ᠦᠪᠦᠷ ᠮᠤᠡᠭᠭᠤᠯ ᠤ᠋ᠨ ᠤᠯᠠᠨ ᠭᠠᠵᠠᠷ ᠲᠦ᠍ ᠲᠤᠮᠳᠠ ᠡᠴᠡ ᠶᠡᠬᠡ ᠴᠠᠰᠤ ᠤᠷᠤᠨ᠎ᠠ
2025-12-09 10:01:07
ᠵᠣᠬᠢᠶᠠᠭ᠍ᠴᠢ᠄
​ ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠢ᠋ᠢᠡᠷ᠂ 12 ᠰᠠᠷ᠎ᠠ ᠢ᠋ᠢᠨ 11 — 13 ᠤ᠋ ᠡᠳᠦᠷ ᠪᠣᠯᠲᠠᠯ᠎ᠠ ᠴᠢᠡᠭᠭ᠎ᠠ ᠬᠦᠢᠲᠡᠨ ᠠᠭᠠᠷ ᠤ᠋ᠨ ᠨᠥᠯᠥᠭᠡᠯᠡᠯ ᠢ᠋ᠢᠡᠷ ᠮᠠᠨ ᠤ᠋ ᠤᠷᠤᠨ ᠤ᠋ ᠤᠯᠠᠨ ᠭᠠᠵᠠᠷ ᠲᠦ᠍ ᠲᠤᠮᠳᠠ ᠡᠴᠡ ᠶᠡᠬᠡ ᠴᠠᠰᠤ ᠤᠷᠤᠵᠤ᠂ ᠠᠭᠠᠷ ᠤ᠋ᠨ ᠳᠤᠯᠠᠭᠠᠨ ᠦᠷᠬᠦᠯᠵᠢᠯᠡᠨ 4 — 8 ᠭᠷᠠᠳᠦ᠋ᠰ ᠪᠠᠭᠤᠷᠠᠨ᠎ᠠ᠃

11 ᠤ᠋ ᠡᠳᠦᠷ ᠤ᠋ᠨ 8 ᠴᠠᠭ ᠡᠴᠡ 12 ᠤ᠋ᠨ ᠡᠳᠦᠷ ᠤ᠋ᠨ 8 ᠴᠠᠭ ᠪᠤᠯᠲᠠᠯ᠎ᠠ᠂ ᠦᠪᠦᠷ ᠮᠤᠡᠭᠭᠤᠯ ᠤ᠋ᠨ ᠪᠠᠷᠠᠭᠤᠨ ᠪᠡᠶ᠎ᠡ ᠢ᠋ᠢᠨ ᠶᠡᠬᠡᠩᠬᠢ ᠭᠠᠵᠠᠷ ᠪᠤᠯᠤᠨ ᠳᠤᠮᠳᠠ ᠪᠡᠶ᠎ᠡ ᠢ᠋ᠢᠨ ᠪᠠᠷᠠᠭᠤᠨ ᠬᠡᠰᠡᠭ ᠲᠤ᠌ ᠪᠠᠭ᠎ᠠ ᠴᠠᠰᠤ ᠤᠷᠤᠨ᠎ᠠ᠃ ᠡᠭᠦᠨ ᠳ᠋ᠤ ᠣᠷᠳᠣᠰ ᠬᠣᠲᠠ ᠢ᠋ᠢᠨ ᠵᠡᠭᠦᠨ ᠬᠣᠢᠲᠤ ᠪᠡᠶ᠎ᠠ᠂ ᠪᠤᠭᠤᠲᠤ ᠬᠣᠲᠠ ᠢ᠋ᠢᠨ ᠵᠡᠭᠦᠨ ᠡᠮᠦᠨ᠎ᠠ ᠪᠡᠶ᠎ᠠ᠂ ᠬᠥᠬᠡᠬᠣᠲᠠ ᠢ᠋ᠢᠨ ᠶᠡᠬᠡᠩᠬᠢ ᠭᠠᠵᠠᠷ᠂ ᠤᠯᠠᠭᠠᠨᠴᠠᠪ ᠬᠣᠲᠠ ᠢ᠋ᠢᠨ ᠪᠠᠷᠠᠭᠤᠨ ᠡᠮᠦᠨ᠎ᠠ ᠪᠡᠶ᠎ᠠ ᠳ᠋ᠤ ᠳᠤᠮᠳᠠ ᠵᠡᠷᠭᠡ ᠢ᠋ᠢᠨ ᠴᠠᠰᠤ ᠤᠷᠤᠵᠤ᠂ ᠬᠡᠰᠡᠭ ᠭᠠᠵᠠᠷ ᠲᠤ᠌ ᠶᠡᠬᠡ ᠴᠠᠰᠤ ᠤᠷᠤᠨ᠎ᠠ᠃ ᠪᠠᠷᠠᠭᠤᠨ ᠪᠡᠶ᠎ᠠ ᠢ᠋ᠢᠨ ᠪᠠᠷᠠᠭᠤᠨ ᠬᠡᠰᠡᠭ ᠪᠤᠯᠤᠨ ᠬᠣᠢᠲᠤ ᠬᠡᠰᠡᠭ ᠲᠤ᠌ ᠪᠠᠷᠠᠭᠤᠨ ᠬᠤᠢᠨ᠎ᠠ ᠡᠴᠡ 4 — 5 ᠲᠠᠰ᠂ ᠤᠬᠤᠷ ᠬᠤᠭᠤᠴᠠᠭᠠᠨ ᠳ᠋ᠤ 6 — 7 ᠳᠡᠰ ᠤ᠋ᠨ ᠶᠡᠬᠡ ᠰᠠᠯᠬᠢ ᠰᠠᠯᠬᠢᠯᠠᠨ᠎ᠠ᠃ ᠪᠠᠷᠠᠭᠤᠨ ᠪᠡᠶ᠎ᠠ ᠢ᠋ᠢᠨ ᠪᠠᠷᠠᠭᠤᠨ ᠬᠡᠰᠡᠭ ᠤ᠋ᠨ ᠭᠠᠵᠠᠷ ᠣᠷᠣᠨ ᠤ᠋ ᠠᠭᠠᠷ ᠤ᠋ᠨ ᠳᠤᠯᠠᠭᠠᠨ 4 — 6 ᠭᠷᠠᠳᠦ᠋ᠰ ᠪᠠᠭᠤᠷᠠᠨ᠎ᠠ᠃

12 ᠤ᠋ᠨ ᠡᠳᠦᠷ ᠤ᠋ᠨ 8 ᠴᠠᠭ ᠡᠴᠡ 13 ᠤ᠋ ᠡᠳᠦᠷ ᠤ᠋ᠨ 8 ᠴᠠᠭ ᠪᠤᠯᠲᠠᠯ᠎ᠠ᠂ ᠦᠪᠦᠷ ᠮᠤᠡᠭᠭᠤᠯ ᠤ᠋ᠨ ᠪᠠᠷᠠᠭᠤᠨ ᠪᠡᠶ᠎ᠠ ᠢ᠋ᠢᠨ ᠵᠡᠭᠦᠨ ᠬᠡᠰᠡᠭ᠂ ᠳᠤᠮᠳᠠ ᠪᠡᠶ᠎ᠠ ᠢ᠋ᠢᠨ ᠶᠡᠬᠡᠩᠬᠢ ᠭᠠᠵᠠᠷ᠂ ᠵᠡᠭᠦᠨ ᠡᠮᠦᠨ᠎ᠠ ᠪᠡᠶ᠎ᠠ ᠢ᠋ᠢᠨ ᠭᠠᠵᠠᠷ ᠣᠷᠣᠨ ᠳ᠋ᠤ ᠪᠠᠭ᠎ᠠ ᠴᠠᠰᠤ ᠤᠷᠤᠨ᠎ᠠ᠃ ᠡᠭᠦᠨ ᠳ᠋ᠤ ᠣᠷᠳᠣᠰ ᠬᠣᠲᠠ ᠢ᠋ᠢᠨ ᠵᠡᠭᠦᠨ ᠬᠣᠢᠲᠤ ᠪᠡᠶ᠎ᠠ᠂ ᠪᠤᠭᠤᠲᠤ ᠬᠣᠲᠠ ᠢ᠋ᠢᠨ ᠵᠡᠭᠦᠨ ᠪᠡᠶ᠎ᠠ᠂ ᠬᠥᠬᠡᠬᠣᠲᠠ᠂ ᠤᠯᠠᠭᠠᠨᠴᠠᠪ ᠬᠣᠲᠠ ᠢ᠋ᠢᠨ ᠶᠡᠬᠡᠩᠬᠢ ᠭᠠᠵᠠᠷ᠂ ᠱᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠪᠡᠶ᠎ᠠ ᠪᠣᠯᠤᠨ ᠡᠮᠦᠨ᠎ᠠ ᠪᠡᠶ᠎ᠠ᠂ ᠤᠯᠠᠭᠠᠨᠬᠠᠳᠠ ᠬᠣᠲᠠ ᠢ᠋ᠢᠨ ᠪᠠᠷᠠᠭᠤᠨ ᠪᠡᠶ᠎ᠠ ᠪᠣᠯᠤᠨ ᠡᠮᠦᠨ᠎ᠠ ᠪᠡᠶ᠎ᠠ᠂ ᠲᠦᠩᠯᠢᠶᠣᠤ ᠬᠣᠲᠠ ᠢ᠋ᠢᠨ ᠡᠮᠦᠨ᠎ᠠ ᠪᠡᠶ᠎ᠠ ᠢ᠋ᠢᠨ ᠭᠠᠵᠠᠷ ᠣᠷᠣᠨ ᠳ᠋ᠤ ᠳᠤᠮᠳᠠ ᠡᠴᠡ ᠶᠡᠬᠡ ᠴᠠᠰᠤ ᠤᠷᠤᠨ᠎ᠠ᠃ ᠪᠠᠷᠠᠭᠤᠨ ᠪᠡᠶ᠎ᠠ ᠢ᠋ᠢᠨ ᠶᠡᠬᠡᠩᠬᠢ ᠭᠠᠵᠠᠷ᠂ ᠳᠤᠮᠳᠠ ᠪᠡᠶ᠎ᠠ ᠢ᠋ᠢᠨ ᠪᠠᠷᠠᠭᠤᠨ ᠬᠡᠰᠡᠭ ᠲᠤ᠌ ᠪᠠᠷᠠᠭᠤᠨ ᠪᠤᠶᠤ ᠪᠠᠷᠠᠭᠤᠨ ᠬᠤᠢᠨ᠎ᠠ ᠡᠴᠡ 4 — 5 ᠲᠠᠰ᠂ ᠣᠬᠣᠷ ᠬᠤᠭᠤᠴᠠᠭᠠᠨ ᠳ᠋ᠤ 6 — 7 ᠲᠠᠰ ᠤ᠋ᠨ ᠶᠡᠬᠡ ᠰᠠᠯᠬᠢ ᠰᠠᠯᠬᠢᠯᠡᠵᠤ᠂ ᠬᠡᠰᠡᠭ ᠭᠠᠵᠠᠷ ᠲᠤ᠌ 8 — 9 ᠲᠠᠰ ᠤ᠋ᠨ ᠶᠡᠬᠡ ᠰᠠᠯᠬᠢ ᠰᠠᠯᠬᠢᠯᠡᠨ᠎ᠠ᠃ ᠳᠤᠮᠳᠠ ᠪᠡᠶ᠎ᠠ ᠪᠤᠯᠤᠨ ᠪᠠᠷᠠᠭᠤᠨ ᠪᠡᠶ᠎ᠡ ᠢ᠋ᠢᠨ ᠶᠡᠬᠡᠡᠭᠭᠢ ᠭᠠᠵᠠᠷ ᠤ᠋ᠨ ᠠᠭᠠᠷ ᠤ᠋ᠨ ᠳᠤᠯᠠᠭᠠᠨ 6 — 8 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 8 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃

13 ᠤ᠋ ᠡᠳᠦᠷ ᠤ᠋ᠨ 8 ᠴᠠᠭ ᠡᠴᠡ 14 ᠤ᠋ ᠡᠳᠦᠷ ᠤ᠋ᠨ 8 ᠴᠠᠭ ᠪᠤᠯᠲᠠᠯ᠎ᠠ᠂ ᠮᠠᠨ ᠤ᠋ ᠣᠷᠣᠨ ᠤ᠋ ᠳᠤᠮᠳᠠ ᠪᠡᠶ᠎ᠠ ᠢ᠋ᠢᠨ ᠡᠮᠦᠨ᠎ᠠ ᠬᠡᠰᠡᠭ᠂ ᠵᠡᠭᠦᠨ ᠡᠮᠦᠨ᠎ᠠ ᠪᠡᠶ᠎ᠠ ᠪᠣᠯᠤᠨ ᠵᠡᠭᠦᠨ ᠬᠣᠢᠲᠤ ᠪᠡᠶ᠎ᠠ ᠢ᠋ᠢᠨ ᠬᠣᠢᠲᠤ ᠬᠡᠰᠡᠭ ᠲᠤ᠌ ᠪᠠᠭ᠎ᠠ ᠴᠠᠰᠤ ᠤᠷᠤᠨ᠎ᠠ᠃ ᠪᠠᠷᠠᠭᠤᠨ ᠪᠡᠶ᠎ᠠ ᠢ᠋ᠢᠨ ᠵᠡᠭᠦᠨ ᠬᠣᠢᠲᠤ ᠬᠡᠰᠡᠭ᠂ ᠳᠤᠮᠳᠠ ᠪᠡᠶ᠎ᠠ ᠢ᠋ᠢᠨ ᠡᠮᠦᠨ᠎ᠡ ᠬᠡᠰᠡᠭ ᠲᠤ᠌ ᠪᠠᠷᠠᠭᠤᠨ ᠪᠤᠶᠤ ᠪᠠᠷᠠᠭᠤᠨ ᠬᠤᠢᠨ᠎ᠠ ᠡᠴᠡ 4 — 5 ᠲᠠᠰ᠂ ᠤᠬᠤᠷ ᠬᠤᠭᠤᠴᠠᠭᠠᠨ ᠳ᠋ᠤ 6 ᠳᠡᠰ ᠤ᠋ᠨ ᠰᠠᠯᠬᠢ ᠰᠠᠯᠬᠢᠯᠠᠨ᠎ᠠ᠃ ᠳᠤᠮᠳᠠ ᠪᠡᠶ᠎ᠠ ᠢ᠋ᠢᠨ ᠡᠮᠦᠨ᠎ᠡ ᠬᠡᠰᠡᠭ᠂ ᠵᠡᠭᠦᠨ ᠡᠮᠦᠨ᠎ᠠ ᠪᠡᠶ᠎ᠠ ᠢ᠋ᠢᠨ ᠭᠠᠵᠠᠷ ᠣᠷᠣᠨ ᠤ᠋ ᠠᠭᠠᠷ ᠤ᠋ᠨ ᠳᠤᠯᠠᠭᠠᠨ 4  — 6 ᠭᠷᠠᠳᠦ᠋ᠰ ᠪᠠᠭᠤᠷᠠᠵᠤ᠂ ᠬᠡᠰᠡᠭ ᠭᠠᠵᠠᠷ ᠤ᠋ᠨ ᠠᠭᠠᠷ ᠤ᠋ᠨ ᠳᠤᠯᠠᠭᠠᠨ 8 ᠭᠷᠠᠳᠦ᠋ᠰ ᠡᠴᠡ ᠳᠡᠭᠡᠭ᠌ᠰᠢ ᠪᠠᠭᠤᠷᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号