ᠨᠢᠭᠡ ᠬᠥᠮᠦᠨ ᠦᠨᠡᠨ ᠶᠣᠰᠣᠨ᠎ᠤ ᠲᠥᠯᠥᠭᠡ ᠡᠷᠡᠯᠬᠡᠭ᠎ᠵᠢᠡᠷ ᠲᠡᠮᠡᠴᠡᠬᠦ᠌ ᠨᠢ ᠬᠥᠮᠦᠨ ᠴᠢᠨᠠᠷ᠎ᠤᠨ ᠭᠡᠷᠡᠯ ᠭᠢᠯᠪᠠᠭ᠎ᠠ;ᠨᠢᠭᠡ ᠪᠦᠯᠦᠭ ᠬᠥᠮᠦᠰ ᠦᠨᠡᠨ ᠶᠣᠰᠣᠨ᠎ᠤ ᠲᠥᠯᠥᠭᠡ ᠡᠷᠡᠯᠬᠡᠭ᠎ᠵᠢᠡᠷ ᠲᠡᠮᠡᠴᠡᠬᠦ ᠨᠢ ᠨᠢᠭᠡᠨ ᠬᠣᠲᠠ᠎ᠶ᠋ᠢᠨ ᠰᠡᠳᠬᠢᠯ ᠲᠤᠯᠠᠭᠠᠴᠠᠭᠤᠯᠤᠭᠰᠠᠨ ᠳᠡᠪᠢᠰᠭᠡᠷ ᠥᠩᠭᠡ — ᠡᠭᠡᠯ ᠬᠥᠮᠦᠨ᠎ᠦ ᠰᠠᠢᠨ ᠶᠠᠪᠤᠳᠠᠯ ᠲᠤᠰᠤᠯ ᠬᠤᠷᠠᠵᠤ ᠲᠠᠯᠠᠢ ᠪᠤᠯᠤᠨ᠎ᠠ
2025-02-21 10:03:25
ᠵᠣᠬᠢᠶᠠᠭ᠍ᠴᠢ᠄
​ ᠼᠦᠢ ᠨᠠᠨ ᠰᠥᠩ ᠱᠤᠸᠠᠩ
ᠣᠩᠱᠢᠭ᠍ᠰᠠᠨ ᠣᠳᠠᠭ᠎ᠠ᠄
★★★☆☆

《ᠠᠭᠤᠷ ᠠᠮᠢᠰᠭᠤᠯ ᠬᠡᠳᠦᠢᠪᠡᠷ ᠬᠦᠢᠳᠡᠨ ᠪᠣᠯᠪᠠᠴᠤ᠌ ᠭᠠᠯ ᠤᠨᠲᠠᠷᠠᠭᠠᠭᠰᠠᠨ ᠪᠠᠭᠠᠲᠤᠷᠴᠤᠳ᠎ᠤᠨ ᠰᠠᠢ᠌ᠬᠠᠨ ᠰᠡᠳᠬᠢᠯᠲᠦ ᠠᠵᠢᠯᠯᠠᠭ᠎ᠠ ᠨᠢ ᠬᠥᠮᠦᠰ᠎ᠦᠨ ᠰᠡᠳᠭᠢᠯ᠎ᠢ ᠳᠤᠯᠠᠭᠠᠴᠠᠭᠤᠯᠤᠨ᠎ᠠ 》᠃

《ᠨᠡᠢᠭᠡᠮ᠎ᠳᠦ ᠢᠳᠡᠪᠬᠢ ᠬᠦᠴᠦᠨ ᠱᠠᠭᠠᠷᠳᠠᠭᠳᠠᠨ᠎ᠠ᠂ ᠲᠦᠷᠭᠡᠨ ᠬᠦᠷᠭᠡᠯᠲᠡ᠎ᠵᠢᠨ ᠠᠵᠢᠯᠲᠡᠨ᠎ᠢ ᠮᠠᠭ᠍ᠲᠠᠨ ᠰᠠᠢᠱᠢᠶᠠᠵᠤ ᠪᠠᠢᠨ᠎ᠠ 》!

ᠡᠨᠡ ᠬᠡᠳᠦᠨ ᠡᠳᠦᠷ᠂ ᠬᠥᠬᠡᠬᠣᠲᠠ᠎ᠶ᠋ᠢᠨ 7 ᠲᠦᠷᠭᠡᠨ ᠬᠦᠷᠭᠡᠯᠲᠡ᠎ᠵᠢᠨ ᠠᠵᠢᠯᠲᠡᠨ ᠤ᠋ ᠡᠷᠡᠯᠬᠡᠭ ᠪᠠᠭᠠᠲᠤᠷᠯᠢᠭ᠎ᠵᠢᠡᠷ ᠭᠠᠯ ᠤᠨᠲᠠᠷᠠᠭᠠᠭᠰᠠᠨ ᠮᠡᠳᠡᠭᠡᠯᠡᠯ ᠨᠢ ᠨᠡᠢᠭᠡᠮ ᠳᠡᠭᠡᠷ᠎ᠡ ᠦᠷᠭᠡᠨ᠎ᠢᠶᠠᠷ ᠤᠯᠠᠮᠵᠢᠯᠠᠭ᠍ᠳᠠᠵᠤ᠂ ᠦᠢ ᠤᠯᠠᠨ ᠠᠷᠠᠳ ᠢᠷᠭᠡᠳ᠎ᠤᠨ ᠰᠡᠳᠬᠢᠯ᠎ᠢ ᠳᠣᠭ᠍ᠳᠣᠯᠤᠭᠤᠯᠪᠠ᠃

ᠡᠨᠡ 7 ᠠᠵᠢᠯᠲᠡᠨ᠎ᠳᠦ ᠠᠪᠴᠤ ᠬᠡᠯᠡᠪᠡᠯ᠂ ᠭᠠᠯ ᠲᠦᠶ᠋ᠮᠡᠷ᠎ᠦᠨ ᠡᠮᠦᠨ᠎ᠡ ᠲᠡᠳᠡᠨ᠎ᠦ ᠡᠮᠦᠨ᠎ᠡ ᠲᠠᠯᠪᠢᠭ᠍ᠳᠠᠵᠤ ᠪᠠᠢᠭ᠎ᠠ᠎ᠨᠢ 《ᠬᠢᠬᠦ᠌ ᠪᠠ ᠬᠢᠬᠦ᠌ ᠥᠬᠡᠶ》 ᠵᠢᠨ ᠰᠣᠩᠭᠣᠯᠲᠠ ᠪᠢᠰᠢ᠂ ᠬᠠᠷᠢᠨ ᠬᠡᠷᠬᠢᠨ ᠬᠦᠮᠦᠨ ᠪᠤᠯᠭᠠᠨ᠎ᠦ ᠰᠡᠳᠭᠢᠯ᠎ᠳᠡᠬᠢ ᠬᠠᠢᠷ᠎ᠠ᠎ᠶ᠋ᠢ ᠶᠡᠬᠡ ᠬᠠᠢᠷ᠎ᠠ ᠪᠣᠯᠭᠠᠨ ᠨᠢᠭ᠍ᠲᠠᠷᠠᠭᠤᠯᠵᠤ᠂ ᠴᠠᠢᠯᠭᠠᠨ ᠰᠡᠳᠭᠢᠯ᠎ᠢ ᠰᠠᠢᠨ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠭᠦᠨ᠎ᠦ ᠤᠯᠠᠮ᠎ᠢᠶᠠᠷ ᠴᠠᠭ ᠮᠥᠴᠡ᠎ᠲᠡᠶ ᠤᠷᠤᠯᠳᠤᠨ ᠦᠢᠯᠡ ᠠᠵᠢᠯᠯᠠᠭ᠎ᠠ ᠳᠡᠭᠡᠷ᠎ᠡ ᠪᠡᠨ ᠢᠯᠡᠷᠡᠬᠥᠯᠬᠥ  ᠶᠠᠪᠤᠳᠠᠯ ᠪᠠᠢᠯ᠎ᠠ ᠃

ᠱᠢᠷᠦᠭᠦᠨ ᠭᠠᠯ ᠳᠦᠷᠡᠯᠵᠡᠬᠦ᠌ ᠮᠦᠴᠡ ᠳ᠋ᠤ ᠲᠡᠳᠡ ᠥᠴᠦᠬᠡᠨ ᠴᠦ᠍ ᠲᠠᠲᠠᠭᠠᠯᠵᠠᠯ ᠦᠭᠡᠢ ᠴᠡᠭᠡᠵᠢ ᠲᠦᠷᠢᠨ ᠭᠠᠷᠴᠤ᠌᠂ ᠠᠮᠢ ᠬᠤᠪᠢ᠎ᠪᠠᠨ ᠪᠤᠳᠤᠬᠤ ᠦᠭᠡᠢ ᠪᠠᠷ ᠤᠯᠠᠨ᠎ᠤ ᠲᠥᠯᠥᠭᠡ ᠵᠢᠳᠬᠦᠬᠦ᠌᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠪᠠᠷ ᠲᠤᠢ᠌ᠮᠠᠷ᠎ᠦᠨ ᠲᠠᠯᠠᠪᠠᠢ᠎ᠳᠤ ᠬᠦᠷᠴᠦ᠍᠂ ᠭᠡᠷ ᠣᠷᠣᠨ᠎ᠤ᠎ᠪᠠᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠵᠤ᠂ 《ᠲᠤᠰᠤᠯ ᠬᠤᠷᠠᠵᠤ ᠲᠠᠯᠠᠢ ᠪᠤᠯᠲᠠᠬ》 ᠬᠡᠲᠡᠭ ᠎ᠢ ᠪᠣᠳᠠᠲᠤ ᠠᠵᠢᠯᠯᠠᠭ᠎ᠠ ᠪᠠᠷ ᠵᠢᠡᠨ ᠬᠡᠷᠡᠴᠢᠯᠡᠪᠡ᠃

ᠡᠭᠡᠯ ᠬᠥᠮᠦᠨ᠎ᠦ ᠰᠠᠢᠬᠠᠨ ᠰᠡᠳᠬᠢᠯᠲᠦ ᠠᠵᠢᠯᠯᠠᠭ᠎ᠠ ᠨᠢ ᠪᠣᠯᠪᠠᠰᠤᠨ᠎ᠤ ᠥᠨᠳᠥᠷᠴᠡ᠎ᠶ᠋ᠢ ᠪᠤᠢ ᠪᠤᠯᠭᠠᠪᠠ

ᠦᠳᠡᠰᠢ᠎ᠶ᠋ᠢᠨ ᠪᠦᠷᠦᠶ᠎ᠪᠤᠯᠬᠤ ᠳ᠋ᠤ ᠬᠣᠲᠠ᠎ᠶ᠋ᠢᠨ ᠰᠣᠯᠣᠩᠭᠠᠨ ᠳ᠋ᠧᠩ ᠬᠦᠢᠲᠡᠨ ᠰᠠᠯᠬᠢᠨ᠎ᠳᠤ ᠭᠢᠯᠠᠯᠵᠠᠵᠤ᠂ ᠵᠡᠭᠡᠯᠢ ᠳᠡᠭᠡᠷ᠎ᠡ ᠶᠠᠪᠠᠭᠠᠨ ᠬᠥᠮᠦᠨ ᠴᠥᠭᠡᠷᠠᠪᠠ᠂ ᠲᠦᠷᠭᠡᠨ ᠬᠦᠷᠭᠡᠭ᠌ᠴᠢ ᠵᠠᠩ ᠮᠢᠩ ᠮᠢᠩ ᠴᠠᠬᠢᠯᠭᠠᠨ ᠬᠥᠳᠡᠯᠭᠡᠭᠦᠷᠲᠦ ᠲᠡᠷᠭᠡ ᠪᠠᠨ ᠤᠨᠤᠵᠤ᠂ ᠰᠤᠷᠪᠤᠯᠵᠢᠯᠠᠭ᠍ᠴᠢ᠎ᠲᠠᠶ ᠪᠣᠯᠵᠣᠭ᠍ᠰᠠᠨ ᠭᠠᠵᠠᠷ᠎ᠲᠤ ᠰᠡᠩᠳᠡ ᠮᠡᠩᠳᠡ ᠬᠦᠷᠴᠤ ᠢᠷᠡᠪᠡ᠃ ᠲᠡᠭᠦᠨ᠎ᠦ ᠠᠵᠢᠯ᠎ᠤᠨ ᠬᠤᠪᠴᠠᠰᠤᠨ ᠳᠡᠭᠡᠷ᠎ᠡ ᠨᠢ ᠬᠣᠭ ᠲᠣᠭᠣᠰᠣ ᠨᠠᠭᠠᠯᠳᠤᠵᠤ᠂ ᠬᠠᠨᠴᠤᠢ᠎ᠶ᠋ᠢᠨ ᠬᠢᠨᠢ ᠬᠡᠰᠡᠭ᠎ᠲᠦ ᠲᠤᠭᠤᠰᠤ  ᠪᠤᠷᠲᠠᠭ ᠨᠠᠭᠠᠯᠳᠤᠵᠤ᠂ ᠶᠠᠭᠠᠷᠠᠯᠲᠠᠢ ᠠᠵᠢᠯ᠎ᠤᠨ ᠲᠤᠮᠳᠠ ᠡᠴᠡ ᠪᠠᠨ ᠴᠢᠯᠦᠭᠡ ᠭᠠᠷᠭᠠᠨ ᠢᠷᠡᠭ᠌ᠰᠡᠨ ᠨᠢ ᠢᠯᠡᠷᠬᠡᠢ ᠪᠠᠢᠯ᠎ᠠ᠃

ᠤᠳᠠᠯ ᠥᠬᠡᠶ᠂ ᠭᠠᠯ ᠤᠨᠲᠠᠷᠠᠭᠠᠭᠰᠠᠨ 7 《ᠪᠠᠭᠠᠲᠤᠷ》ᠬᠣᠢᠨ᠎ᠠ ᠬᠣᠢᠨ᠎ᠠ᠎ᠠᠴᠠ᠎ᠪᠠᠨ ᠬᠦᠷᠦᠯᠴᠡᠨ ᠢᠷᠡᠪᠠ᠂ ᠠᠵᠢᠯ᠎ᠤᠨ ᠬᠤᠪᠴᠠᠰᠤᠨ ᠳᠡᠭᠡᠷᠡᠬᠢ ᠬᠡᠷᠡᠯ ᠣᠢᠬᠤ ᠵᠤᠷᠪᠤᠰ᠎ᠨᠢ ᠬᠠᠷᠠᠩᠭᠤᠶ ᠳᠤᠮᠳᠠ ᠤᠨᠴᠠ ᠢᠯᠡᠳᠠᠢ ᠬᠠᠷᠠᠭ᠍ᠳᠠᠵᠤ᠂ ᠶᠠᠭ ᠯᠠ ᠲᠡᠳᠡᠨ᠎ᠦ ᠦᠭᠡ ᠲᠠᠭᠤᠨ ᠥᠬᠡᠶ᠎ᠪᠡᠷ ᠬᠤᠪᠢ ᠨᠡᠮᠡᠷᠢ ᠦᠵᠡᠭᠦᠯᠦᠭ᠌ᠰᠡᠨ ᠭᠠᠪᠢᠶᠠᠨ ᠲᠡᠮᠳᠡᠭ ᠱᠢᠭ ᠪᠠᠢᠵᠤ᠂ ᠪᠠᠰᠠ ᠲᠡᠳᠡᠨ᠎ᠦ ᠶᠠᠳᠠᠷᠠᠵᠤ ᠲᠤᠢᠯᠳᠠᠭ᠍ᠰᠠᠨ ᠪᠣᠯᠪᠠᠴᠤ᠌  ᠵᠤᠷᠢᠭᠳᠠᠢ ᠪᠠᠢᠭ᠎ᠠ ᠳᠦᠷᠢ ᠎ᠶ᠋ᠢ ᠲᠤᠰᠭᠠᠨ᠎ᠠ᠃

《ᠭᠠᠯ ᠤᠨᠲᠠᠷᠠᠭᠠᠬᠤ ᠦᠶ᠎ᠡ᠎ᠳᠦ ᠠᠶᠤᠬᠰᠠᠨ ᠦᠦ? 》

《ᠰᠡᠭᠦᠯ ᠳ᠋ᠤᠨᠢ ᠪᠤᠳᠤᠵᠤ ᠦᠵᠡᠭᠡᠳ ᠠᠢᠳᠠᠰ ᠬᠦᠷᠦᠭᠰᠡᠨ᠂ ᠭᠡᠪᠡᠴᠦ᠍ ᠬᠠᠷᠠᠮᠰᠠᠬᠤ ᠥᠬᠡᠶ᠂ ᠵᠠᠩᠭᠢᠯᠠᠭ᠎ᠠ᠎ᠶ᠋ᠢᠨ ᠦᠶ᠎ᠡ᠎ᠳᠦ ᠡᠷᠡᠭᠡᠯᠵᠡᠵᠦ᠍ ᠪᠣᠯᠬᠤ ᠥᠬᠡᠶ᠂ ᠳᠠᠷᠠᠭ᠎ᠠ ᠤᠳᠠᠭ᠎ᠠ ᠡᠢᠮᠦ ᠶᠠᠪᠤᠳᠠᠯ ᠲᠤᠬᠢᠲᠠᠯᠳᠤᠪᠠᠯ ᠪᠢ ᠮᠦᠨ ᠯᠡ ᠴᠡᠭᠡᠵᠢ ᠳᠦᠷᠢᠨ ᠤᠷᠤᠭᠰᠢ ᠵᠢᠳᠭᠦᠯᠠᠨ᠎ᠠ!》 ᠭᠡᠵᠦ᠍ ᠵᠠᠩ ᠮᠢᠩ ᠮᠢᠩ ᠬᠡᠯᠡᠪᠡ᠃

2 ᠰᠠᠷ᠎ᠠ᠎ᠶ᠋ᠢᠨ 7 ᠎ᠤ᠋ ᠡᠳᠦᠷ᠂ ᠴᠠᠭᠠᠨ ᠰᠠᠷ᠎ᠠ᠎ᠶ᠋ᠢᠨ ᠠᠷᠪᠠᠨ᠃

《ᠭᠠᠯ ᠭᠠᠷᠴᠠᠢ!》 ᠭᠡᠬᠦ ᠬᠠᠰᠬᠢᠷᠬᠤ ᠳᠠᠭᠤᠨ ᠥᠷᠯᠥᠭᠡ ᠡᠷᠲᠡ᠎ᠶ᠋ᠢᠨ ᠨᠠᠮ ᠬᠦᠮ᠎ᠢ ᠡᠪᠳᠡᠪᠡ᠃ ᠬᠠᠰᠭᠢᠷᠬᠤ ᠲᠠᠭᠤ ᠪᠠᠷ ᠥᠪᠥᠷ ᠮᠣᠩᠭᠣᠯ᠎ᠤᠨ ᠱᠦᠨ ᠹᠸᠩ ᠲᠦᠷᠭᠡᠨ ᠲᠡᠭᠡᠭᠡᠪᠤᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠥᠬᠡᠬᠣᠲᠠ᠎ᠶ᠋ᠢᠨ ᠬᠣᠷᠢᠨ ᠨᠢᠭᠡᠳᠦᠭᠡᠷ ᠡᠵᠡᠩᠨᠡᠯᠲᠡ᠎ᠶ᠋ᠢᠨ ᠭᠠᠵᠠᠷ᠎ᠤᠨ ᠵᠠᠩ ᠮᠢᠩ ᠮᠢᠩ᠂ ᠵᠠᠩ ᠱᠢᠶᠤᠤ ᠢᠦᠢ᠂ ᠯᠢ ᠶᠠ ᠵᠢᠶ᠍ᠸ ᠵᠡᠷᠭᠡ 7 ᠲᠦᠷᠭᠡᠨ ᠬᠦᠷᠭᠡᠯᠲᠡ᠎ᠶ᠋ᠢᠨ ᠠᠵᠢᠯᠲᠠᠨ ᠵᠡᠷᠭᠡᠯᠡᠳᠡᠭᠡ ᠪᠠᠢᠭ᠎ᠠ ᠲᠡᠷᠭᠡ ᠤᠬᠢᠶᠠᠬᠤ ᠭᠡᠷ᠎ᠡᠴᠡ ᠥᠳᠭᠡᠨ ᠬᠠᠷ᠎ᠠ ᠤᠳᠤᠭ᠎ᠠ ᠪᠠᠭᠠᠬᠢᠵᠤ ᠪᠠᠢᠬᠤ᠎ᠶ᠋ᠢ ᠣᠯᠵᠤ ᠬᠠᠷᠠᠯ᠎ᠠ᠃ ᠠᠶᠤᠯ ᠲᠦᠭ᠌ᠰᠢᠭᠦᠷᠢᠲᠡᠢ ᠪᠠᠢᠳᠠᠯ ᠳᠣᠣᠷ᠎ᠠ᠂ ᠲᠡᠳᠡ ᠳᠠᠷᠤᠢ ᠲᠦᠷᠭᠡᠨ ᠤᠲᠠᠰᠤ ᠠᠪᠴᠤ᠌ ᠭᠠᠯ ᠤᠨᠲᠠᠷᠠᠭᠠᠬᠤ ᠰᠠᠯᠠᠭ᠎ᠠ ᠮᠥᠴᠢᠷ᠎ᠲᠦ ᠮᠡᠳᠡᠭᠦᠯᠵᠦ᠍᠂ ᠳᠠᠷᠠᠭ᠎ᠠ ᠨᠢ ᠭᠠᠯ ᠤᠨᠲᠠᠷᠠᠭᠠᠭᠤᠷ᠎ᠢ ᠠᠪᠴᠤ᠌ ᠭᠠᠯ ᠭᠠᠷᠤᠭ᠍ᠰᠠᠨ ᠭᠠᠵᠠᠷ᠎ᠲᠤ ᠳᠠᠭᠠᠷᠢᠨ ᠣᠷᠣᠪᠠ᠃

《ᠲᠤᠬᠠᠢ᠎ᠶ᠋ᠢᠨ ᠲᠠᠯᠠᠪᠠᠢ ᠳ᠋ᠤ ᠤᠲᠤᠭ᠎ᠠ ᠶᠡᠬᠡ ᠪᠠᠢᠬᠰᠠᠨ᠂ ᠭᠠᠯ ᠭᠠᠷᠤᠭᠰᠠᠨ ᠭᠠᠵᠠᠷ᠎ᠨᠢ ᠪᠠᠰᠠ ᠭᠡᠷ᠎ᠦᠨ ᠬᠠᠮᠤᠭ᠎ᠤᠨ ᠳᠤᠲᠤᠷ᠎ᠠ ᠲᠠᠯ᠎ᠠ ᠳ᠋ᠤ ᠪᠠᠢᠬᠰᠠᠨ᠂ ᠲᠤᠬᠠᠢ᠎ᠶ᠋ᠢᠨ ᠦᠶ᠎ᠠ ᠪᠠᠰᠠ ᠲᠡᠢᠮᠦ᠍ ᠤᠯᠠᠨ ᠶᠠᠭᠤᠮ᠎ᠠ ᠪᠤᠳᠤᠬᠰᠠᠨ ᠴᠸ᠋ ᠦᠭᠡᠢ᠂ ᠠᠮᠠᠪᠴᠢ ᠵᠡᠭᠦᠵᠦ᠍ ᠭᠠᠯ ᠤᠨᠲᠠᠷᠠᠭᠠᠭᠤᠷ᠎ᠢᠶᠠᠨ ᠠᠪᠤᠭᠠᠳ ᠳᠠᠭᠠᠷᠢᠨ ᠣᠷᠣᠵᠠᠢ᠃ ᠪᠠᠷᠤᠭ 10 ᠭᠠᠷᠤᠶ ᠮᠢᠨᠦ᠋ᠲ᠎ᠦᠨ ᠳᠠᠷᠠᠭ᠎ᠠ᠂ ᠢᠯᠡ ᠭᠠᠯ᠎ᠢ ᠡᠵᠡᠮᠳᠡᠵᠦ᠍᠂ ᠳᠡᠭᠡᠪᠦᠷ ᠳᠡᠭᠡᠷ᠎ᠡ᠎ᠡᠴᠡ ᠶᠠᠭᠤᠮ᠎ᠠ ᠤᠨᠠᠵᠤ ᠡᠬᠢᠯᠡᠪᠡ᠂ ᠡᠨᠡ ᠦᠶ᠎ᠡ᠎ᠳᠦ ᠭᠠᠯ ᠤᠨᠲᠠᠷᠠᠭᠠᠬᠤ ᠠᠩᠭᠢ᠎ᠶ᠋ᠢᠨ ᠬᠢᠨ ᠪᠠᠰᠠ ᠬᠦᠷᠴᠦ᠍ ᠢᠷᠡᠪᠡ》 ᠭᠡᠵᠦ ᠵᠠᠩ ᠮᠢᠩ ᠮᠢᠩ ᠲᠤᠬᠠᠢ᠎ᠶ᠋ᠢᠨ ᠦᠶ᠎ᠡ᠎ᠶ᠋ᠢᠨ ᠪᠠᠢᠳᠠᠯ᠎ᠢ ᠡᠷᠭᠢᠴᠡᠭᠦᠯᠤᠨ ᠶᠠᠷᠢᠨ᠎ᠠ᠃

ᠵᠠᠩ ᠮᠢᠩ ᠮᠢᠩ 《ᠬᠥᠬᠡᠬᠣᠲᠠ᠎ᠶ᠋ᠢᠨ ᠰᠠᠢᠨ ᠬᠥᠮᠦᠨ》 ᠎ᠤ᠋ ᠴᠣᠯᠠ᠎ᠶ᠋ᠢ ᠬᠣᠶᠠᠳᠠᠬᠢ ᠤᠳᠠᠭ᠎ᠠ ᠭᠥᠷᠳᠡᠵᠦ᠍ ᠪᠠᠢᠭ᠎ᠠ ᠨᠢ ᠡᠨᠡ ᠶᠤᠮ᠃ 2023 ᠣᠨ᠎ᠤ 8 ᠰᠠᠷ᠎ᠠ᠎ᠶ᠋ᠢᠨ 1 ᠤ᠋ ᠡᠳᠦᠷ᠂ ᠬᠥᠬᠡᠬᠣᠲᠠ᠎ᠳᠤ ᠬᠡᠳᠦᠨ ᠡᠳᠦᠷ ᠪᠣᠷᠣᠭᠠᠨ ᠣᠷᠣᠭ᠍ᠰᠠᠨ᠎ᠤ ᠳᠠᠷᠠᠭ᠎ᠠ᠂ ᠵᠡᠭᠦᠨ ᠸᠠᠨ ᠳ᠋ᠠ ᠣᠷᠣᠨ᠎ᠤ ᠳᠣᠲᠣᠷᠠᠬᠢ ᠤᠯᠠᠭᠠᠨᠴᠠᠪ ᠵᠠᠮ᠎ᠤᠨ ᠳ᠋ᠢᠩ ᠱᠢᠶᠠᠩ ᠬᠤᠸᠠ ᠪᠠᠭᠤᠳᠠᠯ᠎ᠤᠨ ᠡᠭᠦᠳᠡᠨ᠎ᠳᠤ᠂ ᠵᠠᠮ᠎ᠤᠨ ᠭᠠᠳᠠᠷᠭᠤ᠎ᠳᠤ ᠬᠦᠨᠳᠦ ᠨᠣᠴᠢᠲᠠᠶ ᠤᠰᠤ ᠬᠤᠷᠠᠵᠤ᠂ ᠵᠠᠮ᠎ᠤᠨ ᠬᠥᠮᠦᠰ ᠬᠠᠱᠢᠭ᠍ᠳᠠᠪᠠ᠃ ᠣᠯᠠᠨ᠎ᠢᠶᠠᠷ᠎ᠢᠶᠠᠨ ᠠᠷᠭ᠎ᠠ ᠮᠤᠬᠤᠷᠳᠠᠵᠤ ᠪᠠᠢᠭ᠍ᠰᠠᠨ ᠦᠶ᠎ᠡ᠎ᠳᠦ᠂ ᠵᠠᠩ ᠮᠢᠩ ᠮᠢᠩ 《ᠭᠠᠲᠤᠯᠤᠭ᠍ᠴᠢ》 ᠪᠣᠯᠵᠤ᠂ ᠲᠦᠷᠭᠡᠨ ᠬᠦᠷᠭᠡᠯᠲᠡ᠎ᠶ᠋ᠢᠨ ᠭᠤᠷᠪᠠᠨ ᠬᠦᠷᠳᠦᠲᠦ ᠲᠡᠷᠭᠡ᠎ᠪᠡᠷ᠎ᠵᠢᠡᠨ ᠬᠥᠮᠦᠰ᠎ᠢ ᠵᠦᠭᠡᠭᠡᠨ ᠵᠠᠮ᠎ᠤᠨ ᠡᠰᠡᠷᠭᠦ᠌ ᠲᠠᠯ᠎ᠠ᠎ᠳᠤ ᠬᠦᠷᠭᠡᠪᠡ᠃ ᠡᠨᠡ ᠬᠦ᠌ ᠦᠢᠯᠡ ᠠᠵᠢᠯᠯᠠᠭ᠎ᠠ ᠨᠢ ᠬᠣᠲᠠ᠎ᠶ᠋ᠢᠨ ᠠᠷᠠᠳ᠎ᠤᠨ ᠭᠠᠷ ᠤᠲᠠᠰᠤᠨ᠎ᠳᠤ ᠲᠡᠮᠳᠡᠭ᠌ᠯᠡᠭᠳᠡᠭᠰᠡᠨ ᠪᠥᠭᠡᠳ ᠪᠠᠰᠠ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ᠎ᠶ᠋ᠢ ᠤᠲᠠᠰᠤᠳᠠᠵᠤ᠂ ᠲᠡᠭᠦᠨ᠎ᠢ ᠨᠡᠷ᠎ᠡ ᠳᠤᠷᠠᠳᠤᠨ ᠰᠠᠢᠱᠢᠶᠠᠪᠠ᠃

ᠵᠠᠩ ᠮᠢᠩ ᠮᠢᠩ᠎ᠦᠨ ᠦᠵᠡᠬᠦ᠌᠎ᠪᠡᠷ᠂ ᠥᠪᠡᠷ᠎ᠦᠨ ᠠᠵᠢᠯ ᠨᠢ ᠲᠦᠷᠭᠡᠨ  ᠬᠦᠷᠭᠡᠬᠦ᠌ ᠲᠡᠳᠦᠢ ᠪᠢᠰᠢ᠂ ᠨᠡᠩ ᠴᠤ᠌ ᠬᠠᠢᠷ᠎ᠠ ᠬᠠᠯᠠᠮᠵᠢ ᠪᠣᠯᠤᠨ ᠰᠠᠢ᠌ᠨ ᠰᠠᠨᠠᠭ᠎ᠠ᠎ᠶ᠋ᠢ ᠳᠠᠮᠵᠢᠭᠤᠯᠵᠤ ᠪᠠᠢᠨ᠎ᠠ᠃

ᠳ᠋ᠦᠩ ᠪᠦᠦ ᠯᠢᠨ ᠥᠪᠡᠷ᠎ᠢ᠎ᠪᠡᠨ 《ᠭᠡᠷᠡᠯ ᠬᠥᠭᠡᠭᠡᠴᠡᠯᠳᠦᠭ᠌ᠴᠢ》 ᠭᠡᠵᠦ᠍ ᠢᠨᠢᠶᠡᠨ ᠬᠡᠯᠡᠪᠡ᠃ ᠲᠡᠷᠡ᠄《ᠥᠩᠭᠡᠷᠡᠭ᠌ᠰᠡᠨ᠎ᠳᠦ ᠠᠵᠢᠯ ᠨᠢᠭᠡᠳᠡᠳ᠎ᠤᠨ ᠵᠢᠡᠨ  ᠰᠠᠢ᠌ᠨ ᠬᠥᠮᠦᠨ᠎ᠤ ᠰᠠᠢ᠌ᠨ ᠶᠠᠪᠤᠳᠠᠯ ᠬᠢᠬᠦ᠌᠎ᠶ᠋ᠢ ᠦᠷᠭᠦᠯᠵᠢ ᠣᠯᠵᠤ ᠬᠠᠷᠠᠳᠠᠭ᠂ ᠢᠯᠠᠩᠭᠤᠶ᠎ᠠ ᠵᠠᠩ ᠮᠢᠩ ᠮᠢᠩ 〈ᠬᠥᠬᠡᠬᠣᠲᠠ᠎ᠶ᠋ᠢᠨ ᠰᠠᠢ᠌ᠨ ᠬᠥᠮᠦᠨ〉ᠤ᠋ ᠴᠣᠯᠠ ᠬᠦᠷᠳᠡᠭ᠌ᠰᠡᠨ ᠨᠢ ᠤᠯᠠᠨ᠎ᠳᠤ ᠮᠠᠰᠢ ᠶᠡᠬᠡ ᠨᠥᠯᠥᠭᠡ ᠦᠵᠡᠭᠦᠯᠵᠡᠢ᠃ ᠶᠠᠭ ᠡᠢᠮᠦᠷᠬᠦᠦ ᠠᠵᠤ ᠠᠬᠤᠢᠯᠠᠯ᠎ᠤᠨ ᠰᠣᠶᠣᠯ᠎ᠤᠨ ᠨᠥᠯᠥᠭᠡ᠎ᠡᠴᠡ ᠪᠤᠯᠵᠤ᠂ ᠪᠢᠳᠡ ᠠᠶᠤᠯ ᠲᠦᠭ᠌ᠰᠢᠭᠦᠷᠢᠲᠦ ᠴᠠᠭ ᠮᠥᠴᠡ᠎ᠳᠦ ᠥᠴᠦᠬᠡᠨ ᠴᠦ᠍ ᠲᠠᠲᠠᠭᠠᠯᠵᠠᠯ ᠦᠭᠡᠢ᠎ᠳᠠᠭᠠᠷᠢᠨ ᠤᠷᠤᠭᠰᠢᠯᠠᠳᠠᠭ》 ᠭᠡᠪᠡ᠃

ᠯᠢ ᠶᠠ ᠵᠢᠶᠧ ᠪᠣᠯ ᠪᠤᠰᠤᠳ᠎ᠤᠨ ᠬᠦᠴᠢᠷᠳᠡᠯ᠎ᠲᠡᠶ ᠪᠠᠢᠬᠤ᠎ᠶ᠋ᠢ ᠦᠵᠡᠪᠡᠯ ᠭᠠᠷ ᠰᠤᠨᠭᠭᠠᠨ ᠲᠤᠰᠠᠯᠠᠮᠵᠢ ᠦᠵᠡᠭᠦᠯᠳᠡᠭ ᠬᠥᠮᠦᠨ ᠶᠤᠮ᠃ 12 ᠵᠢᠯ᠎ᠦᠨ ᠡᠮᠦᠨ᠎ᠡ᠂ ᠲᠡᠷᠡ ᠬᠥᠬᠡᠬᠣᠲᠠ᠎ᠳᠤ ᠢᠷᠡᠵᠦ᠍᠂ ᠲᠦᠷᠭᠡᠨ ᠬᠦᠷᠭᠡᠯᠲᠡ᠎ᠵᠢᠨ ᠠᠵᠢᠯᠲᠡᠨ ᠪᠣᠯᠪᠠ᠃ ᠲᠡᠭᠦᠨ᠎ᠦ ᠨᠢᠳᠦᠨ᠎ᠳᠦ᠂ ᠬᠥᠬᠡᠬᠣᠲᠠ ᠪᠣᠯ ᠨᠢᠭᠡᠨ ᠬᠠᠢᠷ᠎ᠠ᠎ᠪᠢᠯᠬᠠᠬᠰᠠᠨ ᠬᠤᠳᠠ ᠪᠣᠯᠤᠨ᠎ᠠ᠂ ᠡᠨᠳᠡ᠎ᠡᠴᠡ ᠮᠠᠰᠢ ᠤᠯᠠᠨ ᠬᠠᠯᠠᠭᠤᠨ ᠳᠤᠯᠠᠭᠠᠨ ᠴᠠᠭ ᠮᠥᠴᠡ᠎ᠶ᠋ᠢ ᠣᠯᠵᠤ ᠬᠠᠷᠠᠵᠠᠢ᠃ ᠭᠠᠯ ᠤᠨᠲᠠᠷᠠᠭᠠᠭᠤᠷ᠎ᠢ ᠳᠡᠭᠦᠵᠢᠯᠡᠵᠦ᠍ ᠳᠠᠭᠠᠷᠢᠨ ᠣᠷᠣᠬᠤ ᠲᠡᠷᠡ ᠭᠱᠠᠨ᠎ᠳᠤ᠂ ᠲᠡᠷᠡ ᠨᠢᠭᠡ ᠵᠦᠢᠯ᠎ᠦᠨ ᠲᠥᠷᠥᠯᠬᠢ ᠴᠢᠳᠠᠪᠤᠷᠢ ᠭᠡᠵᠦ᠍ ᠪᠣᠳᠣᠵᠠᠢ᠂ ᠳᠣᠲᠣᠷ᠎ᠠ᠎ᠨᠢ ᠵᠠᠯᠠᠭᠤ ᠨᠠᠰᠤᠨ᠎ᠤ ᠬᠠᠯᠠᠭᠤᠨ ᠴᠢᠰᠤ᠂ ᠪᠠᠰᠠ ᠱᠢᠳᠤᠷᠭᠤ ᠶᠣᠰᠣᠨ᠎ᠤ ᠤᠷᠢᠶᠠᠯᠠᠯ᠂ ᠪᠠᠰᠠ ᠨᠢᠭᠡ ᠵᠦᠢᠯ᠎ᠦᠨ ᠡᠨᠡ ᠬᠣᠲᠠ ᠯᠤᠭ᠎ᠠ ᠵᠢᠨ ᠬᠠᠢᠷ᠎ᠠ ᠪᠤᠢ᠃ 2023 ᠣᠨ᠎ᠳᠤ ᠲᠡᠷᠡ ᠪᠠᠰᠠ ᠦᠨ᠎ᠡ ᠲᠥᠯᠥᠪᠦᠷᠢ ᠥᠬᠡᠶ᠎ᠪᠡᠷ ᠴᠢᠰᠤ ᠬᠠᠨᠳᠢᠪᠯᠠᠬᠤ ᠠᠵᠢᠯᠯᠠᠭ᠎ᠠ᠎ᠳᠤ ᠣᠷᠣᠯᠴᠠᠵᠤ᠂ ᠴᠢᠰᠤ ᠬᠠᠨᠳᠢᠪᠯᠠᠭ᠍ᠰᠠᠨ ᠲᠡᠮᠳᠡᠭ᠌ᠯᠡᠯ᠎ᠢᠶᠡᠨ ᠰᠤᠷᠪᠤᠯᠵᠢᠯᠠᠭ᠍ᠴᠢ᠎ᠳᠤ ᠦᠵᠡᠭᠦᠯᠬᠦ᠌᠎ᠳᠡᠭᠡᠨ ᠴᠢᠷᠠᠶ᠎ᠳᠤᠨᠢ ᠢᠴᠢᠮᠡᠲᠡᠭᠡᠶ ᠢᠨᠢᠶᠡᠮᠰᠦᠭ᠌ᠯᠡᠯ ᠲᠣᠳᠣᠷᠠᠵᠤ ᠪᠠᠢᠯ᠎ᠠ᠃

《ᠮᠠᠨ᠎ᠤ ᠲᠦᠷᠭᠡᠨ ᠬᠦᠷᠭᠡᠯᠳᠡ ᠵᠢᠨ ᠠᠵᠢᠯᠳᠠᠨ ᠪᠣᠭᠣᠳᠠᠯ ᠬᠦᠷᠭᠡᠭᠴᠢ ᠲᠠᠳᠤᠢ ᠪᠢᠰᠢ᠂ ᠨᠠᠩ ᠴᠤ᠌ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠢᠳᠡᠪᠬᠢᠲᠡᠶ ᠣᠷᠣᠯᠴᠠᠭ᠍ᠴᠢ ᠪᠣᠯᠤᠨ᠎ᠠ᠃ ᠺᠣᠮᠫᠠᠨᠢ ᠡᠴᠡ 〈ᠵᠠᠩᠭᠢᠯᠠᠭ᠎ᠠ᠎ᠶ᠋ᠢᠨ ᠴᠠᠭ ᠮᠦᠴᠡ ᠵᠢᠨ ᠪᠠᠭᠠᠲᠤᠷ〉 ᠵᠡᠷᠭᠡ ᠱᠠᠩᠨᠠᠯ ᠪᠠᠢᠭᠤᠯᠬᠤ᠂ ᠲᠦᠷᠭᠡᠨ ᠠᠪᠤᠷᠠᠯᠳᠠ᠎ᠶ᠋ᠢᠨ ᠪᠣᠯᠪᠠᠰᠤᠷᠠᠯ᠎ᠢ ᠴᠢᠩᠭᠠᠳᠭᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠵᠢᠯᠲᠠᠳ᠎ᠤᠨ ᠵᠣᠷᠢᠭ᠍ᠲᠠᠶ᠎ᠪᠠᠷ ᠨᠡᠢᠭᠡᠮ᠎ᠦᠨ ᠬᠠᠷᠢᠭᠤᠴᠠᠯᠭ᠎ᠠ ᠡᠭᠦᠷᠭᠡᠯᠡᠬᠦ᠌᠎ᠶ᠋ᠢ ᠵᠣᠷᠢᠭ᠍ᠵᠢᠭᠤᠯᠵᠤ ᠪᠠᠢᠨ᠎ᠠ》ᠭᠡᠵᠦ᠍ ᠥᠪᠥᠷ ᠮᠣᠩᠭᠣᠯ᠎ᠤᠨ ᠱᠦᠨ ᠹᠸᠩ ᠲᠦᠷᠭᠡᠨ ᠲᠡᠭᠡᠭᠡᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠤᠯᠠᠨ ᠨᠡᠢᠲᠡ᠎ᠶ᠋ᠢᠨ ᠬᠡᠷᠡᠭ ᠶᠠᠪᠤᠳᠠᠯ᠎ᠤᠨ ᠳᠠᠭᠠᠭᠠᠮᠠᠯ ᠮᠤᠤ ᠯᠢ ᠮᠢᠩ ᠢᠯᠡᠳᠭᠡᠪᠡ᠃

ᠶᠤᠰᠤ ᠮᠤᠷᠠᠯ ᠢ᠋ ᠡᠷᠬᠢᠮᠯᠡᠨ ᠪᠣᠯᠪᠠᠰᠤᠨ ᠬᠡᠪ ᠰᠤᠷᠲᠠᠯ ᠢ᠋ ᠲᠡᠭᠡᠳᠦᠯᠡᠶ᠎ᠡ

ᠡᠭᠡ ᠤᠯᠤᠰ᠎ᠤᠨ ᠤᠮᠠᠷᠠᠲᠤ ᠬᠢᠯᠢ᠎ᠳᠦ᠂ ᠮᠠᠰᠢ ᠤᠯᠠᠨ ᠶᠣᠰᠣ ᠰᠤᠷᠲᠠᠬᠤᠨ᠎ᠤ ᠵᠢᠱ᠌ᠢᠶᠡᠴᠢ ᠨᠢ ᠪᠦᠷ ᠮᠠᠨ᠎ᠤ ᠳᠡᠷᠭᠡᠳᠡᠬᠢ ᠡᠭᠡᠯ ᠵᠢᠷ᠎ᠦᠨ ᠬᠥᠮᠦᠰ ᠡᠴᠡ ᠢᠷᠡᠯᠳᠡᠢ᠂ ᠲᠡᠳᠡᠨ᠎ᠦ ᠵᠠᠷᠢᠮ ᠨᠢ ᠶᠡᠬᠡ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠍᠂ ᠵᠠᠷᠢᠮ ᠨᠢ ᠥᠪᠡᠷ᠎ᠢ᠎ᠪᠡᠨ ᠮᠠᠷᠲᠠᠬᠤ ᠵᠣᠷᠢᠭ ᠰᠠᠨᠠᠭ᠎ᠠ᠎ᠶ᠋ᠢ ᠢᠯᠡᠷᠡᠭᠦᠯᠵᠦ᠍ ᠪᠠᠢᠨ᠎ᠠ᠃

2024 ᠣᠨ᠎ᠤ 4 ᠰᠠᠷ᠎ᠠ᠎ᠶ᠋ᠢᠨ 20 ᠎ᠤ᠋ ᠦᠳᠡ᠎ᠶ᠋ᠢᠨ ᠬᠣᠢᠨ᠎ᠠ᠂ ᠬᠥᠬᠡᠬᠣᠲᠠ᠎ᠶ᠋ᠢᠨ ᠨᠢᠭᠡ ᠮᠠᠱᠢᠨ ᠲᠡᠷᠭᠡ ᠬᠦᠷᠪᠡᠵᠦ ᠬᠠᠵᠠᠭᠤ᠎ᠡᠴᠡ ᠨᠢ ᠭᠠᠯ ᠭᠠᠷᠪᠠ᠃ ᠠᠶᠤᠯ ᠲᠦᠭ᠌ᠰᠢᠭᠦᠷᠢᠲᠦ ᠴᠠᠭ ᠮᠥᠴᠡ᠎ᠳᠦ᠂ ᠬᠤᠳᠠ᠎ᠶ᠋ᠢᠨ ᠠᠷᠠᠳ ᠮᠠ ᠢᠦᠢ ᠪᠢᠨ᠂ ᠲᠦᠩ ᠸᠧᠢ ᠲᠡᠷᠭᠡᠨ ᠴᠣᠩᠬᠣ᠎ᠶ᠋ᠢ ᠨᠢ ᠪᠠᠯᠪᠠᠴᠢᠨ ᠵᠢᠯᠣᠭᠣᠴᠢ᠎ᠶ᠋ᠢ ᠠᠪᠤᠷᠠᠨ ᠭᠠᠷᠭᠠᠳᠠᠯ᠎ᠠ ᠲᠡᠷᠭᠡ ᠨᠢ ᠳᠡᠯᠪᠡᠷᠡᠪᠡ᠃ ᠤᠳᠠᠯ ᠥᠬᠡᠶ᠂ ᠲᠡᠷᠭᠡᠨ ᠴᠣᠩᠬᠣ ᠪᠠᠯᠪᠠᠴᠢᠵᠤ ᠬᠥᠮᠦᠨ ᠠᠪᠤᠷᠬᠠᠰᠠᠨ ᠦᠶ᠋ᠯᠡ ᠶᠠᠪᠤᠳᠠᠯ ᠰᠦᠯᠵᠢᠶᠡᠨ ᠳᠡᠭᠡᠷ᠎ᠡ ᠳᠠᠮᠵᠢᠭ᠍ᠳᠠᠵᠤ᠂ ᠪᠠᠭᠠᠲᠤᠷᠴᠤᠳ᠎ᠤᠨ ᠬᠡᠷᠡᠯ ᠵᠢᠷᠤᠭ ᠲᠤᠬᠠᠶ᠎ᠶ᠋ᠢᠨ ᠭᠠᠵᠠᠷ᠎ᠤᠨ ᠵᠡᠭᠡᠯᠢ ᠭᠤᠳᠤᠮᠵᠢ᠎ᠳᠤ ᠢᠯᠡᠷᠡᠪᠡ᠃ ᠰᠤᠶᠤᠯ ᠠᠭᠤᠳᠠᠮ ᠲᠠᠯᠠᠪᠠᠢ᠎ᠶ᠋ᠢᠨ ᠣᠷᠣᠬᠤ ᠡᠭᠦᠳᠡᠨ᠎ᠳᠦ᠂ ᠮᠠ ᠢᠦᠢ ᠪᠢᠨ᠂ ᠲᠦᠩ ᠸᠧᠢ᠎ᠶ᠋ᠢᠨ ᠭᠡᠷᠡᠯ ᠵᠢᠷᠤᠭᠳᠤ ᠵᠠᠷᠯᠠᠯ ᠲᠡᠯᠭᠡᠭᠳᠡᠵᠦ᠂ ᠲᠡᠭᠡᠷᠡᠬᠢ 《ᠮᠢᠨᠦ᠍ ᠣᠯᠵᠤ ᠦᠵᠡᠭ᠌ᠰᠡᠨ ᠨᠢ ᠬᠥᠮᠦᠨ᠂ ᠬᠠᠷᠢᠨ ᠭᠠᠯ ᠪᠢᠰᠢ》 ᠵᠡᠷᠭᠡ ᠦᠭᠡ᠎ᠶ᠋ᠢᠨ ᠲᠡᠭᠦᠪᠦᠷᠢ ᠨᠢ ᠬᠤᠲᠠ᠎ᠶ᠋ᠢᠨ ᠠᠷᠠᠳ᠎ᠤᠨ ᠰᠡᠳᠭᠢᠯ᠎ᠢ ᠬᠥᠳᠡᠯᠭᠡᠵᠡᠢ᠃

ᠳᠤᠮᠳᠠᠳᠤ ᠤᠯᠤᠰ᠎ᠤᠨ ᠪᠠᠩᠬᠢ᠎ᠶ᠋ᠢᠨ ᠬᠥᠬᠡᠬᠣᠲᠠ᠎ᠶ᠋ᠢᠨ ᠱᠢᠨ᠎ᠡ ᠬᠤᠳᠠ᠎ᠳᠠᠬᠢ ᠰᠠᠯᠪᠤᠷᠢ ᠪᠠᠩᠬᠢ᠎ᠶ᠋ᠢᠨ ᠠᠵᠢᠯᠴᠢᠨ᠎ᠤ ᠡᠪᠯᠡᠯ᠎ᠦᠨ ᠠᠵᠢᠯᠯᠠᠭ᠍ᠴᠢ ᠭᠤᠤ ᠸᠧᠢ ᠳᠠᠯᠠᠨ ᠬᠠᠷ᠎ᠠ ᠠᠭᠤᠯᠠ᠎ᠲᠠᠶ ᠠᠷᠪᠠᠨ ᠵᠢᠯ᠎ᠦᠨ ᠪᠣᠯᠵᠣᠭ᠎ᠠ ᠲᠣᠭ᠍ᠲᠠᠵᠤ᠂ ᠠᠭᠤᠯᠠᠨ ᠳᠣᠲᠣᠷᠠᠬᠢ ᠬᠣᠭ ᠨᠣᠪᠰᠢ᠎ᠶ᠋ᠢ ᠴᠡᠪᠡᠷᠯᠡᠬᠦ ᠪᠡᠷ ᠪᠣᠯᠪᠠ᠃ ᠡᠲᠡᠭᠡᠷ ᠵᠢᠯ᠎ᠦᠳ᠎ᠲᠦ᠂ ᠲᠡᠷᠡ ᠠᠭᠤᠯᠠᠨ ᠳᠣᠲᠣᠷ᠎ᠠ᠎ᠡᠴᠡ 7 ᠲᠦᠮᠡ ᠭᠠᠷᠤᠶ ᠤᠮᠳᠠᠭᠠᠨ᠎ᠤ ᠯᠣᠩᠬᠣ᠂ 2500 ᠭᠠᠷᠤᠶ ᠵᠢᠩ ᠬᠣᠷᠢᠶᠠᠨ ᠠᠪᠴᠤ᠌ ᠦᠯᠦ ᠪᠣᠯᠬᠤ ᠪᠣᠳᠠᠰ᠎ᠢ ᠲᠡᠭᠦᠵᠦ᠍᠂ ᠬᠠᠶᠠᠭ᠍ᠳᠠᠮᠠᠯ ᠡᠳ᠋ ᠬᠤᠳᠠᠯᠳᠤᠭᠠᠳ ᠣᠯᠤᠭ᠍ᠰᠠᠨ ᠪᠠᠯᠠ ᠮᠥᠩᠭᠥ᠎ᠪᠡᠨ ᠪᠦᠬᠦᠨ᠎ᠢ ᠨᠡᠢᠲᠡ᠎ᠶ᠋ᠢᠨ ᠠᠰᠠᠷᠠᠮᠵᠢ᠎ᠶ᠋ᠢᠨ ᠬᠠᠨᠳᠢᠪᠯᠠᠨ ᠬᠦᠷᠭᠡᠬᠦ᠌᠎ᠳᠦ ᠬᠡᠷᠡᠭ᠌ᠯᠡᠪᠡ᠃ ᠭᠤᠤ ᠸᠧᠢ᠎ᠶ᠋ᠢᠨ ᠪᠠᠷᠢᠮᠲᠠᠯᠠᠯ᠎ᠢ ᠣᠯᠵᠤ ᠦᠵᠡᠭ᠌ᠰᠡᠨ᠎ᠦ ᠲᠠᠷᠠᠭ᠎ᠠ᠂ ᠨᠡᠩ ᠤᠯᠠᠨ ᠬᠥᠮᠦᠨ ᠬᠥᠬᠡᠮᠳᠦᠭ ᠨᠣᠭᠣᠭᠠᠨ ᠠᠭᠤᠯᠠ ᠤᠰᠤ᠎ᠪᠠᠨ ᠰᠠᠬᠢᠨ ᠬᠠᠮᠠᠭᠠᠯᠠᠬᠤ ᠡᠩᠨᠡᠭᠡᠨ᠎ᠳᠦ ᠣᠷᠣᠪᠠ᠃

ᠬᠥᠬᠡᠬᠣᠲᠠ᠎ᠶ᠋ᠢᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠎ᠦᠨ ᠡᠷᠬᠢᠯᠡᠭ᠌ᠴᠢ᠂ ᠤᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ ᠲᠥᠪ᠎ᠦᠨ ᠡᠷᠬᠢᠯᠡᠭ᠌ᠴᠢ ᠵᠠᠩ ᠳ᠋ᠦᠩ ᠱᠢᠶᠠ᠂ ᠤᠢ᠍ᠢᠷ᠎ᠠ᠎ᠶ᠋ᠢᠨ ᠵᠢᠯ᠎ᠡᠴᠡ᠂ ᠬᠥᠬᠡᠬᠣᠲᠠ᠎ᠶ᠋ᠢᠨ ᠬᠢᠨ ᠰᠠᠢ᠌ᠨ ᠬᠥᠮᠦᠨ᠎ᠦ ᠣᠷᠳᠣᠨ᠂ ᠰᠠᠢ᠌ᠨ ᠬᠥᠮᠦᠨ᠎ᠦ ᠵᠡᠭᠡᠯᠢ᠂ ᠰᠠᠢ᠌ᠨ ᠬᠥᠮᠦᠨ᠎ᠦ ᠴᠡᠴᠡᠷᠯᠢᠭ᠂ ᠰᠠᠢ᠌ᠨ ᠬᠥᠮᠦᠨ᠎ᠦ ᠠᠭᠤᠳᠠᠮ ᠲᠠᠯᠠᠪᠠᠢ ᠵᠡᠷᠭᠡ ᠤᠬᠠᠭᠤᠯᠭ᠎ᠠ᠎ᠶ᠋ᠢᠨ 46 ᠵᠢᠭ᠍ᠰᠠᠭᠠᠯ᠎ᠤᠨ ᠭᠠᠵᠠᠷ᠎ᠢ ᠪᠦᠳᠦᠭᠡᠨ ᠪᠠᠢᠭᠤᠯᠤᠭ᠍ᠰᠠᠨ ᠪᠥᠭᠡᠳ ᠭᠣᠣᠯ ᠳᠡᠳ᠋ ᠵᠠᠮ᠂ ᠵᠠᠮ ᠬᠠᠷᠢᠯᠴᠠᠭᠠᠨ᠎ᠤ ᠲᠠᠯᠠᠪᠤᠷ ᠦᠷᠳᠡᠬᠡ᠂ ᠦᠵᠡᠮᠵᠢ᠎ᠶ᠋ᠢᠨ ᠣᠷᠣᠨ ᠦᠵᠡᠮᠵᠢ᠎ᠶ᠋ᠢᠨ ᠭᠠᠵᠠᠷ᠂ ᠤᠯᠠᠨ ᠨᠡᠢᠲᠡ᠎ᠶ᠋ᠢᠨ ᠰᠣᠶᠣᠯ᠎ᠤᠨ ᠲᠠᠯᠠᠪᠤᠷ ᠣᠷᠳᠣᠨ ᠵᠡᠷᠭᠡ ᠭᠠᠵᠠᠷ᠎ᠲᠤ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠯᠠᠯ᠂ ᠶᠣᠰᠣ ᠰᠤᠷᠲᠠᠬᠤᠨ᠎ᠤ ᠵᠢᠱ᠌ᠢᠶᠡᠴᠢ᠎ᠶ᠋ᠢᠨ ᠦᠢᠯᠡ ᠠᠵᠢᠯᠯᠠᠭ᠎ᠠ᠎ᠶ᠋ᠢᠨ ᠲᠤᠰᠭᠠᠢ ᠰᠡᠳᠦᠪᠲᠦ ᠲᠣᠭᠣᠷᠢᠨ ᠦᠵᠡᠭᠦᠯᠭᠡ 1300 ᠭᠠᠷᠤᠢ ᠭᠠᠷᠭᠠᠵᠠᠢ᠃ ᠡᠳᠦᠭᠡ ᠡᠳᠡᠭᠡᠷ ᠰᠠᠢ᠌ᠨ ᠬᠥᠮᠦᠨ ᠰᠠᠢ᠌ᠨ ᠶᠠᠪᠤᠳᠠᠯ᠎ᠢᠶᠠᠷ ᠭᠣᠣᠯ ᠰᠡᠳᠦᠪ ᠪᠣᠯᠭᠠᠭ᠍ᠰᠠᠨ ᠲᠠᠪᠴᠠᠩ᠎ᠤᠨ ᠵᠢᠭ᠍ᠰᠠᠭᠠᠯ᠎ᠤᠨ ᠭᠠᠵᠠᠷ ᠨᠢ ᠬᠥᠬᠡᠬᠣᠲᠠ᠎ᠶ᠋ᠢᠨ ᠬᠤᠳᠠ᠎ᠶ᠋ᠢᠨ ᠱᠢᠨ᠎ᠡ ᠪᠡᠯᠭᠡ ᠳᠡᠮᠳᠡᠭ ᠪᠣᠯᠵᠠᠢ᠃ ᠤᠯᠠᠨ ᠲᠦᠮᠡᠨ ᠲᠣᠯᠣᠭᠠᠢ ᠥᠨᠳᠡᠢᠨ ᠬᠦᠯ ᠲᠣᠭ᠍ᠲᠠᠬᠤ ᠳᠤᠮᠳᠠ ᠦᠯᠢᠭᠡᠷ ᠳᠠᠭᠤᠷᠢᠶᠠᠯ᠎ᠢ ᠣᠯᠵᠤ ᠬᠠᠷᠠᠨ᠂ ᠦᠵᠡᠵᠦ᠍ ᠰᠣᠨᠣᠰᠭᠤ ᠳᠤᠮᠳᠠ ᠦᠯᠢᠭᠡᠷ ᠳᠠᠭᠤᠷᠢᠶᠠᠯ᠎ᠢ ᠣᠢᠯᠠᠭᠠᠵᠤ᠂ ᠪᠡᠶ᠎ᠡ᠎ᠪᠡᠷ᠎ᠢᠶᠡᠨ ᠬᠡᠪ ᠳᠠᠭᠤᠷᠢᠶᠠᠯ ᠡᠴᠡ ᠰᠤᠷᠤᠯᠴᠠᠬᠤ ᠪᠤᠯᠤᠨ᠎ᠠ ᠬᠡᠵᠦ ᠬᠡᠯᠡᠪᠡ᠃

ᠬᠣᠣᠰ ᠴᠢᠭ᠌ᠯᠡᠯ᠎ᠢᠶᠡᠷ ᠤᠷᠤᠭ᠍ᠰᠢᠯᠠᠨ ᠪᠣᠯᠪᠠᠰᠤᠨ ᠤ᠋ ᠭᠡᠷᠡᠯ ᠭᠢᠯᠪᠠᠭ᠎ᠠ ᠵᠢ ᠰᠠᠴᠤᠷᠠᠭᠤᠯᠤᠨ᠎ᠠ

ᠲᠦᠷᠭᠡᠨ ᠬᠦᠷᠭᠡᠯᠳᠡ ᠵᠢᠨ ᠠᠵᠢᠯᠳᠠᠨ ᠵᠡᠷᠭᠡ ᠬᠥᠮᠦᠰ ᠨᠢ ᠬᠤᠳᠠ᠎ᠶ᠋ᠢᠨ ᠥᠨᠴᠥᠭ ᠪᠤᠯᠤᠩ᠎ᠵᠢᠡᠷ ᠪᠦᠷ ᠬᠦᠷᠴᠤ᠂ ᠲᠡᠳᠡ ᠡᠳᠦᠷ ᠳᠤᠳᠤᠮ᠎ᠤᠨ ᠠᠵᠢᠯ᠎ᠤᠨ ᠳᠤᠮᠳᠠ᠎ᠪᠠᠨ ᠲᠤᠬᠠᠢᠯᠠᠭ᠍ᠰᠠᠨ ᠠᠵᠢᠯ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠶᠤᠰᠤᠳᠠᠢ《ᠱᠢᠯᠵᠢᠮᠡᠯ ᠬᠠᠢᠭᠤᠷ》 ᠂ 《ᠱᠢᠯᠵᠢᠮᠡᠯ ᠬᠠᠷᠠᠭᠤᠯ᠎ᠤᠨ ᠴᠡᠷᠢᠭ》 ᠪᠣᠯᠪᠠ᠃ ᠲᠠᠳᠠ ᠲᠤᠰᠭᠠᠶ ᠮᠡᠷᠭᠡᠵᠢᠯ ᠴᠢᠳᠠᠪᠤᠷᠢ᠎ᠪᠠᠷ᠎ᠢᠶᠠᠨ ᠬᠣᠲᠠ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦ᠍ ᠨᠡᠮᠡᠷᠢᠯᠡᠵᠦ᠍᠂ ᠠᠵᠢᠯ ᠦᠶ᠋ᠯᠡᠰ᠎ᠢᠶᠡᠨ ᠳᠡᠭᠡᠳᠦᠯᠡᠬᠦ᠌ ᠵᠣᠷᠢᠭ ᠰᠠᠨᠠᠭ᠎ᠠ᠎ᠪᠠᠷ ᠨᠡᠢᠭᠡᠮ᠎ᠦᠨ ᠵᠠᠰᠠᠯᠲᠠ᠎ᠳᠤ ᠠᠷᠭ᠎ᠠ ᠤᠬᠠᠭᠠᠨ ᠭᠠᠷᠭᠠᠵᠤ᠂ ᠬᠠᠷᠠᠮ ᠥᠬᠡᠶ ᠵᠣᠷᠢᠭᠤᠯᠬᠤ᠎ᠪᠠᠷ ᠵᠢᠡᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠬᠦᠴᠦᠨ ᠨᠡᠮᠡᠷᠢᠯᠡᠵᠦ᠍ ᠪᠠᠢᠨ᠎ᠠ᠃

ᠨᠠᠮ ᠪᠣᠯᠤᠨ ᠵᠠᠰᠠᠭ᠎ᠤᠨ ᠣᠷᠳᠣᠨ ᠡᠳᠡᠭᠡᠷ ᠬᠥᠮᠦᠰ᠎ᠢ ᠢᠮᠠᠭ᠍ᠲᠠ ᠬᠠᠯᠠᠮᠵᠢᠯᠠᠨ ᠬᠠᠢᠷᠠᠯᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠡᠴᠡ ᠬᠠᠯᠠᠭᠤᠨ ᠳᠤᠯᠠᠭᠠᠨ ᠦᠢᠯᠡᠴᠢᠯᠡᠭᠡ ᠬᠦᠷᠲᠡᠯ᠎ᠡ᠂ ᠡᠷᠬᠡ ᠠᠱᠢᠭ᠎ᠤᠨ ᠪᠠᠲᠤᠯᠠᠭ᠎ᠠ᠎ᠡᠴᠡ ᠨᠡᠢᠭᠡᠮ᠎ᠦᠨ ᠬᠠᠯᠠᠮᠵᠢᠯᠠᠯ ᠬᠦᠷᠲᠡᠯ᠎ᠡ᠂ ᠪᠣᠳᠠᠲᠤ ᠠᠵᠢᠯᠯᠠᠭ᠎ᠠ᠎ᠪᠠᠷ᠎ᠢᠶᠠᠨ ᠲᠡᠳᠡᠨ᠎ᠳᠦ ᠬᠠᠯᠠᠭᠤᠨ ᠳᠤᠯᠠᠭᠠᠨ ᠤᠷᠴᠢᠨ ᠨᠦᠬᠦᠴᠡᠯ ᠢ᠋ ᠪᠤᠢ ᠪᠤᠯᠭᠠᠪᠡ᠃ ᠶᠠᠭ ᠡᠨᠡ ᠬᠦ᠌ ᠬᠣᠣᠰ ᠴᠢᠭ᠌ᠯᠡᠯ᠎ᠢᠶᠡᠷ ᠤᠷᠤᠭ᠍ᠰᠢᠯᠠᠭ᠍ᠰᠠᠨ ᠶᠠᠪᠤᠳᠠᠯ ᠨᠢ ᠡᠭᠡᠯ ᠵᠢᠷ᠎ᠦᠨ ᠠᠮᠢᠳᠤᠷᠠᠯ᠎ᠳᠤ ᠶᠡᠷᠦ᠍ ᠪᠤᠰᠤ᠎ᠶ᠋ᠢᠨ ᠭᠡᠷᠡᠯ ᠭᠢᠯᠪᠠᠭ᠎ᠠ ᠰᠠᠴᠤᠷᠠᠭᠤᠯᠵᠤ᠂ ᠮᠠᠨ᠎ᠤ ᠨᠡᠢᠭᠡᠮ᠎ᠢ ᠨᠡᠩ ᠡᠶ᠎ᠡ ᠵᠣᠬᠢᠴᠠᠩᠭᠤᠢ ᠰᠠᠢ᠌ᠨ ᠰᠠᠢᠬᠠᠨ ᠪᠣᠯᠭᠠᠭ᠍ᠰᠠᠨ ᠪᠠᠢᠨ᠎ᠠ᠃

2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠲᠡᠰ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠱᠢᠨ᠎ᠡ ᠠᠵᠢᠯ ᠣᠯᠭᠣᠯᠲᠠ᠎ᠶ᠋ᠢᠨ ᠪᠦᠯᠦᠭᠵᠢᠯ᠎ᠢ ᠬᠠᠯᠠᠮᠵᠢᠯᠠᠨ ᠦᠶ᠋ᠯᠡᠴᠢᠯᠡᠬᠦ᠌ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ᠎ᠢ ᠲᠤᠰᠭᠠᠢᠯᠠᠨ ᠨᠡᠢᠲᠡᠯᠡᠵᠦ᠍᠂ ᠨᠢᠭᠡᠨᠲᠡ ᠱᠢᠨ᠎ᠡ ᠠᠵᠢᠯ ᠣᠯᠭᠣᠯᠲᠠ᠎ᠶ᠋ᠢᠨ ᠪᠦᠯᠦᠭᠵᠢᠯ᠎ᠢ ᠬᠠᠯᠠᠮᠵᠢᠯᠠᠨ ᠬᠠᠢᠷᠠᠯᠠᠬᠤ ᠪᠦᠷᠢᠨ ᠪᠦᠲᠦᠨ ᠲᠦᠷᠢᠮ ᠵᠢᠷᠤᠮ ᠪᠠᠢᠭᠤᠯᠪᠠ᠃

ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠢᠳᠡᠪᠬᠢᠲᠡᠶ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ᠎ᠡᠴᠡ᠎ᠪᠠᠨ ᠠᠵᠢᠯᠯᠠᠵᠤ᠂ ᠳᠡᠭᠡᠷ᠎ᠠ ᠳᠣᠣᠷ᠎ᠠ ᠱᠠᠲᠤ ᠬᠠᠮᠲᠤᠷᠠᠨ ᠬᠥᠳᠡᠯᠦᠯᠴᠡᠵᠦ᠍᠂ ᠵᠡᠷᠭᠡᠪᠡᠷ ᠠᠳᠭᠤᠨ ᠬᠠᠮᠲᠤᠪᠠᠷ ᠬᠠᠮᠢᠶᠠᠷᠬᠤ ᠨᠡᠢᠯᠡᠯ ᠬᠦᠴᠦᠨ᠎ᠢ ᠪᠤᠢ ᠪᠣᠯᠭᠠᠪᠠ᠃ ᠣᠳᠣᠬᠠᠨ᠎ᠳᠤ ᠪᠥᠬᠥ᠌ ᠣᠷᠣᠨ᠎ᠤ ᠳᠡᠭᠡᠷ᠎ᠠ ᠳᠤᠤᠷ᠎ᠠ ᠱᠠᠲᠤ᠎ᠪᠠᠷ᠎ᠢᠶᠠᠨ ᠨᠥᠬᠥᠷᠰᠡᠭ ᠨᠡᠢᠭᠡᠮ ᠲᠣᠭᠣᠷᠢᠭ᠂ ᠨᠥᠬᠥᠷᠰᠡᠭ ᠬᠤᠳᠠᠯᠳᠤᠭᠠᠨ᠎ᠤ ᠲᠣᠭᠣᠷᠢᠭ᠂ ᠨᠥᠬᠥᠷᠰᠡᠭ ᠠᠰᠠᠷ ᠲᠠᠭ᠍ᠲᠤ ᠵᠡᠷᠭᠡ ᠠᠯᠢ ᠣᠯᠠᠨ ᠨᠥᠬᠥᠷᠰᠡᠭ ᠠᠬᠤᠶ ᠪᠠᠢᠳᠠᠯ᠎ᠢ ᠪᠥᠲᠥᠭᠡᠨ ᠪᠠᠢᠭᠤᠯᠵᠤ᠂ ᠤᠯᠠᠭᠠᠨ ᠤᠯᠠᠭ᠎ᠠ ᠥᠷᠲᠡᠭᠡ ᠎ᠶ᠋ᠢ 681 ᠪᠠᠢᠭᠤᠯᠵᠤ ᠡᠯ᠎ᠡ ᠵᠦᠢᠯ ᠤ᠋ᠨ ᠳᠣᠲᠣᠨᠣ ᠦᠶ᠋ᠯᠡᠴᠢᠯᠡᠭᠡ ᠬᠠᠩᠭᠠᠵᠤ ᠪᠠᠢᠨ᠎ᠠ᠃

《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠲᠡᠰ ᠦᠶ᠋ᠯᠡᠴᠢᠯᠡᠭᠡᠨ᠎ᠦ ᠲᠥᠬᠥᠭᠡᠷᠦᠮᠵᠢ᠎ᠶ᠋ᠢ ᠲᠡᠭᠦᠯᠳᠡᠷᠵᠢᠭᠦᠯᠬᠦ᠌᠂ ᠲᠥᠷᠥ᠎ᠶ᠋ᠢᠨ ᠪᠣᠳᠣᠯᠭ᠎ᠠ᠎ᠶ᠋ᠢᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌᠂ ᠨᠡᠢᠭᠡᠮ᠎ᠦᠨ ᠳᠡᠮᠵᠢᠯᠭᠡ᠎ᠶ᠋ᠢ ᠴᠢᠩᠭᠠᠳᠭᠠᠬᠤ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠱᠢᠨ᠎ᠡ ᠠᠵᠢᠯ ᠣᠯᠭᠣᠯᠲᠠ᠎ᠶ᠋ᠢᠨ ᠪᠦᠯᠦᠭᠵᠢᠯ᠎ᠲᠦ ᠨᠠᠩ ᠳᠣᠲᠣᠨᠣ᠂ ᠣᠨᠣᠪᠴᠢᠲᠠᠶ ᠦᠶ᠋ᠯᠡᠴᠢᠯᠡᠭᠡ ᠬᠠᠩᠭᠠᠵᠤ᠂ ᠨᠠᠮ᠎ᠤᠨ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠳᠡᠬᠢ ᠤᠷᠢᠶᠠᠯᠠᠬᠤ ᠬᠦᠴᠦᠨ᠂ ᠨᠢᠭ᠍ᠲᠠᠷᠠᠭᠤᠯᠬᠤ ᠬᠦᠴᠦᠨ᠂ ᠨᠥᠯᠥᠭᠡᠯᠡᠬᠦ᠌ ᠬᠦᠴᠦᠨ᠎ᠢ ᠲᠠᠰᠤᠷᠠᠯᠲᠠ ᠥᠬᠡᠶ ᠴᠢᠩᠭᠠᠳᠬᠠᠵᠤ ᠪᠤᠢ》 ᠭᠡᠵᠦ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠳᠠᠷᠤᠭ᠎ᠠ ᠦ᠋ ᡁᠢ ᠴᠢᠶᠠᠩ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号