ᠠᠵᠢᠯ ᠤᠯᠭᠤᠯᠲᠠ ᠵᠢ ᠠᠬᠢᠭᠤᠯᠤᠭᠰᠠᠨ 《ᠪᠣᠯᠪᠠᠰᠤᠷᠠᠯ + ᠠᠵᠢᠯ ᠣᠯᠭᠤᠯᠳᠠ》 ᠵᠢᠨ ᠵᠠᠭ᠍ᠪᠤᠷ
2025-02-23 11:56:40
ᠵᠣᠬᠢᠶᠠᠭ᠍ᠴᠢ᠄
​ ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

《ᠴᠢᠯᠥᠭᠡ ᠵᠠᠪ ᠵᠢᠡᠨ ᠠᠱᠢᠭ᠍ᠯᠠᠨ ᠴᠠᠬᠢᠯᠭᠠᠨ ᠬᠦᠴᠦᠨ ᠤ᠋ ᠰᠡᠯᠪᠢᠨ ᠵᠠᠰᠠᠬᠤ ᠮᠡᠷᠭᠡᠵᠢᠯ ᠢ᠋ ᠰᠤᠷᠤᠯᠴᠠᠭᠠᠳ ᠬᠡᠷ᠎ᠤᠨ ᠵᠢᠡᠨ ᠬᠠᠪᠢ ᠳ᠋ᠤ ᠠᠵᠢᠯ ᠤᠯᠬᠤ᠎ᠳᠤ ᠢᠳᠡᠬᠡᠯ ᠲᠡᠬᠦᠯᠳᠡᠷ ᠪᠠᠢᠨ᠎ᠠ》ᠬᠡᠵᠤ ᠤᠯᠠᠭᠠᠨᠬᠠᠳᠠ ᠬᠤᠲᠠ ᠵᠢᠨ ᠰᠦᠡᠭᠱᠠᠨ ᠳᠤᠭᠤᠷᠢᠭ᠎ᠦᠨ ᠬᠢᠩᠭᠠᠨ ᠵᠡᠭᠡᠯᠢ ᠭᠤᠳᠤᠮᠵᠢ ᠵᠢᠨ ᠦᠯᠵᠠᠢᠳᠤ ᠨᠡᠢᠭᠡᠮ ᠲᠤᠭᠤᠷᠢᠭ᠎ᠦᠨ ᠰᠠᠭᠤᠭᠠᠯᠢ  ᠠᠷᠠᠳ ᠡᠦ ᠵᠤᠤ ᠾᠦᠢ ᠬᠡᠯᠡᠨ᠎ᠠ᠃

ᠤᠢᠷ᠎ᠠ ᠳ᠋ᠤ ᠤᠯᠠᠭᠠᠨᠬᠠᠳᠠ ᠬᠤᠲᠠ᠎ᠶ᠋ᠢᠨ ᠰᠦᠩᠱᠠᠨ ᠲᠣᠭᠤᠷᠢᠭ᠎ᠤᠨ ᠬᠢᠩᠭᠠᠨ ᠵᠡᠭᠡᠯᠢ ᠭᠤᠳᠤᠮᠵᠢ᠎ᠶ᠋ᠢᠨ 《ᠬᠦᠰᠡᠯ ᠲᠡᠷᠭᠡᠯᠰᠢᠭᠦᠯᠬᠦ 365》 ᠨᠡᠢᠭᠡᠮ ᠲᠣᠭᠤᠷᠢᠭ᠎ᠤᠨ ᠮᠡᠷᠭᠡᠵᠢᠯ ᠴᠢᠳᠠᠪᠤᠷᠢ ᠵᠢᠨ ᠰᠦᠨᠢ ᠵᠢᠨ ᠰᠤᠷᠭᠠᠭᠤᠯᠢ ᠳ᠋ᠤ ᠴᠠᠬᠢᠯᠭᠠᠨ ᠲᠥᠬᠦᠭᠡᠷᠦᠮᠵᠢ᠎ᠶ᠋ᠢ ᠤᠭ᠍ᠰᠠᠷᠠᠬᠤ ᠪᠣᠯᠪᠠᠰᠤᠷᠠᠯ ᠶᠠᠭ ᠬᠦᠷ ᠬᠥᠭ᠌ᠵᠢᠶᠡᠨ᠎ᠲᠠᠢ ᠶᠠᠪᠤᠭ᠍ᠳᠠᠵᠤ᠂ ᠴᠠᠬᠢᠯᠭᠠᠨ ᠲᠦᠭᠡᠭᠡᠬᠦ᠌ ᠬᠠᠢᠷᠴᠠᠭ ᠪᠤᠯᠤᠨ ᠨᠡᠭᠡᠯᠡᠬᠡᠢ ᠤᠭ᠍ᠰᠠᠷᠠᠬᠤ ᠱᠠᠭᠠᠷᠳᠠᠯᠭ᠎ᠠ᠂ ᠰᠠᠭᠠᠳ ᠢ᠋ ᠠᠷᠢᠯᠭᠠᠬᠤ ᠠᠷᠭ᠎ᠠ ᠵᠡᠷᠭᠡ ᠮᠡᠳᠡᠯᠬᠡ ᠵᠢ ᠰᠤᠷᠤᠯᠴᠠᠨ᠎ᠠ᠃

2024 ᠣᠨ᠎ᠳᠤ᠂ ᠤᠯᠠᠭᠠᠨᠬᠠᠳᠠ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠨ ᠨᠠᠷᠢᠨ ᠨᠢᠮᠪᠠᠶ ᠬᠠᠪᠰᠤᠷᠤᠯᠭ᠎ᠠ ᠳᠣᠤᠷ᠎ᠠ᠂ ᠬᠢᠩᠭᠠᠨ ᠵᠡᠭᠡᠯᠢ ᠭᠤᠳᠤᠮᠵᠢ᠎ᠶ᠋ᠢᠨ 《ᠬᠡᠷ᠎ᠤᠨ ᠡᠭᠦᠳᠡᠨ ᠳ᠋ᠡᠬᠢ》 ᠨᠡᠢᠭᠡᠮ ᠲᠣᠭᠤᠷᠢᠭ᠎ᠤᠨ ᠮᠡᠷᠭᠡᠵᠢᠯ ᠴᠢᠳᠠᠪᠤᠷᠢ ᠵᠢᠨ ᠰᠥᠨᠢ᠎ᠶ᠋ᠢᠨ ᠰᠤᠷᠭᠠᠭᠤᠯᠢ ᠠᠷᠠᠳ ᠣᠯᠠᠨ᠎ᠤ ᠬᠡᠷᠡᠭ᠌ᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ᠎ᠲᠠᠢ ᠤᠶᠠᠯᠳᠤᠭᠤᠯᠤᠨ᠂ ᠪᠥᠬᠦ᠌ ᠬᠤᠲᠠ᠎ᠶ᠋ᠢᠨ ᠬᠡᠪᠴᠢᠶᠡᠨ᠎ᠳᠤ 18 ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠤᠨ ᠪᠠᠢᠭᠤᠯᠤᠮᠵᠢ᠎ᠶ᠋ᠢ ᠰᠣᠩᠭᠤᠭᠠᠳ ᠬᠠᠮᠲᠤᠷᠠᠯᠴᠠᠭᠠᠨ᠎ᠤ ᠬᠠᠷᠢᠴᠠᠭ᠎ᠠ ᠪᠠᠢᠭᠤᠯᠵᠤ᠂ 14 ᠨᠡᠢᠭᠡᠮ ᠲᠣᠭᠤᠷᠢᠭ᠎ᠲᠤ ᠡᠭᠡᠯᠵᠢᠯᠡᠨ ᠭᠤᠯᠢᠷᠴᠢᠨ᠂ ᠡᠬᠡ ᠨᠢᠯᠬᠠᠰ᠎ᠤᠨ ᠠᠰᠠᠷᠠᠭᠴᠢ᠂ ᠰᠤᠪᠢᠯᠠᠭ᠍ᠴᠢ ᠵᠡᠷᠭᠡ ᠬᠡᠳᠦᠨ ᠠᠷᠪᠠᠨ ᠵᠦᠢᠯ᠎ᠤᠨ ᠬᠢᠴᠢᠶᠡᠯ ᠨᠡᠭᠡᠭᠡᠵᠦ᠍᠂ ᠪᠥᠬᠦ᠌ ᠵᠢᠯ ᠤ᠋ᠨ 365 ᠡᠳᠦᠷ ᠬᠢᠴᠢᠶᠡᠯ ᠣᠷᠣᠬᠤ᠎ᠶ᠋ᠢ ᠦᠨᠡᠨ ᠬᠦ᠌ ᠪᠠᠲᠤᠯᠠᠵᠤ᠂ ᠡᠳᠦᠷ ᠪᠦᠷᠢ  ᠱᠢᠨ᠎ᠡ ᠠᠭᠤᠯᠭ᠎ᠠ᠎ᠲᠠᠢ ᠪᠣᠯᠪᠠ᠃

ᠮᠡᠷᠭᠡᠵᠢᠯ ᠴᠢᠳᠠᠪᠤᠷᠢ ᠪᠣᠯ ᠠᠵᠢᠯ ᠣᠯᠭᠣᠯᠲᠠ᠎ᠶ᠋ᠢᠨ ᠰᠠᠭᠤᠷᠢ ᠮᠥᠨ᠃ ᠤᠯᠠᠭᠠᠨᠬᠠᠳᠠ ᠬᠤᠲᠠ ᠠᠵᠢᠯ ᠮᠡᠷᠭᠡᠵᠢᠯ᠎ᠤᠨ ᠪᠣᠯᠪᠠᠰᠤᠷᠠᠯ᠎ᠢ ᠠᠵᠢᠯ ᠣᠯᠭᠤᠯᠲᠠ᠎ᠶ᠋ᠢ ᠠᠬᠢᠭᠤᠯᠬᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠠᠬ᠎ᠠ ᠳᠡᠯᠭᠡᠭᠦᠷ᠎ᠤᠨ ᠬᠡᠷᠡᠭ᠌ᠴᠡᠭᠡ᠎ᠳᠤ ᠳᠤᠬᠢᠷᠠᠭᠰᠠᠨ᠂ ᠠᠷᠠᠳ ᠣᠯᠠᠨ᠎ᠤ ᠬᠡᠷᠡᠭ᠌ᠴᠡᠭᠡ᠎ᠳᠤ ᠨᠡᠢᠴᠡᠭᠰᠡᠨ ᠠᠯᠢ ᠣᠯᠠᠨ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ ᠬᠤᠷ᠎ᠠ᠎ᠶ᠋ᠢᠨ ᠳᠠᠷᠠᠭᠠᠬᠢ  ᠬᠤᠯᠤᠰᠤᠨ ᠰᠦᠶ᠎ᠡ ᠮᠡᠲᠦ  ᠴᠣᠯᠭᠤᠷᠠᠨ ᠭᠠᠷᠤᠭ᠍ᠰᠠᠨ ᠪᠠᠢᠨ᠎ᠠ᠃

《ᠡᠬᠡ ᠨᠢᠯᠬᠠᠰ᠎ᠤᠨ ᠠᠰᠠᠷᠠᠭᠴᠢ᠂ ᠰᠤᠪᠢᠯᠠᠭ᠍ᠴᠢ ᠡᠴᠡ ᠤᠲᠠᠰᠤ ᠲᠠᠳᠠᠬᠤ ᠠᠵᠢᠯᠲᠠᠨ ᠬᠦᠷᠲᠡᠯ᠎ᠡ᠂ ᠡᠯᠧᠺᠲᠷᠣᠨ ᠬᠤᠳᠠᠯᠳᠤᠭᠠᠨ᠎ᠤ ᠡᠵᠡᠩᠨᠡᠯᠲᠡ ᠡᠴᠡ ᠰᠦᠯᠵᠢᠶᠠᠨ ᠤ᠋ ᠱᠢᠭᠤᠳ ᠨᠡᠪᠲᠡᠷᠡᠭᠦᠯᠬᠡ ᠬᠦᠷᠲᠡᠯ᠎ᠡ᠂ ᠪᠣᠯᠪᠠᠰᠤᠷᠠᠯ᠎ᠤᠨ ᠠᠭᠤᠯᠭ᠎ᠠ᠎ᠣᠯᠠᠨ ᠬᠦᠷᠢᠶ᠎ᠡ᠎ᠶ᠋ᠢ ᠬᠠᠮᠤᠷᠴᠤ᠌᠂ ᠠᠷᠠᠳ ᠣᠯᠠᠨ᠎ᠤ ᠠᠳᠠᠯᠢ ᠪᠤᠰᠤ ᠬᠡᠷᠡᠭ᠌ᠴᠡᠭᠡ᠎ᠶ᠋ᠢ ᠬᠠᠩᠭᠠᠵᠤ ᠪᠠᠢᠨ᠎ᠠ᠃ ᠮᠠᠨ ᠤ᠋ ᠬᠤᠲᠠ ᠪᠠᠰᠠ ᠤᠨᠴᠠᠯᠢᠬ᠍ᠳᠤ ᠠᠵᠤ ᠦᠢᠯᠡᠰ᠎ᠤᠨ ᠱᠢᠰᠲ᠋ᠧᠮ᠎ᠤᠨ ᠲᠣᠭᠤᠷᠢᠨ᠎ᠳᠤ ᠬᠥᠳᠡᠭᠡ ᠲᠣᠰᠭᠤᠨ᠎ᠤ ᠬᠥᠳᠡᠯᠮᠦᠷᠢ ᠬᠦᠴᠦ᠂ ᠶᠠᠳᠠᠭᠤ ᠡᠴᠡ ᠠᠩᠭᠢᠵᠢᠷᠠᠭ᠍ᠰᠠᠨ ᠬᠥᠳᠡᠯᠮᠦᠷᠢ ᠬᠦᠴᠦᠨ᠎ᠳᠤ ᠭᠤᠤᠯᠳᠠᠯᠭ᠎ᠠ᠎ᠲᠠᠢ ᠠᠵᠢᠯ ᠮᠡᠷᠭᠡᠵᠢᠯ᠎ᠤᠨ ᠪᠣᠯᠪᠠᠰᠤᠷᠠᠯ ᠥᠷᠨᠢᠭᠦᠯᠵᠦ᠍᠂ 2024 ᠣᠨ᠎ᠠᠴᠠ ᠨᠠᠭᠠᠰᠢ ᠠᠳᠠᠯ ᠠᠬᠤᠶ᠂ ᠺᠣᠮᠫᠢᠦ᠋ᠲ᠋ᠧᠷ᠂ ᠬᠡᠦᠬᠡᠳ ᠠᠰᠠᠷᠠᠭ᠍ᠴᠢ ᠵᠡᠷᠭᠡ ᠠᠵᠢᠯ᠎ᠤᠨ ᠲᠣᠭᠤᠷᠢᠨ᠎ᠳᠤ ᠨᠥᠬᠦᠪᠥᠷᠢ᠎ᠶ᠋ᠢᠨ ᠴᠢᠨᠠᠷᠲᠠᠶ ᠠᠵᠢᠯ ᠮᠡᠷᠭᠡᠵᠢᠯ᠎ᠤᠨ ᠪᠣᠯᠪᠠᠰᠤᠷᠠᠯ᠎ᠢ 1.4 ᠲᠦᠮᠡ ᠭᠠᠷᠤᠶ ᠬᠥᠮᠦᠨ ᠤᠳᠠᠭ᠎ᠠ ᠥᠷᠨᠢᠭᠦᠯᠵᠡᠢ》 ᠬᠡᠵᠤ ᠤᠯᠠᠭᠠᠨᠬᠠᠳᠠ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠂ ᠲᠣᠪᠴᠢᠶᠠᠨ ᠳᠠᠷᠤᠭ᠎ᠠ ᠯᠢᠦᠶ ᠶᠠᠨ ᠬᠠᠨ ᠲᠠᠨᠢᠯᠴᠠᠭᠤᠯᠪᠠ᠃

ᠤᠯᠠᠭᠠᠨᠬᠠᠳᠠ᠎ᠠᠵᠢᠯ ᠣᠯᠭᠤᠵᠤ ᠦᠢᠯᠡᠰ ᠪᠣᠰᠭᠠᠬᠤ ᠦᠢᠯᠡᠴᠢᠯᠡᠭᠡᠨ᠎ᠤ ᠲᠠᠪᠴᠠᠩ ᠪᠠᠢᠭᠤᠯᠵᠤ᠂ ᠨᠡᠢᠭᠡᠮ ᠲᠣᠭᠤᠷᠢᠭ᠎ᠤᠨ ᠠᠵᠤ ᠠᠬᠤᠶ᠎ᠶ᠋ᠢ ᠬᠥᠭ᠌ᠵᠢᠭᠦᠯᠦᠨ᠂ 《ᠳᠣᠲᠣᠭᠠᠳᠤ᠎ᠳᠠᠭᠠᠨ ᠡᠯᠰᠡᠵᠦ᠍ ᠭᠠᠳᠠᠭ᠍ᠰᠢ ᠬᠦᠷᠭᠡᠬᠦ᠌》ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠭ᠌ᠰᠡᠨ ᠡᠴᠡ ᠠᠷᠠᠳ ᠣᠯᠠᠨ᠎ᠤ ᠬᠡᠷ ᠤ᠋ᠨ ᠡᠭᠦᠳᠡᠨ᠎ᠳᠤᠨᠢ ᠠᠵᠢᠯ ᠤᠯᠭᠤᠵᠤ ᠦᠢᠯᠡᠰ ᠪᠣᠰᠭᠠᠬᠤ ᠵᠠᠮ᠎ᠢ ᠥᠷᠭᠡᠳᠭᠡᠪᠡ᠃ ᠬᠤᠩᠱᠠᠨ ᠲᠣᠭᠣᠷᠢᠭ᠎ᠤ᠋ᠨ ᠲᠢᠶᠧ ᠨᠠᠨ ᠵᠡᠭᠡᠯᠢ ᠭᠤᠳᠤᠮᠵᠢ᠎ᠶᠢᠨ ᠸᠸᠨ ᠯᠢᠶᠠᠨ ᠵᠠᠮ ᠤ᠋ᠨ ᠨᠡᠢᠭᠡᠮ ᠲᠣᠭᠣᠷᠢᠭ ᠤᠯᠠᠭᠠᠨᠬᠠᠳᠠ ᠬᠤᠳᠠ ᠵᠢᠨ ᠠᠡᠭᠬᠠᠳᠠᠭᠴᠢ ᠨᠡᠢᠭᠡᠮ ᠲᠣᠭᠣᠷᠢᠭ᠎ᠤ᠋ᠨ ᠪᠣᠳᠠᠰ᠎ᠤ᠋ᠨ ᠪᠤᠰᠤ ᠰᠣᠶᠣᠯ᠎ᠤ᠋ᠨ ᠦᠪ ᠢ᠋ ᠤᠯᠠᠮᠵᠢᠯᠠᠬᠤ ᠰᠠᠭᠤᠷᠢᠨ ᠵᠢᠴᠢ ᠨᠡᠢᠭᠡᠮ ᠲᠣᠭᠣᠷᠢᠭ᠎ᠤ᠋ᠨ ᠳᠡᠰ᠎ᠦ᠋ᠨ ᠠᠵᠢᠯ ᠣᠯᠭᠤᠵᠤ ᠦᠢᠯᠡᠰ ᠪᠣᠰᠭᠠᠬᠤ ᠦᠢᠯᠡᠴᠢᠯᠡᠭᠡᠨ᠎ᠦ᠌ ᠲᠠᠪᠴᠠᠩ᠎ᠢ᠋ ᠪᠠᠢᠭᠤᠯᠵᠠᠢ᠃

ᠨᠢᠭᠡ ᠲᠠᠯ᠎ᠠ᠎ᠪᠠᠷ᠂ ᠸᠸᠨ ᠯᠢᠶᠠᠨ ᠵᠠᠮ ᠤ᠋ᠨ ᠨᠡᠢᠭᠡᠮ ᠲᠣᠭᠣᠷᠢᠭ ᠤ᠋ᠨ ᠲᠤᠬᠠᠶ᠎ᠶ᠋ᠢᠨ ᠭᠠᠵᠠᠷ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠲᠠᠢ ᠵᠣᠯᠭᠠᠭᠤᠯᠵᠤ᠂ ᠮᠡᠳᠡᠭᠡ ᠵᠠᠩᠭᠢ ᠴᠤᠭ᠍ᠯᠠᠭᠤᠯᠬᠤ᠂ ᠪᠣᠯᠪᠠᠰᠤᠷᠠᠯ ᠢ᠋ ᠵᠣᠯᠭᠠᠭᠤᠯᠬᠤ᠂ ᠠᠵᠢᠯ ᠣᠯᠭᠤᠯᠲᠠ᠎ᠶ᠋ᠢ ᠵᠣᠯᠭᠠᠭᠤᠯᠬᠤ ᠪᠠ ᠮᠥᠷᠳᠡᠨ ᠦᠢᠯᠡᠴᠢᠯᠡᠬᠦ᠌ 《ᠳᠥᠷᠪᠡ᠎ᠶ᠋ᠢ ᠨᠢᠭᠡ ᠴᠤᠭ᠍ᠴᠠᠵᠢᠭᠤᠯᠬᠤ》 ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠥᠬᠦ᠌ ᠲᠠᠯ᠎ᠠ᠎ᠪᠠᠷ ᠪᠠᠢᠭᠤᠯᠵᠤ᠂ ᠨᠥᠭᠦᠭᠡ ᠲᠠᠯ᠎ᠠ᠎ᠪᠠᠷ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠎ᠤᠨ ᠬᠡᠯᠬᠢᠶᠡᠵᠢᠭ᠌ᠰᠡᠨ ᠦᠢᠯᠡᠳᠪᠦᠷᠢ᠎ᠶ᠋ᠢᠨ ᠳᠡᠯᠭᠡᠭᠦᠷ ᠪᠠᠢᠭᠤᠯᠵᠤ᠂ ᠨᠣᠤᠯᠤᠭᠤᠷ᠎ᠤᠨ ᠤᠲᠠᠰᠤ  ᠡᠭᠡᠷᠡᠬᠦ  ᠵᠡᠷᠭᠡ 10 ᠭᠠᠷᠤᠶ ᠵᠦᠢᠯ᠎ᠤᠨ ᠬᠠᠮᠲᠤ᠎ᠶ᠋ᠢᠨ ᠠᠵᠤ ᠠᠬᠤᠶ᠎ᠶ᠋ᠢᠨ ᠪᠣᠳᠠᠲᠤ ᠴᠣᠭ᠍ᠴᠠ᠎ᠶ᠋ᠢ ᠬᠥᠭ᠌ᠵᠢᠭᠦᠯᠵᠦ᠍᠂ ᠤᠯᠠᠭᠠᠨᠬᠠᠳᠠ ᠬᠤᠲᠠ᠎ᠶ᠋ᠢᠨ ᠰᠠᠶᠢᠬᠠᠨ ᠪᠠᠢᠭᠤᠯᠤᠭᠳᠠᠭᠰᠠᠨ ᠠᠵᠤ ᠠᠬᠤᠢᠯᠠᠯ ᠪᠠ ᠦᠢᠯᠡᠰ ᠪᠤᠰᠬᠠᠬᠴᠢᠳ ᠲᠤ᠌ ᠮᠡᠷᠭᠡᠵᠢᠯ᠎ᠤᠨ ᠵᠢᠯᠣᠭᠤᠳᠣᠯᠭ᠎ᠠ᠂ ᠪᠦᠲᠦᠭᠡᠭ᠌ᠳᠡᠬᠦᠨ᠎ᠢ ᠣᠷᠣᠯᠠᠨ ᠪᠣᠷᠣᠯᠠᠭᠤᠯᠬᠤ ᠵᠡᠷᠭᠡ ᠦᠢᠯᠡᠴᠢᠯᠡᠭᠡ ᠬᠠᠩᠭᠠᠪᠠ᠃ ᠸᠸᠨ ᠯᠢᠶᠠᠨ ᠵᠠᠮ ᠤ᠋ᠨ ᠨᠡᠢᠭᠡᠮ ᠲᠣᠭᠣᠷᠢᠭ ᠪᠠᠰᠠ ᠤᠯᠠᠭᠠᠨᠬᠠᠳᠠ ᠬᠤᠲᠠ᠎ᠶ᠋ᠢᠨ ᠣᠯᠠᠨ ᠨᠡᠢᠲᠡ᠎ᠶ᠋ᠢᠨ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠲᠠᠪᠴᠠᠩ᠎ᠳᠤ ᠲᠦᠱᠢᠭ᠌ᠯᠡᠨ᠂ ᠱᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠢᠷᠢ᠎ᠵᠢ ᠲᠠᠢᠴᠢᠯᠠᠬᠤ᠂ ᠠᠵᠢᠯᠲᠠᠨ ᠤᠷᠢᠵᠤ ᠡᠯᠰᠡᠬᠦ᠂ ᠠᠵᠢᠯ ᠮᠡᠷᠭᠡᠵᠢᠯ᠎ᠤᠨ ᠤᠬᠠᠭᠤᠯᠭ᠎ᠠ ᠬᠢᠬᠦ᠂ ᠰᠤᠷᠭᠠᠭᠤᠯᠢ ᠠᠵᠤ ᠠᠬᠤᠢᠯᠠᠯ᠎ᠢ ᠵᠣᠯᠭᠠᠭᠤᠯᠬᠤ ᠵᠡᠷᠭᠡ 12 ᠵᠦᠢᠯ᠎ᠤᠨ ᠦᠢᠯᠡᠴᠢᠯᠡᠭᠡ ᠬᠠᠩᠭᠠᠵᠤ ᠪᠠᠢᠨ᠎ᠠ᠃

ᠤᠯᠠᠭᠠᠨᠬᠠᠳᠠ ᠬᠤᠲᠠ ᠪᠠᠰᠠ ᠠᠵᠤ ᠦᠶ᠋ᠯᠡᠰ᠎ᠤᠨ ᠬᠦᠷᠢᠶᠡᠯᠡᠩ ᠲᠣᠭᠤᠷᠢᠭ᠂ ᠠᠵᠢᠯ ᠣᠯᠭᠤᠯᠲᠠ᠎ᠪᠠᠷ ᠬᠠᠪᠰᠤᠷᠤᠨ ᠲᠡᠳᠬᠦᠬᠦ᠌ ᠦᠶ᠋ᠯᠡᠳᠪᠦᠷᠢ᠎ᠶ᠋ᠢᠨ ᠲᠠᠰᠤᠭ᠂ ᠪᠡᠭᠡᠵᠢᠩ ᠥᠪᠥᠷ ᠮᠣᠩᠭᠤᠯ᠎ᠤᠨ ᠬᠥᠳᠡᠯᠮᠦᠷᠢ ᠦᠶ᠋ᠯᠡᠴᠢᠯᠡᠭᠡᠨ᠎ᠤ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠬᠦ ᠳᠤᠭᠤᠷᠢᠨ ᠳ᠋ᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠲᠡᠭᠡᠷ᠎ᠠ ᠠᠵᠢᠯᠲᠠᠨ ᠡᠯᠰᠡᠬᠦ᠂ ᠠᠵᠢᠯᠳᠠᠨ ᠠᠵᠢᠯᠴᠢᠨ ᠢ᠋ ᠠᠵᠤ ᠠᠬᠤᠢᠯᠠᠯ᠎ᠳᠤ ᠬᠦᠷᠭᠡᠬᠦ᠌ ᠵᠡᠷᠭᠡ ᠠᠵᠢᠯ ᠣᠯᠭᠤᠯᠲᠠ᠎ᠶ᠋ᠢ ᠠᠬᠢᠭᠤᠯᠬᠤ ᠦᠶ᠋ᠯᠡᠴᠢᠯᠡᠭᠡᠨ᠎ᠤ ᠠᠵᠢᠯᠯᠠᠭ᠎ᠠ᠎ᠶ᠋ᠢ ᠥᠷᠨᠢᠭᠦᠯᠵᠦ᠍᠂ 《ᠳᠣᠲᠣᠭᠠᠳᠤ᠎ᠳᠠᠭᠠᠨ ᠡᠯᠰᠡᠵᠦ᠍ ᠭᠠᠳᠠᠭ᠍ᠰᠢ ᠬᠦᠷᠭᠡᠬᠦ》 ᠪᠠᠷ ᠠᠵᠢᠯ ᠣᠯᠭᠤᠬᠤ ᠬᠡᠪᠴᠢᠶ᠎ᠡ᠎ᠶ᠋ᠢ ᠲᠣᠭ᠍ᠲᠠᠪᠤᠷᠢᠵᠢᠭᠤᠯᠪᠠ᠃ 2024 ᠣᠨ ᠡᠴᠡ ᠨᠠᠭᠠᠰᠢ᠂ 《ᠤᠷᠢᠬᠠᠨ ᠰᠠᠯᠬᠢ》 ᠠᠵᠢᠯᠳᠠᠨ ᠡᠯᠰᠡᠬᠦ ᠠᠵᠢᠯᠯᠠᠭ᠎ᠠ᠂ ᠬᠦᠯᠦᠰᠦᠨ ᠠᠵᠢᠯᠴᠢᠨ ᠢ᠋ ᠬᠠᠯᠠᠮᠵᠢᠯᠠᠬᠤ ᠵᠡᠷᠭᠡ ᠠᠵᠢᠯᠯᠠᠭ᠎ᠠ᠎ᠶ᠋ᠢ ᠥᠷᠨᠢᠭᠦᠯᠦᠨ ᠠᠵᠢᠯ ᠣᠯᠭᠤᠯᠲᠠ᠎ᠶ᠋ᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ 3392 ᠬᠥᠳᠡᠯᠮᠦᠷᠢ ᠬᠦᠴᠦ ᠵᠢ ᠠᠰᠠᠭᠤᠨ ᠰᠤᠷᠪᠤᠯᠵᠢᠯᠠᠵᠤ᠂ ᠲᠤᠰᠭᠠᠶ ᠲᠠᠯᠠᠪᠠᠢ ᠵᠢᠨ ᠠᠵᠢᠯᠲᠠᠨ ᠡᠯᠰᠡᠬᠦ᠌ ᠠᠵᠢᠯᠯᠠᠭ᠎ᠠ᠎ᠶ᠋ᠢ 47 ᠤᠳᠠᠭ᠎ᠠ ᠵᠣᠬᠢᠶᠠᠨ ᠪᠠᠢᠭᠤᠯᠵᠤ᠂ 25838 ᠠᠵᠢᠯ᠎ᠤᠨ ᠪᠠᠢᠷᠢ ᠬᠠᠩᠭᠠᠵᠤ᠂ 2646 ᠬᠥᠮᠦᠨ᠎ᠠᠵᠢᠯ ᠣᠯᠬᠤ ᠰᠠᠨᠠᠮᠵᠢ  ᠲᠣᠭ᠍ᠲᠠᠪᠠ᠃

ᠤᠯᠠᠭᠠᠨᠬᠠᠳᠠ᠎ᠶ᠋ᠢᠨ《ᠪᠣᠯᠪᠠᠰᠤᠷᠠᠯ + ᠠᠵᠢᠯ ᠣᠯᠭᠤᠯᠳᠠ》 ᠵᠢᠨ ᠱᠢᠨ᠎ᠡ ᠵᠠᠭ᠍ᠪᠤᠷ᠎ᠠᠵᠢᠯ ᠣᠯᠭᠤᠯᠲᠠ᠎ᠶ᠋ᠢ ᠠᠬᠢᠭᠤᠯᠤᠨ᠂ ᠠᠷᠠᠳ ᠣᠯᠠᠨ᠎ᠤ ᠵᠢᠷᠭᠠᠯᠲᠤ ᠲᠥᠷᠥᠭ᠌ᠳᠡᠯ ᠪᠠ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号