ᠲᠤᠷᠱᠢᠯᠲᠠ᠎ᠶ᠋ᠢᠨ ᠲᠠᠷᠢᠶᠠᠨ᠎ᠳᠡᠬᠢ ᠬᠤᠷᠢᠨ ᠨᠢᠬᠡᠳ᠋ᠡᠬᠢ ᠴᠠᠭᠠᠨ ᠰᠠᠷ᠎ᠠ
2025-02-01 15:06:27
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠬᠠᠢᠨᠠᠨ ᠮᠤᠵᠢ᠎ᠶ᠋ᠢᠨ ᠰᠠᠨᠶᠠ ᠬᠤᠳᠠ᠎ᠶ᠋ᠢᠨ ᠶᠠ ᠵᠧᠦ ᠲᠣᠭᠣᠷᠢᠭ ᠳᠡᠭᠢ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠠᠨ ᠹᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ᠎ᠳᠤ ᠲᠠᠷᠢᠶᠠᠨ ᠵᠠᠮ ᠬᠦᠨᠳᠡᠯᠡᠨ ᠭᠤᠯᠳᠤ ᠰᠦᠯᠵᠢᠯᠳᠦᠵᠦ᠂ ᠨᠣᠮᠢᠨ ᠳᠣᠯᠭᠢᠶᠠᠨ ᠬᠠᠶᠠᠯᠠᠨ᠎ᠠ᠃

ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠨᠢᠭᠡᠨ᠎ᠦ ᠥᠷᠯᠥᠭᠡ᠎ᠶ᠋ᠢᠨ 6 ᠴᠠᠭ ᠭᠠᠷᠤᠶ᠎ᠳᠤ ᠯᠢᠦ ᡁᠢ ᠱᠢᠶᠦ᠋ᠩ ᠠᠵᠢᠯ᠎ᠤᠨ ᠬᠤᠪᠴᠠᠰᠤ᠎ᠪᠠᠨ ᠡᠮᠦᠰᠴᠦ᠍᠂ ᠨᠠᠷᠠ ᠬᠠᠯᠬᠠᠯᠠᠬᠤ ᠮᠠᠯᠠᠭᠠᠶ ᠵᠡᠭᠦᠵᠦ᠍᠂ ᠰᠠᠭᠤᠷᠢᠨ ᠤ᠋ ᠡᠷᠳᠡᠨᠢ ᠱᠢᠰᠢ᠎ᠶ᠋ᠢᠨ ᠲᠤᠷᠱᠢᠯᠲᠠ᠎ᠶ᠋ᠢᠨ ᠲᠠᠷᠢᠶᠠᠨ᠎ᠳᠤ ᠬᠦᠷᠴᠦ ᠨᠢᠭᠡ ᠡᠳᠦᠷ᠎ᠦᠨ ᠲᠣᠭᠣᠰᠣ ᠬᠦᠷᠲᠡᠭᠡᠬᠦ᠌ ᠠᠵᠢᠯ᠎ᠢᠶᠠᠨ ᠡᠬᠢᠯᠡᠭᠦᠯᠪᠡ᠃

ᠡᠨᠡ ᠪᠣᠯ ᠯᠢᠦ ᡁᠢ ᠱᠢᠶᠦ᠋ᠩ᠎ᠦᠨ ᠨᠠᠨ ᠹᠠᠨ ᠲᠤᠷᠱᠢᠯᠲᠠ᠎ᠶ᠋ᠢᠨ ᠲᠠᠷᠢᠶᠠᠨ᠎ᠳᠡᠬᠢ ᠬᠤᠷᠢᠨ ᠨᠢᠭᠡᠳ᠋ᠡᠬᠢ ᠴᠠᠭᠠᠨ ᠰᠠᠷ᠎ᠠ ᠪᠣᠯᠤᠨ᠎ᠠ᠃

ᠵᠢᠯ ᠪᠦᠷᠢ᠎ᠶ᠋ᠢᠨ 10 ᠰᠠᠷ᠎ᠠ᠎ᠶ᠋ᠢᠨ ᠳᠤᠮᠳᠠᠴᠢ᠎ᠪᠠᠷ᠂ ᠲᠤᠰ ᠬᠦᠷᠢᠶᠡᠯᠡᠩ᠎ᠦᠨ ᠡᠷᠳᠡᠨᠢ ᠱᠢᠰᠢ ᠰᠤᠳᠤᠯᠬᠤ ᠭᠠᠵᠠᠷ᠎ᠤᠨ ᠰᠤᠳᠤᠯᠤᠭ᠍ᠴᠢ ᠯᠢᠦ ᡁᠢ ᠱᠢᠶᠦ᠋ᠩ ᠪᠣᠯᠤᠨ ᠪᠦᠯᠬᠦᠮ᠎ᠦᠨ ᠦᠷ᠎ᠡ ᠪᠣᠢᠵᠢᠭᠤᠯᠬᠤ ᠠᠵᠢᠯᠲᠠᠳ ᠶᠠᠭ ᠨᠡᠭᠦᠳᠡᠯ᠎ᠦᠨ ᠱᠢᠪᠠᠭᠤ ᠱᠢᠭ᠋᠎ᠢᠶᠡᠷ ᠬᠠᠢᠨᠠᠨ᠎ᠳᠤ ᠬᠦᠷᠴᠦ᠍᠂ ᠡᠮᠦᠨᠡᠲᠦ ᠣᠷᠣᠨ᠎ᠳᠤ ᠦᠷ᠎ᠡ ᠪᠣᠢᠵᠢᠭᠤᠯᠬᠤ ᠠᠵᠢᠯ ᠬᠢᠳᠡᠭ᠃

《ᠪᠢᠳᠡ ᠡᠨᠳᠡ ᠴᠢᠨᠠᠷ ᠰᠠᠢᠲᠠᠶ ᠡᠷᠳᠡᠨᠢ ᠱᠢᠰᠢ᠎ᠶ᠋ᠢᠨ ᠦᠷ᠎ᠡ ᠵᠢ ᠰᠣᠩᠭᠣᠨ ᠪᠣᠢᠵᠢᠭᠤᠯᠬᠤ ᠠᠵᠢᠯ᠎ᠢ ᠬᠢᠵᠤ ᠂ ᠡᠨᠡ ᠵᠢᠯ ᠡᠨᠳᠡ ᠡᠯ᠎ᠡ ᠲᠥᠷᠥᠯ᠎ᠦᠨ ᠡᠷᠳᠡᠨᠢ ᠱᠢᠰᠢ᠎ᠶ᠋ᠢᠨ ᠮᠠᠲ᠋ᠧᠷᠢᠶᠠᠯ᠎ᠢ ᠬᠣᠶᠠᠷ ᠪᠦᠯᠦᠭ ᠬᠤᠪᠢᠶᠠᠨ 1 ᠲᠦᠮᠡ ᠭᠠᠷᠤᠶ ᠬᠤᠪᠢ ᠳᠠᠷᠢᠪᠠ᠃ ᠵᠢᠱ᠌ᠢᠯᠲᠡ᠎ᠪᠡᠷ 4 ᠰᠠᠷ᠎ᠠ᠎ᠶ᠋ᠢᠨ ᠡᠬᠢ ᠪᠡᠷ ᠱᠢᠭ᠌ᠰᠢᠨ ᠰᠣᠩᠭᠣᠬᠤ᠂ ᠮᠥᠯᠢᠬᠦ᠌᠂ ᠬᠠᠳᠠᠭᠠᠬᠤ ᠵᠡᠷᠭᠡ ᠶᠠᠪᠤᠴᠠ ᠵᠢ ᠳᠠᠮᠵᠢᠭᠰᠠᠨ ᠡᠷᠳᠡᠨᠢ ᠱᠢᠰᠢ᠎ᠶ᠋ᠢᠨ ᠮᠠᠲ᠋ᠧᠷᠢᠶᠠᠯ᠎ᠢ ᠪᠣᠭᠣᠳᠠᠯᠯᠠᠵᠤ ᠥᠪᠥᠷ ᠮᠣᠩᠭᠣᠯ᠎ᠳᠤ ᠢᠯᠡᠭᠡᠨ᠎ᠡ》 ᠭᠡᠵᠦ᠍ ᠯᠢᠦ ᡁᠢ ᠱᠢᠶᠦ᠋ᠩ ᠬᠡᠯᠡᠪᠡ᠃

ᠬᠠᠢᠨᠠᠨ᠎ᠤ ᠠᠭᠤᠷ ᠠᠮᠢᠰᠭᠤᠯ ᠣᠨᠴᠠᠭᠠᠶ᠂ ᠬᠥᠷᠥᠰᠥ᠍ ᠱᠢᠷᠣᠶ ᠥᠩ ᠱᠢᠮᠡᠯᠢᠭ᠂ ᠢᠯᠴᠢ ᠪᠠ ᠨᠠᠷᠠᠨ᠎ᠤ ᠲᠤᠰᠤᠯᠲᠠ ᠭᠦᠶ᠋ᠴᠡᠳ ᠪᠤᠯᠬᠤᠷ ᠲᠠᠷᠢᠮᠠᠯ᠎ᠤᠨ ᠤᠷᠭᠤᠴᠠ᠎ᠳᠤ ᠮᠠᠰᠢ ᠳᠣᠭᠢᠷᠠᠨ᠎ᠠ᠃ ᠵᠢᠯ ᠪᠦᠷᠢ᠎ᠶ᠋ᠢᠨ ᠡᠪᠦᠯ ᠬᠠᠪᠤᠷ᠎ᠢᠶᠡᠷ ᠮᠠᠰᠢ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠡᠨᠳᠡ ᠬᠤᠷᠠᠨ ᠴᠤᠭ᠍ᠯᠠᠷᠠᠵᠤ ᠡᠯ᠎ᠡ ᠵᠦᠢᠯ᠎ᠦᠨ ᠲᠠᠷᠢᠮᠠᠯ᠎ᠢ ᠪᠣᠢᠵᠢᠭᠤᠯᠬᠤ ᠠᠵᠢᠯ ᠬᠢᠳᠡᠭ᠂ ᠨᠠᠨ ᠹᠠᠨ ᠭᠡᠬᠦ ᠨᠡᠷ᠎ᠡ ᠨᠢ ᠮᠦᠨ ᠡᠭᠦᠨ ᠡᠴᠡ ᠢᠷᠡᠯᠳᠡ ᠲᠠᠢ ᠶᠤᠮ᠃

ᠮᠥᠬᠥᠯᠢᠭ ᠦᠷ᠎ᠡ ᠶᠠᠭᠠᠬᠢᠭᠠᠳ ᠡᠮᠦᠨᠡᠳᠤ ᠤᠷᠤᠨ ᠡᠴᠡ ᠤᠮᠠᠷᠠᠳᠤ ᠤᠷᠤᠨ᠎ᠳᠤ ᠠᠶᠠᠯᠠᠨ ᠢᠷᠡᠭᠰᠡᠨ ᠪᠤᠯ?

《ᠨᠢᠭᠡ ᠦᠷ᠎ᠡ ᠵᠢ ᠪᠤᠢᠵᠢᠭᠤᠯᠬᠤ ᠨᠢ ᠬᠡᠦᠬᠡᠳ ᠦᠰᠬᠡᠬᠦ᠎ᠲᠠᠶ ᠠᠳᠠᠯᠢ ᠪᠠᠢᠵᠤ ᠵᠣᠬᠢᠬᠤ ᠴᠠᠭ ᠬᠡᠷᠡᠭ᠌ᠰᠡᠳᠡᠭ᠂ ᠭᠡᠬᠦ ᠳ᠋ᠡᠭᠡᠨ ᠡᠮᠦᠨᠡᠲᠦ᠍ ᠤᠷᠤᠨ᠎ᠳᠦ ᠪᠤᠢᠵᠢᠭᠤᠯᠬᠤ ᠨᠢ ᠡᠨᠡ ᠬᠦ᠌ ᠴᠠᠭ᠎ᠢ ᠶᠡᠬᠡ᠎ᠪᠡᠷ ᠪᠣᠭᠣᠨᠢᠰᠭᠠᠵᠤ ᠪᠣᠯᠤᠨ᠎ᠠ᠃ ᠤᠯᠠᠮᠵᠢᠯᠠᠯᠲᠤ ᠠᠷᠭ᠎ᠠ᠎ᠪᠠᠷ ᠡᠷᠳᠡᠨᠢ ᠱᠢᠰᠢ᠎ᠶ᠋ᠢᠨ ᠱᠢᠨ᠎ᠡ ᠦᠷ᠎ᠡ ᠵᠢ ᠪᠣᠢᠵᠢᠭᠤᠯᠬᠤ᠎ᠳᠤ 8 — 10 ᠵᠢᠯ ᠬᠡᠷᠡᠭ᠌ᠰᠡᠨ᠎ᠡ᠂ ᠡᠮᠦᠨᠡᠲᠦ ᠣᠷᠣᠨ᠎ᠳᠦ ᠪᠣᠢᠵᠢᠭᠤᠯᠬᠤ᠎ᠳᠦ ᠬᠡᠷᠡᠭᠰᠡᠬᠦ ᠴᠠᠭ᠎ᠢ 4 — 5 ᠵᠢᠯ ᠪᠣᠯᠭᠠᠨ ᠪᠤᠭᠤᠨᠢᠰᠬᠠᠵᠤ᠂ ᠦᠷ᠎ᠡ ᠪᠣᠢᠵᠢᠭᠤᠯᠬᠤ ᠶᠠᠪᠤᠴᠠ᠎ᠶ᠋ᠢ ᠲᠦᠷᠭᠡᠳᠭᠡᠭ᠌ᠰᠡᠨ ᠪᠠᠢᠨ᠎ᠠ》 ᠭᠡᠵᠦ᠍ ᠯᠢᠦ ᡁᠢ ᠱᠢᠶᠦ᠋ᠩ ᠲᠠᠨᠢᠯᠴᠠᠭᠤᠯᠪᠠ᠃

ᠡᠭᠦᠯᠳᠡᠷ ᠪᠣᠢᠵᠢᠭᠤᠯᠬᠤ ᠪᠣᠯ ᠦᠶᠡᠯᠡᠯ᠎ᠦᠨ ᠬᠤᠭᠤᠴᠠᠭ᠎ᠠ ᠣᠷᠳᠣ᠂ ᠭᠣᠭ᠍ᠴᠣᠭ᠎ᠠ ᠣᠯᠠᠨ ᠶᠠᠪᠤᠴᠠ ᠪᠠᠢᠵᠦ᠂ ᠶᠡᠷᠦ᠍᠎ᠳᠡᠭᠡᠨ ᠣᠯᠠᠨ ᠵᠢᠯ ᠠᠵᠢᠭ᠍ᠯᠠᠬᠤ ᠪᠠ ᠰᠣᠩᠭᠣᠨ ᠪᠣᠢᠵᠢᠭᠤᠯᠪᠠᠯ ᠰᠠᠶᠢ ᠲᠣᠭ᠍ᠲᠠᠪᠤᠷᠢᠲᠠᠶ ᠱᠢᠨ᠎ᠡ ᠡᠭᠦᠯᠳᠡᠷ᠎ᠢ ᠣᠯᠵᠤ ᠴᠢᠳᠠᠨ᠎ᠠ᠃

ᠡᠨᠡ ᠬᠦ᠌ ᠶᠠᠪᠤᠴᠠ᠎ᠳᠤ ᠡᠭᠦᠯᠳᠡᠷ ᠪᠣᠢᠵᠢᠭᠤᠯᠤᠭ᠍ᠴᠢᠳ ᠶᠡᠬᠡ ᠬᠡᠮᠵᠢᠶᠡᠨ᠎ᠦ ᠤᠢᠷ᠎ᠠ ᠰᠣᠯᠪᠢᠴᠠᠯ ᠪᠠ ᠡᠷᠯᠢᠰᠡᠵᠢᠭᠦᠯᠦᠯᠲᠡ᠎ᠶ᠋ᠢᠨ ᠲᠤᠷᠱᠢᠯᠲᠠ᠂ ᠲᠠᠷᠢᠶᠠᠨ ᠭᠠᠵᠠᠷ᠎ᠤᠨ ᠠᠵᠢᠭ᠍ᠯᠠᠯᠲᠠ᠂ ᠬᠢᠨᠠᠨ ᠲᠣᠭ᠍ᠲᠠᠭᠠᠯᠲᠠ ᠪᠠ ᠦᠨᠡᠯᠡᠯᠲᠡ᠎ᠶ᠋ᠢᠨ ᠠᠵᠢᠯ  ᠬᠢᠳᠡᠭ᠃ 《ᠪᠢᠳᠡ ᠡᠷᠳᠡᠨᠢ ᠱᠢᠰᠢ᠎ᠶ᠋ᠢᠨ ᠪᠦᠬᠦᠢᠯᠡ ᠦᠷᠡᠵᠢᠯ᠎ᠦᠨ ᠬᠤᠭᠤᠴᠠᠭᠠᠨ᠎ᠤ ᠴᠢᠬᠤᠯᠠ ᠭᠦᠶ᠋ᠴᠡᠳᠭᠡᠯ ᠲᠣᠭ᠎ᠠ᠎ᠶ᠋ᠢ ᠲᠡᠮᠳᠡᠭ᠌ᠯᠡᠬᠦ᠌ ᠴᠢᠬᠤᠯᠠᠲᠠᠶ᠂ ᠵᠢᠱ᠌ᠢᠶᠡᠯᠡᠪᠡᠯ ᠴᠢᠬᠢᠯᠡᠬᠦ᠌᠂ ᠡᠷ᠎ᠡ ᠲᠦᠷᠦᠭᠦᠦ ᠪᠦᠭᠡᠯᠵᠢᠬᠦ ᠵᠢᠴᠢ ᠡᠰᠡᠷᠭᠦᠴᠡᠬᠦ᠌ ᠴᠢᠨᠠᠷ ᠵᠡᠷᠭᠡ ᠲᠤᠭ᠎ᠠ ᠪᠠᠷᠢᠮᠳᠠ ᠪᠤᠢ᠃ ᠨᠢᠭᠡ ᠵᠢᠯ᠎ᠦᠨ ᠲᠤᠷᠰᠢ᠂ ᠪᠠᠷᠤᠭ 20 ᠲᠦᠮᠡᠨ ᠵᠤᠷᠪᠤᠰ ᠲᠤᠭ᠎ᠠ ᠪᠠᠷᠢᠮᠳᠠ ᠪᠣᠶ ᠪᠣᠯᠵᠣ᠂ ᠲᠤᠭ᠎ᠠ ᠪᠠᠷᠢᠮᠳᠠ ᠨᠢᠭᠡᠪᠦᠷᠢ ᠨᠢ ᠪᠢᠳᠡᠨ᠎ᠳᠦ ᠠᠪᠴᠤ᠌ ᠬᠡᠯᠡᠪᠡᠯ ᠴᠥᠮ 〈ᠡᠷᠳᠡᠨᠢ〉 ᠪᠠᠢᠵᠤ᠂ ᠱᠢᠨ᠎ᠡ ᠲᠥᠷᠥᠯ ᠵᠦᠶ᠋ᠯ ᠨᠢ ᠡᠲᠡᠭᠡᠷ ᠶᠡᠬᠡ ᠬᠡᠮᠵᠢᠶᠡᠨ᠎ᠦ ᠲᠤᠭ᠎ᠠ ᠪᠠᠷᠢᠮᠳᠠ ᠪᠣᠯᠤᠨ ᠲᠠᠷᠢᠶᠠᠨ ᠵᠤᠷᠬ᠎ᠠ ᠡᠴᠡ ᠠᠭᠠᠵᠢᠮ᠎ᠢᠶᠠᠷ ᠪᠣᠢᠵᠢᠭ᠍ᠰᠠᠨ ᠶᠤᠮ》 ᠭᠡᠵᠦ᠍ ᠯᠢᠦ ᡁᠢ ᠱᠢᠶᠦ᠋ᠩ ᠬᠡᠯᠡᠪᠡ᠃

ᠡᠨᠡ ᠵᠢᠯ᠎ᠦᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠨᠠᠨ ᠹᠠᠨ ᠰᠠᠭᠤᠷᠢᠨ᠎ᠤ ᠲᠦᠷᠦᠭᠦᠦ ᠪᠦᠯᠦᠭ ᠡᠷᠳᠡᠨᠢ ᠱᠢᠰᠢ᠎ᠶ᠋ᠢᠨ ᠲᠣᠭᠣᠰᠣ ᠬᠦᠷᠲᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠬᠣᠷ ᠯᠢᠦ ᡁᠢ ᠱᠢᠶᠦᠢ᠍ᠩ ᠮᠥᠨ ᠲᠤᠷᠱᠢᠯᠲᠠ᠎ᠶ᠋ᠢᠨ ᠲᠠᠷᠢᠶᠠᠨ᠎ᠳᠠᠭᠠᠨ ᠪᠠᠢᠭ᠍ᠰᠠᠭᠠᠷ᠃ ᠬᠦᠮᠦᠰ ᠪᠦᠬᠦ ᠬᠡᠷ ᠵᠢᠨᠷ᠎ᠢᠶᠡᠨ ᠴᠤᠭ᠍ᠯᠠᠬᠤ ᠦᠶᠡᠰ᠂ ᠲᠡᠷᠡ ᠵᠥᠪᠬᠡᠨ ᠸᠢᠳᠢᠣ᠋᠎ᠪᠠᠷ ᠳᠠᠮᠵᠢᠨ ᠭᠡᠷ᠎ᠦᠨ ᠬᠥᠮᠦᠰ᠎ᠲᠡᠶ᠎ᠪᠡᠨ ᠠᠭᠤᠯᠵᠠᠨ᠎ᠠ᠃ 《ᠬᠡᠳᠦᠢᠪᠡᠷ ᠭᠡᠷ᠎ᠲᠡᠬᠡᠨ ᠬᠠᠷᠢᠵᠤ ᠱᠢᠨᠡᠯᠡᠵᠦ᠍ ᠳᠡᠢᠯᠬᠦ᠌ ᠦᠭᠡᠢ ᠪᠣᠯᠪᠠᠴᠤ᠌ ᠪᠢ ᠮᠠᠰᠢ ᠶᠡᠬᠡ ᠣᠯᠤᠯᠲᠠ᠎ᠲᠠᠶ ᠪᠠᠢᠨ᠎ᠠ᠃ ᠮᠠᠨ᠎ᠤ ᠭᠡᠷ ᠦᠶ᠎ᠡ ᠤᠯᠠᠷᠢᠨ ᠲᠠᠷᠢᠶᠠᠯᠠᠩ ᠡᠷᠬᠢᠯᠡᠵᠦ᠍᠂ ᠪᠢ ᠴᠦ᠍ ᠲᠠᠷᠢᠶᠠᠯᠠᠩ᠎ᠤᠨ ᠶᠡᠬᠡ ᠰᠤᠷᠭᠠᠭᠤᠯᠢ ᠡᠴᠡ ᠲᠡᠬᠦᠰᠴᠡᠢ᠃ ᠡᠳᠡᠭᠡᠷ ᠵᠢᠯ᠎ᠦᠳ᠎ᠲᠦ ᠮᠢᠨᠦ ᠡᠳᠦᠷ ᠪᠦᠷᠢ ᠦᠵᠡᠳᠡᠭ ᠨᠢ ᠡᠷᠳᠡᠨᠢ ᠱᠢᠰᠢ᠂ ᠪᠤᠳᠤᠳᠠᠭ ᠨᠢ ᠡᠷᠳᠡᠨᠢ ᠱᠢᠰᠢ ᠶᠤᠮ᠂ ᠥᠪᠡᠷ᠎ᠦᠨ ᠴᠥᠬᠥᠷᠡᠰᠢ ᠦᠭᠡᠢ ᠴᠢᠷᠮᠠᠢᠯᠭ᠎ᠠ᠎ᠪᠠᠷ᠎ᠢᠶᠠᠨ ᠦᠷ᠎ᠡ᠎ᠶ᠋ᠢᠨ〈ᠪᠣᠭᠣᠮᠢ〉 ᠵᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠳᠦ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍᠂ ᠡᠬᠡ ᠤᠯᠤᠰ᠎ᠤᠨ ᠡᠬᠡ ᠭᠠᠵᠠᠷ᠎ᠲᠤ ᠲᠠᠷᠢᠭ᠍ᠰᠠᠨ ᠲᠠᠷᠢᠶ᠎ᠠ  ᠴᠥᠮ ᠪᠢᠳᠡᠨ᠎ᠦ ᠥᠪᠡᠰᠦᠪᠡᠨ ᠪᠣᠢᠵᠢᠭᠤᠯᠤᠭ᠍ᠰᠠᠨ ᠰᠠᠢ᠌ᠨ ᠡᠭᠦᠯᠳᠡᠷ ᠪᠣᠯᠬᠤ᠎ᠶ᠋ᠢ ᠬᠦᠰᠡᠵᠦ᠍ ᠪᠠᠢᠨ᠎ᠠ》 ᠭᠡᠵᠦ᠍ ᠯᠢᠦ ᡁᠢ ᠱᠢᠶᠦ᠋ᠩ ᠰᠡᠳᠭᠢᠯ ᠳᠣᠭ᠍ᠳᠣᠯᠤᠨ ᠬᠡᠯᠡᠨ᠎ᠡ᠃

2025 ᠣᠨ ᠪᠣᠯᠲᠠᠯ᠎ᠠ᠂ ᠥᠪᠥᠷ ᠮᠣᠩᠭᠣᠯ᠎ᠤᠨ ᠮᠠᠯ ᠠᠵᠤ ᠠᠬᠤᠶ᠎ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠡᠷᠳᠡᠨᠢ ᠱᠢᠰᠢ ᠰᠤᠳᠤᠯᠬᠤ ᠭᠠᠵᠠᠷ᠎ᠤᠨ ᠡᠷᠳᠡᠨᠢ ᠱᠢᠰᠢ᠎ᠶ᠋ᠢᠨ ᠪᠦᠯᠬᠦᠮ ᠨᠡᠢᠲᠡ 39 ᠴᠢᠨᠠᠷ ᠰᠠᠢᠲᠠᠶ ᠡᠷᠳᠡᠨᠢ ᠱᠢᠰᠢ᠎ᠶ᠋ᠢᠨ ᠱᠢᠨ᠎ᠡ ᠡᠭᠦᠯᠳᠡᠷ᠎ᠢ ᠪᠣᠢᠵᠢᠭᠤᠯᠵᠤ᠂ ᠡᠭᠦᠯᠳᠡᠷ᠎ᠦᠨ ᠡᠷᠬᠡ᠎ᠶ᠋ᠢ ᠱᠢᠯᠵᠢᠭᠦᠯᠦᠨ ᠥᠭ᠌ᠬᠦᠭᠰᠡᠨ ᠪᠠᠯᠠ ᠮᠥᠩᠭᠥ 300 ᠭᠠᠷᠤᠶ ᠲᠦᠮᠡᠡ ᠲᠦᠭᠦᠷᠢᠭ ᠲᠦ᠍ ᠬᠦᠷᠪᠡ᠃ ᠡᠭᠦᠨ᠎ᠳᠦ᠂ 《ᠥᠪᠥᠷ ᠮᠣᠩᠭᠣᠯ ᠨᠡᠷᠡᠮᠵᠢᠲᠦ》 ᠰᠢᠷᠢᠰ ᠡᠷᠳᠡᠨᠢ ᠱᠢᠰᠢ᠎ᠶ᠋ᠢᠨ ᠱᠢᠨ᠎ᠡ ᠡᠭᠦᠯᠳᠡᠷ᠎ᠢ ᠰᠣᠩᠭᠣᠨ ᠪᠣᠢᠵᠢᠭᠤᠯᠬᠤ ᠵᠢᠴᠢ ᠥᠨᠳᠥᠷ ᠤᠨᠠᠯᠲᠠ ᠥᠨᠳᠥᠷ ᠦᠷ᠎ᠡ ᠠᠱᠢᠭ᠎ᠲᠠᠶ ᠶᠡᠷᠦᠩᠬᠡᠢᠯᠡᠭ᠌ᠰᠡᠨ ᠮᠡᠷᠭᠡᠵᠢᠯ᠎ᠦᠨ ᠬᠡᠷᠡᠭ᠌ᠯᠡᠯᠲᠡ ᠳᠡᠯᠭᠡᠷᠡᠭᠦᠯᠦᠯᠲᠡ ᠨᠢ 2011 ᠣᠨ᠎ᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠨᠢᠭᠡᠳᠦᠭᠡᠷ ᠳᠡᠰ᠎ᠤᠨ ᠱᠠᠩᠨᠠᠯ ᠬᠦᠷᠲᠡᠵᠦ᠍᠂ ᠤᠨᠠᠯᠳᠠ ᠥᠨᠳᠥᠷ᠂ ᠴᠢᠨᠠᠷ ᠰᠠᠢᠲᠠᠶ᠂ ᠠᠮᠤ ᠪᠤᠳᠠᠭ᠎ᠠ ᠲᠡᠵᠢᠭᠡᠯ ᠪᠣᠷᠳᠣᠭ᠎ᠠ᠎ᠳᠤ ᠵᠡᠷᠭᠡ ᠪᠡᠷ ᠬᠡᠷᠡᠭ᠌ᠯᠡᠬᠦ᠌ ᠡᠷᠳᠡᠨᠢ ᠱᠢᠰᠢ᠎ᠶ᠋ᠢᠨ ᠡᠭᠦᠯᠳᠡᠷ 《ᠨᠧᠢ ᠽᠤᠤ 9》 ᠶ᠋ᠢ ᠳᠡᠯᠭᠡᠷᠡᠭᠦᠯᠦᠭᠡᠳ᠂ 2006 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ᠎ᠲᠠᠷᠢᠶᠠᠯᠠᠩ᠎ᠤᠨ ᠡᠯᠪᠡᠭ ᠬᠤᠷᠢᠶᠠᠯᠲᠠ᠎ᠶ᠋ᠢᠨ ᠨᠢᠭᠡᠳᠦᠭᠡᠷ ᠳᠡᠰ᠎ᠤᠨ ᠱᠠᠩᠨᠠᠯ ᠬᠦᠷᠲᠡᠵᠦ᠍᠂ ᠤᠨᠠᠯᠳᠠ ᠥᠨᠳᠥᠷ᠂ ᠴᠢᠨᠠᠷ ᠰᠠᠢᠲᠠᠶ᠂ ᠠᠮᠤ ᠪᠤᠳᠠᠭ᠎ᠠ ᠲᠡᠵᠢᠭᠡᠯ ᠪᠣᠷᠳᠣᠭ᠎ᠠ᠎ᠳᠤ ᠵᠡᠷᠭᠡ ᠪᠡᠷ ᠬᠡᠷᠡᠭ᠌ᠯᠡᠬᠦ᠌ ᠡᠷᠳᠡᠨᠢ ᠱᠢᠰᠢ᠎ᠶ᠋ᠢᠨ ᠡᠭᠦᠯᠳᠡᠷ 《ᠨᠧᠢ᠎ᠳ᠋ᠠᠨ 205》 ᠶ᠋ᠢ ᠳᠡᠯᠭᠡᠷᠡᠭᠦᠯᠦᠭᠡᠳ᠂ 2009 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ᠎ᠲᠠᠷᠢᠶᠠᠯᠠᠩ᠎ᠤᠨ ᠡᠯᠪᠡᠭ ᠬᠤᠷᠢᠶᠠᠯᠲᠠ᠎ᠶ᠋ᠢᠨ ᠨᠢᠭᠡᠳᠦᠭᠡᠷ ᠳᠡᠰ᠎ᠤᠨ ᠱᠠᠩᠨᠠᠯ ᠬᠦᠷᠲᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号