ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠨᠡᠢᠭᠡᠮ᠎ᠦᠨ ᠠᠵᠢᠯ᠎ᠤᠨ ᠰᠢᠰᠲ᠋ᠸᠮ᠎ᠤᠨ ᠮᠡᠳᠡᠭᠡ ᠵᠠᠩᠬᠢ ᠢ᠋ᠢᠨ ᠤᠬᠠᠭᠤᠯᠭ᠎ᠠ ᠢ᠋ᠢᠨ ᠠᠵᠢᠯ ᠢ᠋ ᠴᠢᠩᠭᠠᠳᠬᠠᠵᠦ ᠪᠤᠢ
2025-12-09 10:12:51
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠨᠡᠢᠭᠡᠮ᠎ᠦᠨ ᠠᠵᠢᠯ᠎ᠤᠨ ᠰᠢᠰᠲ᠋ᠸᠮ᠎ᠤᠨ ᠮᠡᠳᠡᠭᠡ ᠵᠠᠩᠬᠢ ᠢ᠋ᠢᠨ ᠤᠬᠠᠭᠤᠯᠭ᠎ᠠ ᠢ᠋ᠢᠨ ᠠᠵᠢᠯ ᠢ᠋ ᠴᠢᠩᠭᠠᠳᠬᠠᠵᠦ᠂ ᠲᠦᠷᠦᠭᠦᠭᠡᠨ ᠨᠡᠢᠭᠡᠮ᠎ᠦᠨ ᠠᠵᠢᠯ᠎ᠤᠨ ᠰᠢᠰᠲᠧᠮ᠎ᠦᠨ ᠮᠡᠳᠡᠭᠡ  ᠵᠠᠩᠭᠢ᠎ᠶᠢᠨ ᠤᠬᠠᠭᠤᠯᠭ᠎ᠠ ᠢ᠋ᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠨᠡᠢᠭᠡᠮ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠵᠢᠴᠢ ᠲᠥᠪ᠎ᠤᠨ ᠨᠡᠢᠭᠡᠮ᠎ᠤᠨ ᠠᠵᠢᠯ᠎ᠤᠨ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠨᠡᠢᠭᠡᠮ᠎ᠤᠨ ᠠᠵᠢᠯ᠎ᠤᠨ ᠬᠡᠯᠲᠡᠰ᠎ᠤᠨ ᠮᠡᠳᠡᠭᠡ ᠵᠠᠩᠭᠢ᠎ᠶᠢᠨ ᠤᠬᠠᠭᠤᠯᠭ᠎ᠠ᠎ᠶᠢᠨ ᠠᠵᠢᠯ᠎ᠤᠨ ᠶᠠᠷᠢᠯᠴᠠᠬᠤ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠬᠠᠮᠲᠤ ᠪᠦᠬᠦ ᠣᠷᠣᠨ᠎ᠤ ᠨᠡᠢᠭᠡᠮ᠎ᠤᠨ ᠠᠵᠢᠯ᠎ᠤᠨ ᠮᠡᠳᠡᠭᠡ ᠵᠠᠩᠭᠢ᠎ᠶᠢᠨ ᠤᠬᠠᠭᠤᠯᠭ᠎ᠠ᠎ᠶᠢ ᠴᠢᠨᠠᠬᠰᠢᠲᠠ ᠰᠠᠢᠲᠤᠷ ᠬᠢᠬᠦ ᠲᠤᠬᠠᠢ ᠭᠦᠨᠵᠡᠭᠡᠢ ᠰᠤᠯᠢᠯᠴᠠᠵᠦ ᠲᠤᠰᠬᠠᠢ ᠰᠡᠲᠦᠪ ᠢ᠋ᠢᠡᠷ ᠪᠠᠢᠷᠢᠯᠠᠭᠤᠯᠪᠠ᠃

ᠬᠤᠷᠠᠯ ᠳᠡᠭᠡᠷ᠎ᠡ ᠬᠥᠬᠡᠬᠣᠲᠠ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠎ᠶᠢᠨ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ ᠵᠢᠴᠢ ᠪᠤᠭᠤᠲᠤ ᠬᠤᠳᠠ᠎ᠶᠢᠨ ᠴᠢᠩᠱᠠᠨ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠬᠤᠷᠠᠯ᠎ᠡᠴᠠ ᠨᠠᠮ᠎ᠤᠨ ᠨᠡᠢᠭᠡᠮ᠎ᠦᠨ ᠠᠵᠢᠯ᠎ᠳᠠᠬᠢ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠦᠵᠡᠯ ᠰᠠᠨᠠᠭᠠᠨ᠎ᠤ  ᠵᠢᠯᠣᠭᠣᠳᠤᠯᠭ᠎ᠠ᠎ᠶᠢ ᠴᠢᠨᠠᠬᠰᠢᠲᠠ ᠴᠢᠩᠭᠠᠳᠬᠠᠵᠤ᠂ ᠨᠠᠮᠴᠢ ᠴᠢᠨᠠᠷ ᠪᠠ ᠠᠷᠠᠳᠴᠢ ᠴᠢᠨᠠᠷ᠎ᠢ ᠨᠢᠭᠡᠳᠬᠡᠬᠦ᠂ ᠦᠨᠡᠨᠴᠢ ᠰᠢᠳᠤᠷᠭᠤ᠎ᠪᠠᠷ ᠲᠥᠪ ᠶᠣᠰᠣ᠌᠎ᠶᠢ ᠪᠠᠷᠢᠮᠲᠠᠯᠠᠬᠤ ᠪᠠ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠨᠢᠭᠡᠳᠬᠡᠬᠦ᠂ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠠ ᠡᠩᠨᠡᠭᠡᠨ᠎ᠦ ᠪᠠᠢᠭᠤᠯᠤᠯᠲᠠ᠎ᠶᠢ ᠨᠢᠭᠡᠳᠬᠡᠬᠦ᠎ᠶᠢ ᠪᠠᠷᠢᠮᠲᠠᠯᠠᠵᠤ᠂ ᠮᠡᠳᠡᠭᠡ ᠵᠠᠩᠭᠢ᠎ᠪᠠᠷ ᠠᠷᠠᠳ ᠲᠦᠮᠡᠨ᠎ᠢ ᠤᠬᠠᠭᠤᠯᠬᠤ ᠵᠣᠭᠰᠣᠯᠲᠠ᠎ᠳᠤ ᠪᠠᠲᠤ ᠵᠣᠭᠰᠣᠵᠤ᠂ ᠨᠡᠢᠭᠡᠮ᠎ᠦᠨ ᠠᠵᠢᠯ᠎ᠤᠨ ᠮᠡᠳᠡᠭᠡ ᠵᠠᠩᠭᠢ᠎ᠶᠢᠨ ᠤᠬᠠᠭᠤᠯᠭ᠎ᠠ᠎ᠪᠡᠷ ᠦᠨᠳᠦᠰᠦᠨ ᠱᠠᠲᠤ᠂ ᠤᠯᠠᠨ ᠲᠦᠮᠡᠨ᠎ᠳᠦ  ᠨᠡᠩ  ᠰᠠᠢᠲᠤᠷ  ᠦᠢᠯᠡᠴᠢᠯᠡᠭᠦ ᠬᠡᠷᠡᠭᠲᠡᠢ  ᠬᠡᠵᠦ  ᠵᠢᠭᠠᠵᠦ ᠭᠠᠷᠭᠠᠪᠠ᠃

ᠬᠤᠷᠠᠯ ᠡᠴᠡ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠢ᠋ᠢᠨ ᠳᠥᠷᠪᠡᠳᠦᠭᠡᠷ ᠪᠥᠬᠥᠳᠡ ᠬᠤᠷᠠᠯ᠎ᠢ ᠰᠤᠷᠤᠯᠴᠠᠨ ᠲᠤᠭᠤᠰᠢᠯᠠᠭᠤᠯᠬᠤ᠎ᠲᠠᠢ ᠨᠢᠭ᠍ᠲᠠ ᠤᠶᠠᠯᠳᠤᠭᠤᠯᠤᠨ᠂ ᠤᠬᠠᠭᠤᠯᠭ᠎ᠠ ᠲᠠᠢᠯᠪᠤᠷᠢᠯᠠᠯᠲᠠ᠎ᠶᠢ ᠴᠢᠩᠭᠠᠳᠬᠠᠬᠤ ᠬᠡᠷᠡᠭᠲᠡᠢ᠃ ᠨᠠᠮ᠎ᠤᠨ ᠲᠥᠪ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠬᠤ ᠲᠤᠬᠠᠢ ᠲᠣᠬᠢᠷᠠᠭᠤᠯᠤᠯᠲᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ ᠣᠷᠣᠨ᠎ᠤ ᠨᠡᠢᠭᠡᠮ᠎ᠦᠨ ᠠᠵᠢᠯ᠎ᠤᠨ ᠰᠢᠰᠲ᠋ᠸᠮ᠎ᠤᠨ ᠨᠠᠮ᠎ᠤᠨ ᠭᠡᠰᠢᠭᠦᠨ ᠺᠠᠳ᠋ᠷ᠂ ᠨᠡᠢᠭᠡᠮ᠎ᠦᠨ ᠠᠵᠢᠯ᠎ᠳᠤ ᠦᠢᠯᠡᠴᠢᠯᠡᠬᠦ ᠡᠲᠡᠭᠡᠳ᠎ᠦᠨ ᠴᠠᠭ ᠲᠤᠬᠠᠢ ᠳ᠋ᠤᠨᠢ ᠳᠠᠭᠠᠨ ᠰᠤᠷᠤᠯᠴᠠᠬᠤ᠎ᠶᠢ ᠪᠠᠲᠤᠯᠠᠵᠤ᠂ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ᠎ᠪᠡᠨ ᠦᠷ᠎ᠡ ᠪᠦᠲᠦᠮᠵᠢ ᠭᠠᠷᠭᠠᠬᠤ᠎ᠶᠢ ᠪᠠᠲᠤᠯᠠᠬᠤ ᠬᠡᠷᠡᠭᠲᠡᠢ᠃ ᠴᠢᠬᠤᠯᠠ ᠲᠦᠷᠦ᠎ᠶᠢᠨ ᠪᠣᠳᠣᠯᠭ᠎ᠠ᠂ ᠴᠢᠬᠤᠯᠠ ᠶᠡᠬᠡ ᠠᠵᠢᠯᠯᠠᠭ᠎ᠠ᠂ ᠰᠢᠨ᠎ᠡ᠎ᠶᠢ ᠡᠭᠦᠳᠬᠦ ᠦᠢᠯᠡᠳᠦᠯᠭᠡ ᠵᠡᠷᠭᠡ ᠠᠭᠤᠯᠭ᠎ᠠ᠎ᠳᠤ ᠪᠣᠰᠣᠭ᠎ᠠ ᠴᠣᠭᠴᠠᠲᠤ ᠮᠠᠶᠢᠭ᠋᠎ᠤᠨ ᠤᠬᠠᠭᠤᠯᠭ᠎ᠠ ᠬᠢᠬᠦ᠎ᠶᠢ ᠴᠢᠩᠭᠠᠳᠬᠠᠵᠤ᠂ ᠰᠤᠷᠤᠯᠴᠠᠵᠤ ᠤᠬᠠᠭᠤᠯᠬᠤ ᠬᠠᠯᠠᠭᠤᠨ ᠥᠷᠨᠢᠯᠲᠡ᠎ᠶᠢ ᠪᠤᠢ ᠪᠣᠯᠭᠠᠬᠤ ᠬᠡᠷᠡᠭᠲᠡᠢ ᠬᠡᠵᠦ ᠱᠠᠭᠠᠷᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号