᠯ᠂ ᠣᠷᠣᠨ᠎ᠤ ᠲᠠᠰ᠎ᠤᠨ 46 ᠠᠵᠤ ᠠᠬᠤᠢᠯᠠᠯ ᠪᠣᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号