ᠮᠦᠰᠦ ᠴᠠᠰᠤᠨ ᠳ᠋ᠤ ᠲᠤᠬᠯᠠᠵᠤ ᠰᠤᠶᠤᠯ᠎ᠤᠨ ᠭᠠᠢᠬᠠᠮᠰᠢᠭ᠎ᠢ ᠪᠠᠬᠠᠷᠬᠠᠨ᠎ᠠ
2025-02-01 15:20:24
ᠵᠣᠬᠢᠶᠠᠭ᠍ᠴᠢ᠄
ᠵᠠᠩ ᠯᠦ᠍
ᠣᠩᠱᠢᠭ᠍ᠰᠠᠨ ᠣᠳᠠᠭ᠎ᠠ᠄
★★★☆☆

ᠪᠡᠯᠭᠡᠲᠦ ᠴᠠᠰᠤ ᠬᠠᠶᠠᠯᠠᠬᠰᠠᠭᠠᠷ᠂ 2025 ᠣᠨ᠎ᠤ ᠮᠣᠭᠠᠢ ᠵᠢᠯ᠎ᠦᠨ ᠴᠠᠭᠠᠨ ᠰᠠᠷ᠎ᠠ ᠪᠣᠯᠵᠣᠭ᠎ᠠ ᠶᠣᠰᠣᠭᠠᠷ ᠬᠦᠷᠴᠦ ᠢᠷᠡᠯ᠎ᠠ᠃ ᠰᠢᠯᠢ᠎ᠶᠢᠨ ᠭᠣᠣᠯ ᠠᠢᠮᠠᠭ᠎ᠤᠨ ᠭᠠᠵᠠᠷ ᠪᠤᠯᠭᠠᠨ᠎ᠳᠦ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢᠶᠡᠷ  ᠪᠢᠯᠬᠠᠨ᠎ᠠ᠃

ᠴᠠᠭᠠᠨ ᠰᠠᠷ᠎ᠠ᠎ᠶᠢᠨ ᠰᠢᠨ᠎ᠡ᠎ᠶᠢᠨ ᠨᠢᠭᠡᠨ᠎ᠳᠦ ᠰᠢᠯᠢ᠎ᠶᠢᠨ ᠭᠣᠣᠯ ᠠᠢᠮᠠᠭ᠎ᠤᠨ ᠲᠤᠯᠤᠨ ᠨᠤᠤᠷ ᠰᠢᠶᠠᠨ᠎ᠤ ᠲᠤᠯᠤᠨ ᠨᠠᠭᠤᠷ᠎ᠤᠨ ᠦᠵᠡᠮᠵᠢ᠎ᠶᠢᠨ ᠣᠷᠣᠨ᠎ᠳᠤ ᠬᠦᠷ ᠬᠥᠭᠵᠢᠶᠡᠨ᠎ᠢᠶᠡᠷ ᠪᠢᠯᠬᠠᠵᠤ᠂ ᠪᠠᠶᠠᠯᠢᠭ ᠰᠠᠢᠬᠠᠨ ᠵᠠᠩ ᠦᠢᠯᠡ ᠬᠦᠮᠦᠰ᠎ᠤᠨ ᠰᠡᠳᠬᠢᠯ᠎ᠢ ᠲᠤᠭᠳᠤᠯᠤᠭᠤᠯᠤᠨ᠎ᠠ᠃ ᠨᠠᠢ᠍ᠮᠠᠨ ᠵᠣᠪᠬᠢᠰ᠎ᠤᠨ ᠵᠢᠭᠤᠯᠴᠢᠯᠠᠭᠰᠠᠳ ᠡᠪᠦᠯ᠎ᠦᠨ ᠤᠯᠠᠷᠢᠯ᠎ᠤᠨ ᠭᠤᠢᠳᠠ ᠦᠵᠡᠮᠵᠢ᠎ᠶᠢᠨ ᠲᠤᠬᠠᠢ ᠬᠦᠰᠡᠯ ᠮᠥᠷᠥᠭᠡᠳᠦᠯ ᠡᠪᠦᠷᠯᠡᠨ ᠰᠢᠯᠢ ᠵᠢᠨ ᠭᠤᠤᠯ ᠳ᠋ᠤ ᠢᠷᠡᠵᠦ᠂ ᠡᠨᠡ ᠬᠦ᠌ ᠮᠥᠩᠭᠥᠨ ᠴᠠᠭᠠᠨ ᠴᠠᠰᠤ ᠮᠥᠰᠥᠨ᠎ᠤ ᠶᠢᠷᠲᠢᠨᠴᠦ ᠪᠡᠷ ᠠᠶᠠᠯᠠᠵᠤ᠂ ᠬᠢᠵᠠᠭᠠᠯᠠᠰᠢ ᠦᠭᠡᠢ ᠪᠠᠶᠠᠷ ᠪᠠᠶᠠᠰᠤᠯ᠎ᠢ ᠡᠳ᠋ᠯᠡᠨ᠎ᠡ᠃

ᠲᠤᠯᠤᠨ ᠨᠤᠤᠷ ᠰᠢᠶᠠᠨ᠎ᠤ ᠲᠤᠯᠤᠨ ᠨᠠᠭᠤᠷ᠎ᠤᠨ ᠦᠵᠡᠮᠵᠢ᠎ᠶᠢᠨ ᠣᠷᠣᠨ᠎ᠢ ᠰᠣᠨᠢᠷᠬᠠᠯ ᠪᠣᠯᠣᠨ ᠰᠣᠶᠣᠯ᠎ᠤᠨ ᠣᠢᠯᠠᠭᠠᠯᠲᠠ᠎ᠶᠢ ᠨᠢᠭᠡ ᠴᠣᠭᠴᠠᠵᠢᠭᠤᠯᠤᠭᠰᠠᠨ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠦᠵᠡᠮᠵᠢᠲᠦ ᠣᠷᠣᠨ ᠪᠣᠯᠭᠠᠨ ᠪᠠᠢᠭᠤᠯᠵᠠᠢ᠃ ᠮᠥᠰᠥᠨ ᠳᠡᠭᠡᠷᠡᠬᠢ ᠯᠤᠤᠲᠤ ᠣᠩᠭᠣᠴᠠ᠂ ᠮᠥᠰᠥᠨ ᠳᠡᠭᠡᠷᠡᠬᠢ ᠲᠥᠭᠡᠷᠢᠯ ᠣᠷᠳᠣᠨ᠂ ᠪᠤᠤᠯᠢᠩ ᠪᠥᠮᠪᠥᠭᠡ ᠵᠡᠷᠭᠡ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠲᠦᠷᠦᠯ ᠵᠦᠢᠯ᠎ᠢ ᠲᠣᠬᠢᠷᠠᠭᠤᠯᠵᠤ᠂ ᠵᠢᠭᠤᠯᠴᠢᠯᠠᠭᠰᠠᠳ᠎ᠲᠤ ᠰᠡᠳᠬᠢᠯ ᠪᠠᠬᠠᠳᠤᠮ᠎ᠠ ᠲᠠᠮᠢᠷ᠎ᠤᠨ ᠬᠥᠳᠡᠯᠭᠡᠭᠡᠨ᠎ᠦ ᠣᠢᠯᠠᠭᠠᠯᠲᠠ ᠠᠪᠴᠢᠷᠠᠭᠰᠠᠨ᠎ᠢᠶᠠᠷ ᠪᠠᠷᠠᠬᠤ ᠦᠭᠡᠢ ᠪᠠᠰᠠ ᠡᠪᠦᠯ᠎ᠦᠨ ᠠᠩᠨᠠᠯ᠂ ᠮᠥᠰᠥᠨ ᠳᠡᠭᠡᠷᠡᠬᠢ ᠢᠳᠡᠭᠡᠨ ᠤᠮᠳᠠᠭᠠᠨ᠂ ᠴᠠᠰᠤᠨ ᠤᠨᠤᠭ᠎ᠠ ᠵᠡᠷᠭᠡ ᠠᠯᠢ ᠤᠯᠠᠨ ᠪᠠᠶᠠᠯᠢᠭ᠋ ᠰᠠᠢᠬᠠᠨ ᠵᠤᠭ᠎ᠠ ᠴᠡᠩᠭᠡᠯ᠎ᠦᠨ ᠲᠦᠷᠦᠯ ᠵᠦᠢᠯ᠎ᠢ ᠲᠤᠬᠢᠷᠠᠭᠤᠯᠵᠤ᠂ ᠵᠢᠭᠤᠯᠴᠢᠯᠠᠭᠰᠠᠳ ᠲᠸ᠋ ᠤᠯᠠᠨ ᠡᠰᠢᠲᠦ ᠵᠢᠭᠤᠯᠴᠢᠯᠠᠯ᠎ᠡᠴᠡ ᠭᠦᠨ ᠬᠦᠨᠵᠡᠬᠡᠢ ᠰᠣᠶᠣᠯ᠎ᠤᠨ ᠣᠢᠯᠠᠭᠠᠯᠲᠠ ᠵᠢ ᠬᠦᠷᠳᠡᠭᠡᠪᠠ᠃

《ᠨᠤᠲᠤᠭ᠎ᠡᠴᠡ᠎ᠪᠠᠨ ᠰᠠᠯᠤᠭᠠᠳ ᠤᠳᠠᠯ᠎ᠠ᠂ ᠬᠡᠦᠬᠡᠳ ᠮᠠᠨᠢ ᠪᠠᠢᠨ ᠳᠠᠬᠢᠨ ᠴᠠᠰᠤ ᠦᠵᠡᠨ᠎ᠡ ᠬᠡᠳ ᠪᠠᠢᠨ᠎ᠠ᠂ ᠡᠨᠡ ᠵᠢᠯ ᠲᠤᠰᠬᠠᠢᠯᠠᠨ ᠡᠬᠡᠨᠡᠷ ᠬᠡᠦᠬᠡᠳ᠎ᠲᠠᠢ᠎ᠪᠡᠨ ᠬᠠᠮᠲᠤ ᠬᠠᠷᠢᠵᠤ ᠢᠷᠡᠬᠦ᠎ᠳᠡᠭᠡᠨ ᠬᠡᠦᠬᠡᠳ᠎ᠲᠡᠬᠡᠨ ᠨᠤᠲᠤᠭ᠎ᠤᠨ᠎ᠢᠶᠠᠨ ᠮᠥᠰᠥ ᠴᠠᠰᠤᠨ᠎ᠤ ᠥᠪᠡᠷᠮᠢᠴᠡ ᠷᠢᠳᠢ ᠰᠢᠳᠢ᠎ᠶᠢ ᠥᠪᠡᠷ᠎ᠦᠨ ᠪᠡᠶ᠎ᠡ᠎ᠪᠡᠷ ᠨᠢ ᠮᠡᠳᠡᠭᠦᠯᠬᠦ᠎ᠶᠢ ᠬᠦᠰᠡᠯ᠎ᠠ》 ᠭᠡᠵᠦ ᠮᠢᠩᠭᠠᠨ ᠭᠠᠵᠠᠷ᠎ᠤᠨ ᠬᠤᠯᠠᠬᠢ ᠱᠠᠩᠬᠠᠢ᠎ᠡᠴᠡ ᠨᠤᠲᠤᠭ᠎ᠲᠠᠭᠠᠨ ᠢᠷᠡᠵᠤ ᠰᠢᠨᠡᠯᠡᠭᠰᠡᠨ ᠰᠦᠨ ᠠᠪᠤᠭᠠᠢ ᠬᠡᠯᠡᠨ᠎ᠡ᠃

ᠭᠡᠷ ᠪᠦᠯᠢ ᠪᠡᠷ᠎ᠢᠶᠡᠨ ᠲᠤᠯᠤᠨ ᠨᠠᠭᠤᠷ᠎ᠤᠨ ᠦᠵᠡᠮᠵᠢ᠎ᠶᠢᠨ ᠣᠷᠣᠨ᠎ᠳᠤ ᠬᠦᠷᠪᠡᠯ ᠲᠦᠷᠦᠭᠰᠡᠨ ᠨᠤᠲᠤᠭ ᠲᠤᠨᠢ ᠯᠡ ᠪᠠᠢᠳᠠᠭ ᠡᠪᠦᠯ᠎ᠦᠨ ᠦᠨᠦᠷ ᠠᠮᠲᠠ᠎ᠶᠢ ᠲᠡᠳᠡᠨ᠎ᠳᠦ ᠮᠡᠳᠡᠷᠡᠭᠦᠯᠤᠨ᠎ᠡ᠃ ᠪᠠᠶᠠᠷᠯᠠᠵᠤ ᠬᠦᠭᠰᠡᠭᠰᠡᠨ ᠬᠡᠦᠬᠡᠳ᠎ᠦᠨ ᠴᠢᠷᠠᠢ ᠨᠢ ᠬᠦᠭᠰᠡᠨ ᠤᠯᠠᠢᠵᠤ᠂ ᠦᠵᠡᠮᠵᠢ᠎ᠶᠢᠨ ᠣᠷᠣᠨ᠎ᠳᠤ ᠣᠷᠣᠵᠤ᠂ ᠮᠥᠰᠥ ᠴᠠᠰᠤᠨ᠎ᠤ ᠶᠢᠷᠲᠢᠨᠴᠦ᠎ᠳᠦ ᠨᠢᠭᠤᠭᠳᠠᠵᠤ ᠪᠠᠢᠭ᠎ᠠ ᠬᠢᠵᠠᠭᠠᠯᠠᠰᠢ ᠦᠭᠡᠢ ᠪᠠᠶᠠᠷ ᠴᠡᠩᠭᠡᠯ᠎ᠢ ᠬᠠᠢᠬᠤ ᠵᠢ ᠲᠡᠰᠭᠡᠯ ᠦᠭᠡᠢ ᠬᠦᠰᠡᠵᠦ ᠪᠠᠢᠭ᠎ᠠ ᠨᠢ ᠢᠯᠡᠬᠡᠨ᠃

ᠬᠠᠷᠢᠵᠤ ᠢᠷᠡᠭᠰᠡᠨ ᠠᠩᠬᠠᠨ᠎ᠤ ᠡᠳᠦᠷ᠎ᠲᠡᠬᠡᠨ ᠲᠡᠳᠡ 《ᠮᠥᠰᠥᠨ ᠴᠡᠴᠡᠭ ᠡᠷᠬᠢᠭᠦᠯᠬᠦ》 ᠲᠣᠭᠯᠠᠯᠲᠠ᠎ᠳᠦ ᠠᠵᠠ᠎ᠲᠠᠢ ᠤᠷᠤᠯᠴᠠᠵᠤ᠂ ᠲᠤᠬᠠᠢ ᠵᠢᠨ ᠲᠠᠯᠠᠪᠠᠢ ᠬᠥᠮᠥᠰ᠎ᠢ ᠳᠣᠭᠳᠣᠯᠤᠭᠤᠯᠵᠤ ᠪᠠᠢᠯ᠎ᠠ᠃ 《ᠮᠥᠰᠥᠨ ᠴᠡᠴᠡᠭ ᠡᠷᠭᠢᠭᠦᠯᠬᠦ》 ᠪᠣᠯ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠷᠬᠢᠮ ᠨᠠᠨᠳᠢᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠪᠣᠯᠬᠤ᠎ᠶᠢ ᠮᠡᠳᠡᠭᠰᠡᠨ᠎ᠦ ᠳᠠᠷᠠᠭ᠎ᠠ ᠰᠦᠨ ᠠᠪᠤᠭᠠᠢ᠎ᠪᠠᠰᠠ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ᠎ᠡᠴᠡ 《ᠮᠥᠰᠥᠨ ᠴᠡᠴᠡᠭ ᠡᠷᠭᠢᠭᠦᠯᠬᠦ》 ᠵᠢᠨ ᠡᠭᠦᠰᠦᠯ᠂ ᠦᠢᠯᠡᠳᠬᠦ ᠤᠷ᠎ᠠ ᠮᠡᠷᠭᠡᠵᠢᠯ ᠵᠢᠴᠢ ᠲᠡᠭᠦᠨ᠎ᠦ ᠲᠤᠬᠠᠢ᠎ᠶᠢᠨ ᠭᠠᠵᠠᠷ᠎ᠤᠨ ᠵᠠᠩ ᠦᠢᠯᠡ᠎ᠳᠡᠬᠢ ᠭᠦᠨ ᠭᠦᠨᠵᠡᠭᠡᠢ ᠠᠴᠢ ᠬᠣᠯᠪᠣᠭᠳᠠᠯ᠎ᠢ ᠠᠰᠠᠭᠤᠵᠤ ᠠᠪᠴᠠᠢ᠃ ᠰᠦᠨ ᠠᠪᠤᠭᠠᠢ᠄ 《ᠡᠨᠡ ᠤᠳᠠᠭ᠎ᠠ ᠬᠠᠷᠢᠵᠤ ᠢᠷᠡᠭᠡᠳ ᠬᠡᠦᠬᠡᠳ ᠪᠠᠶᠠᠷ ᠬᠥᠷ᠎ᠲᠠᠢ ᠨᠠᠭᠠᠳᠤᠭᠰᠠᠨ᠎ᠢᠶᠠᠷ ᠪᠠᠷᠠᠬᠤ ᠦᠭᠡᠢ ᠪᠠᠰᠠ ᠨᠣᠮ ᠪᠢᠴᠢᠭ᠎ᠡᠴᠡ ᠰᠤᠷᠴᠤ ᠳᠡᠶ᠋ᠢᠯᠬᠦ ᠦᠭᠡᠢ ᠮᠠᠰᠢ ᠣᠯᠠᠨ ᠮᠡᠳᠡᠯᠭᠡ᠎ᠶᠢ ᠣᠯᠵᠤ ᠰᠤᠷᠴᠠᠢ》 ᠭᠡᠵᠦ ᠰᠡᠳᠬᠢᠭᠳᠡᠯ᠎ᠢᠶᠡᠨ ᠬᠤᠪᠢᠶᠠᠯᠴᠠᠨ᠎ᠠ᠃

ᠰᠢᠯᠢ᠎ᠶᠢᠨ ᠭᠣᠣᠯ ᠠᠢᠮᠠᠭ ᠠᠷᠠᠳ ᠤᠯᠠᠨ᠎ᠢ ᠰᠢᠨ᠎ᠡ ᠵᠢᠯ᠎ᠳᠡᠭᠡᠨ ᠤᠳᠬ᠎ᠠ ᠲᠡᠭᠦᠯᠳᠡᠷ ᠪᠥᠭᠡᠳ ᠪᠠᠶᠠᠷ ᠪᠠᠶᠠᠰᠬᠤᠯᠠᠩ᠎ᠲᠠᠢ ᠦᠨᠭᠭᠡᠷᠡᠭᠦᠯᠬᠦ ᠵᠢᠨ ᠲᠥᠯᠥᠭᠡ ᠦᠨᠡᠨ ᠬᠦ᠌ ᠴᠢᠷᠮᠠᠢᠵᠠᠢ᠃ ᠰᠢᠯᠢᠩᠬᠣᠲᠠ᠎ᠳᠤ ᠰᠢᠨ᠎ᠡ ᠵᠢᠯ᠎ᠦᠨ ᠬᠦᠷ ᠨᠠᠷᠭᠢᠶᠠᠨ᠎ᠢᠶᠠᠷ ᠪᠢᠯᠬᠠᠵᠤ ᠰᠢᠯᠢᠨ ᠨᠠᠭᠤᠷ ᠳᠡᠭᠡᠷ᠎ᠡ ᠦᠪᠡᠳᠡᠭᠰᠢ ᠶᠡᠬᠡ 《ᠰᠢᠯᠢᠨ ᠨᠠᠭᠤᠷ᠎ᠤᠨ ᠮᠥᠰᠥ ᠴᠠᠰᠤᠨ᠎ᠤ ᠪᠠᠶᠠᠷ ᠪᠠᠶᠠᠰᠤᠯᠲᠦ ᠴᠤᠭᠯᠠᠭᠠᠨ》 ᠬᠦᠷ ᠬᠥᠭᠵᠢᠶᠡᠨ᠎ᠲᠠᠢ ᠶᠠᠪᠤᠭᠳᠠᠨ᠎ᠠ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ ᠮᠥᠰᠥ ᠴᠠᠰᠤᠨ ᠱᠤᠭᠤᠮᠠᠯ ᠨᠢ ᠨᠡᠷᠡᠨ᠎ᠦ ᠭᠡᠷᠡᠯ᠎ᠳᠦ ᠬᠢᠯᠪᠠᠵᠤ᠂ ᠱᠤᠭᠤᠮᠠᠯ᠎ᠤᠳ ᠨᠢ ᠠᠮᠢᠳᠤᠯᠢᠭ ᠳᠦᠷᠰᠦᠯᠢᠭ ᠪᠠᠢᠵᠤ᠂ ᠲᠤᠬᠠᠢ᠎ᠶᠢᠨ ᠭᠠᠵᠠᠷ᠎ᠤᠨ ᠲᠡᠦᠬᠡ ᠰᠣᠶᠣᠯ ᠪᠣᠯᠣᠨ ᠠᠷᠠᠳ᠎ᠤᠨ ᠵᠠᠩ ᠦᠢᠯᠡ᠎ᠶᠢ ᠬᠦᠦᠷᠨᠢᠵᠦ ᠪᠠᠢᠯ᠎ᠠ᠃ ᠪᠦᠷᠦᠢ ᠪᠣᠯᠬᠤ ᠪᠡᠷ ᠬᠤᠸᠠᠷ ᠫᠤᠤᠵᠢᠩ᠎ᠲᠠᠯᠪᠢᠬᠤ ᠴᠠᠭ᠎ᠪᠤᠯᠵᠤ᠂ ᠵᠦᠢᠯ᠎ᠤᠨ ᠥᠩᠭᠡ ᠰᠣᠯᠣᠩᠭᠠᠷᠠᠭᠰᠠᠨ ᠫᠤᠤᠵᠢᠩ ᠰᠥᠨᠢ᠎ᠶᠢᠨ ᠣᠭᠲᠠᠷᠭᠤᠢ᠎ᠵᠢ ᠭᠡᠢᠭᠦᠯᠵᠤ᠂ ᠬᠥᠮᠥᠰ ᠲᠦ᠍ ᠪᠠᠶᠠᠷ ᠵᠢᠷᠭᠠᠯ ᠪᠡᠯᠡᠭᠯᠡᠨ᠎ᠡ᠃

ᠤᠳᠤᠬᠠᠨ᠎ᠳᠦ ᠰᠢᠯᠢ᠎ᠶᠢᠨ ᠭᠣᠣᠯ ᠠᠢᠮᠠᠭ ᠮᠥᠰᠥ ᠴᠠᠰᠤᠨ᠎ᠤ 《ᠪᠠᠢᠭᠠᠯᠢ᠎ᠶᠢᠨ ᠡᠬᠢ ᠪᠠᠶᠠᠯᠢᠭ᠋》 ᠢ᠋ ᠥᠭᠡᠷᠡᠴᠢᠯᠡᠬᠦ᠎ᠡᠴᠡ ᠠᠪᠤᠭᠠᠳ ᠮᠥᠰᠥ ᠴᠠᠰᠤᠨ᠎ᠤ 《ᠰᠢᠨ᠎ᠡ᠎ᠶᠢ ᠡᠭᠦᠳᠬᠦ ᠵᠠᠭᠪᠤᠷ》 ᠢ᠋ ᠪᠦᠷᠢᠯᠳᠦᠬᠦᠯᠦᠭᠰᠡᠨ ᠬᠦᠷᠲᠡᠯ᠎ᠡ᠂ 《ᠮᠥᠰᠥ ᠴᠠᠰᠤ + ᠰᠣᠶᠣᠯ ᠵᠢᠭᠤᠯᠴᠢᠯᠠᠯ》 ᠤ᠋ᠨ ᠰᠢᠨ᠎ᠡ ᠬᠠᠨᠳᠤᠰᠢ᠎ᠶᠢ ᠴᠢᠩᠭ᠎ᠠ ᠠᠳᠬᠤᠵᠤ᠂ ᠲᠠᠰᠤᠷᠠᠯᠲᠠ ᠦᠭᠡᠢ ᠮᠥᠰᠥ ᠴᠠᠰᠤᠨ᠎ᠤ ᠵᠢᠭᠤᠯᠴᠢᠯᠠᠯ᠎ᠤᠨ ᠪᠦᠲᠦᠭᠡᠭᠳᠡᠬᠦᠨ᠎ᠦ ᠰᠢᠨ᠎ᠡ᠎ᠶᠢ ᠡᠭᠦᠳᠴᠦ᠂ ᠪᠣᠰᠣᠭ᠎ᠠ ᠴᠣᠭᠴᠠᠲᠤ ᠪᠦᠲᠦᠭᠡᠭᠳᠡᠬᠦᠨ᠎ᠦ ᠬᠠᠩᠭᠠᠯᠭ᠎ᠠ ᠵᠢ ᠪᠦᠷᠢᠯᠳᠦᠭᠦᠯᠵᠡᠢ᠃ ᠰᠢᠨ᠎ᠡ ᠨᠢᠭᠡᠨ ᠵᠢᠯ᠎ᠳᠦ ᠰᠢᠯᠢ᠎ᠶᠢᠨ ᠭᠣᠣᠯ ᠠᠢᠮᠠᠭ 《ᠰᠣᠶᠣᠯ᠎ᠢᠶᠠᠷ ᠵᠢᠭᠤᠯᠴᠢᠯᠠᠯ᠎ᠢ ᠱᠤᠭᠤᠵᠤ᠂ ᠵᠢᠭᠤᠯᠴᠢᠯᠠᠯ᠎ᠢᠶᠠᠷ ᠰᠣᠶᠣᠯ᠎ᠢ ᠳᠣᠪᠣᠶ᠋ᠢᠯᠭᠠᠬᠤ》 ᠬᠥᠭᠵᠢᠯᠲᠡ᠎ᠶᠢᠨ ᠣᠢᠯᠠᠭᠠᠭᠳᠠᠬᠤᠨ᠎ᠢ ᠪᠠᠷᠢᠮᠲᠠᠯᠠᠵᠤ᠂ ᠲᠡᠦᠬᠡ ᠰᠣᠶᠣᠯ᠂ ᠪᠣᠳᠠᠰ᠎ᠤᠨ ᠪᠤᠰᠤ ᠰᠣᠶᠣᠯ᠎ᠤᠨ ᠥᠪ᠂ ᠠᠳᠤᠭᠤᠨ ᠰᠣᠶᠣᠯ ᠵᠡᠷᠭᠡ ᠡᠯᠪᠡᠭ ᠪᠠᠶᠠᠯᠢᠭ᠋ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ ᠠᠯᠢ ᠤᠯᠠᠨ ᠭᠣᠢᠳᠠ ᠰᠠᠢᠬᠠᠨ ᠠᠵᠢᠯᠯᠠᠭ᠎ᠠ ᠥᠷᠨᠢᠭᠦᠯᠵᠦ᠂ ᠤᠮᠠᠷᠠᠲᠤ ᠬᠢᠯᠢ᠎ᠶᠢᠨ ᠰᠣᠶᠣᠯ᠎ᠤᠨ ᠡᠯᠪᠡᠭ ᠪᠠᠶᠠᠯᠢᠭ᠋ ᠠᠭᠤᠯᠬᠤᠨ᠎ᠢ ᠢᠯᠡᠷᠡᠭᠦᠯᠵᠦ᠂ ᠭᠠᠵᠠᠷ ᠣᠷᠣᠨ᠎ᠤ ᠵᠢᠭᠤᠯᠴᠢᠯᠠᠯ᠎ᠤᠨ ᠬᠡᠪ ᠨᠠᠮᠪᠠ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠬᠤᠯᠠ᠎ᠡᠴᠡ ᠬᠦᠷᠦᠯᠴᠡᠨ ᠢᠷᠡᠭᠰᠡᠨ ᠵᠢᠭᠤᠯᠴᠢᠯᠠᠭᠰᠠᠳ᠎ᠲᠤ ᠤᠮᠠᠷᠠᠲᠤ ᠬᠢᠯᠢ᠎ᠶᠢᠨ ᠰᠣᠶᠣᠯ᠎ᠤᠨ ᠥᠪᠡᠷᠮᠢᠴᠡ ᠷᠢᠳᠢ ᠰᠢᠳᠢ᠎ᠶᠢ ᠭᠦᠢᠴᠡᠳ ᠣᠢᠯᠠᠭᠠᠭᠤᠯᠵᠤ᠂ ᠮᠠᠷᠲᠠᠭᠳᠠᠰᠢ ᠦᠭᠡᠢ ᠵᠢᠭᠤᠯᠴᠢᠯᠠᠯ᠎ᠤᠨ ᠳᠤᠷᠠᠰᠤᠮᠵᠢ ᠦᠯᠡᠳᠡᠭᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号