ᠪᠣᠯᠪᠠᠰᠤᠨ᠎ᠢᠶᠠᠨ ᠬᠠᠷᠢᠯᠴᠠᠨ ᠲᠣᠯᠢᠯᠠᠬᠤ ᠭᠡᠷᠡᠯ ᠭᠢᠯᠪᠠᠭ᠎ᠠ ᠵᠢ ᠰᠠᠴᠤᠷᠠᠭᠤᠯᠤᠨ᠎ᠠ — ᠬᠤᠩᠱᠠᠨ ᠰᠣᠶᠣᠯ᠎ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠰᠣᠶᠣᠯ᠎ᠤᠨ ᠭᠧᠨ ᠢ᠋ ᠬᠠᠢᠨ ᠰᠦᠪᠡᠭ᠌ᠴᠢᠯᠡᠭᠰᠡᠨ ᠨᠢ
2025-02-16 11:14:32
ᠵᠣᠬᠢᠶᠠᠭ᠍ᠴᠢ᠄
ᠸᠧᠶ ᠨᠠ
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠤᠳᠠ᠎ᠶ᠋ᠢᠨ ᠠᠤᠬᠠᠨ ᠬᠣᠱᠢᠭᠤᠨ᠎ᠤ ᠱᠢᠨ ᠬᠤᠢ ᠪᠠᠯᠭᠠᠰᠤᠨ᠎ᠤ ᠥᠪᠥᠷ ᠮᠣᠩᠭᠣᠯ᠎ᠤᠨ ᠪᠠᠯᠠᠷ ᠡᠷᠲᠡᠨ᠎ᠦ ᠰᠣᠶᠣᠯ᠎ᠤᠨ ᠮᠦᠽᠧᠢ᠎ᠳᠦ᠂  ᠨᠢᠭᠡᠨ ᠵᠠᠪᠢᠯᠠᠨ ᠰᠠᠭᠤᠵᠤ ᠦᠭᠡ ᠶᠠᠷᠢᠵᠤ ᠪᠠᠢᠭ᠎ᠠ ᠰᠢᠭ᠋᠂ ᠴᠤᠭᠳᠠᠢ ᠨᠢᠳᠦ ᠪᠡᠷ  ᠵᠢᠡᠨ ᠠᠯᠤᠰ᠎ᠢ ᠰᠢᠷᠳᠡᠵᠦ ᠪᠠᠢᠭ᠎ᠠ ᠰᠢᠭ᠋ ᠬᠦᠮᠦᠨ᠎ᠤ ᠪᠦᠲᠦᠨ ᠪᠡᠶ᠎ᠡ ᠵᠢᠨ ᠸᠠᠭᠠᠷ ᠱᠤᠭᠤᠮᠠᠯ ᠨᠢ ᠪᠠᠯᠠᠷ ᠡᠷᠲᠡᠨ᠎ᠦ ᠪᠤᠷᠤᠭᠵᠢᠭᠤᠨ ᠶᠡᠬᠡᠮᠰᠦᠭ ᠢ᠋ ᠮᠡᠳᠡᠷᠡᠭᠦᠯᠦᠨ᠎ᠡ᠃

《ᠡᠨᠡ ᠬᠦ᠌ ᠸᠠᠭᠠᠷ ᠤ᠋ᠨ ᠬᠥᠮᠦᠨ ᠨᠢᠭᠡᠨᠲᠡ 5300 ᠭᠠᠷᠤᠢ ᠵᠢᠯ ᠪᠤᠯᠵᠤ᠂  ᠲᠡᠭᠦᠨ᠎ᠦ ᠲᠥᠯᠥᠭᠡᠯᠡᠵᠦ᠍ ᠪᠠᠢᠭ᠎ᠠ ᠨᠢ ᠶᠠᠭ ᠮᠠᠨ᠎ᠤ ᠡᠪᠦᠭᠡ ᠳᠡᠭᠡᠳᠦᠰ᠎ᠦᠨ ᠠᠮᠢᠳᠤ  ᠪᠤᠳᠠᠳᠠᠢ ᠲᠦᠷᠢ ᠲᠦᠷᠬᠦ ᠪᠠᠢᠵᠤ᠂ ᠡᠪᠦᠭᠡ ᠳᠡᠭᠡᠳᠦᠰ᠎ᠤ᠋ᠨ ᠱᠢᠲᠦᠭᠡᠨ ᠲᠠᠢ ᠬᠣᠯᠪᠣᠭ᠎ᠠ᠎ᠲᠠᠶ ᠪᠤᠶᠤ 5000 ᠭᠠᠷᠤᠶ ᠵᠢᠯ᠎ᠦᠨ ᠡᠮᠦᠨᠡᠬᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠡᠪᠦᠭᠡ ᠳᠡᠭᠡᠳᠦᠰ ᠴᠤ᠌ ᠪᠠᠢᠵᠤ ᠮᠡᠳᠡᠨ᠎ᠡ》 ᠭᠡᠵᠦ᠍ ᠮᠦᠽᠧᠢ᠎ᠶ᠋ᠢᠨ ᠲᠠᠢᠯᠪᠤᠷᠢᠯᠠᠭ᠍ᠴᠢ ᠬᠡᠯᠡᠵᠦ᠍ ᠪᠠᠢᠯ᠎ᠠ᠃

1982 ᠣᠨ᠎ᠳᠤ᠂ ᠠᠯᠳᠠᠷᠲᠤ ᠬᠠᠭᠤᠴᠢ ᠰᠤᠳᠤᠯᠤᠭ᠍ᠴᠢ ᠰᠤ᠌ ᠪᠢᠩ ᠴᠢ ᠠᠪᠤᠭᠠᠶ《ᠳᠤᠮᠳᠠᠳᠤ᠎ᠶ᠋ᠢᠨ ᠦᠨᠳᠦᠰᠦᠲᠡᠨ ᠪᠣᠯ ᠨᠢᠭᠡᠨ ᠲᠣᠮᠣ ᠬᠠᠢᠯᠤᠭᠤᠯᠬᠤ ᠵᠤᠤᠬ᠎ᠠ ᠮᠥᠨ》 ᠭᠡᠬᠦ᠌ ᠴᠢᠬᠤᠯᠠ ᠦᠵᠡᠯ ᠰᠠᠨᠠᠭ᠎ᠠ᠎ᠶ᠋ᠢ ᠳᠤᠷᠠᠳᠴᠠᠶ᠃ ᠲᠡᠷᠡᠪᠡᠷ ᠠᠳᠠᠯᠢ ᠪᠤᠰᠤ ᠭᠠᠵᠠᠷ ᠣᠷᠣᠨ᠎ᠤ ᠪᠣᠯᠪᠠᠰᠤᠨ ᠡᠨᠡ ᠬᠦ᠌ ᠬᠠᠢᠯᠤᠭᠤᠯᠬᠤ ᠵᠤᠤᠬᠠᠨ᠎ᠳᠤ ᠤᠷᠤᠭ᠍ᠰᠠᠨ᠎ᠤ ᠳᠠᠷᠠᠭ᠎ᠠ᠂ ᠥᠪᠡᠷ ᠥᠪᠡᠷ᠎ᠦᠨ ᠰᠣᠶᠣᠯ᠎ᠤᠨ ᠣᠨᠴᠠᠯᠢᠭ᠎ᠢᠶᠠᠨ ᠬᠠᠳᠠᠭᠠᠯᠠᠵᠤ᠂ ᠲᠠᠰᠤᠷᠠᠯᠲᠠ ᠥᠬᠡᠶ ᠱᠢᠨ᠎ᠡ᠎ᠶ᠋ᠢ ᠡᠭᠦᠳᠴᠦ᠍᠂ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ᠎ᠶ᠋ᠢᠨ ᠰᠣᠶᠣᠯ᠎ᠢ ᠪᠣᠶ ᠪᠤᠯᠭᠠᠵᠠᠢ ᠭᠡᠵᠦ᠍ ᠦᠵᠡᠪᠡ᠃

ᠯᠢᠶᠣᠤᠨᠢᠩ ᠮᠤᠵᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠨᠡᠷ᠎ᠡ ᠬᠦᠨᠳᠦᠲᠦ ᠬᠦᠷᠢᠶᠡᠯᠡᠩ᠎ᠦᠨ ᠳᠠᠷᠤᠭ᠎ᠠ ᠭᠦᠸᠧ ᠳ᠋ᠡ ᠱᠦᠨ ᠠᠪᠤᠭᠠᠶ᠎ᠶ᠋ᠢᠨ ᠦᠵᠡᠬᠦ᠌᠎ᠪᠡᠷ᠂ ᠬᠤᠩᠱᠠᠨ ᠰᠣᠶᠣᠯ᠎ᠤᠨ ᠴᠠᠭ ᠦᠶ᠎ᠡ ᠪᠣᠯ ᠶᠠᠭ ᠡᠯ᠎ᠡ ᠭᠠᠵᠠᠷ ᠣᠷᠣᠨ᠎ᠤ ᠪᠠᠯᠠᠷ ᠡᠷᠲᠡᠨ᠎ᠦ ᠰᠣᠶᠣᠯ᠎ᠤᠨ ᠥᠪᠡᠷᠮᠢᠴᠡ ᠴᠢᠨᠠᠷ ᠭᠦᠶ᠋ᠴᠡᠳ ᠬᠥᠭ᠌ᠵᠢᠭ᠌ᠰᠡᠨ ᠪᠥᠭᠡᠳ ᠪᠠᠢᠨ ᠳᠠᠬᠢᠨ ᠰᠣᠯᠪᠢᠴᠠᠵᠤ ᠪᠠᠢᠭ᠍ᠰᠠᠨ ᠴᠠᠭ ᠦᠶ᠎ᠡ ᠮᠥᠨ ᠭᠡᠪᠡ᠃

ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ ᠪᠣᠯᠤᠨ ᠬᠠᠳᠤᠨ ᠭᠣᠣᠯ᠎ᠤᠨ ᠰᠠᠪᠠ ᠭᠠᠵᠠᠷ᠂ ᠬᠥᠬᠡᠮᠥ᠋ᠷᠡᠨ᠎ᠦ ᠰᠠᠪᠠ ᠭᠠᠵᠠᠷ ᠪᠣᠯ ᠴᠥᠮ ᠳᠤᠮᠳᠠᠳᠤ᠎ᠶ᠋ᠢᠨ ᠪᠣᠯᠪᠠᠰᠤᠨ᠎ᠤ ᠴᠢᠬᠤᠯᠠ ᠡᠭᠦᠰᠦᠯ᠎ᠦᠨ ᠭᠠᠵᠠᠷ ᠪᠣᠯᠤᠨ᠎ᠠ᠃ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠲᠤ ᠬᠤᠩᠱᠠᠨ ᠰᠣᠶᠣᠯ ᠪᠤᠢ ᠪᠤᠯᠵᠤ᠂ ᠬᠥᠬᠡᠮᠥ᠋ᠷᠡᠨ᠎ᠦ ᠰᠠᠪᠠ ᠭᠠᠵᠠᠷ᠎ᠲᠤ ᠯᠢᠶᠠᠩᠵᠦ᠍ ᠵᠢᠨ ᠰᠣᠶᠣᠯ ᠪᠤᠢ ᠪᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠲᠤ ᠶᠠᠩᠱᠤᠤ ᠵᠢᠨ ᠰᠣᠶᠣᠯ ᠪᠤᠢ ᠪᠣᠯᠵᠠᠢ᠃ ᠡᠯ᠎ᠡ ᠭᠠᠵᠠᠷ ᠣᠷᠣᠨ᠎ᠤ ᠬᠥᠮᠦᠰ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠳᠠᠭᠠᠯᠳᠤᠨ᠂ ᠬᠤᠩᠱᠠᠨ ᠰᠣᠶᠣᠯ᠎ᠨᠢ ᠪᠣᠯᠪᠠᠰᠤᠨ᠎ᠢᠶᠠᠨ ᠬᠠᠷᠢᠯᠴᠠᠨ ᠲᠣᠯᠢᠯᠠᠬᠤ ᠬᠡᠷᠡᠯ ᠭᠢᠯᠪᠠᠭ᠎ᠠ᠎ᠪᠠᠨ ᠲᠠᠰᠤᠷᠠᠯᠲᠠ ᠥᠬᠡᠶ ᠰᠠᠴᠤᠷᠠᠭᠤᠯᠵᠤ᠂ ᠲᠠᠪᠤᠨ ᠮᠢᠩᠭᠠᠨ ᠵᠢᠯ᠎ᠦᠨ ᠡᠮᠦᠨᠡᠬᠢ ᠳᠤᠮᠳᠠᠳᠤ᠎ᠶ᠋ᠢᠨ ᠡᠬᠡ ᠭᠠᠵᠠᠷ ᠳᠡᠭᠡᠷᠡᠬᠢ ᠠᠩᠬᠠᠨ᠎ᠤ 《ᠰᠣᠶᠣᠯ᠎ᠤᠨ ᠬᠠᠮᠲᠤ᠎ᠶ᠋ᠢᠨ ᠲᠠᠨᠢᠯᠲᠠ》 ᠶ᠋ᠢ ᠬᠠᠮᠲᠤ᠎ᠪᠠᠷ ᠪᠣᠶ ᠪᠣᠯᠭᠠᠵᠤ᠂ ᠳᠤᠮᠳᠠᠳᠤ᠎ᠶ᠋ᠢᠨ ᠰᠣᠶᠣᠯ᠎ᠤᠨ ᠲᠠᠰᠤᠷᠠᠯᠲᠠ ᠥᠬᠡᠶ ᠦᠷᠭᠦᠯᠵᠢᠯᠡᠬᠦ᠌ ᠪᠠᠲᠤ ᠪᠠᠬᠢ ᠰᠠᠭᠤᠷᠢ᠎ᠶ᠋ᠢ ᠲᠠᠯᠪᠢᠪᠠ᠃

ᠬᠤᠩᠱᠠᠨ ᠠᠭᠤᠯᠠᠨ᠎ᠤ ᠬᠣᠷᠮᠣᠢ᠎ᠳᠠᠬᠢ ᠬᠤᠩᠱᠠᠨ ᠰᠣᠶᠣᠯ᠎ᠤᠨ ᠮᠦᠽᠧᠢ ᠪᠣᠯ ᠥᠪᠡᠷᠲᠡᠭᠡᠨ ᠵᠠᠰᠠᠬᠤ ᠣᠷᠣᠨ᠎ᠤ ᠴᠤᠷ᠎ᠤᠨ ᠭᠠᠭ᠍ᠴᠠ ᠬᠤᠩᠱᠠᠨ ᠰᠣᠶᠣᠯ᠎ᠤᠨ ᠲᠤᠰᠭᠠᠢ ᠰᠡᠳᠦᠪᠲᠦ ᠮᠦᠽᠧᠢ ᠪᠣᠯᠤᠨ᠎ᠠ᠃ ᠬᠣᠩᠱᠠᠨ ᠬᠠᠰ ᠡᠳ᠋ᠯᠡᠯ᠂ ᠸᠠᠭᠠᠷ ᠰᠠᠪᠠ᠂ ᠠᠮᠢᠳᠤᠯᠢᠭ ᠰᠠᠢᠬᠠᠨ ᠬᠠᠭᠤᠴᠢ ᠰᠤᠳᠤᠯᠤᠯ᠎ᠤᠨ ᠭᠡᠷᠡᠯ ᠵᠢᠷᠤᠭ᠎ᠤᠳ᠎ᠡᠴᠡ᠂ ᠬᠥᠮᠦᠰ ᠬᠣᠩᠱᠠᠨ᠎ᠤ ᠡᠷᠳᠡᠨ ᠤ᠋ ᠬᠦᠮᠦᠰ᠎ᠦᠨ ᠲᠤᠬᠠᠢ ᠵᠢᠨ ᠦᠶ᠎ᠡ ᠵᠢᠨ ᠡᠳᠦᠷ ᠲᠤᠳᠤᠮ᠎ᠤᠨ ᠠᠮᠢᠳᠤᠷᠠᠯ᠎ᠤᠨ ᠵᠢᠵᠢᠭ ᠰᠠᠵᠢᠭ ᠵᠦᠢᠯ᠎ᠢ ᠣᠯᠵᠤ ᠬᠠᠷᠠᠬᠤ ᠱᠢᠭ᠋ ᠪᠠᠢᠨ᠎ᠠ᠃

《ᠡᠨᠡ ᠪᠣᠯ ᠨᠢᠭᠡᠨ ᠬᠠᠷ᠎ᠠ ᠥᠩᠭᠡᠲᠦ ᠤᠯᠠᠭᠠᠨ ᠸᠠᠭᠠᠷ᠎ᠤᠨ ᠳᠦᠭᠦᠮ ᠬᠡᠯᠪᠡᠷᠢ᠎ᠶ᠋ᠢᠨ ᠰᠠᠪᠠ ᠪᠣᠯᠤᠨ᠎ᠠ᠂ ᠰᠠᠪᠠ᠎ᠶ᠋ᠢᠨ ᠬᠡ ᠤᠭᠠᠯᠵᠠ ᠨᠢ ᠲᠤᠰ ᠭᠠᠵᠠᠷ᠎ᠤᠨ ᠬᠤᠩᠱᠠᠨ ᠰᠣᠶᠣᠯ᠂ ᠵᠦᠩᠶᠦᠸᠠᠨ ᠣᠷᠣᠨ᠎ᠤ ᠶᠠᠩᠱᠤᠤ ᠵᠢᠨ ᠰᠣᠶᠣᠯ ᠵᠡᠷᠭᠡ᠎ᠡᠴᠡ ᠢᠷᠡᠯᠲᠡ᠎ᠲᠡᠶ ᠶᠤᠮ᠂ ᠡᠨᠡ ᠨᠢ ᠲᠠᠪᠤ ᠵᠢᠷᠭᠤᠭᠠᠨ ᠮᠢᠩᠭᠠᠨ ᠵᠢᠯ᠎ᠦᠨ ᠡᠮᠦᠨ᠎ᠡ ᠨᠢᠭᠡᠨᠲᠡ ᠰᠣᠶᠣᠯ᠎ᠤᠨ ᠰᠣᠯᠢᠯᠴᠠᠭ᠎ᠠ᠂ ᠠᠭᠤᠰᠤᠯᠴᠠᠯ᠎ᠤᠨ ᠶᠠᠪᠤᠴᠠ᠎ᠲᠠᠶ ᠪᠣᠯᠤᠭ᠍ᠰᠠᠨ᠎ᠢ ᠬᠠᠷᠠᠭᠤᠯᠵᠤ ᠪᠠᠢᠨ᠎ᠠ》 ᠭᠡᠵᠦ᠍ ᠬᠤᠩᠱᠠᠨ ᠰᠣᠶᠣᠯ᠎ᠤᠨ ᠮᠦᠽᠧᠢ᠎ᠶ᠋ᠢᠨ ᠳᠡᠳ᠋ ᠳᠠᠷᠤᠭ᠎ᠠ ᠯᠦᠸᠧ ᠢᠦᠢ ᠮᠧᠢ ᠬᠡᠯᠡᠪᠡ᠃

ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠤᠷᠢᠶ᠎ᠠ ᠵᠢᠨ ᠭᠡᠱᠢᠭᠦᠨ᠂ ᠳᠡᠳ᠋ ᠵᠠᠬᠢᠷᠤᠯ ᠰᠦᠨ ᠶᠦᠩ ᠭᠠᠩ ᠲᠠᠨᠢᠯᠴᠠᠭᠤᠯᠬᠤ᠎ᠳᠠᠭᠠᠨ᠂ ᠬᠤᠩᠱᠠᠨ ᠰᠣᠶᠣᠯ ᠪᠣᠯᠤᠨ ᠵᠦᠩᠶᠦᠸᠠᠨ ᠣᠷᠣᠨ ᠤ᠋ ᠶᠠᠩᠱᠤᠤ ᠵᠢᠨ ᠰᠣᠶᠣᠯ᠎ᠤᠨ ᠨᠢᠭ᠍ᠲᠠ ᠰᠣᠯᠢᠯᠴᠠᠭ᠎ᠠ ᠨᠢ ᠬᠤᠩᠱᠠᠨ ᠰᠣᠶᠣᠯ᠎ᠤᠨ ᠸᠠᠭᠠᠷ ᠰᠠᠪᠠ᠎ᠶ᠋ᠢᠨ ᠪᠦᠯᠦᠭ᠎ᠦᠨ ᠳᠦᠷᠰᠦ ᠪᠠᠢᠳᠠᠯ᠎ᠳᠤ ᠢᠯᠡᠳᠲᠡ ᠬᠤᠪᠢᠷᠠᠯᠲᠠ ᠭᠠᠷᠭᠠᠵᠤ᠂ ᠥᠩᠭᠡᠲᠦ ᠸᠠᠭᠠᠷ ᠪᠣᠯᠤᠨ ᠳᠠᠷᠤᠮᠠᠯ ᠬᠡ᠎ᠲᠡᠶ ᠸᠠᠭᠠᠷ ᠬᠠᠮᠲᠤ ᠣᠷᠣᠱᠢᠵᠤ᠂ ᠲᠤᠰ ᠭᠠᠵᠠᠷ ᠣᠷᠣᠨ᠎ᠤ ᠤᠷᠳᠤ ᠤᠳᠠᠭᠠᠨ ᠬᠤᠭᠤᠴᠠᠭ᠎ᠠ ᠦᠷᠭᠦᠯᠵᠢᠯᠡᠭ᠌ᠰᠡᠨ ᠳᠠᠷᠤᠮᠠᠯ ᠬᠡ ᠤᠭᠠᠯᠵᠠ᠎ᠲᠠᠶ ᠸᠠᠭᠠᠷ ᠰᠠᠪᠠ᠎ᠶ᠋ᠢᠨ ᠨᠢᠭᠡᠳᠦᠯᠲᠡᠢ ᠪᠠᠢᠳᠠᠯ᠎ᠢ ᠲᠤᠢᠯᠪᠤᠷᠢᠲᠠᠢ ᠬᠤᠪᠢᠷᠠᠭᠤᠯᠵᠠᠢ᠃

ᠥᠩᠭᠡᠲᠦ ᠸᠠᠭᠠᠷ ᠰᠠᠪᠠ᠎ᠲᠠᠶ ᠠᠳᠠᠯᠢ᠎ᠪᠠᠷ᠂ ᠬᠤᠩᠱᠠᠨ ᠬᠠᠰ ᠬᠡᠷᠡᠭᠰᠡᠯ ᠨᠢ ᠬᠤᠩᠱᠠᠨ ᠰᠣᠶᠣᠯ᠎ᠤᠨ ᠳᠣᠲᠣᠷᠠᠬᠢ ᠪᠠᠰᠠ ᠨᠢᠭᠡᠨ ᠥᠨᠳᠥᠷ ᠳᠠᠪᠲᠠᠮᠵᠢᠲᠤ ᠦᠭᠡ ᠪᠣᠯᠤᠨ᠎ᠠ᠃ 《ᠬᠤᠩᠱᠠᠨ ᠬᠠᠰ ᠬᠡᠷᠡᠭᠰᠡᠯ ᠨᠢ ᠪᠢᠳᠡᠨ᠎ᠳᠦ ᠲᠤᠬᠠᠢ᠎ᠶ᠋ᠢᠨ ᠦᠶ᠎ᠡ᠎ᠶ᠋ᠢᠨ ᠬᠠᠰ ᠬᠡᠷᠡᠭᠰᠡᠯ᠎ᠦᠨ ᠰᠣᠶᠣᠯ᠎ᠤᠨ ᠭᠡᠷᠡᠯ ᠰᠠᠴᠤᠷᠠᠩᠭᠤᠢ ᠪᠠ ᠪᠣᠯᠪᠠᠰᠤᠨ᠎ᠤ ᠠᠩᠬᠠᠨ᠎ᠤ ᠴᠠᠭ ᠦᠶ᠎ᠡ᠎ᠶ᠋ᠢᠨ ᠬᠠᠰ ᠦᠢᠯᠡᠳᠬᠦ᠌ ᠮᠡᠷᠭᠡᠵᠢᠯ᠎ᠦᠨ ᠪᠣᠯᠪᠠᠰᠤᠷᠠᠩᠭᠤᠢ ᠪᠤᠯᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠲᠦᠪᠱᠢᠨ᠎ᠦ ᠲᠠᠪᠱᠢᠯᠳᠠ᠎ᠶ᠋ᠢ ᠳᠡᠯᠭᠡᠨ ᠦᠵᠡᠭᠦᠯᠵᠡᠢ》 ᠭᠡᠵᠦ ᠤᠯᠠᠭᠠᠨᠬᠠᠳᠠ᠎ᠶ᠋ᠢᠨ ᠮᠦᠽᠧᠶ᠎ᠶ᠋ᠢᠨ ᠳᠡᠳ᠋ ᠳᠠᠷᠤᠭ᠎ᠠ ᠵᠢᠶᠠ ᠱᠢᠤ ᠮᠧᠶ ᠲᠠᠨᠢᠯᠴᠠᠭᠤᠯᠪᠠ᠃

ᠡᠭᠦᠨ᠎ᠡᠴᠡ ᠡᠮᠦᠨ᠎ᠡ᠂ ᠵᠠᠷᠢᠮ ᠡᠷᠳᠡᠮᠲᠡᠨ《ᠬᠤᠩᠱᠠᠨ ᠰᠣᠶᠣᠯ ᠡᠷᠲᠡ ᠦᠶ᠎ᠡ᠎ᠶ᠋ᠢᠨ ᠳᠤᠮᠳᠠᠳᠤ᠎ᠶ᠋ᠢᠨ ᠰᠣᠶᠣᠯ᠎ᠤᠨ ᠬᠠᠮᠲᠤ᠎ᠶ᠋ᠢᠨ ᠴᠣᠭ᠍ᠴᠠ᠎ᠶ᠋ᠢᠨ ᠪᠦᠷᠢᠯᠳᠦᠯ᠎ᠢ ᠭᠡᠷᠡᠴᠢᠯᠡᠭᠰᠡᠨ ᠨᠢ》 ᠭᠡᠬᠦ᠌ ᠵᠣᠬᠢᠶᠠᠯ ᠪᠢᠴᠢᠵᠦ᠍᠂ ᠬᠤᠩᠱᠠᠨ ᠰᠣᠶᠣᠯ᠎ᠤᠨ ᠥᠩᠭᠡᠲᠦ ᠸᠠᠭᠠᠷ ᠰᠠᠪᠠ᠂ 《ᠬᠠᠰ᠎ᠢ ᠡᠷᠬᠢᠮᠯᠡᠬᠦ》 ᠵᠢᠴᠢ 《ᠯᠣᠣ᠎ᠶ᠋ᠢ ᠳᠡᠭᠡᠳᠦᠯᠡᠬᠦ》 ᠵᠠᠩ ᠳᠠᠳᠭᠠᠯ᠂ ᠱᠠᠱᠢᠨ ᠰᠤᠷᠲᠠᠬᠤᠨ᠎ᠤ ᠲᠠᠬᠢᠯᠭ᠎ᠠ ᠵᠡᠷᠭᠡ ᠪᠣᠯ ᠲᠡᠭᠦᠨ᠎ᠦ ᠬᠠᠮᠤᠭ᠎ᠤᠨ ᠢᠯᠡᠷᠬᠡᠢ ᠣᠨᠴᠠᠯᠢᠭ ᠪᠣᠯᠤᠨ᠎ᠠ᠂ ᠡᠳᠡᠭᠡᠷ ᠰᠣᠶᠣᠯ ᠵᠢᠴᠢ ᠦᠵᠡᠯ ᠤᠬᠠᠮᠰᠠᠷ᠎ᠤᠨ ᠬᠡᠯᠪᠡᠷᠢ ᠨᠢ ᠵᠦᠨᠭᠶᠤᠸᠠᠨ ᠣᠷᠣᠨ ᠵᠡᠷᠭᠡ ᠭᠠᠵᠠᠷ ᠣᠷᠣᠨ᠎ᠯᠤᠭ᠎ᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠲᠠᠢ ᠪᠠᠢᠵᠤ᠂ ᠪᠣᠯᠪᠠᠰᠤᠨ᠎ᠤ ᠡᠭᠦᠰᠦᠯ ᠪᠦᠷᠢᠯᠳᠦᠯ᠎ᠢ ᠠᠬᠢᠭᠤᠯᠬᠤ ᠴᠢᠬᠤᠯᠠ ᠬᠥᠳᠡᠯᠭᠡᠬᠦ᠌ ᠬᠦᠴᠦᠨ ᠪᠣᠯᠤᠨ᠎ᠠ ᠭᠡᠵᠦ᠍ ᠵᠢᠭᠠᠵᠤ ᠭᠠᠷᠭᠠᠪᠠ᠃ ᠪᠠᠯᠠᠷ ᠡᠷᠲᠡᠨ᠎ᠦ ᠡᠯ᠎ᠡ ᠣᠷᠣᠨ ᠪᠦᠰᠡ᠎ᠶ᠋ᠢᠨ ᠰᠣᠶᠣᠯ᠎ᠤᠨ ᠨᠢᠭ᠍ᠲᠠ ᠬᠠᠷᠢᠯᠴᠠᠭ᠎ᠠ᠂ ᠰᠣᠯᠢᠯᠴᠠᠭ᠎ᠠ ᠠᠭᠤᠰᠤᠯᠴᠠᠯ ᠨᠢ ᠬᠠᠮᠲᠤ᠎ᠶ᠋ᠢᠨ ᠰᠣᠶᠣᠯ᠎ᠤᠨ ᠭᠧᠨ᠎ᠢ ᠪᠦᠷᠢᠯᠳᠦᠭᠦᠯᠵᠦ᠍᠂ ᠡᠭᠦᠨ᠎ᠦ ᠤᠯᠠᠮ᠎ᠠᠴᠠ ᠨᠢᠭᠡᠳᠦᠭ᠌ᠰᠡᠨ ᠤᠯᠠᠨ ᠦᠨᠳᠦᠰᠦᠲᠡᠨ᠎ᠲᠡᠶ ᠤᠯᠤᠰ᠎ᠤᠨ ᠪᠦᠷᠢᠯᠳᠦᠨ ᠬᠥᠭ᠌ᠵᠢᠬᠦ᠌ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

ᠬᠤᠩᠱᠠᠨ ᠰᠣᠶᠣᠯ᠎ᠤᠨ ᠦᠯᠡᠳᠡᠭ᠌ᠳᠡᠯ᠎ᠦᠨ ᠲᠤᠬᠠᠢ ᠭᠦᠨᠵᠡᠭᠡᠢ ᠰᠤᠳᠤᠯᠬᠤ᠎ᠶ᠋ᠢ ᠳᠠᠭᠠᠯᠳᠤᠨ᠂ ᠳᠤᠮᠳᠠᠳᠤ᠎ᠶ᠋ᠢᠨ ᠪᠣᠯᠪᠠᠰᠤᠨ᠎ᠤ ᠭᠡᠷᠡᠯ ᠭᠢᠯᠪᠠᠭ᠎ᠠ ᠳᠣᠣᠷ᠎ᠠ ᠠᠮᠢᠳᠤᠷᠠᠵᠤ ᠪᠠᠢᠭᠰᠠᠨ ᠬᠤᠩᠱᠠᠨ᠎ᠤ ᠡᠪᠦᠭᠡ ᠳᠡᠭᠡᠳᠦᠰ ᠬᠥᠮᠦᠰ᠎ᠦᠨ ᠰᠠᠨᠠᠭ᠍ᠰᠠᠨ ᠱᠢᠭ᠋ ᠲᠡᠢᠮᠦ᠍ ᠬᠢᠯᠪᠠᠷ ᠪᠢᠰᠢ ᠭᠡᠳᠡᠭ᠎ᠢ  ᠣᠯᠵᠤ ᠮᠡᠳᠡᠪᠡ᠃ ᠤᠯᠠᠭᠠᠨᠬᠠᠳᠠ᠎ᠶ᠋ᠢᠨ ᠰᠣᠶᠣᠯ ᠮᠦᠽᠧᠢ᠎ᠶ᠋ᠢᠨ ᠬᠦᠷᠢᠶᠡᠯᠡᠩ᠎ᠦᠨ ᠳᠠᠷᠤᠭ᠎ᠠ ᠲᠤᠤ ᠵᠢᠶᠠᠨ ᠶᠢᠩ᠎ᠦᠨ ᠬᠡᠯᠡᠭ᠌ᠰᠡᠨᠴᠢᠯᠡᠨ᠂ ᠬᠤᠩᠱᠠᠨ ᠎ᠤ ᠡᠪᠦᠭᠡ ᠳᠡᠭᠡᠳᠦᠰ᠎ᠲᠦ ᠡᠯᠪᠡᠭ ᠪᠠᠶᠠᠯᠢᠭ ᠤᠶᠤᠨ ᠰᠠᠨᠠᠭᠠᠨ᠎ᠤ ᠶᠢᠷᠲᠢᠨᠴᠦ᠍᠎ᠲᠡᠶ᠂ ᠲᠡᠳᠡ 《ᠯᠣᠣ᠎ᠶ᠋ᠢ ᠳᠡᠭᠡᠳᠦᠯᠡᠵᠦ᠍》᠂ 《ᠬᠠᠰ᠎ᠢ ᠡᠷᠬᠢᠮᠯᠡᠵᠦ》᠂ ᠲᠩᠷᠢ᠎ᠵᠢ ᠰᠢᠲᠦᠵᠦ ᠳᠡᠭᠡᠳᠦᠰ᠎ᠵᠢᠡᠨ ᠲᠠᠬᠢᠵᠦ᠂ ᠬᠠᠰ᠎ᠤᠨ ᠶᠣᠰᠣ ᠲᠦᠷᠢᠮ᠎ᠤᠨ ᠱᠢᠰᠲ᠋ᠧᠮ ᠨᠢᠭᠡᠨᠲᠡ ᠠᠩᠬ᠎ᠠ ᠠᠯᠬᠤᠮ ᠪᠦᠷᠢᠯᠳᠦᠵᠦ᠍᠂ ᠤᠯᠠᠨ ᠨᠡᠢᠲᠡ᠎ᠶ᠋ᠢᠨ ᠢᠲᠡᠭᠡᠯ ᠪᠢᠱᠢᠷᠡᠯ ᠪᠠ ᠲᠠᠬᠢᠯᠭ᠎ᠠ ᠶᠣᠰᠣᠯᠠᠯ᠎ᠤᠨ ᠱᠢᠰᠲ᠋ᠧᠮ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠠᠢ᠃ ᠡᠳᠡᠭᠡᠷ ᠥᠪᠡᠷᠮᠢᠴᠡ ᠰᠣᠶᠣᠯ᠎ᠤᠨ ᠠᠭᠤᠯᠤᠭ᠍ᠳᠠᠬᠤᠨ ᠨᠢ ᠡᠷᠲᠡ ᠦᠶ᠎ᠡ᠎ᠶ᠋ᠢᠨ ᠳᠤᠮᠳᠠᠳᠤ ᠤᠯᠤᠰ᠎ᠤᠨ ᠪᠣᠯᠪᠠᠰᠤᠨ᠎ᠤ ᠡᠭᠦᠰᠦᠯ ᠪᠦᠷᠢᠯᠳᠦᠯ᠎ᠢ ᠠᠬᠢᠭᠤᠯᠬᠤ ᠴᠢᠬᠤᠯᠠ ᠬᠥᠳᠡᠯᠭᠡᠬᠦ᠌ ᠬᠦᠴᠦᠨ ᠪᠣᠯᠤᠭ᠍ᠰᠠᠨ ᠪᠠᠢᠨ᠎ᠠ᠃ 《ᠬᠤᠩᠱᠠᠨ ᠰᠣᠶᠣᠯ ᠨᠢ ᠠᠤᠭ᠎ᠠ ᠶᠡᠬᠡ ᠮᠠᠨᠳᠠᠯ ᠰᠦᠮ᠎ᠡ᠎ᠶ᠋ᠢᠨ ᠪᠤᠯᠠᠱᠢᠨ ᠰᠦᠷᠦᠭ᠂ ᠭᠣᠢᠳᠠ ᠰᠠᠢᠬᠠᠨ ᠬᠠᠰ ᠬᠡᠷᠡᠭᠰᠡᠯ᠂ ᠰᠦᠷᠯᠢᠭ ᠰᠠᠢᠬᠠᠨ ᠥᠩᠭᠡᠲᠦ ᠸᠠᠭᠠᠷ᠂ ᠠᠮᠢᠳᠤ ᠳᠦᠷᠰᠦᠯᠢᠭ ᠬᠥᠮᠦᠨ᠎ᠦ ᠳᠦᠷᠢ᠎ᠪᠡᠷ᠎ᠢᠶᠡᠨ ᠳᠤᠮᠳᠠᠳᠤ᠎ᠶ᠋ᠢᠨ ᠰᠣᠶᠣᠯ᠎ᠤᠨ ᠬᠥᠭ᠌ᠵᠢᠯᠲᠡ᠂ ᠳᠤᠮᠳᠠᠳᠤ᠎ᠶ᠋ᠢᠨ ᠪᠣᠯᠪᠠᠰᠤᠨ᠎ᠤ ᠡᠭᠦᠰᠦᠯ᠎ᠢ ᠬᠠᠢᠨ ᠰᠦᠪᠡᠭ᠌ᠴᠢᠯᠡᠬᠦ᠌ ᠶᠠᠪᠤᠴᠠ᠎ᠳᠤ ᠴᠢᠬᠤᠯᠠ ᠨᠥᠯᠥᠭᠡ᠎ᠦᠵᠡᠭᠦᠯᠦᠭᠰᠡᠨ ᠶᠤᠮ》᠃ ᠡᠭᠦᠨ᠎ᠡᠴᠡ ᠡᠮᠦᠨ᠎ᠡ ᠶᠠᠪᠤᠭ᠍ᠳᠠᠭ᠍ᠰᠠᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠬᠢᠭᠡᠳ ᠬᠤᠩᠱᠠᠨ ᠰᠣᠶᠣᠯ》 ᠭᠡᠬᠦ᠌ ᠡᠷᠳᠡᠮ ᠱᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ᠎ᠤᠨ ᠭᠤᠷᠪᠠᠳᠤᠭᠠᠷ ᠬᠤᠪᠢᠶᠠᠷᠢ ᠶᠠᠷᠢᠶᠠᠨ᠎ᠤ ᠲᠠᠪᠴᠠᠩ ᠳᠡᠭᠡᠷ᠎ᠡ᠂ ᠬᠤᠷᠠᠯ᠎ᠳᠤ ᠣᠷᠣᠯᠴᠠᠭ᠍ᠰᠠᠨ ᠲᠤᠰᠭᠠᠶ ᠮᠡᠷᠭᠡᠵᠢᠯᠲᠡᠨ ᠡᠷᠳᠡᠮᠲᠡᠳ 《ᠬᠤᠩᠱᠠᠨ ᠰᠣᠶᠣᠯ ᠬᠢᠭᠡᠳ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠨ ᠱᠢᠨᠵᠢᠯᠡᠭᠦᠢ》᠂ 《ᠬᠤᠩᠱᠠᠨ ᠰᠣᠶᠣᠯ᠎ᠤᠨ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠪᠠ ᠰᠤᠳᠤᠯᠭᠠᠨ》 ᠭᠡᠬᠦ᠌ ᠬᠣᠶᠠᠷ ᠵᠥᠪᠯᠡᠬᠦ᠌ ᠰᠡᠳᠦᠪ᠎ᠦᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠬᠤ᠎ᠳᠠᠭᠠᠨ ᠳᠡᠭᠡᠷᠡᠬᠢ ᠮᠡᠳᠦ ᠰᠠᠨᠠᠯ ᠨᠢᠭᠡᠲᠡᠶ ᠢᠯᠡᠳᠭᠡᠵᠡᠶ᠃

ᠲᠡᠦᠬᠡ᠎ᠶ᠋ᠢᠨ ᠤᠷᠲᠤ ᠠᠶᠠᠨ᠎ᠳᠤ᠂ ᠬᠤᠩᠱᠠᠨ ᠰᠣᠶᠣᠯ ᠨᠢ ᠥᠪᠡᠷᠮᠢᠴᠡ ᠷᠢᠳᠢ ᠱᠢᠳᠢ᠎ᠪᠡᠷ᠎ᠢᠶᠡᠨ ᠪᠠᠯᠠᠷᠠᠰᠢ ᠦᠭᠡᠢ ᠭᠡᠷᠡᠯ ᠭᠢᠯᠪᠠᠭ᠎ᠠ᠎ᠪᠠᠨ ᠰᠠᠴᠤᠷᠠᠭᠤᠯᠵᠤ ᠪᠠᠢᠳᠠᠭ᠃ ᠨᠢᠭᠡ ᠪᠦᠯᠦᠭ ᠲᠤᠰᠭᠠᠢ ᠮᠡᠷᠭᠡᠵᠢᠯᠲᠡᠨ ᠡᠷᠳᠡᠮᠲᠡᠨ ᠬᠤᠩᠱᠠᠨ ᠰᠣᠶᠣᠯ᠎ᠢ ᠠᠭᠤᠳᠠᠯᠬᠤ᠂ ᠰᠤᠳᠤᠯᠬᠤ ᠳᠤᠮᠳᠠ ᠢᠳᠡᠪᠬᠢᠲᠡᠢ ᠣᠷᠣᠯᠴᠠᠵᠤ᠂ ᠤᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠨᠢ ᠬᠤᠩᠱᠠᠨ ᠰᠣᠶᠣᠯ ᠪᠣᠯ ᠮᠢᠨᠦ᠍ ᠳᠣᠲᠣᠷ᠎ᠠ ᠴᠢ ᠪᠠᠢᠬᠤ᠂ ᠴᠢᠨᠦ᠍ ᠳᠣᠲᠣᠷ᠎ᠠ ᠪᠢ ᠪᠠᠢᠬᠤ ᠪᠥᠭᠡᠳ ᠥᠪᠡᠷ ᠥᠪᠡᠷ᠎ᠦᠨ ᠥᠪᠡᠷᠮᠢᠴᠡ ᠣᠨᠴᠠᠯᠢᠭ᠎ᠲᠠᠶ ᠤᠯᠠᠨ ᠡᠱᠢᠲᠦ ᠨᠢᠭᠡᠳᠦᠮᠡᠯ ᠴᠣᠭ᠍ᠴᠠ ᠪᠣᠯᠬᠤ᠎ᠶ᠋ᠢ ᠲᠠᠬᠢᠨ ᠳᠠᠪᠲᠠᠨ ᠭᠡᠷᠡᠴᠢᠯᠡᠪᠡ᠃ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠳᠡᠬᠢ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ ᠥᠷᠭᠡᠨ ᠠᠭᠤᠳᠠᠮ ᠨᠤᠲᠤᠭ ᠳᠡᠪᠢᠰᠭᠡᠷ᠎ᠢ ᠨᠡᠭᠡᠭᠡᠵᠦ᠍᠂ ᠥᠨᠢ ᠤᠳᠠᠭᠠᠨ ᠲᠡᠦᠬᠡ᠎ᠶ᠋ᠢ ᠪᠢᠴᠢᠭ᠌ᠯᠡᠵᠦ᠍᠂ ᠭᠡᠷᠡᠯ ᠰᠠᠴᠤᠷᠠᠩᠭᠤᠢ ᠰᠣᠶᠣᠯ᠎ᠢ ᠡᠭᠦᠳᠦᠨ ᠪᠦᠲᠦᠭᠡᠵᠦ᠍᠂ ᠠᠭᠤᠤ ᠶᠡᠬᠡ ᠵᠣᠷᠢᠭ ᠰᠠᠨᠠᠭ᠎ᠠ᠎ᠶ᠋ᠢ ᠪᠤᠢ ᠪᠣᠯᠭᠠᠵᠤ᠂ ᠨᠢᠭᠡᠳᠦᠭᠰᠡᠨ ᠤᠯᠠᠨ ᠦᠨᠳᠦᠰᠦᠲᠡᠨ᠎ᠲᠡᠶ ᠤᠯᠤᠰ᠎ᠢ ᠪᠦᠷᠢᠯᠳᠦᠭᠦᠯᠬᠦ᠌ ᠪᠠ ᠬᠥᠭ᠌ᠵᠢᠭᠦᠯᠬᠦ᠌᠎ᠳᠦ ᠴᠢᠬᠤᠯᠠ ᠬᠤᠪᠢ ᠨᠡᠮᠡᠷᠢ ᠦᠵᠡᠭᠦᠯᠦᠭ᠌ᠰᠡᠨ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号