ᠨᠠᠮ᠎ᠤᠨ ᠠᠵᠢᠯ ᠤᠨ ᠪᠠᠢᠭᠤᠯᠭ᠎ᠠ ᠨᠢ ᠨᠠᠮ᠎ᠤᠨ ᠤᠳᠤᠷᠢᠳᠤᠯᠭ᠎ᠠ᠎ᠶ᠋ᠢ ᠬᠡᠷᠡᠭ᠌ᠵᠢᠭᠦᠯᠬᠦ᠌᠂ ᠨᠠᠮ᠎ᠤᠨ ᠪᠠᠢᠭᠤᠯᠤᠯᠲᠠ ᠶ᠋ᠢ ᠴᠢᠩᠭᠠᠳᠭᠠᠬᠤ᠂ ᠨᠠᠮ᠎ᠤᠨ ᠦᠢᠯᠡᠰ᠎ᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ᠍ ᠪᠠᠢᠳᠠᠭ᠃ ᠱᠢᠨ᠎ᠡ ᠪᠡᠷ ᠵᠠᠰᠠᠪᠤᠷᠢ ᠣᠷᠣᠭᠤᠯᠤᠭ᠍ᠰᠠᠨ 《ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠢᠯ ᠤᠨ ᠪᠠᠢᠭᠤᠯᠭ᠎ᠠ᠎ᠶ᠋ᠢᠨ ᠳᠦᠷᠢᠮ 》 ᠢ᠋ ᠣᠢᠷ᠎ᠠ ᠳ᠋ᠤ ᠨᠡᠢᠲᠡᠯᠡᠪᠠ᠂ ᠡᠨᠡ ᠪᠣᠯ ᠨᠠᠮ ᠤᠨ ᠤᠳᠤᠷᠢᠳᠭᠤ ᠳᠦᠷᠢᠮ ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠳᠦᠷᠢᠮ᠎ᠦᠨ ᠪᠠᠢᠭᠤᠯᠤᠯᠲᠠ ᠶ᠋ᠢ ᠴᠢᠩᠭᠠᠳᠭᠠᠬᠤ ᠴᠢᠬᠤᠯᠠ ᠠᠷᠭ᠎ᠠ ᠬᠡᠮᠵᠢᠶ᠎ᠡ ᠮᠥᠨ ᠃ 《ᠲᠦᠷᠢᠮ 》 ᠨᠢ ᠰᠢ ᠵᠢᠨ ᠫᠢᠩ ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ᠂ ᠨᠠᠮ ᠪᠣᠯᠤᠨ ᠲᠥᠷᠥ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠨᠠᠮ᠎ᠤᠨ ᠠᠵᠢᠯ ᠤᠨ ᠪᠠᠢᠭᠤᠯᠭ᠎ᠠ᠎ᠶ᠋ᠢᠨ ᠲᠤᠬᠠᠶ ᠤᠯᠤᠰ ᠲᠥᠷᠥ᠎ᠶ᠋ᠢᠨ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠨᠠᠮ᠎ᠤᠨ ᠠᠵᠢᠯ ᠤᠨ ᠪᠠᠢᠭᠤᠯᠭ᠎ᠠ᠎ᠶ᠋ᠢᠨ ᠲᠤᠬᠢᠷᠠᠭᠤᠯᠤᠯᠳᠠ ᠪᠠ ᠠᠵᠢᠯᠯᠠᠭ᠎ᠠ᠎ᠶ᠋ᠢ ᠵᠢᠷᠤᠮᠵᠢᠭᠤᠯᠵᠤ᠂ ᠨᠠᠮ ᠤᠨ ᠠᠵᠢᠯ ᠤᠨ ᠪᠠᠢᠭᠤᠯᠭ᠎ᠠ᠎ᠶ᠋ᠢᠨ ᠠᠵᠢᠯ᠎ᠢ ᠪᠥᠬᠥ᠌ ᠲᠠᠯ᠎ᠠ᠎ᠪᠠᠷ ᠴᠢᠩᠭᠠᠳᠭᠠᠨ ᠵᠢᠷᠤᠮᠵᠢᠭᠤᠯᠬᠤ ᠳᠤ ᠦᠨᠳᠦᠰᠦᠨ ᠵᠢᠷᠤᠮᠯᠠᠯ᠎ᠢ ᠲᠣᠳᠣᠷᠬᠠᠢᠯᠠᠪᠠ᠃ ᠨᠠᠮ᠎ᠤᠨ ᠡᠯ᠎ᠡ ᠱᠠᠲᠤᠨ᠎ᠤ ᠠᠵᠢᠯ᠎ᠤᠨ ᠪᠠᠢᠭᠤᠯᠭ᠎ᠠ 《ᠲᠦᠷᠢᠮ 》 ᠢ᠋ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ᠎ᠡᠴᠡ ᠪᠠᠨ ᠨᠠᠮ ᠤᠨ ᠭᠤᠤᠯ ᠠᠵᠢᠯ ᠢ ᠳᠠᠭᠠᠵᠤ ᠲᠡᠭᠦᠨ᠎ᠳᠦ ᠦᠶ᠋ᠯᠡᠴᠢᠯᠡᠵᠦ᠍᠂ ᠤᠯᠤᠰ ᠲᠥᠷᠥ ᠶ᠋ᠢᠨ ᠴᠢᠳᠠᠪᠤᠷᠢ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠪᠣᠯᠤᠨ ᠠᠵᠢᠯ ᠤᠨ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠱᠢᠨ᠎ᠡ ᠠᠶᠠᠨ ᠳᠤ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠶ᠃
ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠴᠢᠩᠭ᠎ᠠ ᠠᠳᠭᠤᠬᠤ ᠬᠡᠷᠡᠭ᠌ᠲᠡᠶ᠃ ᠨᠠᠮ ᠤᠨ ᠠᠵᠢᠯ᠎ᠤᠨ ᠪᠠᠢᠭᠤᠯᠭ᠎ᠠ᠎ᠨᠢ ᠨᠠᠮ ᠤᠨ ᠪᠠᠢᠭᠤᠯᠭ᠎ᠠ ᠪᠣᠯᠤᠭ᠍ᠰᠠᠨ᠎ᠤ ᠬᠤᠪᠢ᠎ᠳᠤ᠂ ᠱᠢᠭᠤᠳ ᠨᠠᠮ᠎ᠤᠨ ᠲᠥᠪ ᠬᠣᠷᠢᠶ᠎ᠠ ᠵᠢᠴᠢ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠤᠳᠤᠷᠢᠳᠤᠯᠭ᠎ᠠ ᠳᠤᠤᠷ᠎ᠠ ᠠᠵᠢᠯᠯᠠᠵᠤ᠂ ᠡᠷᠬᠡᠪᠰᠢ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ ᠶ᠋ᠢ ᠡᠷᠬᠢᠮᠯᠡᠵᠦ᠍᠂ 《ᠳᠥᠷᠪᠡᠨ ᠤᠬᠠᠮᠰᠠᠷ 》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠮᠥᠨ ᠴᠢᠨᠠᠷ ᠢ ᠭᠦᠶ᠋ᠴᠡᠳ ᠢᠯᠡᠷᠡᠭᠦᠯᠬᠦ᠌ ᠬᠡᠷᠡᠭ᠌ᠲᠡᠶ᠃ 《ᠲᠦᠷᠢᠮ 》 ᠤ᠋ᠨ ᠱᠠᠭᠠᠷᠳᠠᠯᠭ᠎ᠠ ᠶᠣᠰᠣᠭᠠᠷ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠬᠤ ᠶ᠋ᠢ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠠᠵᠢᠯ ᠢᠶᠠᠨ ᠥᠷᠨᠢᠭᠦᠯᠬᠦ᠌᠎ᠶ᠋ᠢᠨ ᠦᠨᠳᠦᠰᠦᠨ ᠤᠯᠤᠰ ᠲᠦᠷᠦ᠍᠎ᠶ᠋ᠢᠨ ᠵᠠᠷᠴᠢᠮ ᠪᠣᠯᠭᠠᠵᠤ᠂ ᠨᠠᠮ ᠤᠨ ᠲᠥᠪ ᠬᠣᠷᠢᠶ᠎ᠠ ᠵᠢᠨ ᠵᠢᠯᠤᠭᠤᠳᠤᠯᠭ᠎ᠠ᠎ᠶ᠋ᠢ ᠡᠷᠡᠰ ᠲᠠᠭᠠᠵᠤ᠂ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ᠎ᠲᠠᠶ ᠨᠢᠭᠡᠳᠦᠯᠲᠡᠢ ᠪᠠᠢᠵᠤ᠂ ᠨᠠᠮ᠎ᠤᠨ ᠲᠥᠪ ᠬᠣᠷᠢᠶ᠎ᠠ ᠵᠢᠨ ᠱᠠᠭᠠᠷᠳᠠᠯᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠰᠠᠬᠢᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠬᠤ ᠬᠡᠷᠡᠭ᠌ᠲᠡᠢ᠃ ᠨᠠᠮ᠎ᠤᠨ ᠱᠢᠨ᠎ᠡ ᠡᠬᠦᠳᠤᠯᠳᠠ ᠵᠢᠨ ᠤᠨᠤᠯ᠎ᠢᠶᠠᠷ ᠦᠷᠭᠦᠯᠵᠢᠯᠡᠨ ᠦᠵᠡᠯ ᠰᠠᠨᠠᠭ᠎ᠠ᠎ᠪᠠᠨ ᠨᠢᠭᠡᠳᠭᠡᠵᠦ᠍᠂ ᠵᠣᠷᠢᠭ ᠰᠠᠨᠠᠭ᠎ᠠ ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠵᠦ᠍᠂ ᠤᠯᠤᠰ ᠲᠦᠷᠦ᠍᠎ᠶ᠋ᠢᠨ ᠲᠠᠯ᠎ᠠ᠎ᠪᠠᠷ ᠶᠡᠬᠡ ᠲᠠᠯ᠎ᠠ ᠶ᠋ᠢ ᠡᠵᠡᠮᠳᠡᠬᠦ᠌᠂ ᠠᠰᠠᠭᠤᠳᠠᠯ᠎ᠢ ᠵᠠᠳᠠᠯᠬᠤ᠂ ᠠᠵᠢᠯ᠎ᠢᠶᠠᠨ ᠠᠬᠢᠭᠤᠯᠬᠤ᠎ᠳᠤ ᠴᠢᠳᠠᠮᠠᠭᠠᠢ ᠪᠠᠢᠬᠤ ᠬᠡᠷᠡᠭ᠌ᠲᠡᠢ᠃ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠪᠠᠷᠢᠮᠲᠠᠯᠠᠵᠤ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠦᠵᠡᠯ ᠤᠬᠠᠮᠰᠠᠷ᠎ᠤᠨ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠭᠠᠪᠤᠷᠢᠯᠠᠬᠤ ᠴᠢᠳᠠᠪᠤᠷᠢ᠂ ᠤᠯᠤᠰ ᠲᠥᠷᠥ᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌᠎ᠶ᠋ᠢ ᠬᠥᠲᠥᠯᠥᠨ ᠵᠢᠯᠣᠭᠣᠳᠴᠤ᠌᠂《ᠬᠣᠶᠠᠷ ᠢ ᠲᠣᠭ᠍ᠲᠠᠭᠠᠬᠰᠡᠨ 》 ᠤ᠋ ᠱᠢᠶ᠋ᠳᠪᠦᠷᠢᠯᠡᠬᠴᠢ ᠴᠢᠨᠠᠷᠲᠠᠶ ᠠᠴᠢ ᠬᠣᠯᠪᠣᠭ᠍ᠳᠠᠯ᠎ᠤᠨ ᠲᠤᠬᠠᠶ ᠭᠦᠨᠵᠡᠭᠡᠶ ᠣᠢᠯᠠᠭᠠᠯᠳᠠ ᠵᠢ 《 ᠬᠣᠶᠠᠷ᠎ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠬᠦ᠌ ᠳᠡᠭᠡᠳᠦ ᠬᠡᠮᠵᠢᠶᠡᠨ᠎ᠦ ᠤᠬᠠᠮᠰᠠᠷ ᠪᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠶ᠃
ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠭᠦᠶ᠋ᠴᠡᠳᠭᠡᠬᠦ᠌ ᠬᠡᠷᠡᠭ᠌ᠲᠡᠶ᠃ ᠨᠠᠮ᠎ᠤᠨ ᠠᠵᠢᠯ ᠤᠨ ᠪᠠᠢᠭᠤᠯᠭ᠎ᠠ ᠪᠣᠯ ᠨᠠᠮ᠎ᠤᠨ ᠲᠥᠪ ᠬᠣᠷᠢᠶ᠎ᠠ ᠵᠢᠴᠢ ᠣᠷᠣᠨ ᠨᠤᠲᠤᠭ᠎ᠤᠨ ᠡᠯ᠎ᠡ ᠱᠠᠲᠤᠨ ᠤ ᠨᠠᠮ᠎ᠤᠨ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠬᠡᠷᠡᠭ᠌ᠵᠢᠭᠦᠯᠬᠦ᠌ ᠪᠠᠢᠭᠤᠯᠭ᠎ᠠ ᠮᠥᠨ᠂ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠡᠨ ᠰᠠᠢᠲᠤᠷ ᠪᠠᠳᠠᠷᠠᠭᠤᠯᠤᠭ᠍ᠰᠠᠨ ᠡᠰᠡᠬᠦ᠌ ᠨᠢ ᠨᠠᠮ ᠤᠨ ᠤᠨᠤᠯ ᠪᠠ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠳᠦ ᠬᠣᠯᠪᠣᠭ᠍ᠳᠠᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠬᠣᠯᠪᠣᠭ᠍ᠳᠠᠵᠤ ᠪᠠᠢᠳᠠᠭ᠃ 《ᠲᠦᠷᠢᠮ 》 ᠳ᠋ᠦ᠍᠂ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠲᠡᠷᠢᠭᠦᠨ ᠴᠢᠬᠤᠯᠠ ᠲᠤᠱᠢᠶᠠᠯ ᠬᠠᠷᠢᠭᠤᠴᠠᠯᠭ᠎ᠠ ᠪᠣᠯ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠮ᠎ᠤᠨ ᠲᠥᠪ ᠬᠤᠷᠢᠶ᠎ᠠ ᠵᠢᠨ ᠵᠠᠷᠯᠢᠭ ᠴᠠᠭᠠᠵᠠ᠎ᠶ᠋ᠢ ᠳᠠᠭᠠᠬᠤ᠎ᠶ᠋ᠢ ᠪᠠᠲᠤᠯᠠᠬᠤ ᠬᠡᠷᠡᠭ᠌ᠲᠡᠢ᠃ 《ᠲᠦᠷᠢᠮ 》 ᠤ᠋ᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠤᠯᠤᠰ ᠲᠦᠷᠦ᠍ ᠶ᠋ᠢᠨ ᠵᠣᠭ᠍ᠰᠣᠴᠠ ᠪᠠᠨ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢᠷᠡᠭᠦᠯᠵᠦ᠍᠂ ᠲᠤᠰ ᠪᠡᠶ᠎ᠡ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢᠨ ᠵᠢᠡᠨ ᠲᠣᠭᠣᠷᠢᠨ᠎ᠳᠤ ᠲᠦᠷᠢᠮ ᠲᠣᠭ᠍ᠲᠠᠴᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠨᠠᠢᠳᠠᠪᠤᠷᠢᠵᠢᠭᠤᠯᠤᠯᠲᠠ ᠶ᠋ᠢ ᠠᠳᠭᠤᠬᠤ ᠤᠯᠤᠰ ᠲᠦᠷᠦ᠍᠎ᠶ᠋ᠢᠨ ᠤᠬᠠᠮᠰᠠᠷ ᠪᠣᠯᠤᠨ ᠤᠯᠤᠰ ᠲᠦᠷᠦ᠍᠎ᠶ᠋ᠢᠨ ᠡᠭᠦᠷᠭᠡᠯᠡᠯ᠎ᠢᠶᠡᠨ ᠴᠢᠩᠭᠠᠳᠭᠠᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠠ ᠴᠢᠩᠭᠠᠳᠭᠠᠵᠤ᠂ ᠨᠠᠮ᠎ᠤᠨ ᠤᠳᠤᠷᠢᠳᠭᠤ ᠲᠦᠷᠢᠮ᠎ᠦᠨ ᠱᠢᠰᠲ᠋ᠧᠮ᠎ᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠍᠂ ᠠᠷᠠᠳᠴᠢᠯᠠᠯ ᠲᠥᠪᠯᠡᠷᠡᠯ᠎ᠦᠨ ᠶᠣᠰᠣ᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠪᠥᠬᠥ᠌ ᠲᠠᠯ᠎ᠠ ᠪᠠᠷ᠂ ᠱᠢᠰᠲ᠋ᠧᠮ᠎ᠲᠡᠶ᠂ ᠪᠦᠬᠦᠯᠢ ᠴᠣᠭ᠍ᠴᠠ᠎ᠪᠠᠷ ᠨᠠᠢᠳᠠᠪᠤᠷᠢᠵᠢᠭᠤᠯᠵᠤ᠂ ᠨᠠᠮ᠎ᠤᠨ ᠡᠯ᠎ᠡ ᠲᠠᠯ᠎ᠠ᠎ᠶ᠋ᠢᠨ ᠠᠵᠢᠯ᠎ᠳᠠᠬᠢ ᠤᠳᠤᠷᠢᠳᠤᠯᠭ᠎ᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠴᠢᠩᠭᠠᠳᠭᠠᠵᠤ᠂ ᠨᠢᠭᠡᠳᠦᠯᠲᠡᠶ ᠱᠢᠰᠲ᠋ᠧᠮᠵᠢᠭᠦᠯᠦᠨ ᠤᠳᠤᠷᠢᠳᠭᠤ ᠪᠠ ᠵᠣᠬᠢᠴᠠᠭᠤᠯᠤᠨ ᠬᠠᠮᠢᠶᠠᠷᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠥ᠍᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠣᠭ᠍ᠴᠣᠭ᠎ᠠ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶ᠋ᠢ ᠪᠠᠷᠢᠮᠲᠠᠯᠠᠵᠤ᠂ ᠨᠠᠮ ᠤᠨ ᠥᠪᠡᠷ ᠪᠡᠶ᠎ᠡ᠎ᠵᠢᠨ ᠬᠤᠪᠢᠰᠭᠠᠯ ᠬᠢᠬᠦ᠌ 《 ᠲᠠᠪᠤ ᠶ᠋ᠢ ᠤᠯᠠᠮ ᠨᠢᠭᠡ ᠠᠯᠬᠤᠮ ᠪᠣᠳᠠᠲᠠᠢ ᠨᠠᠢᠳᠠᠪᠤᠷᠢᠵᠢᠭᠤᠯᠬᠤ 》 ᠵᠢ ᠠᠬᠢᠭᠤᠯᠬᠤ ᠴᠢᠬᠤᠯᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠭᠦᠷᠭᠡ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠴᠢᠩᠭ᠎ᠠ ᠦᠨᠳᠦᠰᠦᠨ ᠬᠦᠭ ᠠᠶᠠᠰ᠂ ᠴᠢᠩᠭ᠎ᠠ ᠠᠭᠤᠷ ᠠᠮᠢᠰᠭᠤᠯ᠂ ᠴᠢᠩᠭ᠎ᠠ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠨᠠᠮ᠎ᠢ ᠨᠡᠩ ᠪᠠᠲᠤ ᠴᠢᠩᠭ᠎ᠠ ᠬᠦᠴᠦᠨ᠎ᠲᠡᠶ ᠪᠣᠯᠭᠠᠨ ᠪᠠᠢᠭᠤᠯᠬᠤ ᠬᠡᠷᠡᠭ᠌ᠲᠡᠢ᠃
ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠡᠭᠦᠷᠭᠡᠯᠡᠯ᠎ᠢ ᠴᠢᠩᠭᠠᠳᠭᠠᠬᠤ ᠬᠡᠷᠡᠭ᠌ᠲᠡᠢ᠃《ᠲᠦᠷᠢᠮ 》 ᠳ᠋ᠦ᠍᠂ ᠨᠠᠮ᠎ᠤᠨ ᠠᠵᠢᠯ᠎ᠤᠨ ᠪᠠᠢᠭᠤᠯᠭ᠎ᠠ ᠨᠠᠮ᠎ᠤᠨ ᠬᠤᠷᠢᠶ᠎ᠠ ᠵᠢᠨ ᠰᠠᠢ᠌ᠨ ᠵᠥᠪᠯᠡᠭ᠌ᠴᠢ ᠲᠤᠰᠠᠯᠠᠭ᠍ᠴᠢ ᠪᠣᠯᠬᠤ ᠬᠡᠷᠡᠭ᠌ᠲᠡᠢ ᠭᠡᠵᠦ ᠲᠤᠳᠤᠷᠬᠠᠢ ᠲᠤᠭᠳᠠᠭᠠᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ᠌ ᠤᠯᠤᠰ ᠤ᠋ᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠦᠢᠯᠡᠰ ᠢ᠋ ᠪᠦᠬᠦ᠌ ᠲᠠᠯ᠎ᠠ᠎ᠪᠠᠷ ᠠᠬᠢᠭᠤᠯᠬᠤ ᠭᠣᠣᠯ ᠡᠭᠦᠷᠭᠡ ᠲᠤᠢᠯ ᠤᠨ ᠨᠦᠰᠡᠷ ᠬᠦᠨᠳᠦ ᠪᠠᠢᠵᠤ᠂ ᠨᠠᠮ᠎ᠤᠨ ᠠᠵᠢᠯ᠎ᠤᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠵᠢᠨ ᠵᠥᠪᠯᠡᠭ᠌ᠴᠢ ᠲᠤᠰᠠᠯᠠᠭ᠍ᠴᠢ᠎ᠶ᠋ᠢᠨ ᠦᠢᠯᠡᠳᠦᠯ᠎ᠢᠶᠡᠨ ᠤᠯᠠᠮ ᠨᠢᠭᠡ ᠠᠯᠬᠤᠮ ᠰᠠᠢᠲᠤᠷ ᠪᠠᠳᠠᠷᠠᠭᠤᠯᠬᠤ᠎ᠳᠤ ᠨᠡᠩ ᠥᠨᠳᠥᠷ ᠱᠠᠭᠠᠷᠳᠠᠯᠭ᠎ᠠ ᠳᠤᠷᠠᠳᠪᠠ᠃ ᠭᠤᠤᠯᠳᠠᠯᠭ᠎ᠠ᠎ᠶ᠋ᠢᠨ ᠲᠣᠭᠣᠷᠢᠨ᠎ᠳᠤ ᠶᠡᠬᠡ ᠲᠠᠯ᠎ᠠ᠎ᠳᠤ ᠦᠶ᠋ᠯᠡᠴᠢᠯᠡᠬᠦ᠌᠎ᠶ᠋ᠢ ᠪᠠᠷᠢᠮᠲᠠᠯᠠᠵᠤ᠂ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢᠴᠢ ᠨᠠᠮ᠎ᠤᠨ ᠬᠤᠷᠢᠶ᠎ᠠ ᠵᠢᠨ ᠠᠵᠢᠯ᠎ᠤᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶ᠋ᠢᠨ ᠲᠣᠭᠣᠷᠢᠨ᠎ᠳᠤ ᠠᠵᠢᠯ᠎ᠢᠶᠠᠨ ᠲᠥᠯᠥᠪᠵᠢᠭᠦᠯᠦᠨ ᠠᠬᠢᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠭᠦᠶ᠋ᠴᠡᠳᠭᠡᠵᠦ᠍᠂ ᠭᠤᠤᠯ ᠠᠵᠢᠯ᠎ᠳᠤ ᠬᠦᠴᠦᠲᠡᠶ ᠦᠶ᠋ᠯᠡᠴᠢᠯᠡᠬᠦ᠌ ᠬᠡᠷᠡᠭ᠌ᠲᠡᠶ᠃ ᠠᠵᠤ ᠠᠬᠤᠢ ᠨᠡᠢᠭᠡᠮ ᠦᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌ ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠥᠭ᠌ᠵᠢᠯᠲᠡ ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠᠬᠢ ᠱᠢᠨ᠎ᠡ ᠪᠠᠢᠳᠠᠯ ᠱᠢᠨ᠎ᠡ ᠬᠤᠪᠢᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ᠌ ᠲᠠᠯ᠎ᠠ᠎ᠶ᠋ᠢ ᠳᠠᠢᠴᠢᠯᠠᠬᠤ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠠᠳᠭᠤᠵᠤ᠂ ᠨᠠᠮ᠎ᠤᠨ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠨᠡᠩ ᠰᠠᠢᠲᠤᠷ ᠦᠢᠯᠡᠴᠢᠯᠡᠬᠦ᠌ ᠬᠡᠷᠡᠭ᠌ᠲᠡᠢ᠃ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠤᠢ ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠰᠤᠷᠲᠠᠯ᠎ᠢᠶᠠᠷ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠬᠦ᠌ ᠬᠡᠷᠡᠭ᠌ᠲᠡᠢ᠃ ᠪᠠᠢᠴᠠᠭᠠᠨ ᠰᠤᠳᠤᠯᠤᠯᠲᠠ᠎ᠶ᠋ᠢ ᠴᠢᠩᠭᠠᠳᠭᠠᠵᠤ᠂ ᠨᠠᠮ᠎ᠤᠨ ᠲᠥᠪ ᠬᠤᠷᠢᠶ᠎ᠠ ᠵᠢᠨ ᠠᠩᠬᠠᠷᠤᠨ ᠬᠠᠯᠠᠮᠵᠢᠯᠠᠵᠤ ᠪᠠᠢᠭ᠎ᠠ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠭᠣᠣᠯᠳᠠᠯᠭ᠎ᠠ ᠲᠠᠶ ᠬᠦᠴᠢᠷ ᠠᠰᠠᠭᠤᠳᠠᠯ᠎ᠤᠨ ᠲᠣᠭᠣᠷᠢᠨ᠎ᠳᠤ᠂ ᠪᠣᠳᠠᠲᠤ ᠪᠠᠢᠳᠠᠯ ᠢ ᠪᠠᠢᠴᠠᠭᠠᠨ ᠠᠷᠠᠳ ᠤᠨ ᠰᠠᠨᠠᠭ᠎ᠠ᠎ᠶ᠋ᠢ ᠰᠣᠨᠣᠰᠴᠤ᠌᠂ ᠳᠤᠷᠠᠳᠤᠭ᠍ᠰᠠᠨ ᠰᠡᠳᠭᠢᠴᠡ ᠠᠷᠭ᠎ᠠ ᠬᠡᠮᠵᠢᠶ᠎ᠡ᠂ ᠠᠷᠭᠠᠴᠠᠭᠠᠬᠤ ᠪᠤᠳᠤᠯᠭ᠎ᠠ ᠰᠠᠨᠠᠭᠤᠯᠭ᠎ᠠ᠎ᠶ᠋ᠢ ᠬᠠᠨᠳᠤᠯᠭᠠᠲᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷᠲᠠᠶ ᠪᠣᠯᠭᠠᠵᠤ᠂ ᠪᠣᠳᠠᠲᠠᠢ᠎ᠶ᠋ᠢ ᠡᠷᠬᠢᠮᠯᠡᠭ᠌ᠰᠡᠨ ᠲᠤᠰᠠᠲᠠᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠰᠡᠷᠭᠡᠭ ᠴᠢᠨᠠᠷ ᠪᠣᠯᠤᠨ ᠤᠯᠤᠰ ᠲᠦᠷᠦ᠍᠎ᠶ᠋ᠢᠨ ᠢᠯᠭᠠᠨ ᠲᠠᠨᠢᠬᠤ ᠴᠢᠳᠠᠪᠤᠷᠢ᠎ᠪᠠᠨ ᠴᠢᠩᠭᠠᠳᠭᠠᠵᠤ᠂ ᠡᠯ᠎ᠡ ᠲᠦᠷᠦᠯ᠎ᠦᠨ ᠠᠶᠤᠯ ᠲᠦᠭ᠌ᠰᠢᠭᠦᠷᠢ ᠭᠡᠮ ᠰᠣᠭᠣᠭ ᠢ ᠴᠠᠭ ᠲᠤᠬᠠᠢᠳᠤᠨᠢ ᠢᠯᠡᠷᠡᠭᠦᠯᠬᠦ᠌ ᠪᠠ ᠢᠯᠭᠠᠨ ᠲᠠᠨᠢᠵᠤ᠂ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ᠌ ᠤᠷᠢᠳᠴᠢᠯᠠᠨ ᠱᠢᠢᠳᠪᠦᠷᠢᠯᠡᠬᠦ᠌ ᠠᠵᠢᠯ᠎ᠢ ᠰᠠᠢᠲᠤᠷ ᠬᠢᠵᠦ᠍᠂ ᠤᠯᠤᠰ ᠲᠦᠷᠦ᠍᠎ᠶ᠋ᠢᠨ ᠠᠮᠤᠷ ᠲᠦᠪᠱᠢᠨ ᠪᠣᠯᠤᠨ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠬᠦᠴᠦᠲᠡᠢ ᠬᠠᠮᠠᠭᠠᠯᠠᠬᠤ ᠬᠡᠷᠡᠭ᠌ᠲᠡᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)