ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ ᠤ᠋ ᠤᠰᠤ ᠬᠠᠩᠭᠠᠬᠤ ᠢᠨᠵᠧᠨᠧᠷᠢᠩ ᠤ᠋ᠨ ᠪᠠᠯᠠ ᠣᠷᠣᠭᠤᠯᠤᠯᠲᠠ ᠢ᠋ᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ
2025-12-09 09:50:24
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠣᠢᠯᠠᠭᠠᠭ᠍ᠰᠠᠨ ᠢ᠋ᠢᠡᠷ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠮᠠᠨ ᠤ᠋ ᠤᠷᠤᠨ ᠣᠯᠠᠨ ᠵᠦᠢᠯ ᠤ᠋ᠨ ᠠᠷᠭ᠎ᠠ ᠬᠡᠮᠵᠢᠶ᠎ᠡ ᠪᠡᠷ ᠮᠠᠯᠵᠢᠬᠤ ᠲᠠᠷᠢᠶᠠᠯᠠᠬᠤ ᠣᠷᠣᠨ ᠤ᠋ ᠤᠰᠤ ᠤᠮᠳᠠ ᠢ᠋ᠢᠨ ᠠᠮᠤᠷ ᠲᠦᠪᠱᠢᠨ ᠤ᠋ ᠰᠡᠷᠭᠡᠢᠯᠡᠯᠲᠡ ᠢ᠋ᠢᠨ ᠱᠤᠭᠤᠮ ᠢ᠋ ᠪᠠᠲᠤ ᠴᠣᠭ᠍ᠴᠠᠯᠠᠵᠤ᠂ ᠨᠡᠢᠲᠡ 32.9 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠨ ᠤᠰᠤ ᠬᠠᠡᠭᠭᠠᠬᠤ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠢ᠋ᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠤᠰᠤ ᠬᠠᠩᠭᠠᠬᠤ ᠪᠠᠲᠤᠯᠠᠭ᠎ᠠ ᠢ᠋ᠢᠨ ᠢᠨᠵᠧᠨᠧᠷᠢᠩ ᠤ᠋ᠨ ᠲᠥᠯᠥᠪᠵᠢᠭᠦᠯᠭᠡ ᠢ᠋ᠢᠨ ᠪᠠᠯᠠ ᠣᠷᠣᠭᠤᠯᠤᠯᠲᠠ ᠢ᠋ᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠠᠢ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ ᠤ᠋ ᠤᠰᠤ ᠬᠠᠩᠭᠠᠬᠤ ᠢᠨᠵᠧᠨᠧᠷᠢᠩ ᠢ᠋ ᠨᠡᠢᠳᠡ 43 ᠲᠦᠮᠡ ᠪᠠᠢᠭᠤᠯᠵᠤ᠂ 1022 ᠲᠦᠮᠡᠨ ᠬᠦᠮᠦᠨ ᠠᠮᠠ ᠢ᠋ᠢ ᠬᠠᠮᠤᠷᠴᠠᠢ᠃ ᠡᠭᠦᠨ ᠳ᠋ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ 1.8 ᠲᠦᠮᠡ ᠪᠠᠢᠵᠤ᠂ 888 ᠲᠦᠮᠡᠨ ᠬᠥᠮᠦᠨ ᠠᠮᠠ ᠢ᠋ᠢ ᠬᠠᠮᠤᠷᠤᠨ᠂ ᠲᠠᠷᠠᠬᠠᠶ ᠮᠠᠶᠢᠬ ᠤ᠋ᠨ ᠤᠰᠤ ᠬᠠᠩᠭᠠᠬᠤ ᠢᠨᠵᠧᠨᠧᠷᠢᠩ 41.2 ᠲᠦᠮᠡ ᠪᠠᠢᠵᠤ᠂ ᠣᠯᠠᠨ ᠡᠱᠢᠵᠢᠭ᠌ᠰᠡᠨ ᠤᠰᠤ ᠬᠠᠩᠭᠠᠬᠤ ᠪᠠᠢᠷᠢᠱᠢᠯ ᠢ᠋ ᠪᠣᠶ ᠪᠣᠯᠭᠠᠪᠠ᠃ 2024 ᠣᠨ ᠤ᠋ ᠰᠡᠭᠦᠯᠴᠢ ᠪᠤᠯᠬᠤ ᠳ᠋ᠤ ᠮᠠᠯᠵᠢᠬᠤ ᠲᠠᠷᠢᠶᠠᠯᠠᠬᠤ ᠣᠷᠣᠨ ᠤ᠋ ᠲᠦᠭᠡᠭᠡᠯ ᠤᠰᠤᠨ ᠤ᠋ ᠲᠦᠭᠡᠮᠡᠯᠵᠢᠭᠦᠯᠤᠯᠲᠡ ᠢ᠋ᠢᠨ ᠨᠣᠷᠮ᠎ᠠ 84.8% ᠪᠤᠯᠤᠨ ᠳᠡᠭᠡᠭ᠌ᠰᠢᠯᠡᠵᠦ᠍᠂ ᠬᠡᠪᠴᠢᠶᠡᠵᠢᠭ᠌ᠰᠡᠨ ᠤᠰᠤ ᠬᠠᠩᠭᠠᠬᠤ ᠢᠨᠵᠧᠨᠧᠷᠢᠩ ᠤ᠋ᠨ ᠬᠥᠳᠡᠭᠡ ᠲᠣᠰᠭᠣᠨ ᠤ᠋ ᠬᠥᠮᠦᠨ ᠠᠮᠠ ᠳ᠋ᠤ ᠦᠢᠯᠡᠴᠢᠯᠡᠬᠦ ᠬᠠᠷᠢᠴᠠᠯ 26.8% ᠪᠣᠯᠤᠨ ᠳᠡᠭᠡᠭ᠌ᠰᠢᠯᠡᠵᠡᠢ᠃

ᠤᠢᠯᠠᠭᠠᠭᠰᠠᠨ ᠢ᠋ᠢᠡᠷ᠂ ᠤᠳᠤ ᠥᠪᠥᠷ ᠮᠣᠩᠭᠣᠯ ᠳ᠋ᠤ ᠭᠠᠴᠠᠭ᠎ᠠ ᠲᠣᠰᠭᠣᠨ ᠤ᠋ ᠲᠠᠰ ᠤ᠋ᠨ ᠤᠰᠤ ᠬᠠᠮᠢᠶᠠᠷᠤᠭ᠍ᠴᠢ ᠪᠠᠷᠤᠭ 1.7 ᠲᠦᠮᠡᠨ ᠬᠥᠮᠦᠨ ᠪᠠᠢᠵᠤ᠂ ᠭᠠᠴᠠᠭ᠎ᠠ ᠲᠣᠰᠭᠣᠨ᠎ᠪᠦᠷᠢ ᠳ᠋ᠤ  ᠤᠰᠤ  ᠬᠠᠩᠭᠠᠬᠤ ᠢᠨᠵᠧᠨᠧᠷᠢᠩ ᠤ᠋ᠨ ᠤᠰᠤ ᠬᠠᠮᠢᠶᠠᠷᠤᠭ᠍ᠴᠢ ᠲᠣᠬᠢᠷᠠᠭᠤᠯᠬᠤ ᠢ᠋ᠢ ᠪᠡᠶᠡᠯᠡᠭᠦᠯᠪᠡ᠃ ᠪᠠᠰᠠ ᠤᠰᠤ ᠬᠠᠩᠭᠠᠬᠤ ᠢᠨᠵᠧᠨᠧᠷᠢᠩ ᠤ᠋ᠨ ᠪᠠᠲᠤᠯᠠᠭ᠎ᠠ ᠢ᠋ᠢᠨ ᠲᠣᠭ᠍ᠲᠠᠴᠠ ᠢ᠋ᠢ ᠲᠡᠭᠦᠯᠳᠡᠷᠵᠢᠭᠦᠯᠵᠦ᠍᠂ 64 ᠬᠣᠱᠢᠭᠤ ᠱᠢᠶᠠᠨ ᠲᠣᠭᠣᠷᠢᠭ ᠨᠢ ᠨᠢᠭᠡᠨᠲᠡ ᠬᠥᠳᠡᠭᠡ ᠲᠣᠰᠭᠣᠨ ᠤ᠋ ᠤᠰᠤᠨ ᠤ᠋ ᠬᠠᠡᠭᠭᠠᠯᠭ᠎ᠠ ᠢ᠋ᠢ ᠱᠢᠶᠠᠨ ᠤ᠋ ᠬᠡᠪᠴᠢᠶᠠᠨ ᠳ᠋ᠤ ᠨᠢᠭᠡᠳᠦᠯᠲᠡᠶ ᠬᠠᠮᠢᠶᠠᠷᠬᠤ ᠢ᠋ᠢ ᠪᠡᠶᠡᠯᠡᠭᠦᠯᠵᠡᠢ᠃ ᠡᠭᠦᠨ ᠤ᠋ ᠬᠠᠮᠲᠤ 《ᠳᠡᠭᠡᠷ᠎ᠡ ᠡᠴᠡ ᠳᠣᠷᠣᠭ᠍ᠰᠢ ᠵᠢᠭ᠍ᠰᠠᠭᠠᠨ ᠪᠠᠢᠴᠠᠭᠠᠵᠤ᠂ ᠳᠤᠤᠷ᠎ᠠ ᠡᠴᠡ ᠳᠡᠭᠡᠭ᠌ᠰᠢ ᠢᠯᠡᠴᠢᠯᠡᠨ ᠮᠡᠳᠡᠭᠦᠯᠬᠦ᠌》 ᠳᠠᠪᠬᠤᠷ ᠬᠢᠨᠠᠯᠲᠠ ᠬᠠᠮᠢᠶᠠᠷᠤᠯᠲᠠ ᠢ᠋ᠢᠨ ᠱᠢᠰᠲ᠋ᠧᠮ ᠢ᠋ ᠪᠠᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ ᠮᠠᠯᠵᠢᠬᠤ ᠲᠠᠷᠢᠶᠠᠯᠠᠬᠤ ᠤᠷᠤᠨ ᠤ᠋ ᠤᠰᠤ ᠤᠮᠳᠠ ᠢ᠋ᠢᠨ ᠠᠮᠤᠷ ᠲᠦᠪᠱᠢᠨ ᠤ᠋ ᠬᠡᠮ ᠰᠣᠭᠣᠭ ᠢ᠋ ᠨᠡᠢᠲᠡ 2879 ᠵᠢᠭ᠍ᠰᠠᠭᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号