ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠬᠣᠶᠠᠳᠤᠭᠠᠷ ᠬᠤᠭᠤᠴᠠᠭᠠᠨ᠎ᠤ ᠡᠯᠧᠺᠲ᠋ᠷᠣᠨ ᠲᠣᠭ᠎ᠠ ᠪᠠᠷᠢᠮᠲᠠ ᠵᠢᠨ ᠬᠡᠷᠡᠴᠢ ᠠᠪᠴᠤ ᠵᠠᠳᠠᠯᠬᠤ ᠤᠷᠤᠯᠳᠤᠭᠠᠨ᠎ᠳᠤ ᠰᠢᠯᠢᠳᠡᠭ ᠬᠢᠷᠢ ᠪᠦᠲᠦᠮᠵᠢ ᠤᠯᠵᠠᠢ
2025-12-09 10:00:35
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠰᠦᠯᠵᠢᠶᠡᠨ᠎ᠦ ᠠᠮᠤᠷ ᠲᠦᠪᠱᠢᠨ᠎ᠢ ᠬᠠᠮᠠᠭᠠᠯᠠᠬᠤ ᠲᠣᠪᠴᠢᠶ᠎ᠠ᠎ᠡᠴᠨ ᠵᠢᠭᠠᠨ ᠵᠢᠯᠣᠭᠣᠳᠴᠤ᠌᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠭᠤᠷᠪᠠᠳᠤᠭᠠᠷ ᠰᠤᠳᠤᠯᠬᠤ ᠭᠠᠵᠠᠷ᠂ ᠬᠢᠨᠠᠨ ᠲᠣᠭ᠍ᠲᠠᠭᠠᠬᠤ ᠲᠥᠪ ᠡᠴᠨ ᠬᠠᠮᠲᠤᠷᠠᠨ ᠭᠤᠤᠯᠯᠠᠨ ᠡᠷᠬᠢᠯᠡᠭᠰᠡᠨ ᠬᠣᠶᠠᠳᠤᠭᠠᠷ ᠬᠤᠭᠤᠴᠠᠭᠠᠨ᠎ᠤ ᠡᠯᠧᠺᠲ᠋ᠷᠣᠨ ᠲᠣᠭ᠎ᠠ ᠪᠠᠷᠢᠮᠲᠠ ᠵᠢᠨ ᠬᠡᠷᠡᠴᠢ ᠠᠪᠴᠤ ᠵᠠᠳᠠᠯᠬᠤ ᠤᠷᠤᠯᠳᠤᠭᠠᠨ ᠵᠢᠶᠠᠩᠰᠦ ᠮᠤᠵᠢ᠎ᠶ᠋ᠢᠨ ᠯᠢᠶᠠᠨ ᠶᠦᠨ ᠭᠠᠩ ᠬᠣᠲᠠ᠎ᠳᠤ ᠶᠠᠪᠤᠭ᠍ᠳᠠᠪᠠ᠃ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶᠠᠨ᠎ᠤ ᠰᠣᠩᠭᠣᠨ ᠲᠣᠮᠢᠯᠠᠭ᠍ᠰᠠᠨ ᠯᠢ ᠴᠠᠩ ᠴᠦᠨ ᠨᠥᠬᠥᠷ ᠲᠤᠰ ᠤᠳᠠᠭᠠᠨ᠎ᠤ ᠤᠷᠤᠯᠳᠤᠭᠠᠨ᠎ᠳᠤ ᠬᠤᠪᠢ ᠬᠥᠮᠦᠨ᠎ᠦ ᠤᠷᠤᠯᠳᠤᠭᠠᠨ᠎ᠤ ᠱᠢᠯᠢᠳᠡᠭ ᠱᠠᠩᠨᠠᠯ ᠣᠯᠵᠤ᠂ ᠠᠨᠾᠦ᠋ᠢ ᠮᠤᠵᠢ᠂ ᠾᠧᠨᠠᠨ ᠮᠤᠵᠢ᠎ᠶ᠋ᠢᠨ ᠤᠷᠤᠯᠴᠠᠬᠰᠠᠳ ᠲᠠᠢ ᠬᠠᠮᠳᠤ ᠳᠤᠭᠤᠢᠯᠠᠩ ᠪᠠᠢᠭᠤᠯᠵᠤ᠂ ᠪᠦᠯᠬᠦᠮ ᠨᠡᠢᠳᠡ ᠵᠢᠨ ᠬᠠᠮᠲᠤ᠎ᠶ᠋ᠢᠨ ᠤᠷᠤᠯᠳᠤᠭᠠᠨ᠎ᠤ  ᠭᠤᠷᠪᠠᠳᠤᠭᠠᠷ ᠳᠡᠰ᠎ᠤᠨ ᠱᠠᠩᠨᠠᠯ ᠣᠯᠪᠠ᠃

ᠣᠢᠷ᠎ᠠ᠎ᠶ᠋ᠢᠨ ᠵᠢᠯ ᠡᠴᠨ᠂ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠨᠢ 《ᠮᠧᠶ ᠶᠠ ᠬᠤᠨᠳᠠᠭᠠᠲᠤ》᠂ 《ᠫᠠᠨ ᠬᠥ᠋ ᠱ᠌ᠢ ᠬᠤᠨᠳᠠᠭᠠᠲᠤ》 ᠵᠡᠷᠭᠡ ᠪᠥᠬᠥ᠌  ᠤᠯᠤᠰ᠎ᠤᠨ ᠴᠢᠨᠠᠷᠲᠠᠶ ᠤᠷᠤᠯᠳᠤᠭᠠᠨ᠎ᠳᠤ ᠣᠯᠠᠨ ᠤᠳᠠᠭ᠎ᠠ ᠱᠠᠩᠨᠠᠯ ᠭᠥᠷᠳᠡᠪᠡ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ 《ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠮᠡᠷᠭᠡᠵᠢᠯ᠎ᠦᠨ ᠠᠵᠢᠯ᠎ᠢ ᠴᠢᠩᠭᠠᠳᠭᠠᠬᠤ ᠲᠤᠬᠠᠶ ᠰᠠᠨᠠᠯ》᠎ᠢ᠋ ᠢᠳᠡᠪᠬᠢᠲᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠯᠧᠺᠲ᠋ᠷᠣᠨ ᠲᠣᠭ᠎ᠠ ᠪᠠᠷᠢᠮᠲᠠ ᠵᠢᠨ ᠭᠡᠷᠡᠴᠢ  ᠠᠪᠬᠤ ᠴᠢᠳᠠᠪᠤᠷᠢ ᠵᠢ ᠴᠢᠷᠮᠠᠢᠨ ᠳᠡᠭᠡᠭ᠌ᠰᠢᠯᠡᠭᠦᠯᠦᠭ᠌ᠰᠡᠨ᠎ᠦ ᠬᠤᠷᠢᠶᠠᠩᠭᠤᠶ ᠳᠦᠷᠰᠦ ᠪᠣᠯᠤᠨ᠎ᠠ᠃ ᠯᠢ ᠴᠠᠩ ᠴᠦᠨ ᠡᠯᠧᠺᠲ᠋ᠷᠣᠨ ᠲᠣᠭ᠎ᠠ ᠪᠠᠷᠢᠮᠲᠠ᠎ᠵᠢᠨ ᠭᠡᠷᠡᠴᠢ ᠠᠪᠬᠤ ᠬᠦᠷᠢᠶᠡᠨ ᠳ᠋ᠸ᠋  ᠤᠯᠠᠨ ᠵᠢᠯ ᠠᠵᠢᠯᠯᠠᠵᠤ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠵᠣᠬᠢᠶᠠᠨ ᠪᠠᠢᠭᠤᠯᠤᠭ᠍ᠰᠠᠨ ᠬᠢᠨᠠᠨ ᠱᠢᠯᠭᠠᠯᠲᠠ᠎ᠶ᠋ᠢ ᠥᠩᠭᠡᠷᠡᠭᠡᠭᠡᠳ ᠡᠯᠧᠺᠲ᠋ᠷᠣᠨ ᠲᠣᠭ᠎ᠠ ᠪᠠᠷᠢᠮᠲᠠ ᠵᠢᠨ ᠬᠢᠨᠠᠨ  ᠲᠣᠭ᠍ᠲᠠᠭᠠᠭ᠍ᠴᠢ᠎ᠶ᠋ᠢᠨ ᠬᠢᠷᠢ  ᠬᠡᠮ᠎ᠢ  ᠣᠯᠤᠭ᠍ᠰᠠᠨ ᠪᠠᠢᠨ᠎ᠠ᠃

ᠣᠢᠯᠠᠭᠠᠭ᠍ᠰᠠᠨ᠎ᠢᠶᠠᠷ᠂ ᠲᠣᠰ ᠬᠤᠭᠤᠴᠠᠭᠠᠨ᠎ᠤ  ᠡᠯᠧᠺᠲ᠋ᠷᠣᠨ ᠲᠣᠭ᠎ᠠ ᠪᠠᠷᠢᠮᠲᠠ ᠵᠢᠨ ᠬᠡᠷᠡᠴᠢ ᠠᠪᠴᠤ ᠵᠠᠳᠠᠯᠬᠤ  ᠤᠷᠤᠯᠳᠤᠭᠠᠨ᠎ᠢ ᠰᠦᠯᠵᠢᠶᠡᠨ ᠳᠡᠭᠡᠷᠡᠬᠢ ᠠᠩᠬᠠᠨ᠎ᠤ ᠤᠷᠤᠯᠳᠤᠭᠠᠨ ᠪᠠ ᠪᠤᠳᠠᠳᠤ ᠴᠤᠬᠴᠠ ᠵᠢᠨ ᠱᠢᠶ᠋ᠳᠪᠦᠷᠢᠲᠦ ᠤᠷᠤᠯᠳᠤᠭᠠᠨ ᠭᠡᠵᠦ᠍ ᠬᠣᠶᠠᠷ ᠭᠣᠭ᠍ᠴᠣᠭ᠎ᠠ ᠬᠤᠪᠢᠶᠠᠨ ᠶᠠᠪᠤᠬᠳᠠᠭᠤᠯᠵᠠᠢ᠃ ᠤᠷᠤᠯᠳᠤᠭᠠᠨ᠎ᠤ ᠠᠭᠤᠯᠭ᠎ᠠ᠎ᠨᠢ ᠪᠣᠳᠠᠲᠤ ᠪᠠᠢᠯᠳᠤᠭᠠᠨ᠎ᠤ ᠬᠡᠷᠡᠭ᠌ᠴᠡᠭᠡ ᠱᠠᠭᠠᠷᠳᠠᠯᠭ᠎ᠠ ᠬᠢᠬᠡᠳ ᠮᠡᠷᠭᠡᠵᠢᠯ᠎ᠦᠨ ᠬᠣᠱᠢᠭᠤᠷᠠᠯ᠎ᠲᠠᠶ ᠨᠢᠭ᠍ᠲᠠ ᠤᠶᠠᠯᠳᠤᠵᠤ᠂ ᠳᠠᠷᠤᠮᠠᠯᠯᠠᠬᠤ ᠮᠠᠱᠢᠨ᠎ᠤ ᠭᠡᠷᠡᠴᠢ ᠠᠪᠬᠤ᠂ ᠵᠢᠷᠤᠭ ᠳᠦᠷᠰᠦ᠎ᠶ᠋ᠢᠨ ᠬᠠᠭᠤᠷᠮᠠᠭ᠎ᠢ ᠬᠢᠨᠠᠨ ᠲᠣᠭ᠍ᠲᠠᠭᠠᠬᠤ ᠵᠡᠷᠭᠡ ᠱᠢᠨ᠎ᠡ ᠬᠡᠯᠪᠡᠷᠢ᠎ᠶ᠋ᠢᠨ ᠴᠢᠭ᠌ᠯᠡᠯ᠎ᠢ ᠠᠩᠬ᠎ᠠ ᠤᠳᠠᠭ᠎ᠠ ᠪᠠᠬᠳᠠᠭᠠᠨ ᠤᠷᠤᠭᠤᠯᠵᠠᠢ᠃ ᠬᠤᠪᠢ ᠪᠤᠳᠤᠬᠤ᠎ᠳᠤ ᠬᠥᠳᠡᠯᠦᠩᠭᠦᠶ ᠵᠠᠭ᠍ᠪᠤᠷ᠎ᠢ ᠬᠡᠷᠡᠭ᠌ᠯᠡᠨ᠂ ᠲᠦᠷᠭᠡᠨ ᠰᠡᠳᠦᠪ ᠬᠠᠷᠢᠭᠤᠯᠬᠤ ᠱᠠᠩᠨᠠᠯ ᠳᠣᠭᠢᠷᠠᠭᠤᠯᠵᠤ᠂ ᠬᠦᠴᠢᠷᠳᠡᠯ᠎ᠢ ᠣᠨᠣᠪᠴᠢᠲᠠᠶ ᠢᠯᠡᠷᠡᠭᠦᠯᠦᠨ᠂ ᠥᠷᠢᠰᠥᠯᠳᠦᠭᠡᠨ᠎ᠦ ᠳᠡᠯᠡᠬᠦ᠌ ᠬᠦᠴᠦᠨ᠎ᠢ ᠪᠠᠳᠤᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号