ᠬᠤᠨ ᠭᠠᠯᠠᠭᠤ ᠬᠤᠯᠠ ᠨᠢᠰᠬᠦ ᠳ᠋ᠤ ᠲᠦᠷᠦᠭᠦᠴᠢ ᠭᠠᠯᠠᠭᠤ ᠲᠠᠭᠠᠭᠤᠯᠤᠨ᠎ᠠ᠃
ᠲᠦᠷᠦᠭᠦᠴᠢ ᠭᠠᠯᠠᠭᠤ ᠴᠢᠭ᠌ᠯᠡᠯᠢ᠋ ᠲᠣᠭ᠍ᠲᠠᠭᠠᠨ᠎ᠠ᠃ ᠲᠡᠷᠡ 《ᠲᠦᠷᠦᠭᠦᠴᠢ ᠭᠠᠯᠠᠭᠤ》 ᠶ᠋ᠢᠨ ᠦᠢᠯᠡᠳᠦᠯ᠎ᠢᠶᠡᠨ ᠪᠠᠳᠠᠷᠠᠭᠤᠯᠵᠦ᠂ ᠤᠮᠠᠷᠠᠲᠤ ᠬᠢᠯᠢ᠎ᠶ᠋ᠢᠨ ᠰᠣᠶᠣᠯ᠎ᠢ ᠤᠯᠠᠮᠵᠢᠯᠠᠵᠤ᠂ ᠳᠤᠮᠳᠠᠳᠤ᠎ᠶ᠋ᠢᠨ ᠰᠣᠶᠣᠯ᠎ᠢ ᠵᠠᠯᠭᠠᠮᠵᠢᠯᠠᠵᠤ᠂ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠭᠤᠤᠯ ᠠᠵᠢᠯ ᠵᠢᠡᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠯᠤᠭ᠎ᠠ ᠤᠶᠠᠯᠳᠤᠭᠤᠯᠵᠦ᠂ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠠᠱᠢᠭ᠍ᠯᠠᠬᠤ ᠬᠢᠭᠡᠳ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠎ᠯᠤᠭ᠎ᠠ ᠬᠠᠷᠢᠯᠴᠠᠨ ᠨᠢᠭᠡᠳᠭᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠣᠨᠣᠯ᠎ᠤᠨ ᠰᠤᠳᠤᠯᠤᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠬᠦ᠌ ᠵᠡᠷᠭᠡ ᠲᠠᠯ᠎ᠠ᠎ᠪᠠᠷ ᠢᠳᠡᠪᠬᠢᠲᠡᠶ ᠬᠤᠪᠢ ᠨᠡᠮᠡᠷᠢ ᠦᠵᠡᠭᠦᠯᠵᠦ᠂ ᠰᠣᠶᠣᠯ᠎ᠤᠨ ᠶᠠᠮᠤᠨ᠎ᠤ ᠵᠠᠯᠠᠭᠤ ᠣᠷᠣᠢᠯᠠᠭ᠍ᠰᠠᠨ ᠴᠢᠳᠠᠪᠤᠷᠢᠲᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠵᠠᠭᠤᠨ ᠤ 321 ᠴᠢᠳᠠᠪᠤᠷᠢᠲᠠᠨ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠵᠡᠷᠭᠡ ᠠᠯᠢ ᠣᠯᠠᠨ ᠢᠷᠠᠭᠤ ᠠᠯᠳᠠᠷ᠎ᠢ᠋ ᠬᠦᠷᠳᠡᠪᠡ᠃
ᠲᠡᠷᠡ ᠪᠣᠯ ᠳᠠᠷᠤᠢ ᠰᠦᠨ ᠵᠢᠨ ᠰᠦᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠨᠠᠮ᠎ᠤᠨ ᠡᠭᠦᠷ᠎ᠦᠨ ᠱᠦᠵᠢ᠂ ᠬᠦᠷᠢᠶᠡᠯᠡᠩ᠎ᠤᠨ ᠳᠠᠷᠤᠭ᠎ᠠ ᠪᠣᠯᠤᠨ᠎ᠠ᠃
ᠥᠪᠥᠷ ᠮᠣᠩᠭᠣᠯ᠎ᠢ ᠰᠣᠩᠭᠣᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰᠬᠠᠭᠤᠴᠢ ᠰᠤᠳᠤᠯᠤᠯ᠎ᠤᠨ ᠡᠭᠦᠷᠭᠡ᠎ᠶ᠋ᠢ ᠵᠣᠷᠢᠭ᠍ᠲᠠᠶ ᠪᠡᠷ ᠡᠭᠦᠷᠭᠡᠯᠡᠨ᠎ᠡ; ᠥᠪᠥᠷ ᠮᠣᠩᠭᠣᠯ᠎ᠢ ᠬᠠᠢᠷᠠᠯᠠᠵᠤ᠂ ᠳᠤᠮᠳᠠᠳᠤ᠎ᠶ᠋ᠢᠨ ᠰᠣᠶᠣᠯ ᠤᠨ ᠦᠨᠳᠦᠰᠦ ᠰᠠᠭᠤᠷᠢ᠎ᠶ᠋ᠢ ᠵᠤᠵᠠᠭᠠᠳᠭᠠᠨ᠎ᠠ; ᠥᠪᠥᠷ ᠮᠣᠩᠭᠣᠯ᠎ᠳᠤ ᠦᠨᠳᠦᠰᠦ ᠬᠠᠳᠭᠤᠵᠤ᠂ ᠦᠨᠳᠦᠰᠦᠲᠡᠨ᠎ᠦ ᠪᠦᠯᠬᠦᠮᠳᠡᠯ᠎ᠦᠨ ᠦᠩ ᠱᠢᠮᠡᠯᠢᠭ ᠬᠥᠷᠥᠰᠥ᠍ ᠱᠢᠷᠣᠢ᠎ᠶ᠋ᠢ ᠱᠢᠮᠡᠵᠢᠭᠦᠯᠦᠨᠠ ᠁ ᠰᠦᠨ ᠵᠢᠨ ᠰᠦᠩ ᠪᠣᠯ ᠲᠢᠶᠠᠨᠵᠢᠨ᠎ᠤ ᠦ᠋ ᠴᠢᠩ᠎ᠦᠨ ᠬᠥᠮᠦᠨ᠂ 2003 ᠣᠨ᠎ᠤ 7 ᠰᠠᠷ᠎ᠠ ᠳᠤ ᠪᠠᠷᠠᠭᠤᠨ ᠬᠣᠢᠲᠤ᠎ᠶ᠋ᠢᠨ ᠶᠡᠬᠡ ᠰᠤᠷᠭᠠᠭᠤᠯᠢ᠎ᠠᠴᠠ ᠲᠡᠭᠦᠰᠦᠭ᠌ᠰᠡᠨ᠎ᠦ ᠳᠠᠷᠠᠭ᠎ᠠ ᠥᠪᠥᠷ ᠮᠣᠩᠭᠣᠯ ᠳ᠋ᠤ ᠢᠷᠡᠵᠥ ᠠᠵᠢᠯᠯᠠᠪᠠ᠃ 20 ᠭᠠᠷᠤᠢ ᠵᠢᠯ᠎ᠦᠨ ᠲᠤᠷᠰᠢ᠂ ᠰᠦᠨ ᠵᠢᠨ ᠰᠦᠩ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠠᠯ᠎ᠠ ᠨᠤᠲᠤᠭ᠂ ᠡᠯᠡᠰᠦ ᠮᠠᠩᠬ᠎ᠠ᠂ ᠭᠣᠪᠢ ᠨᠤᠲᠤᠭ᠎ᠢᠶᠠᠷ ᠠᠶᠠᠯᠠᠵᠤ᠂ ᠪᠦᠬᠦ᠌ ᠣᠷᠣᠨ᠎ᠤ ᠥᠷᠭᠡᠨ ᠤᠯᠠᠨ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠠᠵᠢᠯᠲᠠᠳ᠎ᠢ ᠪᠦᠯᠬᠦᠮᠳᠡᠭᠦᠯᠦᠨ ᠳᠠᠭᠠᠭᠤᠯᠵᠤ ᠬᠡᠭᠡᠷ᠎ᠡ ᠭᠠᠳᠠᠭ᠎ᠠ ᠬᠣᠭᠣᠯᠠᠯᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠳᠤᠮᠳᠠ᠎ᠠᠴᠠ ᠳᠤᠮᠳᠠᠳᠤ᠎ᠶ᠋ᠢᠨ ᠪᠣᠯᠪᠠᠰᠤᠨ᠎ᠤ ᠡᠬᠢ ᠡᠭᠦᠰᠦᠯ᠎ᠢ ᠬᠠᠢᠨ ᠰᠦᠪᠡᠭ᠌ᠴᠢᠯᠡᠵᠦ᠍᠂ ᠪᠣᠯᠪᠠᠰᠤᠨ᠎ᠤ ᠬᠥᠭ᠌ᠵᠢᠯᠲᠡ᠎ᠶ᠋ᠢᠨ ᠰᠤᠳᠠᠰᠤ᠎ᠶ᠋ᠢ ᠵᠢᠷᠤᠭ᠍ᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠵᠥᠪ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ ᠪᠣᠯᠤᠨ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠤᠢ ᠪᠣᠯᠭᠠᠬᠤ᠎ᠶ᠋ᠢ ᠬᠦᠳᠦᠯᠦᠨ ᠵᠢᠯᠣᠭᠣᠳᠪᠠ᠃
ᠰᠦᠨ ᠵᠢᠨ ᠰᠦᠩ ᠥᠪᠥᠷ ᠮᠣᠩᠭᠣᠯ᠎ᠤᠨ ᠥᠪᠡᠷᠮᠢᠴᠡ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ᠎ᠶ᠋ᠢᠨ ᠰᠤᠳᠤᠯᠭᠠᠨ᠎ᠢ ᠲᠠᠰᠤᠷᠠᠯᠳᠡ ᠦᠭᠡᠢ ᠭᠦᠨᠵᠡᠭᠡᠢᠷᠡᠭᠦᠯᠵᠦ᠍᠂ ᠡᠭᠡᠯ ᠵᠢᠷ᠎ᠦᠨ ᠠᠵᠢᠯ᠎ᠳᠠᠭᠠᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠦᠪ ᠬᠦᠷᠦᠩᠭᠡ ᠵᠢ ᠬᠤᠷᠠᠮᠳᠤᠭᠤᠯᠵᠠᠢ᠃ 2019 ᠣᠨ᠎ᠠᠴᠠ ᠨᠠᠭᠠᠰᠢ᠂ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠨ ᠱᠢᠨᠵᠢᠯᠡᠬᠦ᠌ ᠢᠨᠵᠧᠨᠧᠷᠢᠩ᠂ 《ᠬᠠᠭᠤᠴᠢ ᠰᠤᠳᠤᠯᠤᠯ᠎ᠤᠨ ᠳᠤᠮᠳᠠᠳᠤ ᠤᠯᠤᠰ》 ᠵᠡᠷᠭᠡ ᠴᠢᠬᠤᠯᠠ ᠶᠡᠬᠡ ᠲᠥᠷᠥᠯ ᠵᠦᠶ᠋ᠯ᠎ᠳᠦ ᠲᠦᠱᠢᠭ᠌ᠯᠡᠨ᠂ ᠤᠷᠢᠳ ᠬᠣᠵᠢᠳ 20 ᠭᠠᠷᠤᠶ ᠴᠢᠬᠤᠯᠠ ᠪᠠᠭᠤᠷᠢ ᠶ᠋ᠢᠨ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠪᠠ ᠲᠣᠮᠣ ᠬᠡᠯᠪᠡᠷᠢ᠎ᠶ᠋ᠢᠨ ᠬᠠᠭᠤᠴᠢ ᠰᠤᠳᠤᠯᠤᠯ ᠤᠨ ᠪᠠᠢᠴᠠᠭᠠᠯᠲᠠ᠎ᠶ᠋ᠢ ᠡᠷᠭᠢᠯᠡᠪᠡ᠃ ᠲᠡᠷᠡ ᠤᠷᠢᠳ ᠬᠣᠵᠢᠳ 6 ᠵᠦᠢᠯ᠎ᠦᠨ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠲᠦᠷᠦᠯ ᠵᠦᠢᠯ᠎ᠢ ᠡᠷᠬᠢᠯᠡᠵᠦ᠍᠂ 《〈ᠪᠠᠲᠤ ᠴᠣᠭ᠍ᠴᠠᠯᠠᠬᠤ〉 ᠪᠠᠷ ᠬᠥᠲᠥᠯᠪᠦᠷᠢ ᠪᠣᠯᠭᠠᠵᠤ 〈ᠬᠠᠭᠤᠴᠢ ᠰᠤᠳᠤᠯᠤᠯ〉 ᠢ᠋ ᠳᠡᠯᠭᠡᠨ ᠵᠠᠳᠠᠯᠬᠤᠢ — ᠬᠠᠭᠤᠴᠢ ᠰᠤᠳᠤᠯᠤᠯ᠎ᠤᠨ ᠤᠬᠠᠭᠠᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠤᠮᠳᠠᠬᠢ ᠦᠢᠯᠡᠳᠦᠯ᠎ᠢ ᠬᠦᠤᠷᠨᠢᠬᠦ ᠨᠢ》 ᠵᠡᠷᠭᠡ 20 ᠭᠠᠷᠤᠢ ᠨᠥᠯᠥᠭᠡ ᠶᠡᠬᠡᠲᠡᠢ ᠲᠣᠪᠴᠢ ᠮᠡᠳᠡᠭᠡ ᠪᠣᠯᠤᠨ ᠥᠭᠦᠯᠡᠯ ᠪᠢᠴᠢᠵᠡᠢ᠃ ᠡᠲᠡᠭᠡᠷ ᠦᠷ᠎ᠡ ᠪᠦᠲᠦᠭᠡᠯ᠎ᠨᠢ ᠥᠪᠥᠷ ᠮᠣᠩᠭᠣᠯ ᠣᠷᠣᠨ᠎ᠤ ᠲᠡᠦᠬᠡ ᠰᠣᠶᠣᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠦ ᠳᠤᠮᠳᠠᠳᠤ ᠶ᠋ᠢᠨ ᠦᠨᠳᠦᠰᠦᠲᠡᠨ ᠦ ᠬᠠᠷᠢᠭᠤᠴᠠᠯᠭᠠᠳᠦ ᠰᠡᠳᠭᠢᠯᠭᠡ᠂ ᠬᠠᠷᠢᠶᠠᠯᠠᠭ᠍ᠳᠠᠬᠤ ᠰᠡᠳᠭᠢᠯᠭᠡ᠂ ᠢᠷᠠᠭᠤ ᠠᠯᠳᠠᠷᠲᠤ ᠰᠡᠳᠭᠢᠯᠭᠡ ᠶ᠋ᠢ ᠨᠡᠮᠡᠭ᠌ᠳᠡᠭᠦᠯᠬᠦ᠌᠎ᠳᠦ ᠢᠳᠡᠪᠬᠢᠲᠡᠶ ᠦᠢᠯᠡᠳᠦᠯ ᠦᠵᠡᠭᠦᠯᠪᠡ᠃
ᠲᠡᠷᠡ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠪᠣᠳᠠᠲᠤ ᠪᠠᠢᠳᠠᠯ᠎ᠳᠤ ᠠᠩᠬᠠᠷᠤᠯ ᠢᠶᠠᠨ ᠲᠥᠪᠯᠡᠷᠡᠭᠦᠯᠵᠦ᠍᠂ ᠲᠡᠦᠬᠡ ᠶ᠋ᠢᠨ ᠳᠤᠷᠠᠰᠭᠠᠯᠲᠤ ᠵᠦᠢᠯᠡᠰ᠎ᠢ ᠠᠮᠢᠳᠤᠯᠢᠭ᠍ᠵᠢᠭᠤᠯᠤᠨ ᠠᠱᠢᠭ᠍ᠯᠠᠬᠤ ᠱᠢᠨ᠎ᠡ ᠵᠠᠭ᠍ᠪᠤᠷ ᠢ ᠲᠠᠰᠤᠷᠠᠯᠲᠠ ᠦᠭᠡᠢ ᠰᠦᠪᠡᠭ᠌ᠴᠢᠯᠡᠠ᠂ ᠭᠣᠣᠯ ᠰᠡᠳᠦᠪᠲᠦ ᠳᠡᠯᠭᠡᠨ ᠦᠵᠡᠭᠦᠯᠭᠡ᠂ ᠬᠠᠮ ᠵᠠᠭᠤᠴᠢᠯᠠᠭᠤᠷ᠎ᠤᠨ ᠱᠢᠭᠤᠳ ᠨᠡᠪᠲᠡᠷᠡᠭᠦᠯᠭᠡ ᠵᠡᠷᠭᠡ 6 ᠶᠡᠬᠡ ᠬᠠᠮ ᠵᠠᠭᠤᠴᠢᠯᠠᠭᠤᠷ᠎ᠤᠨ ᠤᠬᠠᠭᠤᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠢ ᠲᠥᠰᠦᠪᠯᠡᠨ ᠭᠠᠷᠭᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠎ᠢ ᠪᠦᠬᠦ᠌ ᠲᠠᠯ᠎ᠠ᠎ᠪᠠᠷ᠂ ᠤᠯᠠᠨ ᠬᠠᠷᠠᠭᠠᠰᠤ ᠡᠴᠡ ᠶᠠᠷᠢᠪᠠ᠃ 2019 ᠣᠨ᠎ᠠᠴᠠ ᠨᠠᠭᠠᠰᠢ᠂ ᠲᠡᠷᠡ ᠲᠦᠷᠦᠭᠦᠯᠡᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠮᠠᠰᠢ ᠤᠯᠠᠨ ᠮᠦᠽᠧᠢ᠎ᠳ᠋ᠤ 《ᠲᠤᠮᠲᠠᠲᠤ ᠵᠢᠨ ᠥᠩᠭᠡᠲᠦ ᠸᠠᠭᠠᠷ — ᠡᠷᠲᠡ ᠦᠶ᠎ᠡ᠎ᠶ᠋ᠢᠨ ᠳᠤᠮᠳᠠᠳᠤ ᠤᠯᠤᠰ᠎ᠤᠨ ᠠᠭᠤᠰᠤᠯᠴᠠᠯ ᠪᠠ ᠨᠢᠭᠡᠳᠦᠯ》᠂ 《ᠤᠷᠳᠤ ᠴᠠᠭᠠᠨ ᠬᠡᠷᠡᠮ᠎ᠦᠨ ᠳᠣᠲᠣᠨ᠎ᠠ ᠭᠠᠳᠠᠨ᠎ᠠ ᠪᠦᠷ ᠨᠤᠲᠤᠭ ᠤᠰᠤ》 ᠵᠡᠷᠭᠡ ᠵᠠᠭᠤ ᠭᠠᠷᠤᠢ ᠵᠦᠢᠯ᠎ᠦᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠭᠣᠣᠯ ᠰᠡᠳᠦᠪᠲᠦ ᠦᠵᠡᠰᠭᠦᠯᠡᠩ᠎ᠢ ᠥᠷᠨᠢᠭᠦᠯᠵᠠᠢ᠃ ᠡᠨᠡ ᠵᠢᠯ᠎ᠦᠨ 3 ᠰᠠᠷ᠎ᠠ᠎ᠳᠤ᠂ ᠰᠦᠵᠧᠦ ᠮᠦᠽᠧᠢ᠎ᠳᠦ《ᠤᠮᠠᠷᠠᠲᠤ ᠣᠷᠣᠨ ᠤ᠋ ᠭᠤᠤ᠎ᠠ ᠪᠦᠰᠡᠬᠦᠢᠴᠤᠳ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠯᠢᠶᠣᠤ ᠤᠯᠤᠰ᠎ᠤᠨ ᠦᠶ᠎ᠡ᠎ᠶ᠋ᠢᠨ ᠡᠮᠡᠭ᠌ᠲᠡᠢᠴᠦᠳ᠎ᠦᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠦᠵᠡᠰᠭᠦᠯᠡᠩ 》᠎ᠢ᠋ ᠦᠷᠨᠢᠬᠦᠯᠵᠤ᠂ ᠬᠥᠮᠦᠰ᠎ᠲᠦ ᠳᠤᠮᠳᠠᠳᠤ᠎ᠶ᠋ᠢᠨ ᠦᠨᠳᠦᠰᠦᠲᠡᠨ᠎ᠦ ᠥᠨᠢ ᠤᠳᠠᠭᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ᠎ᠢ ᠨᠡᠩ ᠤᠯᠠᠨ ᠤᠢ᠍ᠢᠯᠠᠭᠠᠭᠤᠯᠪᠠ᠃ 2022 ᠣᠨ᠎ᠠᠴᠠ ᠡᠬᠢᠯᠡᠨ᠂ ᠲᠡᠷᠡ ᠰᠠᠨᠠᠭᠠᠴᠢᠯᠠᠭ᠎ᠠ᠎ᠠᠴᠠ᠎ᠪᠠᠨ ᠵᠠᠭᠤᠴᠢᠯᠠᠭᠤᠷ᠎ᠲᠠᠶ ᠵᠣᠯᠭᠠᠭᠤᠯᠵᠤ᠂ 《ᠦᠨᠳᠦᠰᠦ ᠰᠤᠳᠠᠰᠤ》᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ·〈ᠪᠣᠳᠠᠰ〉 ᠢ᠋ ᠬᠠᠷᠢᠯᠴᠠᠨ ᠪᠠᠷᠠᠯᠠᠬᠤᠶ᠎ᠠ》 ᠵᠡᠷᠭᠡ ᠤᠯᠠᠨ ᠵᠠᠭᠤᠴᠢᠯᠠᠭᠤᠷ᠎ᠤᠨ ᠰᠣᠳᠣᠨ ᠪᠦᠲᠦᠭᠡᠯ᠎ᠢ ᠵᠠᠯᠭᠠᠭ᠎ᠠ᠎ᠪᠠᠷ ᠭᠠᠷᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠴᠢᠯᠥᠭᠡᠲᠡᠢ ᠪᠣᠯᠭᠠᠵᠤ᠂ ᠲᠡᠦᠬᠡ᠎ᠶ᠋ᠢ ᠶᠠᠷᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠡᠯᠪᠡᠭ ᠪᠠᠶᠠᠯᠢᠭ ᠤᠶᠤᠨ ᠰᠠᠨᠠᠭᠠᠨ᠎ᠤ ᠱᠢᠮ᠎ᠡ ᠲᠡᠵᠢᠭᠡᠯ ᠬᠠᠩᠭᠠᠵᠠᠢ᠃
ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠰᠣᠶᠣᠯ ᠤ᠋ᠨ ᠮᠦᠽᠧᠢ᠎ᠶ᠋ᠢᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠰᠦᠨ ᠵᠢᠨ ᠰᠦᠩ ᠭᠦᠨ ᠵᠤᠵᠠᠭᠠᠨ ᠤᠯᠤᠰ᠎ᠢᠶᠠᠨ ᠬᠠᠢᠷᠠᠯᠠᠬᠤ ᠰᠡᠳᠭᠢᠯᠭᠡ᠂ ᠡᠷᠡᠰ ᠪᠠᠲᠤ ᠡᠷᠳᠡᠮ ᠱᠢᠨᠵᠢᠯᠡᠭᠡᠨ᠎ᠦ ᠵᠣᠷᠢᠯᠲᠠ᠂ ᠡᠷᠡᠰ ᠴᠢᠩᠭ᠎ᠠ ᠠᠵᠢᠯ᠎ᠤᠨ ᠰᠤᠷᠲᠠᠯ᠎ᠳᠠᠭᠠᠨ ᠲᠦᠱᠢᠭ᠌ᠯᠡᠵᠦ᠍᠂ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠶᠡᠬᠡ ᠬᠡᠮᠵᠢᠶᠡᠨ᠎ᠦ 《ᠵᠦᠬᠡᠯᠡᠨ ᠬᠤᠷ᠎ᠠ ᠲᠦᠮᠡᠨ ᠪᠣᠳᠠᠰ᠎ᠢ ᠤᠮᠳᠠᠯᠠᠬᠤ》 ᠶᠠᠪᠤᠲᠠᠯ ᠬᠢᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰᠬᠠᠭᠤᠴᠢ ᠰᠤᠳᠤᠯᠤᠯ᠎ᠤᠨ ᠠᠵᠢᠯ᠎ᠤᠨ ᠡᠮᠦᠨ᠎ᠡ ᠹᠷᠣᠨᠲ᠎ᠢ ᠦᠨᠳᠦᠰᠦᠲᠡᠨ᠎ᠨᠦᠭᠦᠳ᠎ᠦᠨ ᠱᠢᠯᠢᠳᠡᠭ ᠴᠢᠳᠠᠪᠤᠷᠢᠲᠠᠨ᠎ᠢ ᠬᠥᠮᠦᠵᠢᠭᠦᠯᠬᠦ᠌ ᠪᠠ ᠳᠤᠮᠳᠠᠳᠤ᠎ᠶ᠋ᠢᠨ ᠦᠨᠳᠦᠰᠦᠲᠡᠨ᠎ᠦ ᠱᠢᠯᠢᠳᠡᠭ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠬᠤ᠎ᠪᠠᠷ ᠴᠢᠷᠮᠠᠢᠪᠠ᠃ ᠲᠡᠷᠡ ᠴᠢᠳᠠᠪᠤᠷᠢᠲᠠᠨ᠎ᠢ ᠬᠥᠮᠦᠵᠢᠭᠦᠯᠬᠦ᠌ ᠪᠠ ᠨᠡᠢᠲᠡ᠎ᠶ᠋ᠢᠨ ᠠᠰᠠᠷᠠᠮᠵᠢ᠎ᠶ᠋ᠢᠨ ᠬᠢᠴᠢᠶᠡᠯ᠎ᠦᠨ ᠲᠠᠩᠬᠢᠮ᠎ᠢᠶᠠᠷ ᠬᠤᠤᠰ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠠ᠂ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠵᠡᠷᠭᠡ᠎ᠶ᠋ᠢᠨ ᠠᠱᠢᠭ᠍ᠲᠠᠶ ᠨᠥᠬᠥᠴᠡᠯ᠎ᠢ ᠠᠱᠢᠭ᠍ᠯᠠᠨ᠂ ᠱᠠᠲᠤ ᠳᠠᠷᠠᠭᠠᠯᠠᠨ ᠵᠣᠯᠭᠠᠭᠤᠯᠤᠭ᠍ᠰᠠᠨ᠂ ᠪᠥᠬᠥ᠌ ᠣᠷᠣᠨ᠎ᠤ ᠡᠯ᠎ᠡ ᠠᠢᠮᠠᠭ ᠬᠣᠲᠠ᠎ᠶ᠋ᠢ ᠬᠠᠮᠤᠷᠤᠭ᠍ᠰᠠᠨ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠪᠠᠢᠭᠤᠯᠪᠠ᠃ ᠡᠭᠦᠨ ᠦ ᠬᠠᠮᠲᠤ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ᠎ᠶ᠋ᠢᠨ ᠬᠠᠭᠤᠴᠢ ᠰᠤᠳᠤᠯᠤᠯ᠎ᠤᠨ ᠲᠥᠪ ᠵᠢᠴᠢ ᠡᠯ᠎ᠡ ᠠᠢᠮᠠᠭ ᠬᠣᠲᠠ᠎ᠶ᠋ᠢᠨ ᠬᠠᠭᠤᠴᠢ ᠰᠤᠳᠤᠯᠤᠯ᠎ᠤᠨ ᠪᠠᠢᠭᠤᠯᠤᠮᠵᠢ᠎ᠯᠤᠭ᠎ᠠ ᠬᠠᠮᠲᠤᠷᠠᠯᠴᠠᠭᠠᠨ᠎ᠤ ᠲᠠᠪᠴᠠᠩ ᠪᠠᠢᠭᠤᠯᠵᠤ᠂ ᠣᠷᠣᠨ᠎ᠤ ᠳᠣᠲᠣᠨᠡ ᠭᠠᠳᠠᠨᠠᠬᠢ ᠦᠨᠳᠦᠰᠦᠲᠡᠨ᠎ᠨᠦᠭᠦᠳ᠎ᠦᠨ 2000 ᠭᠠᠷᠤᠶ ᠱᠢᠯᠢᠳᠡᠭ ᠴᠢᠳᠠᠪᠤᠷᠢᠲᠠᠨ᠎ᠢ ᠬᠥᠮᠦᠵᠢᠭᠦᠯᠵᠠᠢ᠃ ᠲᠡᠷᠡ ᠰᠠᠨᠠᠭᠠᠴᠢᠯᠠᠭ᠎ᠠ᠎ᠠᠴᠠ᠎ᠪᠠᠨ ᠨᠡᠢᠲᠡ ᠶ᠋ᠢᠨ ᠠᠰᠠᠷᠠᠮᠵᠢ᠎ᠶ᠋ᠢᠨ ᠰᠣᠳᠣᠨ ᠬᠢᠴᠢᠶᠡᠯ᠎ᠢ ᠨᠡᠭᠡᠭᠡᠵᠦ᠍᠂ ᠪᠦᠬᠦ᠌ ᠣᠷᠣᠨ᠎ᠤ ᠡᠯ᠎ᠡ ᠱᠠᠲᠤᠨ᠎ᠤ ᠵᠠᠰᠠᠭ ᠵᠠᠬᠢᠷᠭ᠎ᠠ ᠠᠵᠢᠯ ᠦᠢᠯᠡᠰ᠎ᠦᠨ ᠨᠢᠭᠡᠴᠢ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠤ ᠭᠦᠨᠵᠡᠭᠡᠢᠷᠡᠨ ᠠᠯᠪᠠᠨ ᠵᠢᠷᠤᠮ ᠤᠨ ᠬᠢᠴᠢᠶᠡᠯ ᠣᠷᠣᠬᠤ᠎ᠶ᠋ᠢ ᠪᠠᠷᠢᠮᠲᠠᠯᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ᠎ᠤᠨ ᠬᠠᠷᠠᠭᠠᠰᠤ ᠡᠴᠡ ᠳᠤᠮᠳᠠᠳᠤ ᠶ᠋ᠢᠨ ᠦᠨᠳᠦᠰᠦᠲᠡᠨ ᠪᠣᠯᠤᠨ ᠳᠤᠮᠳᠠᠳᠤ᠎ᠶ᠋ᠢᠨ ᠪᠣᠯᠪᠠᠰᠤᠨ᠎ᠤ ᠤᠯᠠᠨ ᠡᠱᠢ᠎ᠳᠤ ᠨᠢᠭᠡ ᠴᠣᠭ᠍ᠴᠠ᠎ᠶ᠋ᠢᠨ ᠪᠦᠷᠢᠯᠳᠦᠯ᠂ ᠬᠥᠭ᠌ᠵᠢᠯᠲᠡ᠎ᠶ᠋ᠢᠨ ᠶᠠᠪᠤᠴᠠ᠎ᠶ᠋ᠢ ᠶᠠᠷᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠪᠡ᠃
20 ᠭᠠᠷᠤᠢ ᠵᠢᠯ᠎ᠦᠨ ᠡᠮᠦᠨ᠎ᠡ᠂ ᠰᠦᠨ ᠵᠢᠨ ᠰᠦᠩ ᠥᠪᠥᠷ ᠮᠣᠩᠭᠣᠯ᠎ᠳᠤ ᠦᠨᠳᠦᠰᠦᠯᠡᠬᠦ ᠨᠠᠰᠤᠨ ᠳᠤᠷᠰᠢᠳᠠ ᠵᠢᠨ ᠰᠤᠩᠭᠤᠯᠳᠠ ᠬᠢᠵᠦ᠂ ᠴᠥᠬᠥᠷᠡᠰᠢ ᠦᠭᠡᠢ ᠵᠢᠳᠬᠦᠪᠡ᠃ ᠡᠳᠦᠭᠡ᠂ ᠲᠡᠷᠡ ᠮᠥᠨ ᠬᠦ᠌ ᠤᠭ ᠰᠠᠨᠠᠭ᠎ᠠ᠎ᠪᠠᠨ ᠦᠯᠦ᠍ ᠬᠤᠪᠢᠷᠠᠭᠤᠯᠵᠤ᠂ ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠪᠡᠷ ᠳᠠᠮᠵᠢᠨ ᠥᠪᠥᠷ ᠮᠣᠩᠭᠣᠯ᠎ᠤᠨ ᠠᠷᠠᠳ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭ᠌ᠰᠡᠨ ᠦᠯᠢᠭᠡᠷ᠎ᠢ ᠰᠠᠢᠲᠤᠷ ᠶᠠᠷᠢᠵᠤ᠂ ᠦᠨᠳᠦᠰᠦᠲᠡᠨ᠎ᠨᠦᠭᠦᠳ᠎ᠦᠨ ᠪᠦᠯᠬᠦᠮᠳᠡᠯ ᠳᠠᠪᠱᠢᠯᠲᠠ ᠶ᠋ᠢ ᠠᠬᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ᠃