ᠪᠠᠢᠴᠠᠭᠠᠬᠤ ᠠᠵᠢᠯ᠎ᠤᠨ ᠠᠮᠵᠢᠯᠳᠠ ᠪᠦᠳᠦᠮᠵᠢ ᠪᠡᠷ ᠵᠢᠡᠨ ᠠᠷᠠᠳ ᠤ᠋ᠨ ᠠᠮᠢᠳᠤᠷᠠᠯ ᠤ᠋ᠨ ᠬᠠᠷᠢᠭᠤᠯᠳᠠ ᠵᠢᠨ ᠬᠠᠭᠤᠳᠠᠰᠤ ᠵᠢ ᠪᠢᠴᠢᠭᠯᠡᠨ᠎ᠡ
2025-02-23 11:52:30
ᠵᠣᠬᠢᠶᠠᠭ᠍ᠴᠢ᠄
​ ᠪᠠᠶᠠᠰᠬᠤᠯᠠᠩ ᠴᠢᠮᠡᠬᠡᠯᠡᠭᠴᠢ ᠲᠠᠨ᠎ᠠ ᠦᠷᠬᠡᠨ
ᠣᠩᠱᠢᠭ᠍ᠰᠠᠨ ᠣᠳᠠᠭ᠎ᠠ᠄
★★★☆☆

— ᠲᠤᠯᠤᠳᠤᠭᠠᠷ ᠬᠤᠭᠤᠴᠠᠭᠠᠨ ᠤ᠋ ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ 《ᠠᠷᠠᠳ ᠲᠦᠮᠡᠨ ᠳ᠋ᠤ ᠲᠠᠭᠠᠰᠢᠶᠠᠭᠳᠠᠭᠰᠠᠨ ᠠᠯᠪᠠᠳᠠᠨ ᠤ᠋ ᠬᠠᠮᠳᠤ》 ᠤᠯᠠᠭᠠᠢ ᠬᠠᠮᠢᠶᠠᠷᠤᠯᠳᠠ ᠵᠢᠨ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠵᠢ ᠲᠡᠮᠳᠡᠭᠯᠡᠪᠡ


ᠪᠠᠭᠤᠷᠠᠢᠴᠤᠤᠯ ᠤ᠋ᠨ ᠡᠷᠬᠡ ᠠᠰᠢᠬ᠎ᠢ ᠬᠠᠯᠠᠮᠵᠢᠯᠠᠬᠤ᠂ ᠬᠦᠳᠡᠯᠮᠦᠷᠢᠴᠢᠳ ᠤ᠋ᠨ ᠡᠷᠬᠡ ᠠᠰᠢᠬ᠎ᠢ ᠬᠠᠤᠯᠢ ᠶᠤᠰᠤᠭᠠᠷ ᠬᠠᠮᠠᠭᠠᠯᠠᠬᠤ᠂ ᠠᠮᠢ ᠠᠬᠤᠢ ᠵᠢᠨ ᠬᠠᠮᠠᠭᠠᠯᠠᠯᠳᠠ ᠵᠢᠨ ᠤᠯᠠᠭᠠᠨ ᠱᠤᠭᠤᠮ᠎ᠢ  ᠪᠠᠳᠤ ᠰᠠᠬᠢᠬᠤ᠂ ᠨᠠᠰᠤᠨ ᠳ᠋ᠸ᠋ ᠦᠯᠦ ᠬᠦᠷᠦᠭᠰᠡᠳ ᠤ᠋ᠨ ᠡᠷᠡᠬᠦᠯ ᠵᠢᠡᠷ ᠦᠰᠦᠨ ᠪᠤᠢᠵᠢᠬᠤ ᠳ᠋ᠸ᠋ ᠬᠦᠴᠦᠨ ᠨᠡᠮᠡᠷᠢᠯᠡᠬᠦ᠂ ᠢᠳᠡᠬᠡᠨ ᠤᠮᠳᠠᠭᠠᠨ ᠤ᠋ ᠠᠮᠤᠷ ᠲᠦᠪᠰᠢᠨ᠎ᠢ ᠰᠠᠬᠢᠨ ᠬᠠᠮᠠᠭᠠᠯᠠᠬᠤ ᠳ᠋ᠤ ᠠᠩᠬᠠᠷᠤᠯ ᠵᠢᠡᠨ ᠳᠦᠪᠯᠡᠷᠡᠬᠦᠯᠤᠨ᠎ᠠ ᠁ ᠤᠢᠷ᠎ᠠ ᠵᠢᠨ ᠵᠢᠯ ᠳ᠋ᠤ ᠤᠯᠠᠭᠠᠢ ᠬᠠᠮᠢᠶᠠᠷᠤᠯᠳᠠ ᠵᠢᠨ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ  ᠭᠤᠤᠯᠳᠠᠯᠭ᠎ᠠ ᠲᠠᠢ ᠬᠦᠮᠦᠰ᠂ ᠭᠤᠤᠯᠳᠠᠯᠭ᠎ᠠ ᠲᠠᠢ ᠬᠦᠷᠢᠶᠡᠨ ᠳ᠋ᠸ᠋ ᠠᠩᠬᠠᠷᠤᠯ ᠵᠢᠡᠨ ᠲᠦᠪᠯᠡᠷᠡᠬᠦᠯᠦᠨ᠂ ᠪᠠᠢᠴᠠᠭᠠᠬᠤ ᠠᠵᠢᠯ ᠤ᠋ᠨ ᠠᠮᠵᠢᠯᠳᠠ ᠪᠦᠳᠦᠮᠵᠢ ᠪᠡᠷ ᠠᠷᠠᠳ ᠤ᠋ᠨ ᠠᠮᠢᠳᠤᠷᠠᠯ ᠤ᠋ᠨ ᠬᠠᠷᠢᠭᠤᠯᠳᠠ ᠵᠢᠨ ᠬᠠᠭᠤᠳᠠᠰᠤ ᠵᠢ ᠰᠠᠢᠳᠤᠷ ᠪᠢᠴᠢᠭᠯᠡᠨ᠎ᠡ᠃

ᠰᠢᠨᠡᠯᠡᠬᠦ ᠤᠢᠷᠠᠲᠤᠬᠤ ᠪᠡᠷ ᠤᠯᠠᠭᠠᠢ ᠬᠠᠮᠢᠶᠠᠷᠤᠯᠳᠠ ᠵᠢᠨ ᠤᠷᠤᠨ ᠤ᠋  ᠪᠠᠶᠠᠠᠬᠤᠰᠢᠭᠤ ᠪᠠᠯᠭᠠᠰᠤᠨ ᠤ᠋ ᠵᠡᠬᠡᠯᠢ ᠭᠤᠳᠤᠮᠵᠢ ᠪᠡᠷ ᠰᠠᠷ᠎ᠠ ᠰᠢᠨ᠎ᠡ ᠵᠢᠨ ᠠᠭᠤᠷ ᠠᠮᠢᠰᠬᠤᠯ ᠦᠳᠭᠡᠷᠡᠵᠦ᠂ ᠬᠤᠳᠠᠯᠳᠤᠭ᠎ᠠ ᠲᠡᠯᠬᠡᠬᠦᠷ ᠵᠢᠡᠷ ᠰᠢᠨ᠎ᠡ ᠵᠢᠨ  ᠪᠠᠷᠠᠭ᠎ᠠ ᠬᠤᠳᠠᠯᠳᠤᠨ ᠠᠪᠬᠤ ᠬᠦᠮᠦᠰ ᠶᠠᠪᠤᠬᠤ ᠲᠤᠳᠤᠮ ᠤᠯᠠᠰᠢᠷᠠᠵᠤ᠂ ᠡᠯ᠎ᠡ ᠵᠦᠢᠯ ᠤ᠋ᠨ ᠰᠤᠯᠠ ᠢᠳᠡᠬᠡᠨ ᠬᠡᠷᠡᠭᠯᠡᠭᠴᠢᠳ ᠤ᠋ᠨ ᠬᠦᠷᠢᠶᠡᠯᠡᠯ᠎ᠢ ᠤᠯᠵᠤ ᠪᠠᠢᠯ᠎ᠠ᠃ 1 ᠰᠠᠷ᠎ᠠ ᠵᠢᠨ 13 ᠤ᠋ ᠡᠳᠦᠷ᠂ ᠤᠯᠠᠭᠠᠢ ᠬᠠᠮᠢᠶᠠᠷᠤᠯᠳᠠ ᠵᠢᠨ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠨᠡᠢᠳᠡ ᠵᠢᠨ ᠠᠰᠠᠷᠠᠮᠵᠢ ᠵᠢᠨ ᠵᠠᠷᠭᠤ ᠳ᠋ᠸ᠋ ᠬᠢᠨᠠᠯᠳᠠ ᠲᠠᠯᠪᠢᠬᠤ ᠡᠬᠦᠷᠭᠡ ᠴᠢᠳᠠᠪᠬᠢ ᠪᠠᠨ ᠬᠦᠢᠴᠡᠳ ᠦᠢᠯᠡᠳᠦᠯᠬᠡᠵᠢᠬᠦᠯᠦᠨ᠂ ᠰᠢᠨ᠎ᠡ ᠵᠢᠨ  ᠪᠠᠷᠠᠭ᠎ᠠ ᠵᠢᠨ ᠵᠠᠬ᠎ᠠ ᠲᠡᠯᠭᠡᠬᠦᠷ᠎ᠢ ᠵᠢᠬᠰᠠᠭᠠᠨ ᠪᠠᠢᠴᠠᠭᠠᠵᠤ ᠴᠡᠭᠴᠡᠯᠡᠨ ᠵᠠᠰᠠᠵᠤ᠂ ᠰᠤᠯᠠ ᠢᠳᠡᠬᠡᠨ᠎ᠢ ᠵᠢᠷᠤᠮᠵᠢᠭᠤᠨ ᠪᠤᠰᠤ ᠪᠡᠷ ᠪᠤᠷᠤᠯᠠᠭᠤᠯᠵᠤ ᠪᠠᠢᠭ᠎ᠠ ᠬᠤᠳᠠᠯᠳᠤᠭ᠎ᠠ ᠲᠡᠯᠬᠡᠬᠦᠷ᠎ᠢ ᠵᠠᠷᠯᠢᠬᠳᠠᠨ ᠴᠡᠭᠴᠡᠯᠡᠨ ᠵᠠᠰᠠᠵᠤ᠂  ᠰᠤᠯᠠ ᠢᠳᠡᠬᠡᠨ  ᠤ᠋ ᠠᠮᠤᠷ ᠲᠦᠪᠰᠢᠨ ᠤ᠋ ᠬᠡᠮ ᠰᠤᠭᠤᠬ ᠢ᠋ ᠠᠷᠢᠯᠭᠠᠨ ᠠᠷᠠᠳ ᠤᠯᠠᠨ ᠤ᠋ ᠪᠡᠶ᠎ᠡ ᠮᠠᠬᠠᠪᠤᠳ᠎ᠤᠨ ᠡᠷᠡᠬᠦᠯ ᠴᠢᠬᠢᠷᠠᠬ ᠪᠠ ᠠᠮᠢ ᠨᠠᠰᠤᠨ ᠤ᠋ ᠠᠮᠤᠷ ᠲᠦᠪᠰᠢᠨ᠎ᠢ ᠦᠨᠡᠨᠬᠦ ᠪᠠᠳᠤᠯᠠᠪᠠ᠃ 《ᠪᠠᠢᠴᠠᠭᠠᠬᠤ ᠪᠠᠢᠭᠤᠯᠭ᠎ᠠ ᠵᠢᠨ ᠬᠢᠨ ᠠᠷᠠᠳ ᠤᠯᠠᠨ ᠤ᠋ ᠢᠳᠡᠬᠡᠨ ᠤ᠋ ᠠᠮᠤᠷ ᠲᠦᠪᠰᠢᠨ ᠤ᠋ ᠠᠰᠠᠭᠤᠳᠠᠯ᠎ᠢ ᠡᠢᠨᠬᠦ ᠠᠩᠬᠠᠷᠤᠨ ᠬᠠᠯᠠᠮᠵᠢᠯᠠᠵᠤ ᠪᠠᠢᠭ᠎ᠠ ᠵᠢ ᠬᠠᠷᠠᠭᠠᠳ ᠪᠢᠳᠡ ᠰᠢᠨ᠎ᠡ ᠵᠢᠨ ᠪᠠᠷᠠᠭ᠎ᠠ ᠪᠡᠯᠡᠳᠭᠡᠬᠦ ᠳ᠋ᠡᠬᠡᠨ ᠨᠡᠩ ᠰᠡᠳᠬᠢᠯ ᠠᠮᠤᠷ ᠪᠤᠯᠵᠠᠢ》 ᠬᠡᠵᠦ ᠤᠯᠠᠨ ᠲᠦᠮᠡᠨ ᠬᠡᠯᠡᠨ᠎ᠡ᠃

ᠤᠯᠠᠭᠠᠢ ᠬᠠᠮᠢᠶᠠᠷᠤᠯᠳᠠ ᠵᠢᠨ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠠᠷᠠᠳ ᠤ᠋ᠨ ᠠᠮᠢᠳᠤᠷᠠᠯ ᠤ᠋ᠨ 《ᠪᠠᠭ᠎ᠠ  ᠶᠠᠪᠤᠳᠠᠯ》 ᠳ᠋ᠸ᠋ ᠠᠩᠬᠠᠷᠤᠯ ᠵᠢᠡᠨ ᠲᠦᠪᠯᠡᠷᠡᠬᠦᠯᠦᠨ᠂ ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠲᠤᠰᠬᠠᠢ ᠬᠢᠨᠠᠯᠳᠠ ᠲᠠᠯᠪᠢᠯᠳᠠ ᠪᠡᠷ ᠲᠠᠮᠵᠢᠨ ᠬᠤᠯᠪᠤᠬᠳᠠᠯ ᠪᠦᠬᠦᠢ ᠢᠳᠡᠬᠡᠨ ᠪᠠ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠵᠢᠨ ᠰᠠᠯᠠᠭ᠎ᠠ ᠮᠦᠴᠢᠷ ᠲᠠᠢ ᠬᠠᠮᠵᠢᠯᠴᠠᠨ ᠢᠳᠡᠬᠡᠨ ᠪᠠ ᠡᠮ ᠤ᠋ᠨ ᠵᠦᠢᠯᠡᠰ ᠤ᠋ᠨ ᠠᠮᠤᠷ ᠲᠦᠪᠰᠢᠨ ᠤ᠋ ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠬᠢᠨᠠᠯᠳᠠ ᠲᠠᠯᠪᠢᠬᠤ ᠠᠵᠢᠯ ᠎ᠢ ᠪᠠᠢᠩᠭᠤᠵᠢᠭᠤᠯᠤᠨ ᠦᠷᠨᠢᠬᠦᠯᠵᠦ᠂ 《ᠪᠠᠢᠴᠠᠭᠠᠯᠳᠠ ᠬᠢᠵᠥ ᠬᠢᠨᠠᠯᠳᠠ ᠲᠠᠯᠪᠢᠬᠤ + ᠵᠠᠰᠠᠬ ᠵᠠᠬᠢᠷᠭᠠᠨ᠎ᠤ ᠬᠢᠨᠠᠯᠳᠠ ᠬᠠᠮᠢᠶᠠᠷᠤᠯᠳᠠ ᠬᠢᠬᠦ》 ᠬᠠᠮᠳᠤᠷᠠᠯ ᠬᠦᠴᠦᠨ᠎ᠢ ᠪᠦᠷᠢᠯᠳᠦᠬᠦᠯᠦᠨ᠂ ᠠᠷᠠᠳ ᠤᠯᠠᠨ ᠤ᠋ ᠢᠳᠡᠬᠡᠨ ᠤᠮᠳᠠᠭᠠᠨ ᠤ᠋ ᠠᠮᠤᠷ ᠲᠦᠪᠰᠢᠨ᠎ᠢ ᠰᠠᠬᠢᠨ ᠬᠠᠮᠠᠭᠠᠯᠠᠪᠠ᠃

ᠭᠤᠤᠯ ᠮᠦᠷᠡᠨ ᠨᠠᠭᠤᠷ ᠴᠦᠬᠦᠷᠦᠮ᠎ᠢ ᠰᠠᠬᠢᠨ ᠬᠠᠮᠠᠭᠠᠯᠠᠵᠤ᠂ ᠠᠷᠠᠳ᠎ᠤᠯᠠᠨ᠎ᠤ ᠶᠠᠪᠤᠵᠤ ᠰᠠᠭᠤᠬᠤ ᠢᠳᠡᠵᠦ ᠡᠮᠦᠰᠬᠦ ᠠᠰᠠᠭᠤᠳᠠᠯ ᠳ᠋ᠤ ᠠᠩᠬᠠᠷᠤᠯ ᠵᠢᠡᠨ ᠲᠠᠯᠪᠢᠨ᠎ᠠ᠃ ᠨᠡᠢᠳᠡ ᠵᠢᠨ ᠠᠰᠠᠷᠠᠮᠵᠢ ᠵᠢᠨ ᠵᠠᠷᠭᠤ ᠨᠢ ᠠᠷᠠᠳ ᠤᠯᠠᠨ ᠳ᠋ᠤ ᠦᠨᠡᠨ ᠪᠤᠳᠠᠳᠠᠢ ᠠᠰᠢᠭ ᠬᠦᠷᠳᠡᠭᠡᠭᠰᠡᠭᠡᠷ᠃

ᠤᠢᠷ᠎ᠠ ᠵᠢᠨ ᠵᠢᠯ ᠳ᠋ᠤ  ᠤᠯᠠᠭᠠᠢ ᠬᠠᠮᠢᠶᠠᠷᠤᠯᠳᠠ ᠵᠢᠨ ᠤᠷᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ 《ᠬᠤᠪᠢᠰᠬᠠᠯᠳᠤ ᠰᠤᠶᠤᠯ᠎ᠢ ᠤᠯᠠᠮᠵᠢᠯᠠᠨ ᠠᠮᠢ ᠠᠬᠤᠢ ᠵᠢ ᠰᠠᠬᠢᠨ ᠬᠠᠮᠠᠭᠠᠯᠠᠬᠤ· ᠬᠠᠮᠳᠤ ᠪᠡᠷ ᠬᠠᠮᠠᠭᠠᠯᠠᠵᠤ ᠬᠠᠮᠳᠤ ᠪᠡᠷ ᠠᠰᠢᠭ ᠬᠦᠷᠳᠡᠬᠦ》 ᠪᠠᠢᠴᠠᠭᠠᠬᠤ ᠲᠦᠷᠦᠯ ᠲᠡᠮᠳᠡᠭ ᠎ᠢ ᠪᠠᠢᠭᠤᠯᠤᠨ᠂ 《ᠠᠭᠠᠷ ᠲᠡᠭᠡᠷ᠎ᠡ ᠡᠴᠨ ᠬᠠᠷᠠᠬᠤ + ᠭᠠᠵᠠᠷ ᠲᠤᠤᠭᠤᠷ ᠪᠠᠢᠴᠠᠭᠠᠬᠤ + ᠰᠦᠯᠵᠢᠶᠡᠨ ᠲᠡᠭᠡᠷ᠎ᠡ ᠬᠠᠮᠢᠶᠠᠷᠬᠤ》ᠪᠦᠬᠦ ᠤᠷᠤᠨ ᠪᠠᠢᠷᠢ ᠵᠢᠨ ᠬᠠᠮᠠᠭᠠᠯᠠᠯᠳᠠ ᠵᠢᠨ ᠰᠢᠰᠲᠸᠮ᠎ᠢ ᠴᠤᠬᠴᠠᠯᠠᠨ᠂  ᠬᠢᠨᠠᠯᠳᠠ ᠲᠠᠯᠪᠢᠬᠤ ᠡᠬᠦᠷᠭᠡ ᠲᠤᠰᠢᠶᠠᠯ ᠵᠢᠡᠨ ᠬᠦᠢᠴᠡᠳᠭᠡᠬᠦ ᠪᠡᠷ ᠲᠠᠮᠵᠢᠨ ᠨᠤᠳᠤᠬ ᠪᠡᠯᠴᠢᠬᠡᠷ ᠤ᠋ᠨ ᠠᠮᠢ ᠠᠬᠤᠢ ᠵᠢ 6000 ᠭᠠᠷᠤᠢ ᠮᠤ᠌ ᠰᠡᠷᠬᠦᠬᠡᠨ᠂ 1.3 ᠲᠦᠮᠡᠨ ᠪᠤᠰᠤᠭ᠎ᠠ ᠲᠦᠷᠪᠡᠯᠵᠢᠨ ᠮᠸᠲᠷ ᠤ᠋ᠨ ᠬᠤᠬ ᠨᠤᠪᠰᠢ ᠵᠢ ᠴᠡᠪᠡᠷᠯᠡᠨ᠂  ᠵᠠᠰᠠᠬ ᠵᠠᠬᠢᠷᠭᠠᠨ ᠤ᠋ ᠪᠠᠢᠭᠤᠯᠭ᠎ᠠ ᠵᠢ ᠱᠠᠯᠠᠪᠳᠠᠭᠤᠯᠵᠥ ᠪᠠᠢᠭᠠᠳ 《ᠬᠡᠬᠡᠷ᠎ᠡ ᠵᠢᠨ ᠴᠠᠨ᠎ᠠ ᠴᠡᠴᠡᠭ᠂ ᠱᠦᠭᠦᠷᠬᠡᠨ᠎ᠡ ᠵᠡᠷᠬᠡ ᠬᠡᠬᠡᠷ᠎ᠡ ᠵᠢᠨ ᠤᠷᠭᠤᠮᠠᠯ᠎ᠢ ᠬᠠᠮᠠᠭᠠᠯᠠᠬᠤ ᠲᠦᠰᠦᠯ》ᠢ᠋ ᠲᠠᠷᠤᠮᠠᠯᠯᠠᠨ ᠲᠠᠷᠬᠠᠭᠠᠵᠤ᠂ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ᠂ ᠤᠢ ᠰᠢᠭᠤᠢ ᠪᠠ ᠨᠤᠳᠤᠭ ᠪᠡᠯᠴᠢᠭᠡᠷ᠎ᠤᠨ ᠰᠠᠯᠠᠭ᠎ᠠ ᠮᠦᠴᠢᠷ ᠲᠠᠢ ᠬᠠᠮᠳᠤᠷᠠᠨ ᠵᠠᠷᠯᠠᠯ ᠲᠠᠷᠤᠮᠠᠯᠯᠠᠨ ᠲᠠᠷᠬᠠᠭᠠᠵᠤ᠂ ᠬᠡᠬᠡᠷ᠎ᠡ ᠵᠢᠨ ᠤᠷᠭᠤᠮᠠᠯ ᠤ᠋ᠨ ᠡᠬᠢ ᠪᠠᠶᠠᠯᠢᠬ᠎ᠢ ᠡᠪᠳᠡᠭᠰᠡᠨ ᠬᠠᠤᠯᠢ ᠡᠴᠨ ᠵᠦᠷᠢᠴᠡᠭᠰᠡᠨ ᠶᠠᠯᠠᠳᠤ ᠠᠵᠢᠯᠯᠠᠭ᠎ᠠ ᠳ᠋ᠸ᠋  ᠴᠤᠬᠢᠯᠳᠠ ᠦᠭᠴᠦ᠂ ᠠᠮᠢ ᠠᠬᠤᠢ ᠵᠢ ᠬᠤᠬᠢᠷᠠᠭᠤᠯᠤᠬᠰᠠᠨ ᠡᠳᠡᠭᠡᠳ᠎ᠤᠨ ᠬᠠᠤᠯᠢ ᠴᠠᠭᠠᠵᠠ ᠵᠢᠨ ᠬᠠᠷᠢᠭᠤᠴᠠᠯᠭ᠎ᠠ ᠪᠠ ᠠᠮᠢ ᠠᠬᠤᠢ ᠵᠢ  ᠬᠤᠬᠢᠷᠠᠭᠤᠯᠤᠬᠰᠠᠨ ᠲᠦᠯᠦᠪᠦᠷᠢ ᠵᠢᠨ ᠬᠠᠷᠢᠭᠤᠴᠠᠯᠭ᠎ᠠ ᠪᠡᠨ ᠢᠳᠡᠪᠬᠢᠳᠡᠢ ᠪᠡᠷ ᠡᠬᠦᠷᠬᠡᠯᠡᠬᠦ ᠵᠢ ᠱᠠᠭᠠᠷᠳᠠᠨ᠂ ᠨᠡᠢᠬᠡᠮ ᠨᠡᠢᠳᠡ ᠵᠢᠨ ᠦᠷᠬᠡᠨ ᠲᠡᠯᠬᠡᠷ ᠠᠩᠬᠠᠷᠤᠯ ᠪᠠ ᠢᠳᠡᠪᠬᠢᠳᠡᠢ ᠬᠠᠷᠢᠭᠤ ᠲᠤᠰᠬᠠᠯ᠎ᠢ ᠤᠯᠵᠠᠢ᠃ 《ᠴᠢᠦᠢ ᠣᠪᠣᠭᠲᠤ ᠵᠡᠷᠭᠡ 4 ᠬᠥᠮᠥᠨ᠎ᠦ ᠨᠤᠲᠤᠭ ᠪᠡᠯᠴᠢᠭᠡᠷ᠎ᠦᠨ ᠠᠮᠢ ᠠᠬᠤᠢ᠎ᠶᠢ ᠡᠪᠳᠡᠭᠰᠡᠨ ᠬᠡᠷᠡᠭ᠎ᠢ ᠵᠠᠭᠠᠯᠳᠤᠬᠤ ᠲᠤᠬᠠᠢ ᠢᠷᠭᠡᠨ᠎ᠤ ᠬᠡᠷᠡᠭ᠎ᠤᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ》 ᠨᠢ ᠳᠤᠮᠳᠠᠳᠤ ᠤᠯᠤᠰ᠎ᠤᠨ ᠬᠠᠤᠯᠢ᠎ᠶᠢᠨ ᠤᠬᠠᠭᠠᠨ᠎ᠤ ᠨᠡᠢᠭᠡᠮᠯᠢᠭ᠎ᠦᠨ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠭᠰᠡᠨ ᠪᠥᠭᠡᠳ ᠪᠥᠬᠥ ᠣᠷᠣᠨ᠎ᠤ ᠪᠠᠢᠴᠠᠭᠠᠬᠤ ᠪᠠᠢᠭᠤᠯᠭ᠎ᠠ᠎ᠶᠢᠨ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠨᠡᠢᠲᠡᠯᠢᠭ ᠬᠡᠷᠡᠭ᠎ᠦᠨ ᠵᠢᠱ᠌ᠢᠶ᠎ᠡ ᠪᠡᠷ ᠦᠨᠡᠯᠡᠭᠳᠡᠪᠡ᠃

ᠡᠳᠡᠭᠡᠷ ᠨᠢ ᠵᠥᠪᠬᠡᠨ ᠤᠯᠠᠭᠠᠢ ᠬᠠᠮᠢᠶᠠᠷᠤᠯᠲᠠ᠎ᠶᠢᠨ ᠣᠷᠣᠨ᠎ᠤ ᠠᠷᠠᠳ᠎ᠤᠨ ᠬᠠᠮᠠᠭᠠᠯᠠᠵᠤ᠂ ᠠᠷᠠᠳ ᠤᠯᠠᠨ᠎ᠳᠤ ᠬᠠᠤᠯᠢ ᠬᠡᠷᠡᠭᠵᠢᠬᠦᠯᠦᠯᠳᠡ ᠵᠢᠨ ᠬᠠᠯᠠᠭᠤᠨ ᠳᠤᠯᠠᠭᠠᠨ ᠪᠠ ᠪᠠᠢᠴᠠᠭᠠᠬᠤ ᠠᠵᠢᠯ᠎ᠤᠨ ᠬᠠᠯᠠᠭᠤᠨ ᠳᠤᠯᠠᠭᠠᠨ᠎ᠢ ᠦᠨᠡᠨᠬᠦ ᠮᠡᠳᠡᠷᠡᠭᠦᠯᠦᠭᠰᠡᠨ᠎ᠦ ᠬᠤᠷᠢᠶᠠᠩᠭᠤᠢ ᠵᠢᠷᠤᠭᠯᠠᠯ ᠪᠤᠯᠤᠨ᠎ᠠ᠃

《ᠨᠦᠬᠦᠳ ᠨᠠᠷ〈ᠨᠠᠰᠤᠨ᠎ᠳᠤ ᠦᠯᠦ ᠬᠦᠷᠦᠭᠰᠡᠳ ᠲᠠᠢ ᠬᠤᠯᠪᠤᠭᠳᠠᠭᠰᠠᠨ ᠪᠠᠢᠴᠠᠭᠠᠬᠤ ᠠᠵᠢᠯ〉 ᠎ᠢ᠋ ᠮᠡᠳᠡᠨ᠎ᠡ ᠦᠦ?》᠂ 《ᠲᠠ ᠨᠠᠷ᠎ᠤᠨ ᠬᠠᠵᠠᠭᠤ᠎ᠳᠤ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠤᠨ ᠠᠵᠢᠯᠯᠠᠭ᠎ᠠ ᠡᠭᠦᠰᠴᠦ ᠥᠩᠭᠡᠷᠡᠭᠰᠡᠨ ᠦᠦ?》᠂ 《ᠪᠢᠳᠡ ᠬᠡᠷᠬᠢᠨ ᠥᠪᠡᠷ᠎ᠢ᠎ᠪᠡᠨ ᠬᠠᠮᠠᠭᠠᠯᠠᠵᠤ ᠬᠠᠯᠳᠠᠯᠭ᠎ᠠ ᠡᠴᠡ ᠰᠡᠷᠭᠡᠢᠯᠡᠬᠦ  ᠪᠣᠶ ?》᠁ ᠰᠤᠷᠤᠯᠭ᠎ᠠ᠎ᠶᠢᠨ ᠬᠤᠭᠤᠴᠠᠭ᠎ᠠ ᠪᠦᠷᠢ᠎ᠶᠢᠨ ᠰᠤᠷᠭᠠᠭᠤᠯᠢ ᠡᠬᠢᠯᠡᠬᠦ ᠠᠩᠬᠠᠨ᠎ᠤ ᠬᠢᠴᠢᠶᠡᠯ ᠳᠡᠭᠡᠷ᠎ᠡ ᠤᠯᠠᠭᠠᠢ ᠬᠠᠮᠢᠶᠠᠷᠤᠯᠲᠠ᠎ᠶᠢᠨ ᠣᠷᠣᠨ᠎ᠤ ᠪᠠᠢᠴᠠᠭᠠᠬᠤ ᠬᠣᠷᠢᠶ᠎ᠠ᠎ᠶᠢᠨ ᠪᠠᠢᠴᠠᠭᠠᠬᠤ ᠲᠤᠰᠢᠶᠠᠯᠲᠠᠨ ᠣᠯᠠᠨ ᠵᠢᠯ᠎ᠦᠨ ᠬᠡᠷᠡᠭ ᠰᠢᠢᠳᠪᠦᠷᠢᠯᠡᠭᠰᠡᠨ ᠲᠤᠷᠰᠢᠯᠭ᠎ᠠ᠎ᠲᠠᠢ ᠪᠠᠨ ᠤᠶᠠᠯᠳᠤᠭᠤᠯᠤᠨ ᠬᠠᠷᠢᠯᠴᠠᠨ ᠠᠰᠠᠭᠤᠵᠤ  ᠬᠠᠷᠢᠭᠤᠯᠬᠤ᠂ ᠸᠢᠳᠢᠤ᠋ ᠪᠡᠷ ᠨᠡᠪᠳᠡᠷᠡᠬᠦᠯᠬᠦ᠂ ᠬᠡᠷᠡᠭ᠎ᠢᠶᠡᠷ ᠬᠠᠤᠯᠢ᠎ᠶᠢ ᠲᠠᠢᠯᠪᠤᠷᠢᠯᠠᠬᠤ ᠵᠡᠷᠭᠡ ᠬᠡᠯᠪᠡᠷᠢ᠎ᠪᠡᠷ ᠪᠠᠢᠴᠠᠭᠠᠬᠤ ᠪᠠᠢᠭᠤᠯᠭ᠎ᠠ᠎ᠶᠢᠨ ᠡᠭᠦᠷᠭᠡ ᠴᠢᠳᠠᠪᠬᠢ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠤᠨ ᠬᠣᠣᠷ ᠬᠥᠨᠥᠭᠡᠯ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠢ᠋ ᠬᠡᠷᠬᠢᠨ ᠰᠡᠷᠭᠡᠢᠯᠡᠬᠦ ᠵᠡᠷᠭᠡ ᠮᠡᠳᠡᠯᠭᠡ ᠵᠢ ᠭᠦᠨᠵᠡᠭᠡᠢ ᠪᠦᠭᠡᠳ ᠤᠢᠯᠠᠭᠠᠮᠵᠢᠲᠠᠢ ᠲᠠᠢᠯᠪᠤᠷᠢᠯᠠᠳᠠᠭ᠃

ᠤᠯᠠᠭᠠᠢ ᠬᠠᠮᠢᠶᠠᠷᠤᠯᠲᠠ᠎ᠶᠢᠨ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠨᠠᠰᠤᠨ᠎ᠳᠤ ᠦᠯᠦ ᠬᠦᠷᠦᠭᠰᠡᠳ᠎ᠢ ᠣᠨᠴᠠᠭᠠᠢ ᠠᠩᠬᠠᠷᠴᠤ ᠤᠷᠢᠳ᠎ᠢᠶᠠᠷ ᠬᠠᠮᠠᠭᠠᠯᠠᠬᠤ ᠵᠠᠷᠴᠢᠮ᠎ᠢ ᠪᠠᠷᠢᠮᠲᠠᠯᠠᠵᠤ᠂ ᠪᠦᠬᠦ ᠣᠷᠣᠨ᠎ᠳ᠋ᠤ ᠲᠦᠷᠦᠬᠦᠯᠡᠨ 《ᠪᠠᠢᠴᠠᠭᠠᠬᠤ ᠬᠣᠷᠢᠶ᠎ᠠ ᠨᠡᠢᠭᠡᠮ ᠰᠤᠷᠭᠠᠭᠤᠯᠢ ᠭᠡᠷ ᠪᠦᠯᠢ》 ᠬᠣᠯᠪᠤᠭᠠᠯᠠᠨ ᠬᠥᠳᠡᠯᠦᠯᠴᠡᠬᠦ ᠠᠵᠢᠯ᠎ᠤᠨ ᠦᠷᠳᠡᠭᠡ᠎ᠶᠢ ᠪᠠᠢᠭᠤᠯᠵᠤ᠂ ᠭᠡᠷ ᠪᠦᠯᠢ᠎ᠶᠢᠨ ᠬᠥᠮᠦᠵᠢᠯ᠎ᠢ ᠠᠬᠢᠭᠤᠯᠬᠤ ᠬᠠᠤᠯᠢ᠎ᠶᠢ ᠪᠣᠳᠠᠲᠠᠢ ᠨᠠᠷᠢᠯᠢᠭ᠋ ᠨᠠᠢᠳᠠᠪᠤᠷᠢᠵᠢᠭᠤᠯᠬᠤ ᠵᠢ ᠠᠬᠢᠭᠤᠯᠪᠠ᠃ 《ᠨᠢᠯᠬᠠᠰ᠎ᠢ  ᠬᠠᠷᠠᠭᠠᠯᠵᠠᠨ ᠲᠡᠵᠢᠭᠡᠬᠦ 》 ᠵᠢ ᠦᠨᠡᠨ ᠬᠦ᠌ ᠪᠠᠲᠤᠯᠠᠵᠤ᠂  ᠡᠴᠢᠭᠡ ᠨᠢ ᠡᠷᠡᠭᠦᠦ ᠰᠢᠢᠳᠬᠡᠯ ᠭᠦᠢᠴᠡᠳᠬᠡᠵᠦ ᠪᠠᠢᠬᠤ᠂ ᠡᠬᠡ ᠨᠢ ᠠᠯᠠᠭ᠎ᠠ ᠪᠣᠯᠤᠭᠰᠠᠨ 2 ᠨᠠᠰᠤ ᠬᠦᠷᠦᠭᠡᠳᠦᠢ ᠨᠢᠯᠬ᠎ᠠ ᠬᠡᠦᠭᠡᠳ᠎ᠤᠨ  ᠬᠢᠨᠠᠨ ᠬᠠᠮᠠᠭᠠᠯᠠᠭ᠍ᠴᠢ᠎ᠶᠢ ᠨᠢ ᠬᠤᠪᠢᠷᠠᠭᠤᠯᠬᠤ᠎ᠶᠢᠨ ᠬᠠᠮᠲᠤ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠦᠨ ᠲᠣᠭᠠᠨ᠎ᠳᠤ ᠣᠷᠣᠭᠤᠯᠬᠤ᠎ᠶᠢ ᠭᠣᠣᠯᠯᠠᠨ ᠬᠠᠮᠢᠶᠠᠷᠬᠤ ᠪᠠᠢᠭᠤᠯᠭ᠎ᠠ᠎ᠳᠤ ᠱᠠᠭᠠᠷᠳᠠᠪᠠ᠃ 《ᠨᠢᠭᠡ ᠦᠷᠲᠡᠭᠡᠴᠢᠯᠡᠭᠰᠡᠨ ᠮᠠᠶᠢᠭ᠋》᠎ᠤ᠋ᠨ ᠬᠡᠷᠡᠭ ᠰᠢᠢᠳᠪᠦᠷᠢᠯᠡᠬᠦ ᠲᠥᠪ᠎ᠢ ᠪᠠᠢᠭᠤᠯᠵᠤ᠂ ᠰᠡᠳᠬᠢᠴᠡ ᠵᠢᠨ ᠵᠦᠪᠯᠡᠭᠴᠢ ᠵᠢ ᠤᠷᠢᠵᠤ ᠨᠡᠢᠲᠡ 80 ᠭᠠᠷᠤᠢ ᠵᠠᠯᠠᠭᠤᠴᠤᠳ ᠪᠠᠭᠠᠴᠤᠳ᠎ᠲᠤ ᠰᠡᠳᠬᠢᠴᠡ᠎ᠶᠢᠨ ᠵᠢᠯᠣᠭᠣᠳᠤᠯᠭ᠎ᠠ ᠬᠢᠵᠦ᠂ ᠨᠠᠰᠤᠨ᠎ᠳᠤ ᠦᠯᠦ ᠬᠦᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ 《ᠰᠡᠷᠭᠡᠢᠯᠡᠯᠲᠡ᠎ᠶᠢᠨ ᠬᠡᠷᠡᠮ》᠎ᠢ᠋ ᠪᠠᠲᠤ ᠴᠣᠭᠴᠠᠯᠠᠪᠠ᠃ ᠤᠯᠠᠭᠠᠢ ᠬᠠᠮᠢᠶᠠᠷᠤᠯᠲᠠ᠎ᠶᠢᠨ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠪᠠᠢᠴᠠᠭᠠᠬᠤ ᠡᠭᠦᠷᠭᠡ ᠴᠢᠳᠠᠪᠤᠷᠢ᠎ᠪᠠᠨ ᠶᠡᠷᠦᠩᠬᠡᠢᠯᠡᠨ ᠬᠡᠷᠡᠭᠯᠡᠵᠦ᠂ ᠡᠯ᠎ᠡ ᠲᠠᠯ᠎ᠠ᠎ᠶᠢᠨ ᠬᠦᠴᠦᠨ᠎ᠢ ᠨᠡᠢᠳᠭᠡᠵᠦ ᠠᠷᠠᠳ ᠣᠯᠠᠨ᠎ᠤ ᠬᠠᠤᠯᠢ ᠴᠠᠭᠠᠵᠠ ᠵᠢᠨ ᠬᠡᠷᠡᠭᠴᠡᠭᠡ᠎ᠵᠢ ᠢᠳᠡᠪᠬᠢᠲᠡᠢ ᠬᠠᠩᠭᠠᠵᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭᠠᠴᠠᠭᠤᠯᠬᠤ ᠠᠯᠢ ᠣᠯᠠᠨ ᠠᠷᠭ᠎ᠠ ᠬᠡᠮᠵᠢᠶ᠎ᠡ᠎ᠪᠡᠷ ᠶᠡᠬᠡ ᠲᠠᠯ᠎ᠠ᠎ᠳᠤ ᠦᠢᠯᠡᠴᠢᠯᠡᠬᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠂ ᠬᠠᠤᠯᠢ᠎ᠪᠠᠷ ᠵᠠᠰᠠᠬᠤ ᠬᠠᠷᠢᠭᠤᠯᠳᠠ ᠵᠢᠨ ᠬᠠᠭᠤᠳᠠᠰᠤ ᠵᠢ ᠰᠠᠢᠳᠤᠷ  ᠪᠢᠴᠢᠭᠯᠡᠪᠡ᠃ ᠣᠢᠷ᠎ᠠ᠎ᠳᠤ ᠤᠯᠠᠭᠠᠢ ᠬᠠᠮᠢᠶᠠᠷᠤᠯᠲᠠ᠎ᠶᠢᠨ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠳᠣᠯᠣᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠠᠳ ᠲᠦᠮᠡᠨ᠎ᠳᠦ ᠲᠠᠭᠠᠰᠢᠶᠠᠭᠳᠠᠭᠰᠠᠨ ᠠᠯᠪᠠᠲᠠᠨ᠎ᠤ ᠬᠠᠮᠲᠤ》  ᠪᠠᠷ ᠦᠨᠡᠯᠡᠭᠳᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号