25000 ᠭᠠᠷᠤᠢ ᠨᠡᠬᠦᠳᠡᠯ ᠤ᠋ᠨ ᠰᠢᠪᠠᠭᠤᠳ ᠤᠷᠳᠤᠰ ᠲᠤ᠌ ᠦᠷᠳᠡᠭᠡᠯᠡᠨ ᠪᠠᠭᠤᠯ᠎ᠠ
2025-12-09 10:17:00
ᠵᠣᠬᠢᠶᠠᠭ᠍ᠴᠢ᠄
​ ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠤᠷᠳᠤᠰ ᠬᠤᠳᠠ ᠶ᠋ᠢᠨ ᠨᠠᠮᠤᠷ ᠤ᠋ᠨ ᠤᠯᠠᠷᠢᠯ ᠤ᠋ᠨ ᠨᠡᠬᠦᠳᠡᠯ ᠤ᠋ᠨ ᠰᠢᠪᠠᠭᠤᠳ ᠢ᠋ ᠬᠢᠨᠠᠨ ᠬᠡᠮᠵᠢᠵᠦ ᠠᠵᠢᠭᠯᠠᠬᠤ ᠠᠵᠢᠯ ᠠᠮᠵᠢᠯᠳᠠ ᠳᠠᠢ ᠳᠠᠭᠤᠰᠴᠤ᠂ ᠬᠢᠨᠠᠨ ᠬᠡᠮᠵᠢᠭᠰᠡᠨ ᠪᠦᠷᠢᠳᠬᠡᠯ ᠢ᠋ ᠦᠨᠳᠦᠰᠦᠯᠡᠪᠡᠯ᠂ ᠡᠨᠡ ᠵᠢᠯ ᠤᠷᠳᠤᠰ ᠶ᠋ᠢᠡᠷ ᠨᠡᠬᠦᠳᠡᠯᠯᠡᠨ ᠪᠠᠭᠤᠭᠰᠠᠨ ᠨᠡᠬᠦᠳᠡᠯ ᠤ᠋ᠨ ᠰᠢᠪᠠᠭᠤᠳ ᠤ᠋ᠨ ᠳᠤᠭ᠎ᠠ 25000 ᠵᠢ ᠳᠠᠪᠠᠨ᠂ ᠡᠬᠦᠨ ᠳ᠋ᠤ ᠤᠯᠠᠨ ᠵᠦᠢᠯ ᠤ᠋ᠨ ᠤᠯᠤᠰ ᠤ᠋ᠨ ᠳᠡᠰ ᠤ᠋ᠨ ᠬᠠᠮᠠᠭᠠᠯᠠᠯᠳᠠ ᠶ᠋ᠢᠨ ᠰᠢᠪᠠᠭᠤᠳ ᠪᠤᠢ᠃

ᠤᠢᠯᠠᠭᠠᠭᠰᠠᠨ ᠶ᠋ᠢᠡᠷ᠂ ᠳᠤᠰ ᠤᠳᠠᠭᠠᠨ ᠤ᠋ ᠨᠠᠮᠤᠷ ᠤ᠋ᠨ ᠤᠯᠠᠷᠢᠯ ᠤ᠋ᠨ ᠨᠡᠬᠦᠳᠡᠯ ᠤ᠋ᠨ ᠰᠢᠪᠠᠭᠤᠳ ᠢ᠋ ᠬᠢᠨᠠᠨ ᠬᠡᠮᠵᠢᠵᠦ ᠠᠵᠢᠭᠯᠠᠬᠤ ᠠᠵᠢᠯ ᠨᠢ ᠴᠢᠭᠯᠡᠯᠳᠦ ᠴᠢᠨᠠᠷ ᠶ᠋ᠢᠡᠷ ᠴᠢᠩᠭ᠎ᠠ᠂ ᠪᠦᠷᠬᠦᠬᠦᠯᠦᠭᠰᠡᠨ ᠬᠡᠪᠴᠢᠶ᠎ᠡ ᠦᠷᠭᠡᠨ ᠪᠠᠢᠵᠤ᠂ ᠭᠤᠤᠯᠳᠠᠭᠤ ᠪᠦᠬᠦ ᠬᠤᠳᠠ ᠶ᠋ᠢᠨ 5 ᠭᠤᠤᠯ ᠪᠤᠯᠬᠤ ᠬᠢᠨᠠᠨ ᠬᠡᠮᠵᠢᠬᠦ ᠤᠷᠤᠨ ᠢ᠋ ᠬᠠᠮᠤᠷᠴᠤ᠂ ᠨᠤᠭᠤ ᠭᠠᠵᠠᠷ᠂ ᠤᠰᠤᠨ ᠴᠦᠬᠦᠷᠦᠮ᠂ ᠬᠠᠳᠤᠨ ᠭᠤᠤᠯ ᠤ᠋ᠨ ᠡᠷᠬᠢ ᠳᠠᠭᠠᠤ ᠨᠤᠭᠤ ᠭᠠᠵᠠᠷ ᠵᠡᠷᠭᠡ ᠨᠡᠬᠦᠳᠡᠯ ᠤ᠋ᠨ ᠰᠢᠪᠠᠭᠤᠳ ᠤ᠋ᠨ ᠦᠷᠳᠡᠭᠡᠯᠡᠨ ᠪᠠᠭᠤᠬᠤ ᠭᠠᠵᠠᠷ ᠤᠷᠤᠨ ᠢ᠋ ᠪᠠᠭᠳᠠᠭᠠᠵᠠᠢ᠃ ᠪᠦᠷᠢᠳᠬᠡᠯ ᠢ᠋ ᠦᠨᠳᠦᠰᠦᠯᠡᠪᠡᠯ᠂ ᠨᠡᠢᠳᠡ 7 ᠠᠩᠭᠢᠯᠠᠯ ᠤ᠋ᠨ 11 ᠢᠵᠠᠭᠤᠷ ᠤ᠋ᠨ 31 ᠳᠦᠷᠦᠯ ᠤ᠋ᠨ ᠨᠡᠬᠦᠳᠡᠯ ᠤ᠋ᠨ ᠰᠢᠪᠠᠭᠤ ᠵᠢ ᠬᠢᠨᠠᠨ ᠬᠡᠮᠵᠢᠵᠤ ᠤᠯᠤᠭᠰᠠᠨ ᠪᠠᠢᠨ᠎ᠠ᠂ ᠡᠬᠦᠨ ᠳ᠋ᠤ ᠤᠯᠤᠰ ᠤ᠋ᠨ ᠨᠢᠭᠡᠳᠦᠭᠡᠷ ᠳᠡᠰ ᠤ᠋ᠨ ᠭᠤᠤᠯᠳᠠᠯᠭ᠎ᠠ ᠳᠠᠢ ᠬᠠᠮᠠᠭᠠᠯᠠᠯᠳᠠ ᠶ᠋ᠢᠨ ᠠᠮᠢᠳᠠᠨ ᠬᠠᠷ᠎ᠠ ᠦᠷᠪᠢ᠂ ᠤᠯᠤᠰ ᠤ᠋ᠨ ᠬᠤᠶᠠᠳᠤᠭᠠᠷ ᠳᠡᠰ ᠤ᠋ᠨ ᠭᠤᠤᠯᠳᠠᠯᠭ᠎ᠠ ᠳᠠᠢ ᠬᠠᠮᠠᠭᠠᠯᠠᠯᠳᠠ ᠶ᠋ᠢᠨ ᠠᠮᠢᠳᠠᠨ ᠳᠤᠭᠤᠷᠤᠤ᠂ ᠬᠤᠨ ᠭᠠᠯᠠᠭᠤ᠂ ᠬᠠᠯᠪᠠᠭᠠᠳᠤ ᠦᠷᠪᠢᠯᠳᠡᠢ ᠵᠡᠷᠭᠡ ᠬᠤᠪᠤᠷ ᠴᠤᠬᠠᠭ ᠬᠠᠮᠠᠭᠠᠯᠠᠯᠳᠠ ᠶ᠋ᠢᠨ ᠰᠢᠪᠠᠭᠤᠳ ᠰᠦᠷᠦᠭ ᠰᠦᠷᠦᠭ ᠶ᠋ᠢᠡᠷ ᠢᠯᠡᠷᠡᠭᠰᠡᠨ ᠪᠠᠢᠨ᠎ᠠ᠃

ᠬᠢᠨᠠᠨ ᠬᠡᠮᠵᠢᠭᠰᠡᠨ ᠲᠣᠭ᠎ᠠ ᠪᠠᠷᠢᠮᠲᠠ ᠶ᠋ᠢᠨ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ᠋ ᠪᠠᠲᠤᠯᠠᠬᠤ ᠶ᠋ᠢᠨ ᠲᠥᠯᠥᠭᠡ ᠣᠷᠳᠣᠰ ᠬᠣᠲᠠ ᠶ᠋ᠢᠨ ᠬᠢᠨᠠᠨ ᠬᠡᠮᠵᠢᠬᠦ ᠪᠦᠯᠬᠦᠮ ᠤ᠋ᠨ ᠬᠢᠨ ᠳᠤᠬᠠᠢ ᠶ᠋ᠢᠨ ᠭᠠᠵᠠᠷ ᠲᠤᠨᠢ ᠤᠴᠢᠵᠤ ᠪᠠᠢᠴᠠᠭᠠᠯᠳᠠ ᠬᠢᠬᠦ᠂ ᠤᠷᠢᠳᠴᠢᠯᠠᠨ ᠪᠠᠢᠴᠠᠭᠠᠬᠤ ᠵᠡᠷᠭᠡ ᠠᠵᠢᠯ ᠢ᠋ ᠥᠷᠨᠢᠭᠦᠯᠵᠦ᠂ ᠡᠯ᠎ᠡ ᠬᠢᠨᠠᠨ ᠬᠡᠮᠵᠢᠬᠦ ᠭᠠᠵᠠᠷ ᠤᠷᠤᠨ ᠤ᠋ ᠠᠮᠢ ᠠᠬᠤᠢ ᠶ᠋ᠢᠨ ᠣᠨᠴᠠᠯᠢᠭ᠋ ᠲᠠᠢ ᠨᠢ ᠤᠶᠠᠯᠳᠤᠭᠤᠯᠤᠨ ᠬᠢᠨᠠᠨ ᠬᠡᠮᠵᠢᠬᠦ ᠵᠠᠮ ᠱᠤᠭᠤᠮ ᠢ᠋ ᠨᠠᠷᠢᠯᠢᠭ᠋ ᠣᠨᠣᠴᠠᠲᠠᠢ ᠪᠠᠷ ᠲᠥᠯᠥᠪᠵᠢᠭᠦᠯᠵᠦ᠂ ᠠᠵᠢᠭ᠍ᠯᠠᠨ ᠬᠡᠮᠵᠢᠬᠦ ᠴᠡᠭ ᠢ᠋ ᠪᠠᠢᠷᠢᠯᠠᠭᠤᠯᠤᠨ᠂ ᠪᠥᠬᠥ ᠲᠠᠯ᠎ᠠ ᠶ᠋ᠢᠨ᠂ ᠪᠣᠰᠣᠭ᠎ᠠ ᠴᠣᠭᠴᠠᠲᠤ ᠬᠢᠨᠠᠨ ᠬᠡᠮᠵᠢᠬᠦ ᠰᠢᠰᠲᠧᠮ ᠢ᠋ ᠪᠠᠢᠭᠤᠯᠵᠠᠢ᠃ ᠪᠠᠢᠴᠠᠭᠠᠯᠲᠠ ᠶ᠋ᠢᠨ ᠦᠷ᠎ᠡ ᠳ᠋ᠦᠩ ᠳ᠋ᠦ ᠢᠯᠡᠷᠡᠭᠦᠯᠦᠭᠰᠡᠨ ᠶ᠋ᠢᠡᠷ᠂ ᠣᠷᠳᠣᠰ ᠬᠣᠲᠠ ᠶ᠋ᠢᠨ ᠨᠤᠭᠤ ᠭᠠᠵᠠᠷ ᠤ᠋ᠨ ᠰᠠᠢᠨ ᠰᠠᠢᠬᠠᠨ ᠠᠮᠢ ᠠᠬᠤᠢ ᠶ᠋ᠢᠨ ᠣᠷᠴᠢᠨ ᠨᠥᠬᠥᠴᠡᠯ ᠨᠢ ᠡᠮᠦᠨᠡᠰᠢ ᠨᠡᠭᠦᠳᠡᠯᠯᠡᠭᠰᠡᠨ ᠨᠡᠭᠦᠳᠡᠯ ᠤ᠋ᠨ ᠰᠢᠪᠠᠭᠤᠳ ᠲᠤ᠌ ᠠᠮᠤᠷ ᠲᠦᠪᠰᠢᠨ ᠪᠥᠭᠡᠳ ᠲᠣᠭᠲᠠᠭᠤᠨ ᠠᠮᠠᠷᠠᠬᠤ ᠭᠠᠵᠠᠷ ᠪᠠ ᠢᠳᠡᠰᠢ ᠡᠷᠢᠬᠦ ᠨᠦᠬᠦᠴᠡᠯ ᠢ᠋  ᠬᠠᠩᠭᠠᠵᠤ᠂ ᠨᠡᠭᠦᠳᠡᠯ ᠤ᠋ᠨ ᠰᠢᠪᠠᠭᠤᠳ ᠤ᠋ᠨ ᠨᠡᠭᠦᠳᠡᠯᠯᠡᠬᠦ ᠵᠠᠮ ᠳᠡᠭᠡᠷᠡᠬᠢ 《ᠠᠮᠤᠭᠤᠯᠠᠩᠳᠤ ᠪᠠᠭᠤᠴᠠ》 ᠪᠣᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号