ᠬᠥᠯᠥᠨ ᠪᠣᠢᠷ ᠣᠯᠠᠨ ᠲᠠᠯ᠎ᠠ᠎ᠪᠠᠷ ᠬᠦᠴᠦᠯᠡᠵᠤ ᠤᠮᠠᠷᠠᠲᠤ ᠬᠢᠯᠢ ᠢ᠋ᠢᠨ ᠰᠣᠶᠣᠯ ᠤ᠋ᠨ ᠪᠠᠢᠭᠤᠯᠤᠯᠲᠠ ᠢ᠋ᠢ ᠠᠬᠢᠭᠤᠯᠵᠤ ᠪᠠᠢᠨ᠎ᠠ — ᠤᠳᠤᠳ ᠲᠦᠭᠡᠭᠰᠡᠨ ᠤᠮᠠᠷᠠᠲᠤ ᠬᠢᠯᠢ ᠤᠳᠬ᠎ᠠ ᠢ᠋ᠢᠨ ᠴᠢᠮᠡᠭ ᠢ᠋ᠢᠡᠷ ᠬᠢᠯᠡᠯᠵᠠᠨᠠᠮ
2025-02-23 11:38:46
ᠵᠣᠬᠢᠶᠠᠭ᠍ᠴᠢ᠄
​ᠱᠢᠤᠢ ᠶᠤᠸᠠᠢ
ᠣᠩᠱᠢᠭ᠍ᠰᠠᠨ ᠣᠳᠠᠭ᠎ᠠ᠄
★★★☆☆

ᠡᠬᠡ ᠤᠯᠤᠰ ᠤ᠋ᠨ ᠤᠮᠠᠷᠠᠲᠤ ᠬᠢᠯᠢ᠎ᠳ᠋ᠤ᠌  ᠬᠥᠯᠥᠨ ᠪᠤᠢ᠌ᠷ ᠦᠨᠢᠷ ᠲᠠᠡᠭᠰᠤᠭ ᠪᠠᠢᠭᠠᠯᠢ ᠢ᠋ᠢᠨ ᠡᠬᠢ ᠪᠠᠶᠠᠯᠢᠭ ᠪᠣᠯᠤᠨ ᠥᠪᠡᠷᠮᠢᠴᠡ ᠰᠤᠳᠤᠨ ᠰᠣᠶᠣᠯ ᠤ᠋ᠨ ᠤᠨᠴᠠᠯᠢᠭ ᠢ᠋ᠢᠡᠷ ᠢ᠋ᠢᠡᠨ ᠤᠮᠠᠷᠠᠲᠤ ᠬᠢᠯᠢ ᠢ᠋ᠢᠨ ᠰᠣᠶᠣᠯ ᠤ᠋ᠨ ᠪᠠᠢᠭᠤᠯᠤᠯᠲᠠ ᠢ᠋ᠢᠨ ᠦᠨᠭ᠌ᠭᠡ ᠢᠯᠭᠠᠷᠠᠭ᠍ᠰᠠᠨ ᠬᠠᠭᠤᠳᠠᠰᠤ ᠢ᠋ᠢ ᠪᠢᠴᠢᠭᠯᠡᠵᠤ ᠪᠠᠢᠨ᠎ᠠ᠃ ᠡᠨᠳᠡ ᠬᠤᠪᠢᠰᠭᠠᠯ ᠤ᠋ᠨ ᠰᠣᠶᠣᠯ᠂ ᠲᠠᠯ᠎ᠠ ᠨᠤᠲᠤᠭ ᠤ᠋ᠨ ᠰᠣᠶᠣᠯ᠂ ᠲᠠᠷᠢᠶᠠᠯᠠᠬᠤ ᠰᠣᠶᠣᠯ᠂ ᠬᠢᠯᠢ ᠬᠢᠵᠠᠭᠠᠷ ᠢ᠋ ᠬᠠᠮᠠᠭᠠᠯᠠᠬᠤ ᠰᠣᠶᠣᠯ᠂ ᠤᠢ ᠱᠢᠭᠤᠢ ᠢ᠋ᠢᠨ ᠰᠣᠶᠣᠯ ᠤᠯᠠᠨ ᠡᠱᠢᠴᠢᠯᠡᠨ ᠠᠭᠤᠰᠤᠯᠴᠠᠵᠤ ᠂ ᠤᠮᠠᠷᠠᠲᠤ ᠬᠢᠯᠢ ᠢ᠋ᠢᠨ ᠰᠣᠶᠣᠯ ᠤ᠋ᠨ ᠪᠠᠢᠭᠤᠯᠤᠯᠲᠠ᠎ᠶ᠋ᠢ ᠠᠬᠢᠭᠤᠯᠬᠤ ᠳ᠋ᠤ ᠡᠯᠪᠡᠭ ᠵᠤᠵᠠᠭᠠᠨ ᠬᠥᠷᠥᠰᠥ᠍ ᠱᠢᠷᠣᠢ ᠪᠠ ᠡᠷᠬᠢᠮ ᠨᠠᠨᠳᠢᠨ ᠡᠬᠢ ᠰᠤᠷᠪᠤᠯᠵᠢ ᠬᠠᠡᠭᠭᠠᠵᠠᠢ᠃

2024 ᠣᠨ ᠤ᠋ 12 ᠰᠠᠷ᠎ᠠ ᠳ᠋ᠤ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ᠋ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ ᠤ᠋ ᠠᠵᠤ ᠠᠬᠤᠢ ᠢ᠋ᠢᠨ ᠠᠵᠢᠯ ᠤ᠋ᠨ ᠬᠤᠷᠠᠯ ᠬᠤᠷᠠᠯᠳᠤᠵᠤ᠂ ᠤᠮᠠᠷᠠᠲᠤ ᠬᠢᠯᠢ ᠢ᠋ᠢᠨ ᠰᠣᠶᠣᠯ ᠤ᠋ᠨ ᠪᠠᠢᠭᠤᠯᠤᠯᠲᠠ ᠳ᠋ᠤ ᠱᠢᠨ᠎ᠡ ᠱᠠᠭᠠᠷᠳᠠᠯᠭ᠎ᠠ ᠲᠠᠯᠪᠢᠵᠦ᠂ ᠬᠤᠷᠠᠯ ᠡᠴᠡ ᠲᠤᠷᠠᠳᠤᠭᠰᠠᠨ《ᠵᠢᠷᠭᠤᠭᠠᠨ ᠠᠵᠢᠯᠯᠠᠭ᠎ᠠ》ᠵᠢᠨ ᠨᠢᠭᠡ ᠨᠢ ᠳᠠᠷᠤᠢ ᠤᠮᠠᠷᠠᠲᠤ ᠬᠢᠯᠢ ᠢ᠋ᠢᠨ ᠰᠣᠶᠣᠯ ᠤ᠋ᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠪᠣᠯᠤᠨ᠎ᠠ᠃

ᠬᠥᠯᠥᠨ ᠪᠤᠢ᠌ᠷ ᠬᠤᠳᠠ ᠢ᠋ᠢᠨ ᠨᠠᠮ ᠤ᠋ᠨ ᠬᠣᠷᠢᠶ᠎ᠠ ᠵᠢᠨ ᠱᠦᠵᠢ ᠸᠠᠩ ᠸᠠᠩ ᠱᠧᠩ᠄《ᠪᠢᠳᠠ ᠳᠤᠮᠳᠠᠳᠤ ᠢ᠋ᠢᠨ ᠦᠨᠳᠦᠰᠦᠲᠡᠨ᠎ᠦ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ ᠭᠣᠣᠯ ᠱᠢᠵᠢᠮ ᠢ᠋ ᠯᠠᠪᠳᠠᠭᠤᠨ ᠡᠵᠡᠮᠳᠡᠭ᠌ᠰᠡᠨ᠎ᠦ ᠰᠠᠭᠤᠷᠢᠨ ᠳᠡᠭᠡᠷ᠎ᠡ ᠬᠠᠳᠠᠭᠠᠯᠠᠭ᠍ᠳᠠᠵᠤ ᠪᠠᠢᠭ᠎ᠠ ᠲᠡᠦᠬᠡ ᠰᠣᠶᠣᠯ ᠤ᠋ᠨ ᠡᠷᠳᠡᠨᠢᠰ᠎ᠦᠨ ᠰᠠᠩ ᠵᠢᠡᠨ ᠰᠠᠢᠲᠤᠷ ᠨᠡᠭᠡᠭᠡᠨ ᠬᠥᠭ᠌ᠵᠢᠭᠦᠯᠵᠦ᠍ ᠠᠰᠢᠭᠯᠠᠨ᠎ᠠ》ᠭᠡᠪᠡ᠃ ᠲᠦᠷᠦᠭᠦᠬᠡᠨ ᠬᠤᠷᠠᠯᠳᠤᠭᠰᠠᠨ ᠬᠥᠯᠥᠨ ᠪᠤᠢ᠌ᠷ ᠬᠤᠳᠠ ᠢ᠋ᠢᠨ 《ᠬᠣᠶᠠᠷ ᠬᠤᠷᠠᠯ》 ᠳ᠋ᠤ ᠲᠤᠰ ᠬᠤᠳᠠ ᠢ᠋ᠢᠨ ᠬᠢᠨ ᠳᠠᠷᠤᠢᠬᠠᠨ ᠪᠠᠢᠷᠢᠯᠠᠭᠤᠯᠤᠯᠲᠠ ᠬᠢᠵᠦ᠍᠂ ᠬᠦᠴᠦᠨ ᠢ᠋ᠢᠡᠨ ᠲᠥᠪᠯᠡᠷᠡᠭᠦᠯᠦᠨ 《ᠵᠢᠷᠭᠤᠭᠠᠨ ᠠᠵᠢᠯᠯᠠᠭ᠎ᠠ》 ᠵᠢ ᠠᠬᠢᠭᠤᠯᠵᠤ᠂ ᠤᠮᠠᠷᠠᠲᠤ ᠬᠢᠯᠢ ᠢ᠋ᠢᠨ ᠰᠣᠶᠣᠯ ᠤ᠋ᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠳ᠋ᠤ ᠬᠥᠯᠥᠨ ᠪᠤᠢ᠌ᠷ ᠤ᠋ᠨ ᠬᠦᠴᠦᠨ ᠴᠢᠳᠠᠯ ᠢ᠋ᠢᠡᠨ ᠡᠷᠭᠦᠨ᠎ᠠ ᠭᠡᠵᠡᠢ᠃

ᠤᠳᠭ᠎ᠠ ᠤᠷᠠᠯᠢᠭ ᠤ᠋ᠨ ᠰᠣᠳᠣᠨ ᠪᠦᠲᠦᠭᠡᠯ ᠤᠯᠠᠨ ᠴᠤᠯᠭᠤᠷᠠᠪᠠ

ᠪᠠᠬᠠᠷᠤᠮ᠎ᠠ ᠰᠠᠢᠬᠠᠨ ᠪᠠᠢᠭᠠᠯᠢ ᠪᠠ ᠪᠠᠶᠠᠯᠢᠭ ᠰᠠᠢᠬᠠᠨ ᠰᠣᠶᠣᠯ ᠢᠷᠭᠡᠨᠱᠢᠯ᠎ᠨᠢ ᠬᠥᠯᠥᠨ ᠪᠤᠢ᠌ᠷ ᠤ᠋ᠨ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠤ᠋ᠨ ᠦᠨᠳᠤᠰᠤ ᠰᠠᠭᠤᠷᠢ ᠪᠤᠯᠤᠭᠰᠠᠭᠠᠷ ᠢᠷᠡᠵᠡᠢ᠃

ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠭ᠌ᠴᠢᠳ ᠠᠮᠢᠳᠤᠷᠠᠯ ᠳ᠋ᠤ ᠭᠦᠨᠵᠡᠭᠡᠢᠷᠡᠨ᠂ ᠱᠢᠮᠡᠯᠢᠭ ᠬᠥᠷᠥᠰᠥᠨ᠎ᠳᠦ ᠦᠨᠳᠦᠰᠦᠯᠡᠵᠦ᠍᠂ ᠦᠯᠡᠮᠵᠢ ᠤᠯᠠᠨ ᠪᠦᠲᠦᠭᠡᠯ ᠬᠤᠷ᠎ᠠ ᠢ᠋ᠢᠨ ᠳᠠᠷᠠᠭᠠᠬᠢ ᠬᠤᠯᠤᠰᠤᠨ ᠰᠦᠶ᠎ᠡ ᠮᠡᠲᠦ ᠴᠣᠯᠭᠣᠷᠠᠨ ᠭᠠᠷᠴᠤ᠌᠂ ᠪᠦᠬᠦ᠌ ᠤᠯᠤᠰ ᠤ᠋ᠨ ᠤᠷᠠᠨ ᠵᠢᠷᠤᠭ᠂ ᠭᠡᠷᠡᠯ ᠵᠢᠷᠤᠭ᠂ ᠺᠢᠨᠣ᠋᠂ ᠪᠥᠵᠢᠭ᠂ ᠳᠠᠭᠤᠤ ᠵᠡᠷᠭᠡ ᠬᠦᠷᠢᠶᠡᠨ᠎ᠳᠦ ᠠᠪᠢᠶᠠᠰ ᠴᠢᠳᠠᠪᠤᠷᠢ᠎ᠪᠠᠨ ᠭᠠᠢᠬᠠᠭᠤᠯᠤᠭᠰᠠᠨ ᠪᠠᠢᠨ᠎ᠠ᠃

《ᠬᠦᠯᠦᠭ ᠤ᠋ᠨ ᠨᠢᠷᠤᠭᠤᠨ ᠳ᠋ᠤ ᠬᠦᠷᠦᠰᠤᠲᠤ ᠳᠡᠯᠡᠬᠡᠢ ᠢ᠋ᠢ ᠲᠤᠭᠤᠷᠢᠬᠰᠠᠨ ᠨᠢ》 ᠪᠦᠬᠦ᠌ ᠤᠯᠤᠰ ᠤ᠋ᠨ ᠴᠥᠭᠡᠨ ᠲᠣᠭᠠᠲᠤ ᠦᠨᠳᠦᠰᠦᠲᠡᠨ᠎ᠦ ᠤᠳᠭ᠎ᠠ ᠵᠣᠬᠢᠶᠠᠯ ᠤ᠋ᠨ ᠵᠣᠬᠢᠶᠠᠨ ᠪᠦᠲᠦᠭᠡᠯᠭᠡ ᠢ᠋ᠢᠨ 《ᠠᠵᠢᠨᠠᠢ ᠬᠥᠯᠥᠭ ᠱᠠᠩᠨᠠᠯ》 ᠬᠦᠷᠲᠡᠵᠤ᠂ 《ᠪᠠᠰᠠᠩ ᠤ᠋ᠨ ᠳᠠᠯᠠᠢ 》 ᠤᠳᠭ᠎ᠠ ᠵᠣᠬᠢᠶᠠᠯ ᠤ᠋ᠨ《ᠥᠨᠢᠷ ᠴᠡᠴᠡᠭ 》 ᠱᠠᠩᠨᠠᠯ ᠬᠦᠷᠲᠡᠵᠤ᠂ 《ᠰᠡᠭᠡᠭᠡᠷᠡᠯᠲᠠ》᠂ 《ᠨᠤᠲᠤᠭ ᠤ᠋ᠨ ᠬᠠᠢᠷ᠎ᠠ》ᠵᠡᠷᠭᠡ 22 ᠪᠦᠲᠦᠭᠡᠯ ᠪᠦᠬᠦ᠌ ᠤᠯᠤᠰ ᠤ᠋ᠨ ᠤᠷᠠᠨ ᠵᠢᠷᠤᠭ ᠤ᠋ᠨ ᠪᠦᠲᠦᠭᠡᠯ᠎ᠦᠨ ᠦᠵᠡᠰᠭᠦᠯᠡᠩ᠎ᠳᠦ ᠰᠣᠩᠭᠣᠭ᠍ᠳᠠᠵᠤ 《ᠨᠠᠷᠠᠨᠲᠤᠶᠠᠭ᠎ᠠ》᠂ 《ᠪᠤᠷᠢᠶᠠᠳᠴᠤᠳ》ᠪᠦᠬᠦ᠌ ᠤᠯᠤᠰ ᠤ᠋ᠨ ᠭᠡᠷᠡᠯ ᠵᠢᠷᠤᠭ ᠤ᠋ᠨ ᠤᠷᠠᠯᠢᠭ ᠤ᠋ᠨ ᠦᠵᠡᠰᠭᠦᠯᠡᠩ᠎ᠳᠦ ᠰᠣᠩᠭᠣᠭ᠍ᠳᠠᠨ ᠣᠷᠣᠵᠤ᠂《ᠬᠦᠶ᠋ᠰᠦ》ᠺᠢᠨᠣ᠋ ᠱᠠᠩᠬᠠᠶ ᠢ᠋ᠢᠨ ᠣᠯᠠᠨ ᠤᠯᠤᠰ ᠤ᠋ᠨ ᠺᠢᠨᠣ᠋ ᠢ᠋ᠢᠨ ᠨᠠᠢᠷ ᠤ᠋ᠨ ᠬᠠᠮᠤᠭ ᠤ᠋ᠨ ᠱᠢᠯᠢᠳᠡᠭ ᠺᠢᠨᠣ᠋ ᠱᠠᠩᠨᠠᠯ  ᠭᠥᠷᠳᠡᠪᠠ᠃

ᠬᠥᠯᠥᠨ ᠪᠣᠢᠷ ᠬᠤᠳᠠ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠬᠦ᠌᠎ᠶ᠋ᠢ ᠵᠣᠷᠢᠭ᠍ᠵᠢᠭᠤᠯᠬᠤ ᠢ᠋ᠢᠨ ᠬᠠᠮᠲᠤ ᠠᠷᠠᠳ ᠤ᠋ᠨ ᠤᠳᠭ᠎ᠠ ᠤᠷᠠᠯᠢᠭ ᠤ᠋ᠨ ᠬᠡᠪᠯᠡᠯ᠎ᠦᠨ ᠡᠷᠬᠡ ᠵᠤᠬᠢᠶᠠᠯ ᠪᠦᠲᠦᠭᠡᠯ᠎ᠦᠨ ᠬᠠᠮᠠᠭᠠᠯᠠᠯᠲᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠮᠠᠨ ᠤ᠋ ᠤᠷᠤᠨ ᠤ᠋ ᠠᠷᠠᠳ ᠤ᠋ᠨ ᠤᠳᠭ᠎ᠠ ᠤᠷᠠᠯᠢᠭ ᠤ᠋ᠨ ᠬᠡᠪᠯᠡᠯ᠎ᠦᠨ ᠡᠷᠬᠡ᠎ᠶ᠋ᠢ ᠬᠠᠮᠠᠭᠠᠯᠠᠬᠤ ᠪᠠ ᠠᠬᠢᠭᠤᠯᠬᠤ ᠲᠤᠷᠱᠢᠯᠲᠠ ᠢ᠋ᠢᠨ ᠭᠠᠵᠠᠷ ᠣᠷᠣᠨ ᠢ᠋ ᠠᠮᠵᠢᠯᠲᠠ᠎ᠲᠠᠶ ᠡᠭᠦᠳᠦᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠤᠷᠢᠳ ᠵᠢᠡᠷ ᠬᠡᠷᠡᠭ᠌ᠵᠢᠭᠦᠯᠵᠦ᠍ ᠤᠷᠢᠳ ᠵᠢᠡᠷ ᠲᠤᠷᠱᠢᠵᠤ᠂ ᠪᠥᠬᠥ᠌ ᠣᠷᠣᠨ ᠤ᠋ ᠠᠩᠬᠠᠳᠠᠭ᠍ᠴᠢ ᠢᠵᠢ ᠪᠥᠷᠢᠳᠦᠭ᠌ᠰᠡᠨ ᠬᠠᠮᠢᠶᠠᠷᠤᠯᠲᠠ ᠢ᠋ᠢᠨ ᠬᠠᠤᠯᠢ ᠳᠦᠷᠢᠮ ᠲᠠᠢ ᠠᠢᠮᠠᠭ ᠬᠣᠲᠠ ᠪᠣᠯᠪᠠ᠃

ᠣᠳᠣᠬᠠᠨ ᠪᠣᠯᠲᠠᠯ᠎ᠠ  ᠬᠥᠯᠥᠨ ᠪᠣᠢᠷ ᠬᠣᠲᠠ ᠬᠡᠪᠯᠡᠯ᠎ᠦᠨ ᠡᠷᠬᠡ ᠢ᠋ᠢᠨ ᠦᠶ᠋ᠯᠡᠴᠢᠯᠡᠭᠡᠨ᠎ᠦ ᠬᠤᠪᠢᠶᠠᠷᠢ ᠥᠷᠲᠡᠭᠡ ᠢ᠋ᠢ 85 ᠪᠠᠢᠭᠤᠯᠵᠤ᠂ ᠵᠣᠬᠢᠶᠠᠯ ᠪᠦᠲᠦᠭᠡᠯ᠎ᠦᠨ ᠡᠷᠬᠡ ᠢ᠋ᠢᠨ ᠳᠠᠩᠰᠠᠯᠠᠯᠲᠠ ᠢ᠋ᠢᠨ ᠬᠡᠮᠵᠢᠶ᠎ᠡ ᠵᠢᠯ ᠪᠦᠷᠢ 500 ᠢ᠋ᠢ ᠳᠠᠪᠠᠵᠤ᠂ ᠶᠡᠷᠦᠩᠬᠡᠶ ᠲᠣᠭ᠎ᠠ᠎ᠨᠢ 2000 ᠎ᠶ᠋ᠢ ᠳᠠᠪᠠᠭᠰᠠᠨ ᠪᠠᠢᠨ᠎ᠠ᠃ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠢ᠋ᠢᠨ ᠲᠣᠭ᠎ᠠ ᠬᠡᠮᠵᠢᠶ᠎ᠡ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠤᠷᠠᠯᠢᠭ᠍ᠴᠢᠳ ᠤ᠋ᠨ ᠵᠣᠬᠢᠶᠠᠨ ᠪᠦᠲᠦᠭᠡᠬᠦ᠌ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠦ᠍᠂ ᠰᠣᠶᠣᠯ ᠤ᠋ᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃

19 ᠬᠣᠣᠰ ᠤᠯᠠᠨ ᠤᠯᠤᠰ ᠤ᠋ᠨ ᠨᠥᠬᠥᠷᠰᠡᠭ ᠬᠤᠳᠠ ᠢ᠋ᠢᠨ ᠬᠠᠷᠢᠯᠴᠠᠭ᠎ᠠ᠎ᠶ᠋ᠢ ᠪᠠᠢᠭᠤᠯᠵᠤ᠂ 35 ᠤᠯᠠᠨ ᠤᠯᠤᠰ ᠤ᠋ᠨ ᠬᠠᠮᠲᠤᠷᠠᠯᠴᠠᠭᠠᠨ ᠤ᠋ ᠶᠡᠬᠡ ᠳᠡᠭᠡᠳᠦ ᠰᠤᠷᠭᠠᠭᠤᠯᠢ᠎ᠲᠠᠶ ᠪᠣᠯᠵᠤ᠂ 《ᠲᠩᠷᠢ ᠢ᠋ᠢᠨ ᠬᠢᠵᠠᠭᠠᠷ·ᠬᠥᠯᠥᠨ ᠪᠣᠢᠷ》᠂ 《ᠧᠦ᠋ᠷᠣᠫᠠ ᠠᠽᠢᠶ᠎ᠠ ᠢ᠋ᠢᠨ ᠴᠣᠩᠬᠣ — ᠮᠠᠨᠵᠤᠤᠷ》 ᠵᠡᠷᠭᠡ 4 ᠣᠯᠠᠨ ᠤᠯᠤᠰ ᠤ᠋ᠨ ᠳᠠᠮᠵᠢᠭᠤᠯᠭ᠎ᠠ ᠢ᠋ᠢᠨ ᠠᠵᠢᠯᠯᠠᠬᠤ ᠦᠷᠦᠭᠡ ᠪᠠᠢᠭᠤᠯᠵᠤ᠂ ᠳᠤᠮᠳᠠᠳᠤ ᠤᠯᠤᠰ ᠤ᠋ᠨ ᠦᠯᠢᠬᠡᠷ᠂ ᠥᠪᠥᠷ ᠮᠣᠩᠭᠣᠯ ᠤ᠋ᠨ ᠦᠯᠢᠬᠡᠷ ᠪᠣᠯᠤᠨ ᠬᠥᠯᠥᠨ ᠪᠤᠢ᠌ᠷ ᠤ᠋ᠨ ᠦᠯᠢᠬᠡᠷ ᠢ᠋ ᠭᠦᠢᠴᠡᠳ ᠤᠬᠠᠭᠤᠯᠤᠨ ᠲᠠᠢᠯᠪᠤᠷᠢᠯᠠᠵᠡᠢ᠃

ᠰᠣᠶᠣᠯ ᠤ᠋ᠨ ᠦᠶ᠋ᠯᠡᠴᠢᠯᠡᠭᠡ ᠪᠡᠷ ᠠᠷᠠᠳ ᠤ᠋ᠨ ᠠᠮᠢᠳᠤᠷᠠᠯ ᠢ᠋ ᠪᠠᠶᠠᠯᠢᠭᠵᠢᠭᠤᠯᠪᠠ

ᠰᠣᠶᠣᠯ ᠢ᠋ᠢᠡᠷ ᠠᠷᠠᠳ᠎ᠲᠤ ᠠᠱᠢᠭ ᠬᠦᠷᠲᠡᠭᠡᠵᠦ᠍᠂ ᠰᠣᠶᠣᠯ ᠢ᠋ᠢᠡᠷ ᠰᠡᠳᠭᠢᠯ ᠢ᠋ ᠨᠢᠭ᠍ᠲᠠᠷᠠᠭᠤᠯᠪᠠ᠃

1 ᠰᠠᠷ᠎ᠠ ᠢ᠋ᠢᠨ 9 —10  ᠤ᠋ ᠡᠳᠦᠷ 《ᠥᠪᠥᠷ ᠮᠣᠩᠭᠣᠯ ᠤ᠋ᠨ 〈ᠪᠣᠳᠠᠰ ᠤ᠋ᠨ ᠪᠤᠰᠤ ᠰᠣᠶᠣᠯ ᠤ᠋ᠨ ᠥᠪ· ᠬᠡᠷ ᠣᠷᠣᠨ〉 ᠬᠥᠯᠥᠨ ᠪᠣᠢᠷ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ᠎ᠦᠨ ᠦᠷ᠎ᠡ ᠪᠦᠲᠦᠭᠡᠯ᠎ᠦᠨ ᠦᠵᠡᠭᠦᠯᠭᠡ ᠢ᠋ᠢᠨ ᠲᠤᠭᠯᠠᠯᠲᠠ》 ᠬᠥᠯᠥᠨ ᠪᠣᠢᠷ ᠲᠢᠶᠠᠲ᠋ᠷ᠎ᠲᠤ ᠶᠠᠪᠤᠭ᠍ᠳᠠᠵᠤ᠂ ᠪᠡᠭᠡᠵᠢᠩ᠂ ᠱᠢᠨᠵᠢᠶᠠᠩ᠂ ᠬᠠᠷᠠᠮᠥ᠋ᠷᠡᠨ᠂ ᠥᠪᠥᠷ ᠮᠣᠩᠭᠣᠯ ᠵᠡᠷᠭᠡ ᠭᠠᠵᠠᠷ᠎ᠠᠴᠠ ᠢᠷᠡᠭ᠌ᠰᠡᠨ ᠪᠣᠳᠠᠰ ᠤ᠋ᠨ ᠪᠤᠰᠤ ᠰᠣᠶᠣᠯ ᠤ᠋ᠨ ᠥᠪ᠎ᠦᠨ ᠲᠦᠯᠦᠭᠡᠯᠡᠬᠦ ᠴᠢᠨᠠᠷᠳᠠᠢ ᠦᠪᠯᠡᠨ ᠤᠯᠠᠮᠵᠢᠯᠠᠭ᠍ᠴᠢ ᠪᠣᠯᠤᠨ ᠲᠣᠭ᠍ᠯᠠᠭ᠍ᠴᠢᠳ 60 ᠭᠠᠷᠤᠶ ᠲᠣᠭ᠍ᠯᠠᠯᠲᠠ ᠭᠠᠷᠭᠠᠵᠤ᠂ ᠦᠵᠡᠭ᠌ᠴᠢᠳ ᠲᠤ᠌ ᠤᠯᠠᠮᠵᠢᠯᠠᠯᠲᠤ ᠪᠠ ᠣᠲᠣ ᠦᠶ᠎ᠡ ᠢ᠋ᠢ ᠰᠣᠯᠪᠢᠴᠠᠭᠤᠯᠤᠭ᠍ᠰᠠᠨ ᠰᠣᠶᠣᠯ ᠤ᠋ᠨ ᠦᠪᠡᠳᠡᠭ᠌ᠰᠢ ᠨᠠᠢᠷ ᠢ᠋ ᠰᠣᠨᠢᠷᠬᠠᠭᠤᠯᠵᠠᠶ᠃

ᠲᠡᠦᠬᠡ ᠢ᠋ᠢᠨ ᠮᠦᠽᠧᠶ᠂ ᠤᠯᠠᠭᠠᠨᠮᠥ᠋ᠴᠢᠷ᠎ᠦᠨ ᠣᠷᠳᠣᠨ ᠵᠡᠷᠭᠡ ᠨᠢᠭᠡ ᠪᠦᠯᠦᠭ ᠥᠨᠳᠥᠷ ᠲᠦᠪᠰᠢᠨ ᠪᠦᠬᠦᠢ ᠲᠣᠮᠣ ᠬᠡᠯᠪᠡᠷᠢ ᠢ᠋ᠢᠨ ᠣᠯᠠᠨ ᠨᠡᠢᠲᠡ ᠢ᠋ᠢᠨ ᠰᠣᠶᠣᠯ ᠤ᠋ᠨ ᠲᠦᠬᠦᠭᠡᠷᠦᠮᠵᠢ ᠪᠣᠯᠤᠨ ᠬᠣᠲᠠ ᠬᠥᠳᠡᠭᠡ ᠢ᠋ᠢᠨ ᠦᠨᠳᠦᠰᠦᠨ ᠱᠠᠲᠤᠨ ᠤ᠋ ᠣᠯᠠᠨ ᠨᠡᠢᠲᠡ ᠢ᠋ᠢᠨ ᠰᠣᠶᠣᠯ ᠤ᠋ᠨ ᠲᠦᠬᠦᠭᠡᠷᠦᠮᠵᠢ ᠢ᠋ᠢᠨ ᠲᠣᠣᠷ ᠤ᠋ᠨ ᠪᠠᠢᠭᠤᠯᠤᠯᠲᠠ᠎ᠶ᠋ᠢ ᠠᠬᠢᠭᠤᠯᠵᠤ᠂ ᠨᠡᠯᠢᠶᠡᠳ ᠪᠦᠷᠢᠨ ᠲᠡᠭᠦᠯᠳᠡᠷ ᠣᠯᠠᠨ ᠨᠡᠢᠲᠡ ᠢ᠋ᠢᠨ ᠰᠣᠶᠣᠯ ᠤ᠋ᠨ ᠦᠢᠯᠡᠴᠢᠯᠡᠭᠡᠨ᠎ᠦ ᠲᠣᠣᠷ ᠢ᠋ ᠪᠤᠶ ᠪᠣᠯᠭᠠᠪᠠ᠃

ᠤᠳᠭ᠎ᠠ ᠤᠷᠠᠯᠢᠭ ᠤ᠋ᠨ ᠪᠦᠲᠦᠭᠡᠯ᠎ᠦᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠢᠨᠵᠧᠨᠧᠷᠢᠩ᠂ ᠴᠥᠭᠡᠨ ᠲᠣᠭᠠᠲᠤ ᠦᠨᠳᠦᠰᠦᠲᠡᠨ᠎ᠦ ᠱᠢᠯᠢᠳᠡᠭ ᠰᠣᠶᠣᠯ ᠢ᠋ ᠤᠯᠠᠷᠢᠭᠤᠯᠬᠤ ᠵᠡᠷᠭᠡ ᠢᠨᠵᠧᠨᠧᠷᠢᠩ ᠢ᠋ ᠭᠦᠨᠵᠡᠭᠡᠶ ᠬᠡᠷᠡᠭ᠌ᠵᠢᠭᠦᠯᠵᠦ᠍᠂ ᠪᠥᠬᠥ᠌ ᠵᠢᠯ᠎ᠳᠦ ᠬᠥᠯᠥᠨ ᠪᠣᠢᠷ ᠬᠣᠲᠠ ᠢ᠋ᠢᠨ ᠤᠯᠤᠰ ᠤ᠋ᠨ ᠥᠮᠴᠢᠯᠡᠯ᠎ᠤᠨ12 ᠤᠷᠠᠯᠢᠭ ᠤ᠋ᠨ ᠬᠦᠷᠢᠶᠡᠯᠡᠩ ᠪᠦᠯᠬᠦᠮ ᠢ᠋ ᠵᠣᠬᠢᠶᠠᠨ ᠪᠠᠢᠭᠤᠯᠵᠤ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ ᠢ᠋ᠢᠨ ᠠᠵᠢᠯᠯᠠᠭ᠎ᠠ᠎ᠶ᠋ᠢ ᠨᠡᠢᠲᠡ 1514 ᠲᠠᠯᠠᠪᠤᠷ ᠤᠳᠠᠭ᠎ᠠ ᠥᠷᠨᠢᠭᠦᠯᠦᠨ᠂ 313 ᠭᠠᠴᠠᠭ᠎ᠠ ᠲᠤᠰᠬᠤᠨ ᠢ᠋ ᠪᠥᠷᠬᠥᠭᠦᠯᠵᠦ᠍᠂ 186 ᠤᠷᠠᠯᠢᠭ ᠤ᠋ᠨ ᠡᠩᠨᠡᠭᠡ᠎ᠶ᠋ᠢ ᠬᠠᠪᠰᠤᠷᠤᠨ ᠵᠢᠯᠣᠭᠣᠳᠴᠤ᠌᠂ 200 ᠭᠠᠷᠤᠶ ᠲᠦᠮᠡᠨ ᠬᠥᠮᠦᠨ ᠤᠳᠠᠭ᠎ᠠ ᠳ᠋ᠤ ᠠᠱᠢᠭ ᠬᠦᠷᠲᠡᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号