ᠴᠠᠭᠠᠨ ᠰᠠᠷ᠎ᠠ ᠵᠢᠨ ᠬᠠᠮᠤᠭ᠎ᠤᠨ ᠭᠤᠶᠤ ᠦᠵᠡᠮᠵᠢ
2025-02-01 15:01:00
ᠵᠣᠬᠢᠶᠠᠭ᠍ᠴᠢ᠄
ᠵᠧᠩ ᠱᠢᠤᠸᠠᠢ ᠯᠢᠶᠠᠩ ᠥᠷᠭᠡᠨ
ᠣᠩᠱᠢᠭ᠍ᠰᠠᠨ ᠣᠳᠠᠭ᠎ᠠ᠄
★★★☆☆

ᠭᠡᠷ ᠬᠣᠲᠠᠯᠠᠭᠠᠷ᠎ᠢᠶᠠᠨ ᠴᠤᠭ᠍ᠯᠠᠵᠤ ᠨᠠᠢᠷᠯᠡᠯᠳᠤᠨ ᠵᠢᠷᠭᠠᠬᠤ ᠤᠯᠠᠮᠵᠢᠯᠠᠯᠲᠤ ᠪᠠᠶᠠᠷ᠎ᠤᠨ ᠡᠳᠦᠷ — ᠴᠠᠭᠠᠨ ᠰᠠᠷ᠎ᠠ ᠨᠢ ᠳᠤᠮᠳᠠᠳᠤ᠎ᠶ᠋ᠢᠨ ᠬᠥᠪᠡᠭᠦᠳ ᠥᠬᠢᠳ ᠨᠢᠭᠡ ᠪᠦᠷᠢ᠎ᠳᠦ ᠠᠪᠴᠤ᠌ ᠬᠡᠯᠡᠪᠡᠯ ᠲᠤᠢᠯ᠎ᠤᠨ ᠤᠳᠬ᠎ᠠ ᠠᠭᠤᠯᠭ᠎ᠠ᠎ᠲᠠᠶ ᠶᠤᠮ᠃ ᠭᠡᠲᠡᠯ᠎ᠡ᠂ ᠡᠢᠮᠦ᠍ᠷᠬᠦᠦ ᠪᠠᠶᠠᠷ᠎ᠤᠨ ᠡᠳᠦᠷ᠎ᠢᠶᠡᠷ ᠭᠡᠷ᠎ᠦᠨ ᠬᠥᠮᠦᠰ᠎ᠲᠡᠶ᠎ᠪᠡᠨ ᠠᠭᠤᠯᠵᠠᠵᠤ ᠳᠡᠢᠯᠬᠦ᠌ ᠦᠭᠡᠢ ᠠᠵᠢᠯ᠎ᠤᠨ ᠪᠠᠢᠷᠢ ᠪᠠᠨ ᠰᠠᠬᠢᠵᠤ ᠦᠩᠬᠡᠷᠡᠬᠦᠯᠳᠡᠭ ᠬᠥᠮᠦᠰ ᠴᠤ᠌ ᠤᠯᠠᠨ ᠪᠤᠢ᠃

ᠲᠡᠳᠡ ᠦᠭᠡ ᠳᠠᠭᠤᠨ ᠦᠭᠡᠢ ᠪᠡᠷ ᠥᠪᠡᠷ ᠥᠪᠡᠷ᠎ᠦᠨ ᠠᠵᠢᠯ᠎ᠤᠨ ᠪᠠᠢᠷᠢ ᠪᠠᠨ ᠪᠠᠲᠤ ᠰᠠᠬᠢᠵᠤ᠂ ᠬᠠᠷᠢᠭᠤᠴᠠᠯᠭ᠎ᠠ ᠪᠣᠯᠤᠨ ᠡᠭᠦᠷᠭᠡᠯᠡᠯ᠎ᠢᠶᠡᠷ ᠨᠡᠢᠭᠡᠮ ᠨᠡᠢᠳᠡ᠎ᠳᠦ ᠬᠦᠴᠦᠨ ᠴᠢᠳᠠᠯ᠎ᠢᠶᠠᠨ ᠡᠷᠭᠦᠵᠦ᠍᠂ 《ᠴᠠᠭᠠᠨ ᠰᠠᠷ᠎ᠠ᠎ᠶ᠋ᠢᠨ ᠭᠤᠶᠤ ᠦᠵᠡᠮᠵᠢ》 ᠵᠢ ᠪᠦᠷᠢᠯᠳᠦᠭᠦᠯᠦᠭᠰᠡᠨ ᠪᠠᠢᠨ᠎ᠠ᠃

1 ᠰᠠᠷ᠎ᠠ᠎ᠶ᠋ᠢᠨ 30 ᠤ᠋ ᠡᠳᠦᠷ — ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠬᠣᠶᠠᠷ ᠲᠦ᠍ ᠰᠤᠷᠪᠤᠯᠵᠢᠯᠠᠭ᠍ᠴᠢ ᠬᠥᠬᠡᠬᠣᠲᠠ᠎ᠶ᠋ᠢᠨ ᠲᠣᠭ᠍ᠲᠠᠬᠤ ᠱᠢᠶᠠᠨ᠎ᠳᠤ ᠬᠦᠷᠴᠦ᠍ ᠬᠦᠳᠡᠭᠡ ᠨᠤᠲᠤᠭ᠎ᠤᠨ ᠴᠠᠭᠠᠨ ᠰᠠᠷ᠎ᠠ ᠵᠢᠨ ᠰᠤᠷᠪᠤᠯᠵᠢᠯᠠᠭ᠎ᠠ ᠪᠡᠨ ᠡᠬᠢᠯᠡᠭᠦᠯᠦᠯ᠎ᠡ᠃

ᠮᠠᠱᠢᠨ᠎ᠤ ᠬᠦᠷᠴᠢᠭᠢᠨᠡᠬᠦ᠌ ᠳᠠᠭᠤᠨ ᠨᠢ ᠲᠡᠮᠡᠴᠡᠯ᠎ᠦᠨ ᠠᠶᠠᠰ ᠪᠣᠯᠵᠤ ᠴᠤᠤᠷᠢᠶᠠᠲᠤᠨ᠂ ᠠᠵᠢᠯᠴᠢᠳ ᠲᠥᠬᠥᠭᠡᠷᠦᠮᠵᠢ᠎ᠶ᠋ᠢᠨ ᠬᠣᠭᠣᠷᠣᠨᠳᠣ ᠶᠠᠭᠠᠷᠠᠯᠲᠠᠢ ᠠᠵᠢᠯᠯᠠᠵᠤ᠂ ᠡᠯ᠎ᠡ ᠵᠦᠢᠯ᠎ᠦᠨ ᠲᠣᠭ᠎ᠠ ᠪᠠᠷᠢᠮᠲᠠ᠎ᠶ᠋ᠢ ᠨᠢᠭ᠍ᠲᠠ ᠬᠢᠨᠠᠨ ᠡᠵᠡᠮᠳᠡᠵᠦ᠍ ᠪᠠᠢᠯ᠎ᠠ᠃

ᠡᠨᠳᠡᠬᠢ ᠪᠤᠯ ᠲᠠᠷᠤᠢ ᠡᠨᠧᠷᠭᠢ᠎ᠶ᠋ᠢᠨ ᠬᠦᠷᠢᠶᠡᠨ᠎ᠳᠡᠬᠢ ᠳᠠ ᠳᠠᠩ ᠪᠦᠯᠦᠭᠯᠡᠯ᠎ᠤᠨ ᠲᠣᠭ᠍ᠲᠠᠬᠤ ᠴᠠᠬᠢᠯᠭᠠᠨ ᠭᠠᠷᠭᠠᠬᠤ ᠺᠣᠮᠫᠠᠨᠢ ᠪᠤᠯᠤᠨ᠎ᠠ᠃

ᠡᠨᠡ ᠵᠢᠯ ᠲᠤᠰ ᠺᠣᠮᠫᠠᠨᠢ᠎ᠶ᠋ᠢᠨ ᠢᠯᠴᠢ ᠬᠠᠩᠭᠠᠬᠤ ᠲᠠᠯᠠᠪᠠᠢ 5300 ᠲᠦᠮᠡᠨ ᠲᠡᠭ᠌ᠰᠢ ᠳᠥᠷᠪᠡᠯᠵᠢᠨ ᠮᠸᠲᠷ᠎ᠢ ᠳᠠᠪᠠᠵᠤ᠂ ᠬᠤᠯᠠ ᠵᠠᠢ ᠵᠢᠨ ᠲᠠᠮᠵᠢᠭᠤᠯᠬᠤ ᠬᠤᠭᠤᠯᠠᠢ ᠵᠢᠨ᠌ ᠢᠯᠴᠢ ᠬᠠᠩᠭᠠᠬᠤ ᠲᠦᠷᠦᠯ ᠵᠦᠢᠯ᠎ᠤᠨ ᠴᠠᠭ ᠪᠦᠷᠢ 2.4 ᠲᠦᠮᠡ ᠭᠠᠷᠤᠢ ᠲᠣᠨ ᠢᠯᠴᠢ᠎ᠶ᠋ᠢᠨ ᠲᠣᠣᠷ᠎ᠤᠨ ᠡᠷᠬᠢᠯᠳᠡᠳᠦ ᠤᠰᠤ ᠨᠢ 105 ᠺᠢᠯᠦᠮᠸᠲᠷ ᠱᠢᠬᠠᠮ ᠤᠷᠳᠤ ᠭᠣᠣᠯ ᠲᠠᠮᠵᠢᠭᠤᠯᠬᠤ ᠬᠤᠭᠤᠯᠠᠢ ᠪᠡᠷ ᠲᠡᠮᠵᠢᠨ ᠰᠠᠭᠤᠭᠠᠯᠢ ᠠᠷᠠᠳ᠎ᠤᠨ ᠡᠷᠦᠬᠡ ᠨᠢᠬᠡ ᠪᠦᠷᠢ ᠳ᠋ᠤ ᠢᠯᠴᠢ ᠬᠠᠩᠭᠠᠨ᠎ᠠ᠃

ᠡᠭᠦᠨ᠎ᠦ ᠬᠠᠮᠲᠤ᠂ ᠳ᠋ᠠ ᠲᠠᠩ ᠪᠦᠯᠦᠭᠯᠡᠯ᠎ᠤᠨ ᠲᠣᠭ᠍ᠲᠠᠬᠤ ᠴᠠᠬᠢᠯᠭᠠᠨ ᠭᠠᠷᠭᠠᠬᠤ ᠺᠣᠮᠫᠠᠨᠢ᠎ᠶ᠋ᠢᠨ ᠲᠠᠮᠵᠢᠭᠤᠯᠤᠭᠰᠠᠨ ᠴᠠᠬᠢᠯᠭᠠᠨ ᠬᠦᠴᠦᠨ᠎ᠢ ᠪᠡᠭᠡᠵᠢᠩ᠎ᠳᠦ ᠱᠢᠭᠤᠳ ᠬᠦᠷᠭᠡᠵᠦ᠂ ᠪᠡᠭᠡᠵᠢᠩ ᠣᠷᠣᠨ᠎ᠤ 25% ᠤ᠋ᠨ ᠨᠡᠢᠭᠡᠮ᠎ᠦᠨ ᠶᠡᠷᠦᠩᠬᠡᠢ ᠬᠡᠷᠡᠭ᠌ᠯᠡᠬᠦ᠌ ᠴᠠᠬᠢᠯᠭᠠᠨ᠎ᠤ ᠬᠡᠮᠵᠢᠢ᠎ᠡ᠎ᠶ᠋ᠢ ᠪᠠᠲᠤᠯᠠᠵᠤ᠂ ᠨᠡᠢᠰᠯᠡᠯ᠎ᠦᠨ ᠠᠮᠤᠷ ᠲᠦᠪᠱᠢᠨ᠎ᠢᠶᠡᠷ ᠴᠠᠬᠢᠯᠭᠠᠨ ᠬᠡᠷᠡᠭ᠌ᠯᠡᠬᠦ᠌ ᠪᠠᠲᠤ ᠪᠡᠬᠢ ᠲᠦᠱᠢᠭ ᠪᠣᠯᠵᠤ ᠪᠤᠢ᠃

ᠪᠡᠭᠡᠵᠢᠩ᠎ᠤᠨ ᠳᠠᠮᠵᠢᠭᠤᠯᠬᠤ ᠬᠣᠭᠣᠯᠠᠶ᠎ᠶ᠋ᠢᠨ ᠥᠪᠥᠷ ᠮᠣᠩᠭᠣᠯ᠎ᠤᠨ ᠴᠢᠯᠠᠭᠤᠨ ᠲᠣᠰᠣ ᠪᠠᠢᠭᠠᠯᠢ ᠵᠢᠨ ᠱᠢᠲᠠᠮᠠᠬᠠᠶ ᠬᠡᠶ ᠳᠠᠮᠵᠢᠭᠤᠯᠬᠤ ᠬᠤᠪᠢᠶᠠᠷᠢ ᠺᠣᠮᠫᠠᠨᠢ᠎ᠶ᠋ᠢᠨ ᠲᠣᠭ᠍ᠲᠠᠬᠤ ᠠᠵᠢᠯᠯᠠᠬᠤ ᠲᠣᠭᠣᠷᠢᠭ᠎ᠲᠤ ᠢᠨᠵᠸᠨ᠋ᠸᠷᠴᠤᠤᠨ ᠬᠡᠮᠵᠢᠭᠦᠷᠯᠢᠭ᠎ᠦᠨ ᠲᠠᠪᠠᠬ᠎ᠢ ᠨᠢᠳᠤ  ᠰᠠᠯᠭᠠᠯ  ᠦᠬᠡᠢ ᠨᠢᠭᠲᠠ ᠠᠩᠬᠠᠷᠤᠨ᠎ᠠ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠲᠠᠳᠠ ᠡᠳᠦᠷ ᠪᠦᠷᠢ ᠨᠡᠢᠰᠯᠡᠯ ᠵᠢᠴᠢ ᠵᠠᠮ ᠳᠠᠭᠠᠤ ᠭᠠᠵᠠᠷ ᠣᠷᠣᠨ᠎ᠳᠤ 3920 ᠭᠠᠷᠤᠶ ᠲᠦᠮᠡᠨ ᠪᠠᠷᠢᠮᠵᠢᠶᠠᠲᠤ ᠪᠤᠰᠤᠭ᠎ᠠ ᠲᠦᠷᠪᠡᠯᠵᠢᠨ ᠮᠧᠲᠷ ᠪᠠᠢᠭᠠᠯᠢ᠎ᠶ᠋ᠢᠨ ᠱᠢᠲᠠᠮᠠᠬᠠᠶ ᠬᠡᠶ ᠬᠦᠷᠭᠡᠵᠦ᠍᠂ 2600 ᠲᠦᠮᠡᠨ ᠡᠷᠦᠬᠡ ᠬᠡᠷ ᠪᠦᠯᠢ᠎ᠶ᠋ᠢᠨ ᠬᠤᠭᠤᠯᠠ ᠬᠢᠬᠦ ᠬᠡᠷᠡᠭᠴᠡᠭᠡ ᠵᠢ ᠬᠠᠩᠭᠠᠵᠤ ᠪᠤᠢ᠃ ᠬᠡᠳᠦᠢᠪᠡᠷ ᠲᠦᠮᠡᠨ ᠤᠯᠠᠨ᠎ᠢᠶᠡᠷ᠎ᠢᠶᠡᠨ ᠪᠠᠶᠠᠷ᠎ᠤᠨ ᠡᠳᠦᠷ᠎ᠦᠨ ᠬᠦᠨ ᠵᠤᠵᠠᠭᠠᠨ ᠠᠭᠤᠷ ᠠᠮᠢᠰᠭᠤᠯ᠎ᠤ᠋ᠨ ᠲᠤᠮᠳᠠ ᠪᠠᠶᠠᠷᠯᠠᠯᠳᠤᠨ ᠴᠡᠩᠭᠡᠯᠳᠦᠵᠦ ᠪᠠᠢᠭ᠎ᠠ ᠪᠣᠯᠪᠠᠴᠤ᠌ ᠲᠠᠳᠠ ᠨᠠᠷ ᠬᠠᠷᠢᠨ ᠠᠵᠢᠯ᠎ᠤᠨ ᠪᠠᠢᠷᠢ ᠳᠡᠭᠡᠷ᠎ᠡ᠎ᠪᠡᠨ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢ ᠠᠮᠤᠷ ᠲᠦᠪᠱᠢᠨ ᠲᠣᠭ᠍ᠲᠠᠭᠤᠨ᠎ᠢᠶᠡᠷ ᠬᠦᠷᠭᠡᠬᠦ᠎ᠶ᠋ᠢ ᠪᠠᠲᠤᠯᠠᠵᠤ ᠪᠣᠶ᠃

ᠲᠣᠭ᠍ᠲᠠᠬᠤ ᠱᠢᠶᠠᠨ᠎ᠤ ᠠᠵᠤ ᠠᠬᠤᠢ᠎ᠶ᠋ᠢᠨ ᠨᠡᠬᠡᠬᠡᠯᠳᠡ᠎ᠶ᠋ᠢᠨ ᠲᠤᠭᠤᠷᠢᠭ ᠲᠤ᠌ ᠳ᠋ᠠ ᠲᠠᠩ ᠪᠦᠯᠦᠭᠯᠡᠯ᠎ᠤᠨ ᠬᠥᠬᠡᠬᠣᠲᠠ᠎ᠶ᠋ᠢᠨ ᠬᠦᠩᠭᠡᠨᠴᠠᠭᠠᠨ ᠴᠠᠬᠢᠯᠭᠠᠨ᠎ᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠲᠠᠰᠤᠭ ᠲᠤ᠌ ᠨᠡᠩ ᠬᠦᠷ ᠬᠥᠭ᠌ᠵᠢᠶᠡᠨ ᠲᠡᠢ ᠪᠠᠢᠯ᠎ᠠ᠃ ᠮᠠᠱᠢᠨ ᠮᠧᠬᠠᠨᠢᠭ ᠥᠨᠳᠥᠷ ᠬᠤᠷᠳᠤᠴᠠ᠎ᠪᠠᠷ ᠡᠷᠬᠢᠯᠳᠤᠵᠤ᠂ ᠠᠵᠢᠯᠴᠢᠳ ᠲᠥᠬᠥᠭᠡᠷᠦᠮᠵᠢ᠎ᠪᠡᠨ ᠪᠣᠯᠪᠠᠰᠤᠷᠠᠩᠭᠤᠶ᠎ᠪᠠᠷ ᠠᠵᠢᠯᠯᠠᠭᠤᠯᠵᠤ᠂ ᠠᠬᠢᠴᠠ᠎ᠶ᠋ᠢ ᠵᠠᠪᠳᠤᠨ ᠶᠠᠭᠠᠷᠠᠯᠲᠠᠢ ᠦᠶ᠋ᠯᠡᠳᠪᠦᠷᠢᠯᠡᠵᠦ ᠪᠠᠢᠯ᠎ᠠ᠃

2024 ᠣᠨ᠎ᠳᠤ ᠲᠣᠰ ᠺᠣᠮᠫᠠᠨᠢ᠎ᠶ᠋ᠢᠨ ᠪᠥᠬᠥ᠌ ᠵᠢᠯ᠎ᠦᠨ ᠡᠵᠡᠩᠨᠡᠯᠲᠡ᠎ᠶ᠋ᠢᠨ ᠣᠷᠣᠯᠭ᠎ᠠ᠎ᠨᠢ 2023 ᠤᠨ᠎ᠤ ᠬᠢ ᠡᠴᠡ 4.63% ᠎ᠪᠠᠷ ᠨᠡᠮᠡᠭ᠌ᠳᠡᠵᠦ᠍᠂ ᠬᠥᠩᠭᠡᠨᠴᠠᠭᠠᠨ᠎ᠤ ᠱᠢᠩᠭᠡᠨ᠎ᠦ ᠶᠡᠷᠦᠩᠬᠡᠢᠯᠡᠭ᠌ᠰᠡᠨ ᠬᠤᠪᠢᠰᠤᠮᠠᠯ ᠭᠥᠶᠥᠳᠡᠯᠳᠦ ᠴᠠᠬᠢᠯᠭᠠᠨ᠎ᠤ ᠬᠣᠷᠣᠭ᠍ᠳᠠᠯ ᠨᠢ 9.8 kwh /t ᠪᠠᠭᠤᠷᠠᠵᠤ᠂ ᠲᠦᠯᠡᠱᠢᠨ ᠨᠡᠭᠦᠷᠡᠰᠦ᠎ᠶ᠋ᠢᠨ ᠥᠪᠡᠷ᠎ᠢᠶᠡᠨ ᠪᠡᠯᠡᠳᠭᠡᠭ᠌ᠰᠡᠨ ᠴᠠᠬᠢᠯᠭᠠᠨ᠎ᠤ ᠦᠶ᠋ᠯᠡᠳᠪᠦᠷᠢ᠎ᠶ᠋ᠢᠨ ᠳᠠᠬᠢᠨ ᠡᠭᠦᠰᠴᠦ᠍ ᠪᠣᠯᠬᠤ ᠡᠨᠧᠷᠭᠢ᠎ᠶ᠋ᠢ ᠣᠷᠣᠯᠠᠭᠤᠯᠬᠤ ᠢᠨᠵᠧᠨᠧᠷᠢᠩ᠎ᠤᠨ 360MW ᠬᠡᠷᠡᠯᠴᠢ ᠴᠡᠨᠡᠭ᠎ᠤᠨ ᠲᠥᠷᠥᠯ ᠵᠦᠶ᠋ᠯ ᠨᠢ ᠪᠦᠷᠢᠨ ᠪᠠᠭ᠍ᠲᠠᠭᠠᠮᠵᠢ᠎ᠲᠠᠶ ᠪᠡᠷ ᠲᠤᠤᠷ᠎ᠲᠤ ᠨᠡᠢᠯᠡᠭᠦᠯᠦᠨ ᠴᠠᠬᠢᠯᠭᠠᠨ ᠭᠠᠷᠭᠠᠪᠠ᠃

ᠱᠢᠨ᠎ᠡ ᠨᠢᠭᠡᠨ ᠵᠢᠯ᠎ᠳᠦ ᠲᠠᠳᠠ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠲᠣᠭ᠍ᠲᠠᠬᠤ ᠱᠢᠶᠠᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦ᠍ᠨ ᠨᠡᠮᠡᠷᠢᠯᠡᠵᠦ᠍ ᠪᠠᠢᠨ᠎ᠠ᠃

ᠥᠪᠥᠷ ᠮᠣᠩᠭᠣᠯ᠎ᠤᠨ ᠴᠠᠩ ᠱᠧᠩ ᠡᠮ ᠦᠢᠯᠡᠳᠬᠦ᠌ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠲᠠᠰᠤᠭ᠎ᠲᠤ ᠬᠦᠮᠦᠰ ᠮᠥᠨ ᠯᠡ ᠶᠠᠭᠠᠷᠠᠯᠲᠠᠢ ᠠᠵᠢᠯᠯᠠᠵᠤ ᠪᠠᠢᠯ᠎ᠠ᠃

ᠠᠵᠢᠯᠴᠢᠳ ᠤᠷᠪᠠᠯ᠎ᠤᠨ ᠳᠤᠯᠠᠭᠠᠨ᠎ᠤ ᠬᠡᠮᠵᠢᠶ᠎ᠡ᠂ ᠳᠠᠷᠤᠯᠲᠠ ᠵᠡᠷᠭᠡ ᠵᠠᠩᠭᠢᠯᠠᠭ᠎ᠠ᠎ᠶ᠋ᠢᠨ ᠭᠦᠶ᠋ᠴᠡᠳᠭᠡᠯ ᠲᠣᠭ᠎ᠠ ᠵᠢ ᠴᠢᠩᠭ᠎ᠠ ᠡᠵᠡᠮᠳᠡᠵᠦ᠍᠂ ᠨᠠᠷᠢᠯᠢᠭ ᠣᠨᠣᠪᠴᠢᠲᠠᠶ ᠪᠡᠷ ᠲᠥᠬᠥᠭᠡᠷᠦᠮᠵᠢ᠎ᠶ᠋ᠢ ᠠᠵᠢᠯᠯᠠᠭᠤᠯᠵᠤ ᠪᠠᠢᠯ᠎ᠠ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠲᠡᠳᠡ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠡᠮ᠎ᠦᠨ ᠵᠦᠢᠯᠡᠰ᠎ᠦᠨ ᠲᠣᠭ᠍ᠲᠠᠭᠤᠨ ᠦᠢᠯᠡᠳᠪᠦᠷᠢᠯᠡᠯ᠎ᠢ ᠪᠦᠬᠦ᠌ ᠬᠦᠴᠦᠨ᠎ᠢᠶᠡᠷ᠎ᠢᠶᠡᠨ ᠪᠠᠲᠤᠯᠠᠵᠤ᠂ ᠱᠢᠨ᠎ᠡ ᠨᠢᠭᠡ ᠵᠢᠯ᠎ᠦᠨ ᠦᠢᠯᠡᠳᠪᠦᠷᠢᠯᠡᠯ᠎ᠵᠢᠡᠨ ᠰᠠᠢ᠌ᠳᠤᠷ ᠡᠬᠢᠯᠡᠬᠦᠯᠬᠦ ᠵᠢ ᠪᠠᠲᠤᠯᠠᠵᠤ ᠪᠠᠢᠨ᠎ᠠ᠃

2024 ᠣᠨ᠎ᠢ ᠡᠷᠭᠢᠴᠡᠭᠦᠯᠬᠦᠶ᠎ᠡ᠂ ᠺᠣᠮᠫᠠᠨᠢ᠎ᠶ᠋ᠢᠨ ᠠᠮᠵᠢᠯᠲᠠ ᠪᠦᠲᠦᠮᠵᠢ ᠲᠤᠪᠤᠢ᠌ᠮ᠎ᠠ ᠪᠠᠢᠵᠤ᠂ ᠦᠢᠯᠡᠳᠬᠦᠨ᠎ᠦ ᠶᠡᠷᠦᠩᠬᠡᠢ ᠦᠷᠳᠡᠭ ᠨᠢ 31 ᠳ᠋ᠦᠩᠱᠢᠭᠤᠷ ᠲᠥᠭᠥᠷᠢᠭ᠎ᠢ ᠳᠠᠪᠠᠪᠠ᠃

ᠡᠨᠡ ᠨᠢᠭᠡ ᠵᠢᠯ᠎ᠳᠦ᠂ ᠴᠠᠩ ᠱᠧᠩ ᠡᠮ ᠦᠢᠯᠡᠳᠬᠦ᠌ ᠬᠢᠵᠠᠭᠠᠷᠲᠤ ᠺᠣᠮᠫᠠᠨᠢ ᠨᠢ ᠮᠡᠷᠭᠡᠵᠢᠯ᠎ᠦᠨ ᠲᠠᠰ ᠳᠡᠪᠱᠢᠵᠦ᠍ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠠᠬᠢᠭᠤᠯᠵᠤ᠂ ᠬᠡᠰᠡᠭ ᠦᠶ᠋ᠯᠡᠳᠬᠦᠨ᠎ᠦ ᠦᠶ᠋ᠯᠡᠳᠪᠦᠷᠢᠯᠡᠯ᠎ᠦᠨ ᠤᠷ᠎ᠠ ᠮᠡᠷᠭᠡᠵᠢᠯ᠎ᠢ ᠱᠢᠯᠢᠳᠡᠭ᠌ᠵᠢᠭᠦᠯᠵᠦ᠍᠂ ᠦᠶ᠋ᠯᠡᠳᠬᠦᠨ᠎ᠦ ᠶᠠᠰᠤ ᠴᠢᠨᠠᠷ ᠪᠠ ᠦᠶ᠋ᠯᠡᠳᠪᠦᠷᠢᠯᠡᠯ᠎ᠦᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠵᠠᠬ᠎ᠠ ᠳᠡᠯᠭᠡᠭᠦᠷ᠎ᠦᠨ ᠥᠷᠢᠰᠥᠯᠳᠦᠬᠦ᠌ ᠬᠦᠴᠦᠨ᠎ᠢ ᠴᠢᠩᠭᠠᠷᠠᠭᠤᠯᠵᠤ᠂ ᠬᠡᠰᠡᠭ ᠦᠶ᠋ᠯᠡᠳᠬᠦᠨ᠎ᠦ ᠦᠢᠯᠡᠳᠪᠦᠷᠢᠯᠡᠯ᠎ᠤᠨ ᠬᠡᠮᠵᠢᠶ᠎ᠡ ᠨᠢ ᠳᠠᠬᠢᠨᠲᠠ ᠱᠢᠨ᠎ᠡ ᠲᠡᠮᠳᠡᠭ᠌ᠯᠡᠯ᠎ᠢ ᠡᠭᠦᠳᠴᠦ᠍᠂ ᠮᠠᠭ᠍ᠲᠠᠭᠠᠯ ᠰᠠᠢᠱᠢᠶᠠᠯ ᠪᠠ ᠠᠵᠤ ᠠᠬᠤᠶ᠎ᠶ᠋ᠢᠨ ᠦᠷ᠎ᠡ ᠠᠱᠢᠭ᠎ᠢ ᠡᠬᠦᠳᠪᠡ᠃

2025 ᠣᠨ᠎ᠢ ᠪᠠᠷᠠᠯᠠᠬᠤᠶ᠎ᠠ᠂ ᠴᠠᠩ ᠱᠧᠩ ᠡᠮ ᠦᠢᠯᠡᠳᠬᠦ᠌ ᠬᠢᠵᠠᠭᠠᠷᠲᠤ ᠺᠣᠮᠫᠠᠨᠢ ᠵᠢᠨ ᠶᠡᠷᠦᠩᠬᠡᠢ ᠪᠡᠯᠡ ᠤᠷᠤᠭᠤᠯᠤᠯᠲᠠ ᠨᠢ 15᠎ᠳ᠋ᠦᠩᠰᠢᠭᠤᠷ ᠲᠦᠭᠦᠷᠢᠭ᠎ᠤᠨ ᠤᠯᠠᠨ ᠤᠯᠤᠰ᠎ᠤᠨ ᠲᠡᠭᠡᠲᠤ ᠲᠡᠰ᠎ᠤᠨ ᠨᠠᠢᠷᠠᠯᠲᠠ ᠵᠢᠨ ᠤᠶᠤᠨᠴᠢ ᠦᠢᠯᠡᠳᠭᠡᠯ᠎ᠤᠨ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ ᠨᠢ ᠣᠲᠣ᠎ᠶ᠋ᠢᠨ ᠪᠠᠢᠭ᠎ᠠ ᠪᠠᠺᠲᠧᠷᠢ ᠳᠠᠷᠤᠭ᠍ᠴᠢ ᠪᠡᠷ ᠲᠦᠭᠦᠬᠡᠶ ᠮᠠᠲ᠋ᠧᠷᠢᠶᠠᠯ ᠪᠤᠯᠭᠠᠭᠰᠠᠨ ᠡᠮ᠎ᠤᠨ ᠦᠶ᠋ᠯᠡᠳᠪᠦᠷᠢᠯᠡᠯ᠎ᠦᠨ ᠱᠢᠰᠲ᠋ᠧᠮ᠎ᠤᠨ ᠶᠠᠰᠤ ᠴᠢᠨᠠᠷ ᠪᠠ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠮᠡᠷᠭᠡᠵᠢᠯ᠎ᠢ ᠲᠠᠰ ᠳᠠᠪᠱᠢᠭᠦᠯᠵᠦ᠂ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ ᠪᠤᠯᠤᠨ᠎ᠠ᠃ ᠪᠦᠲᠦᠬᠡᠨ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ ᠨᠠᠢᠷᠠᠯᠲᠠ ᠵᠢᠨ ᠶᠡᠷᠦᠩᠬᠡᠶ ᠦᠶ᠋ᠯᠡᠳᠪᠦᠷᠢᠯᠡᠯ᠎ᠦᠨ ᠴᠢᠳᠠᠪᠤᠷᠢ᠎ᠨᠢ ᠵᠢᠯ᠎ᠳᠦ 100 ᠳ᠋ᠦᠩᠱᠢᠭᠤᠷ ᠦᠷᠢᠯ᠎ᠳᠦ ᠬᠦᠷᠴᠦ᠍᠂ ᠵᠢᠱ᠌ᠢᠯᠲᠡ᠎ᠪᠡᠷ ᠦᠶ᠋ᠯᠡᠳᠬᠦᠨ᠎ᠦ ᠥᠷᠲᠡᠭ᠎ᠨᠢ 20 ᠳ᠋ᠦᠩᠱᠢᠭᠤᠷ ᠲᠥᠭᠥᠷᠢᠭ ᠨᠡᠮᠡᠭ᠌ᠳᠡᠬᠦ ᠪᠤᠯᠤᠨ᠎ᠠ᠃

ᠲᠡᠮᠦᠷ ᠵᠠᠮ᠎ᠤᠨ ᠲᠡᠭᠡᠭᠡᠪᠦᠷᠢ᠎ᠶ᠋ᠢᠨ ᠱᠤᠭᠤᠮ ᠳᠡᠭᠡᠷ᠎ᠡ ᠠᠶᠠᠨᠴᠢᠳ᠎ᠤᠨ ᠵᠦᠭᠡᠭᠡᠪᠦᠷᠢ᠂ ᠪᠠᠷᠠᠭᠠᠨ᠎ᠤ ᠲᠡᠭᠡᠭᠡᠪᠦᠷᠢ᠎ᠶ᠋ᠢᠨ ᠭᠠᠯᠲᠤ ᠲᠡᠷᠭᠡ ᠨᠢ ᠡᠮᠬᠢ ᠲᠢᠭᠯᠢᠮ᠎ᠲᠠᠶ᠎ᠪᠠᠷ ᠥᠷᠲᠡᠭᠡ᠎ᠪᠡᠷ ᠣᠷᠣᠵᠤ ᠭᠠᠷᠤᠨ᠎ᠠ᠃ ᠠᠵᠢᠯᠲᠠᠨ ᠬᠦᠢᠲᠡᠨ ᠰᠠᠯᠬᠢᠨ᠎ᠳᠤ ᠲᠡᠷᠭᠡ ᠵᠢᠯᠣᠭᠣᠳᠤᠨ ᠲᠣᠬᠢᠷᠠᠭᠤᠯᠵᠤ᠂ ᠪᠠᠷᠠᠭ᠎ᠠ ᠠᠴᠢᠶᠠᠯᠠᠭ᠍ᠰᠠᠨ ᠪᠠᠢᠳᠠᠯ᠎ᠢ ᠪᠠᠢᠴᠠᠭᠠᠨ ᠱᠢᠯᠭᠠᠨ᠎ᠠ᠃

ᠬᠡᠳᠦᠢᠪᠡᠷ ᠬᠡᠷ᠎ᠲᠡᠬᠡᠨ ᠬᠠᠷᠢᠵᠤ ᠲᠥᠷᠥᠯ ᠰᠠᠳᠤᠨ᠎ᠲᠠᠶ ᠪᠠᠨ ᠬᠠᠮᠲᠤ ᠴᠠᠭᠠᠯᠠᠵᠤ ᠲᠡᠢᠯᠬᠦ ᠥᠬᠡᠶ ᠪᠣᠯᠪᠠᠴᠤ᠌ ᠠᠶᠠᠨᠴᠢᠳ᠎ᠤᠨ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠵᠦᠭᠡᠭᠡᠪᠦᠷᠢ ᠪᠠ ᠡᠳ᠋ ᠪᠣᠳᠠᠰ᠎ᠤᠨ ᠲᠡᠭᠡᠭᠡᠪᠦᠷᠢ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ ᠴᠢᠬᠤᠯᠠ ᠴᠢᠨᠠᠷ᠎ᠢ ᠲᠠᠳᠠ ᠰᠠᠢᠨ ᠮᠡᠳᠡᠳᠡᠭ᠂ ᠡᠭᠡᠯᠵᠢ ᠪᠦᠷᠢ᠎ᠶ᠋ᠢᠨ ᠭᠠᠯᠲᠤ ᠲᠡᠷᠭᠡᠨ᠎ᠦ ᠠᠮᠤᠷ ᠲᠦᠪᠱᠢᠨ᠎ᠢᠶᠡᠷ ᠠᠶᠠᠯᠠᠬᠤ ᠪᠠ ᠲᠤᠬᠳᠠᠬᠰᠠᠨ ᠭᠠᠵᠠᠷ ᠲᠡᠭᠠᠨ ᠬᠥᠷᠬᠥ᠎ᠳᠦ ᠴᠥᠮ ᠲᠡᠳᠡᠨ᠎ᠦ ᠱᠢᠷᠭᠠᠭᠤ ᠴᠢᠷᠮᠠᠢᠯᠭ᠎ᠠ ᠰᠢᠩᠭᠡᠵᠦ ᠪᠠᠢᠳᠠᠭ ᠁

ᠴᠠᠭᠠᠨ ᠰᠠᠷ᠎ᠠ ᠵᠢᠨ ᠬᠤᠭᠤᠴᠠᠭᠠᠨ᠎ᠳᠤ ᠡᠳᠡᠭᠡᠷ ᠬᠥᠮᠦᠰ ᠠᠵᠢᠯ᠎ᠤᠨ ᠪᠠᠢᠷᠢ᠎ᠪᠠᠨ ᠪᠠᠲᠤ ᠰᠠᠬᠢᠵᠤ ᠪᠠᠢᠭ᠎ᠠ ᠤᠴᠢᠷ᠎ᠡᠴᠡ ᠪᠢᠳᠡᠨ᠎ᠤ ᠠᠮᠢᠳᠤᠷᠠᠯ ᠰᠠᠶᠢ ᠲᠣᠭ᠍ᠲᠠᠭᠤᠨ ᠪᠥᠭᠡᠳ ᠡᠮᠬᠢ ᠵᠢᠷᠤᠮ᠎ᠢᠶᠡᠨ ᠪᠠᠳᠤᠯᠠᠵᠤ᠂ ᠨᠡᠢᠭᠡᠮ᠎ᠦᠨ ᠡᠷᠬᠢᠯᠲᠡ ᠰᠠᠶᠢ ᠥᠨᠳᠥᠷ ᠪᠦᠲᠦᠮᠵᠢᠲᠡᠢ ᠪᠡᠷ ᠦᠷᠭᠦᠯᠵᠢᠯᠡᠵᠦ᠍ ᠪᠠᠢᠭ᠎ᠠ ᠶᠤᠮ᠂ ᠪᠢᠳᠡ ᠰᠠᠶᠢ ᠪᠠᠶᠠᠷ᠎ᠤᠨ ᠡᠳᠦᠷ᠎ᠦᠨ ᠪᠠᠶᠠᠷ ᠪᠠᠶᠠᠰᠤᠯ ᠪᠠ ᠵᠣᠯ ᠵᠢᠷᠭᠠᠯ᠎ᠢ ᠲᠠᠪᠠᠲᠠᠢᠬᠠᠨ ᠡᠳ᠋ᠯᠡᠵᠦ ᠪᠠᠢᠭ᠎ᠠ ᠶᠤᠮ᠃

ᠲᠡᠳᠡ ᠠᠵᠢᠯ᠎ᠤᠨ ᠪᠠᠢᠷᠢ ᠪᠠᠨ ᠪᠠᠲᠤ ᠰᠠᠬᠢᠬᠤ᠎ᠪᠠᠷ ᠬᠠᠷᠢᠭᠤᠴᠠᠯᠭ᠎ᠠ ᠪᠡᠨ ᠦᠢᠯᠡᠳᠦᠯᠭᠡᠵᠢᠭᠦᠯᠵᠦ᠂ ᠬᠤᠪᠢ ᠨᠡᠮᠡᠷᠢ᠎ᠪᠡᠷ᠎ᠢᠶᠡᠷ ᠡᠭᠦᠷᠭᠡᠯᠡᠯ᠎ᠢᠶᠡᠨ ᠬᠦᠢᠴᠡᠳᠬᠡᠵᠤ ᠪᠤᠢ᠃ ᠲᠡᠳᠡ ᠨᠠᠷ ᠪᠤᠯ ᠪᠠᠶᠠᠷ᠎ᠤᠨ ᠡᠳᠦᠷ᠎ᠦᠨ ᠬᠠᠮᠤᠭ᠎ᠤᠨ ᠭᠤᠶᠤ ᠦᠵᠡᠮᠵᠢ ᠪᠢᠯᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号