ᠴᠠᠭᠠᠨ ᠰᠠᠷ᠎ᠠ᠎ᠶᠢᠨ ᠰᠢᠨ᠎ᠡ᠎ᠶᠢᠨ ᠨᠢᠭᠡᠨ ᠡᠴᠡ ᠰᠢᠨ᠎ᠡ᠎ᠶᠢᠨ ᠲᠤᠯᠤᠭᠠᠨ ᠪᠣᠯᠲᠠᠯ᠎ᠠ᠂ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠤ ᠦᠢᠯᠡᠴᠢᠯᠡᠭᠡᠨ᠎ᠦ ᠲᠥᠪ ᠡᠴᠡ ᠡᠵᠡᠩᠨᠡᠨ ᠬᠠᠮᠢᠶᠠᠷᠴᠤ ᠪᠠᠢᠭ᠎ᠠ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠣᠷᠳᠣᠨ ᠪᠣᠯᠣᠨ ᠤᠯᠤᠰ᠎ᠤᠨ ᠤᠮᠠᠷᠠᠲᠤ᠎ᠶᠢᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠰᠠᠭᠤᠷᠢᠨ ᠦᠷᠭᠦᠯᠵᠢᠯᠡᠨ ᠰᠦᠢᠳᠬᠡᠯ ᠬᠤᠷᠢᠶᠠᠬᠤ ᠦᠭᠡᠢ ᠪᠤᠶᠤ ᠬᠢᠮᠳᠠ ᠰᠦᠢᠳᠬᠡᠯ᠎ᠢᠶᠡᠷ ᠨᠡᠢᠭᠡᠮ ᠨᠡᠶ᠋ᠢᠲᠡ᠎ᠳᠦ ᠦᠢᠯᠡᠴᠢᠯᠡᠵᠤ᠂ ᠥᠷᠭᠡᠨ ᠣᠯᠠᠨ ᠬᠣᠲᠠ᠎ᠶᠢᠨ ᠠᠷᠠᠳ᠎ᠲᠤ ᠴᠠᠭᠠᠨ ᠰᠠᠷ᠎ᠠ ᠪᠠᠨ ᠪᠠᠶᠠᠷ ᠬᠥᠷ᠎ᠲᠠᠢ ᠥᠩᠭᠡᠷᠡᠭᠦᠯᠬᠦ᠂ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ ᠲᠤᠬᠢᠳᠠᠢ ᠲᠠᠯᠠᠪᠤᠷ ᠬᠠᠩᠭᠠᠨ ᠦᠭᠭᠦᠭᠰᠡᠨ᠎ᠢᠶᠡᠷ ᠡᠷᠡᠭᠦᠯ ᠥᠭᠡᠳᠡᠷᠬᠡᠭ ᠠᠮᠢᠳᠤᠷᠠᠯ᠎ᠤᠨ ᠠᠷᠭ᠎ᠠ ᠮᠠᠶᠢᠭ᠋᠎ᠢ ᠴᠠᠭᠠᠨ ᠰᠠᠷ᠎ᠠ᠎ᠶᠢᠨ ᠭᠣᠣᠯ ᠬᠥᠭ ᠠᠶᠠᠰ ᠪᠣᠯᠭᠠᠵᠤ ᠪᠢᠯᠡ᠃
ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠣᠷᠣᠪᠠᠯ᠂ ᠬᠦᠮᠦᠰ᠎ᠤᠨ ᠤᠷᠮ᠎ᠠ ᠪᠠᠬᠠᠳᠠᠢ ᠪᠡᠷ ᠪᠡᠶ᠎ᠠ ᠪᠠᠨ ᠪᠤᠯᠪᠠᠰᠤᠷᠠᠵᠤ ᠡᠯ᠎ᠡ ᠵᠦᠢᠯ᠎ᠤᠨ ᠲᠠᠮᠢᠷ᠎ᠤᠨ ᠬᠦᠳᠡᠯᠬᠡᠬᠡᠨ ᠳ᠋ᠤ ᠤᠷᠤᠯᠴᠠᠵᠤ ᠪᠠᠢᠭ᠎ᠠ ᠪᠠᠢᠳᠠᠯ ᠬᠠᠷᠠᠬᠳᠠᠨ᠎ᠠ᠃ ᠫᠢᠩᠫᠠᠩ ᠪᠥᠮᠪᠥᠭᠡ᠎ᠶᠢᠨ ᠣᠷᠳᠣᠨ᠎ᠳᠤ ᠫᠢᠩᠫᠠᠩ ᠪᠥᠮᠪᠥᠭᠡᠨ᠎ᠳᠦ ᠪᠠᠬᠠᠲᠠᠢ ᠬᠥᠮᠥᠰ ᠪᠥᠮᠪᠥᠭᠡ᠎ᠶᠢᠨ ᠤᠷ᠎ᠠ ᠡᠷᠳᠡᠮ᠎ᠢᠶᠡᠨ ᠰᠤᠷᠢᠵᠤ ᠂ ᠬᠥᠳᠡᠯᠦᠯ ᠪᠠᠷᠢᠯ ᠨᠢ ᠪᠣᠯᠪᠠᠰᠤᠷᠠᠩᠭᠤᠢ ᠪᠥᠭᠡᠳ ᠬᠦᠴᠦᠲᠡᠢ ᠪᠠᠢᠵᠤ᠂ ᠪᠥᠮᠪᠥᠭᠡ ᠴᠣᠬᠢᠬᠤ ᠴᠡᠭᠡᠯᠬᠡᠨ ᠳᠠᠭᠤᠨ ᠡᠨᠳᠡ ᠲᠡᠨᠳᠡ ᠦᠭᠡᠢ ᠴᠤᠤᠷᠢᠶᠠᠲᠤᠵᠤ᠂ ᠫᠢᠩᠫᠠᠩ ᠪᠥᠮᠪᠥᠭᠡ ᠨᠠᠭᠠᠰᠢ ᠴᠠᠭᠠᠰᠢ ᠡᠷᠬᠢᠯᠳᠤᠨ ᠰᠦᠯᠵᠢᠯᠳᠦᠨ᠎ᠡ᠃ ᠥᠳᠥᠨ ᠪᠥᠮᠪᠥᠭᠡ᠎ᠶᠢᠨ ᠲᠠᠯᠠᠪᠤᠷ᠎ᠲᠤ ᠴᠠᠪ ᠴᠠᠭᠠᠨ ᠥᠳᠥᠨ ᠪᠥᠮᠪᠥᠭᠡ ᠳᠡᠭᠳᠡᠨ ᠱᠤᠨᠭᠭᠤᠵᠤ᠂ ᠥᠳᠥᠨ ᠪᠥᠮᠪᠥᠭᠡ ᠵᠢᠨ ᠪᠠᠬᠠᠲᠠᠳ ᠬᠦᠴᠦᠲᠡᠢ ᠪᠦᠭᠡᠳ ᠱᠠᠯᠠᠮᠠᠭᠠᠢ ᠬᠦᠳᠡᠯᠵᠤ ᠂ ᠬᠦᠴᠦᠲᠡᠢ ᠬᠥᠮᠥᠷᠢᠨ ᠴᠤᠬᠢᠵᠤ ᠨᠦᠬᠦᠬᠡ ᠡᠳᠡᠬᠡᠳ᠎ᠢᠶᠡᠨ ᠲᠡᠢᠯᠬᠦ ᠪᠡᠷ ᠮᠠᠷᠠᠢᠨᠠ᠃ ᠰᠠᠭᠰᠤᠨ ᠪᠥᠮᠪᠥᠭᠡ᠎ᠶᠢᠨ ᠣᠷᠳᠣᠨ᠎ᠳᠤ ᠨᠠᠩ ᠴᠤ᠌ ᠰᠢᠷᠦᠭᠦᠨ ᠲᠡᠮᠡᠴᠡᠭᠡᠨ ᠪᠤᠯᠵᠤ ᠪᠠᠢᠯ᠎ᠠ᠃ ᠬᠦᠮᠦᠰ ᠭᠡᠷ ᠪᠦᠯᠢ ᠪᠡᠷ᠎ᠢᠶᠡᠨ ᠬᠦᠷᠦᠯᠴᠡᠨ ᠢᠷᠡᠵᠦ ᠰᠡᠳᠬᠢᠯ ᠵᠢᠡᠨ ᠠᠭᠤᠵᠢᠷᠠᠲᠠᠯ᠎ᠠ ᠲᠤᠬᠯᠠᠵᠤ ᠬᠤᠭᠤᠷᠤᠨᠳᠦ ᠪᠡᠨ ᠦᠷᠢᠰᠦᠯᠳᠤᠨ ᠪᠡᠶ᠎ᠠ ᠵᠢᠨ ᠲᠠᠮᠢᠷ᠎ᠤᠨ ᠪᠠᠶᠠᠷ ᠪᠠᠬᠠᠳᠤᠯ᠎ᠢ ᠡᠳ᠋ᠯᠡᠨ᠎ᠡ᠃ ᠪᠡᠶ᠎ᠡ ᠪᠣᠯᠪᠠᠰᠤᠷᠠᠬᠤ ᠲᠥᠪ᠎ᠲᠦ ᠬᠥᠮᠥᠰ ᠥᠪᠡᠷ ᠦᠪᠡᠷ᠎ᠤᠨ ᠪᠡᠶ᠎ᠡ᠎ᠶᠢᠨ ᠪᠣᠯᠪᠠᠰᠤᠷᠠᠯ᠎ᠤᠨ ᠲᠥᠯᠥᠪᠯᠡᠭᠡ᠎ᠪᠡᠷ᠎ᠢᠶᠡᠨ ᠲᠡᠰ ᠳᠠᠷᠠᠭ᠎ᠠ ᠲᠡᠢ ᠪᠡᠷ ᠪᠡᠶ᠎ᠡ ᠪᠡᠨ ᠪᠤᠯᠪᠠᠰᠤᠷᠠᠨ᠎ᠠ᠃ ᠵᠠᠷᠢᠮ ᠨᠢ ᠭᠦᠶᠦᠯᠲᠡ᠎ᠶᠢᠨ ᠮᠠᠰᠢᠨ ᠳᠡᠭᠡᠷ᠎ᠡ ᠬᠥᠯᠥᠰᠦ ᠠᠰᠬᠠᠷᠠᠭᠤᠯᠤᠨ ᠬᠦᠶᠦᠵᠦ᠂ ᠵᠠᠷᠢᠮ ᠨᠢ ᠬᠦᠴᠦ ᠪᠣᠯᠪᠠᠰᠤᠷᠠᠬᠤ ᠲᠦᠬᠦᠭᠡᠷᠦᠮᠵᠢᠳᠦ ᠴᠢᠳᠠᠯ᠎ᠢᠶᠡᠨ ᠰᠤᠷᠢᠵᠤ᠂ ᠪᠠᠰᠠ ᠵᠠᠷᠢᠮ ᠨᠢ ᠶᠤᠭ᠎ᠠ ᠪᠤᠯᠪᠠᠰᠤᠷᠠᠨᠡ᠃
ᠬᠣᠲᠠ᠎ᠶᠢᠨ ᠠᠷᠠᠳ ᠯᠢᠦ ᠢ ᠶᠠᠩ ᠥᠷᠯᠥᠭᠡ ᠡᠷᠲᠡᠯᠡᠨ ᠭᠡᠷ᠎ᠦᠨ ᠬᠥᠮᠥᠰ᠎ᠢᠶᠡᠨ ᠳᠠᠭᠠᠭᠤᠯᠤᠨ ᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠬᠦᠷᠴᠦ ᠢᠷᠡᠭᠰᠡᠨ ᠪᠠᠢᠵᠠᠢ᠃ ᠲᠡᠷᠡ᠄《ᠥᠩᠭᠡᠷᠡᠭᠰᠡᠨ᠎ᠳᠦ ᠰᠢᠨᠡᠯᠡᠬᠦ᠎ᠳᠡᠭᠡᠨ ᠪᠢᠳᠡ ᠲᠦᠷᠦᠯ ᠰᠠᠳᠤᠨ ᠨᠠᠢᠵᠠ ᠨᠥᠬᠥᠳ᠎ᠲᠠᠢ᠎ᠪᠡᠨ ᠠᠭᠤᠯᠵᠠᠵᠤ᠂ ᠢᠳᠡᠵᠦ ᠤᠤᠭᠤᠬᠤ᠂ ᠨᠠᠭᠠᠳᠴᠤ ᠴᠡᠩᠭᠡᠬᠦ ᠪᠡᠷ ᠭᠤᠤᠯ ᠪᠤᠯᠭᠠᠳᠠᠬ᠂ ᠢᠩᠬᠢᠬᠦ ᠨᠢ ᠬᠠᠷᠢᠨ ᠠᠮᠠᠷᠠᠯᠲᠠ ᠳᠠᠭᠤᠰᠪᠠᠯ ᠮᠠᠰᠢ ᠶᠠᠳᠠᠷᠠᠳᠠᠭ᠃ ᠤᠳᠤ ᠬᠦᠮᠦᠰ᠎ᠤᠨ ᠡᠷᠡᠭᠦᠯ ᠴᠢᠭᠢᠷᠠᠭ᠎ᠤᠨ ᠤᠬᠠᠮᠰᠠᠷ ᠳᠡᠭᠡᠭᠰᠢᠯᠡᠵᠦ᠂ ᠴᠠᠭᠠᠨ ᠰᠠᠷ᠎ᠠ ᠪᠡᠷ ᠴᠤ᠌ ᠲᠠᠮᠢᠷ᠎ᠤᠨ ᠬᠥᠳᠡᠯᠭᠡᠭᠡᠨ ᠬᠢᠬᠦ ᠳᠠᠳᠬᠠᠯ᠎ᠲᠠᠢ ᠪᠤᠯᠵᠠᠢ᠃ ᠡᠨᠡ ᠡᠳᠦᠷ ᠪᠢ ᠭᠡᠷ᠎ᠦᠨ ᠬᠥᠮᠥᠰ ᠲᠡᠢ ᠪᠡᠨᠥᠪᠥᠷ ᠮᠣᠩᠭᠣᠯ᠎ᠤᠨ ᠪᠡᠶ᠎ᠡ᠎ᠶᠢᠨ ᠲᠠᠮᠢᠷ᠎ᠤᠨ ᠣᠷᠳᠣᠨ᠎ᠤ ᠬᠦᠷᠳᠦᠲᠦ ᠲᠡᠰᠢᠯᠲᠡ᠎ᠶᠢᠨ ᠲᠥᠪ᠎ᠲᠦ ᠬᠦᠷᠦᠭᠰᠡᠨ᠂ ᠬᠦᠷᠳᠦᠲᠦ ᠲᠡᠰᠢᠯᠲᠡ ᠨᠢ ᠪᠡᠶ᠎ᠡ ᠮᠠᠬᠠᠪᠤᠳ᠎ᠢ ᠪᠣᠯᠪᠠᠰᠤᠷᠠᠭᠤᠯᠬᠤ᠎ᠪᠠᠷ ᠪᠠᠷᠠᠬᠤ ᠦᠭᠡᠢ ᠪᠠᠰᠠ ᠭᠡᠷ᠎ᠦᠨ ᠬᠥᠮᠥᠰ᠎ᠦᠨ ᠬᠣᠭᠣᠷᠣᠨᠳᠣᠬᠢ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠬᠡᠦᠬᠡᠳ᠎ᠢ ᠬᠠᠷᠠᠬᠠᠨ ᠪᠠᠭ᠎ᠠ ᠡᠴᠡ ᠨᠢ ᠲᠠᠮᠢᠷ᠎ᠤᠨ ᠬᠥᠳᠡᠯᠭᠡᠭᠡᠨ᠎ᠳᠦ ᠲᠤᠷᠠᠲᠠᠢ ᠰᠠᠢᠨ ᠳᠠᠳᠬᠠᠯ᠎ᠲᠠᠢ ᠪᠣᠯᠭᠠᠵᠤ ᠴᠢᠳᠠᠨ᠎ᠠ᠂ ᠡᠨᠡ ᠪᠣᠯ ᠰᠠᠶᠢ ᠵᠢᠩᠬᠢᠨᠢ ᠡᠷᠡᠭᠦᠯ ᠰᠠᠢᠬᠠᠨ ᠵᠢᠯ ᠴᠠᠭᠠᠨ ᠰᠠᠷ᠎ᠠ ᠪᠠᠨ ᠦᠩᠬᠡᠷᠡᠬᠦᠯᠬᠦ ᠶᠠᠪᠤᠳᠠᠯ ᠪᠤᠯᠤᠨ᠎ᠠ》 ᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠡᠶ᠎ᠡ᠎ᠶᠢᠨ ᠲᠠᠮᠢᠷ᠎ᠤᠨ ᠰᠠᠯᠠᠭ᠎ᠠ ᠮᠥᠴᠢᠷ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠪᠠᠷ ᠴᠢᠷᠮᠠᠢᠵᠤ᠂ ᠣᠯᠠᠨ ᠨᠡᠶ᠋ᠢᠲᠡ᠎ᠶᠢᠨ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠢ ᠪᠠᠶᠠᠷ ᠳᠤᠷᠠᠰᠬᠠᠯ᠎ᠤᠨ ᠡᠳᠦᠷ ᠠᠮᠠᠷᠠᠯᠲᠠ᠎ᠶᠢᠨ ᠡᠳᠦᠷ᠎ᠲᠦ ᠰᠦᠢᠳᠬᠡᠯ ᠬᠤᠷᠢᠶᠠᠬᠤ ᠦᠭᠡᠢ᠂ ᠬᠢᠮᠳᠠ ᠰᠦᠢᠳᠬᠡᠯ᠎ᠢᠶᠡᠷ ᠨᠡᠭᠡᠭᠡᠬᠦ ᠨᠢ ᠨᠢᠭᠡᠨᠲᠡ ᠨᠢᠭᠡ ᠵᠦᠢᠯ᠎ᠦᠨ ᠪᠠᠢᠩᠭᠤ᠎ᠶᠢᠨ ᠠᠷᠭ᠎ᠠ ᠬᠡᠮᠵᠢᠶ᠎ᠡ ᠪᠣᠯᠵᠤ᠂ ᠣᠯᠠᠨ ᠨᠡᠶ᠋ᠢᠲᠡ᠎ᠶᠢᠨ ᠪᠡᠶ᠎ᠡ᠎ᠶᠢᠨ ᠲᠠᠮᠢᠷ᠎ᠤᠨ ᠦᠢᠯᠡᠴᠢᠯᠡᠭᠡᠨ᠎ᠦ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠣᠯᠠᠨ ᠲᠦᠮᠡᠨ᠎ᠳᠦ ᠨᠠᠩ ᠣᠯᠠᠨ ᠴᠢᠨᠠᠷ ᠰᠠᠢᠲᠠᠢ ᠪᠡᠶ᠎ᠡ ᠴᠢᠭᠢᠷᠠᠭᠵᠢᠭᠤᠯᠬᠤ ᠡᠬᠢ ᠪᠠᠶᠠᠯᠢᠭ᠋ ᠪᠠ ᠦᠢᠯᠡᠴᠢᠯᠡᠭᠡ ᠬᠠᠨᠭᠭᠠᠵᠤ ᠪᠠᠢᠨ᠎ᠠ᠃
ᠡᠨᠡ ᠵᠢᠯ᠎ᠤᠨ ᠴᠠᠭᠠᠨ ᠰᠠᠷ᠎ᠠ᠎ᠶᠢᠨ ᠠᠮᠠᠷᠠᠯᠲᠠ᠎ᠳᠤ ᠥᠪᠥᠷ ᠮᠣᠩᠭᠣᠯ᠎ᠤᠨ 74 ᠣᠯᠠᠨ ᠨᠡᠶ᠋ᠢᠲᠡ᠎ᠶᠢᠨ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ ᠴᠠᠭᠠᠨ ᠰᠠᠷ᠎ᠠ᠎ᠶᠢᠨ ᠬᠤᠭᠤᠴᠠᠭᠠᠨ᠎ᠳᠤ ᠰᠦᠢᠳᠬᠡᠯ ᠬᠤᠷᠢᠶᠠᠬᠤ ᠦᠭᠡᠢ᠂ ᠬᠢᠮᠳᠠ ᠰᠦᠢᠳᠬᠡᠯ᠎ᠢᠶᠡᠷ ᠡᠬᠦᠳᠡ ᠪᠠᠨ ᠨᠡᠭᠡᠭᠡᠬᠦ ᠵᠠᠭᠪᠤᠷ᠎ᠢ ᠡᠬᠢᠯᠡᠨ ᠬᠡᠷᠡᠭᠵᠢᠭᠦᠯᠦᠭᠰᠡᠨ ᠮᠦᠷᠳᠡᠬᠡᠨ ᠡᠳᠡᠬᠡᠷ ᠣᠯᠠᠨ ᠨᠡᠶ᠋ᠢᠲᠡ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠶ ᠣᠷᠳᠣᠨ᠎ᠤ ᠲᠤᠨᠤᠭ ᠲᠥᠬᠦᠭᠡᠷᠦᠮᠵᠢ ᠪᠦᠷᠢᠨ ᠭᠦᠢᠴᠡᠳ ᠪᠠᠢᠵᠤ᠂ ᠰᠠᠭᠰᠤᠨ ᠪᠥᠮᠪᠥᠭᠡ᠂ ᠥᠳᠥᠨ ᠪᠥᠮᠪᠥᠭᠡ᠂ ᠲᠣᠣᠷ ᠪᠥᠮᠪᠥᠭᠡ᠂ ᠤᠮᠪᠠᠯᠲᠠ ᠵᠡᠷᠭᠡ ᠣᠯᠠᠨ ᠵᠦᠢᠯ᠎ᠦᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠠᠯᠠᠪᠤᠷ᠎ᠢ ᠬᠠᠮᠤᠷᠴᠤ᠂ ᠬᠣᠲᠠ᠎ᠶᠢᠨ ᠠᠷᠠᠳ᠎ᠲᠤ ᠰᠢᠯᠢᠳᠡᠭ ᠰᠠᠢᠨ ᠪᠡᠶ᠎ᠡ ᠴᠢᠭᠢᠷᠠᠭᠵᠢᠭᠤᠯᠬᠤ ᠲᠠᠯᠠᠪᠤᠷ ᠬᠠᠨᠭᠭᠠᠵᠤ᠂ ᠪᠡᠶ᠎ᠡ ᠴᠢᠬᠢᠷᠠᠭᠵᠢᠭᠤᠯᠬᠤ ᠡᠷᠡᠭᠦᠯ ᠮᠡᠨᠳᠦ᠎ᠶᠢᠨ ᠴᠢᠬᠤᠯᠠ ᠴᠢᠨᠠᠷ᠎ᠢ ᠨᠡᠩ ᠣᠯᠠᠨ ᠬᠥᠮᠥᠰ᠎ᠲᠦ ᠲᠠᠨᠢᠭᠤᠯᠵᠤ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠳᠦ ᠢᠳᠡᠪᠬᠢᠲᠡᠢ ᠣᠷᠣᠯᠴᠠᠭᠤᠯᠤᠭᠰᠠᠨ᠎ᠢᠶᠡᠷ ᠪᠠᠷᠠᠬᠤ ᠦᠭᠡᠢ ᠣᠯᠠᠨ ᠲᠦᠮᠡᠨ᠎ᠦ ᠢᠳᠡᠪᠬᠢᠲᠡᠢ ᠳᠦᠷᠢ ᠲᠥᠷᠬᠦ᠎ᠪᠡᠷ ᠰᠢᠨ᠎ᠡ ᠵᠢᠯ ᠴᠠᠭᠠᠨ ᠰᠠᠷ᠎ᠠ ᠪᠠᠨ ᠦᠩᠬᠡᠷᠡᠬᠦᠯᠵᠤ᠂ ᠡᠷᠡᠭᠦᠯ ᠴᠢᠭᠢᠷᠠᠭ ᠪᠡᠶ᠎ᠡ ᠮᠠᠬᠠᠪᠤᠳ᠎ᠢᠶᠠᠷ ᠰᠢᠨ᠎ᠡ ᠠᠶᠠᠨ᠎ᠢᠶᠠᠨ ᠡᠬᠢᠯᠡᠭᠦᠯᠬᠦ᠎ᠳᠦ ᠬᠦᠴᠦᠨ ᠨᠡᠮᠡᠷᠢᠯᠡᠭᠰᠡᠨ ᠪᠠᠢᠨ᠎ᠠ᠃