ᠬᠥᠬᠡᠬᠣᠲᠠ᠌᠄ ᠡᠷᠳᠡᠮᠲᠡᠨ ᠴᠢᠳᠠᠪᠤᠷᠢᠲᠠᠨ ᠢ᠋ ᠴᠤᠭ᠍ᠯᠠᠷᠠᠭᠤᠯᠵᠤ ᠬᠥᠭ᠌ᠵᠢᠯᠲᠡ ᠢ᠋ᠢᠨ ᠥᠨᠳᠥᠷᠯᠢᠭ ᠢ᠋ ᠴᠣᠭ᠍ᠴᠠᠯᠠᠨ᠎ᠠ
2025-02-26 11:34:43
ᠵᠣᠬᠢᠶᠠᠭ᠍ᠴᠢ᠄
ᠯᠢᠦ ᠶᠠᠩ ᠠᠷᠢᠭᠤᠨ᠎ᠠ
ᠣᠩᠱᠢᠭ᠍ᠰᠠᠨ ᠣᠳᠠᠭ᠎ᠠ᠄
★★★☆☆

ᠣᠳᠣᠬᠠᠨ ᠤ᠋ ᠬᠤᠷᠴᠠ ᠱᠢᠷᠦᠭᠦᠨ ᠬᠣᠲᠠ ᠢ᠋ᠢᠨ ᠥᠷᠢᠰᠥᠯᠳᠦᠭᠡᠨ ᠳ᠋ᠤ ᠴᠢᠳᠠᠪᠤᠷᠢᠲᠠᠨ ᠨᠢ ᠬᠥᠭ᠌ᠵᠢᠯᠲᠡ ᠢ᠋ᠢ ᠠᠬᠢᠭᠤᠯᠬᠤ ᠭᠤᠤᠯ ᠬᠦᠴᠦᠨ ᠪᠤᠯᠵᠠᠢ᠃ ᠣᠢᠷ᠎ᠠ ᠢ᠋ᠢᠨ ᠵᠢᠯ ᠳ᠋ᠤ ᠬᠥᠬᠡᠬᠣᠲᠠ ᠴᠢᠳᠠᠪᠤᠷᠢᠲᠠᠨ ᠢ᠋ᠢᠡᠷ ᠬᠣᠲᠠ ᠪᠡᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ ᠢ᠋ᠢ ᠭᠤᠢᠪᠢᠰᠢ ᠥᠬᠡᠶ ᠬᠡᠷᠡᠭ᠌ᠵᠢᠭᠦᠯᠵᠦ᠍᠂ ᠴᠢᠨᠠᠷ ᠰᠠᠢᠲᠠᠶ ᠬᠥᠭ᠌ᠵᠢᠯᠲᠡ ᠢ᠋ᠢᠨ ᠭᠤᠢᠳᠠ ᠰᠠᠢᠬᠠᠨ ᠵᠢᠷᠤᠭ ᠢ᠋ ᠵᠢᠷᠤᠭ᠍ᠯᠠᠵᠤ ᠪᠠᠢᠨ᠎ᠠ᠃

ᠴᠢᠳᠠᠪᠤᠷᠢᠲᠠᠨ ᠤ᠋ ᠲᠥᠷᠥ ᠢ᠋ᠢᠨ ᠪᠣᠳᠣᠯᠭ᠎ᠠ ᠪᠣᠯ ᠴᠢᠳᠠᠪᠤᠷᠢᠲᠠᠨ ᠢ᠋ ᠲᠠᠲᠠᠬᠤ 《ᠰᠣᠷᠢᠨᠵᠢᠨ》 ᠮᠥᠨ᠃ ᠬᠥᠬᠡᠬᠣᠲᠠ ᠱᠢᠰᠲ᠋ᠧᠮᠵᠢᠭ᠌ᠰᠡᠨ᠂ ᠯᠤᠳᠤ ᠶᠡᠬᠡ ᠲᠠᠲᠠᠬᠤ ᠬᠦᠴᠦᠨ ᠲᠠᠢ ᠴᠢᠳᠠᠪᠤᠷᠢᠲᠠᠨ ᠤ᠋ ᠲᠥᠷᠥ ᠢ᠋ᠢᠨ ᠪᠣᠳᠣᠯᠭ᠎ᠠ ᠢ᠋ᠢᠨ ᠱᠢᠰᠲ᠋ᠧᠮ ᠢ᠋ ᠰᠠᠳᠬᠢᠯ ᠲᠠᠯᠪᠢᠨ ᠪᠠᠢᠭᠤᠯᠵᠤ᠂ ᠴᠢᠳᠠᠪᠤᠷᠢᠲᠠᠨ ᠤ᠋ ᠶᠡᠷᠦᠩᠬᠡᠶ ᠬᠡᠮᠵᠢᠶ᠎ᠡ ᠢ᠋ᠢ ᠥᠷᠭᠡᠳᠭᠡᠬᠦ᠌᠂ ᠲᠠᠰ ᠳᠠᠪᠬᠤᠷᠭ᠎ᠠ ᠢ᠋ᠢ ᠳᠡᠭᠡᠭ᠌ᠰᠢᠯᠡᠭᠦᠯᠬᠦ᠌᠂ ᠠᠵᠤ ᠦᠶ᠋ᠯᠡᠰ ᠪᠠ ᠴᠢᠳᠠᠪᠤᠷᠢᠲᠠᠨ ᠢ᠋ ᠠᠭᠤᠰᠤᠯᠴᠠᠭᠤᠯᠬᠤ ᠵᠡᠷᠭᠡ ᠵᠠᠩᠭᠢᠯᠠᠭ᠎ᠠ ᠢ᠋ᠢᠨ ᠬᠦᠷᠢᠶᠡᠨ ᠳ᠋ᠤ 《ᠱᠢᠨ᠎ᠡ ᠴᠠᠭ ᠦᠶ᠎ᠡ ᠢ᠋ᠢᠨ ᠣᠷᠣᠨ ᠤ᠋ ᠲᠥᠪ ᠤ᠋ᠨ ᠴᠢᠳᠠᠪᠤᠷᠢᠲᠠᠨ ᠤ᠋ ᠠᠵᠢᠯ ᠢ᠋ ᠴᠢᠨᠠᠷ ᠰᠠᠢᠲᠠᠶ ᠠᠬᠢᠭᠤᠯᠬᠤ ᠲᠤᠬᠠᠶ ᠰᠠᠨᠠᠯ》᠂ ᠲᠤᠬᠠᠢᠯᠠᠪᠠᠯ 《ᠴᠢᠳᠠᠪᠤᠷᠢᠲᠠᠨ ᠢ᠋ᠢᠡᠷ ᠬᠣᠲᠠ ᠪᠡᠨ ᠬᠦᠴᠦᠷᠬᠡᠭ᠌ᠵᠢᠭᠦᠯᠬᠦ᠌ 25 ᠵᠤᠷᠪᠤᠰ》 ᠢ᠋ ᠨᠡᠢᠲᠡᠯᠡᠪᠡ᠃ ᠪᠥᠬᠥ᠌ ᠬᠣᠲᠠ ᠢ᠋ᠢᠨ ᠳᠡᠭᠡᠳᠦ ᠲᠠᠰ ᠤ᠋ᠨ ᠴᠢᠳᠠᠪᠤᠷᠢᠲᠠᠨ ᠢ᠋ ᠲᠥᠷᠥᠯ ᠬᠤᠪᠢᠶᠠᠨ ᠮᠠᠭᠠᠳᠯᠠᠨ ᠲᠣᠭ᠍ᠲᠠᠭᠠᠬᠤ ᠠᠵᠢᠯ ᠤ᠋ᠨ ᠭᠥᠯᠢᠶᠡᠨ ᠠᠪᠴᠤ᠌ ᠱᠢᠶ᠋ᠳᠪᠦᠷᠢᠯᠡᠬᠦ᠌ ᠵᠠᠮ ᠢ᠋ ᠨᠡᠭᠡᠭᠡᠵᠦ᠍᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠦᠴᠦᠷᠬᠡᠭ ᠬᠣᠲᠠ ᠢ᠋ᠢ ᠪᠦᠳᠦᠬᠡᠨ ᠪᠠᠢᠭᠤᠯᠵᠤ ᠣᠷᠣᠨ ᠤ᠋ ᠲᠥᠪ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠴᠦ᠍ ᠵᠢᠩᠬᠢᠨᠢ ᠪᠡᠷ ᠨᠠᠢᠳᠠᠪᠤᠷᠢᠵᠢᠭᠤᠯᠪᠠ᠃ 2024 ᠣᠨ ᠳ᠋ᠤ ᠲᠣᠭᠠᠴᠢᠯᠠᠭ᠍ᠰᠠᠨ ᠣᠷᠣᠨ ᠤ᠋ ᠲᠥᠪ ᠤ᠋ᠨ ᠴᠢᠳᠠᠪᠤᠷᠢᠲᠠᠨ ᠤ᠋ ᠦᠶ᠋ᠯᠡᠴᠢᠯᠡᠭᠡᠨ ᠤ᠋ ᠲᠠᠪᠴᠠᠩ ᠢ᠋ᠢᠡᠷ ᠳᠠᠮᠵᠢᠨ ᠲᠥᠷᠥ ᠢ᠋ᠢᠨ ᠪᠣᠳᠣᠯᠭ᠎ᠠ ᠢ᠋ᠢᠨ ᠨᠠᠢᠳᠠᠪᠤᠷᠢᠵᠢᠭᠤᠯᠤᠯᠲᠠ ᠢ᠋ᠢ ᠪᠠᠢᠩᠭᠤᠵᠢᠭᠤᠯᠤᠨ ᠥᠷᠨᠢᠭᠦᠯᠵᠦ᠍᠂ ᠳ᠋ᠦᠩᠱᠢᠭᠤᠷ ᠲᠥᠭᠥᠷᠢᠭ ᠤ᠋ᠨ ᠴᠢᠳᠠᠪᠤᠷᠢᠲᠠᠨ ᠤ᠋ ᠠᠵᠢᠯ ᠤ᠋ᠨ ᠵᠠᠷᠤᠳᠠᠯ ᠪᠠᠭᠤᠯᠭᠠᠨ᠂ ᠴᠢᠳᠠᠪᠤᠷᠢᠲᠠᠨ ᠤ᠋ ᠪᠠᠲᠤᠯᠠᠭ᠎ᠠ ᠢ᠋ᠢᠨ ᠣᠷᠣᠨ ᠰᠠᠭᠤᠴᠠ ᠢ᠋ᠢ 1.5 ᠲᠦᠮᠡ ᠭᠠᠷᠤᠶ ᠢᠵᠢ ᠬᠠᠩᠭᠠᠪᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠠᠪᠴᠠᠩ ᠪᠣᠯ ᠴᠢᠳᠠᠪᠤᠷᠢᠲᠠᠨ ᠤ᠋ ᠡᠷᠳᠡᠮ ᠴᠢᠳᠠᠪᠤᠷᠢ ᠪᠡᠨ ᠪᠠᠳᠠᠷᠠᠭᠤᠯᠬᠤ 《ᠲᠤᠮᠤ ᠲᠠᠪᠴᠠᠩ》 ᠮᠥᠨ ᠃ ᠬᠦᠬᠡᠬᠤᠳᠠ ᠵᠢᠨ ᠬᠣᠷᠢᠨᠭᠡᠷ ᠴᠢᠳᠠᠪᠤᠷᠢᠲᠠᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠥᠪ ᠠᠮᠢᠵᠢᠷᠠᠯ ᠤ᠋ᠨ ᠬᠦᠴᠦᠨ ᠢ᠋ᠢᠡᠷ ᠪᠢᠯᠬᠠᠵᠤ᠂ ᠰᠢ ᠠᠨ ᠤ᠋ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ ᠢ᠋ᠢᠨ ᠣᠶᠤᠨᠴᠢ ᠦᠶ᠋ᠯᠡᠳᠬᠦ᠌ ᠦᠶ᠋ᠯᠡᠰ ᠤ᠋ᠨ ᠰᠤᠳᠤᠯᠭᠠᠨ ᠤ᠋ ᠬᠦᠷᠢᠶᠡᠯᠡᠩ ᠤ᠋ᠨ ᠪᠣᠳᠠᠲᠤ ᠴᠣᠭ᠍ᠴᠠ ᠢ᠋ᠢᠨ ᠡᠵᠡᠡᠭᠨᠡᠯᠲᠡ ᠢ᠋ᠢ ᠪᠥᠬᠥ᠌ ᠬᠦᠴᠦᠨ ᠢ᠋ᠢᠡᠷ ᠢ᠋ᠢᠡᠨ ᠳᠡᠮᠵᠢᠨ ᠲᠤᠰ ᠰᠤᠷᠭᠠᠭᠤᠯᠢ ᠢ᠋ᠢᠨ ᠨᠠᠷᠢᠯᠢᠭ ᠪᠢᠴᠢᠯ ᠦᠶ᠋ᠯᠡᠳᠬᠦ᠌ ᠮᠡᠷᠭᠡᠵᠢᠯ ᠤ᠋ᠨ ᠪᠥᠬᠥ᠌ ᠤᠯᠤᠰ ᠤ᠋ᠨ ᠭᠤᠤᠯᠳᠠᠯᠭ᠎ᠠ ᠲᠠᠢ ᠲᠤᠷᠱᠢᠯᠲᠠ ᠢ᠋ᠢᠨ ᠲᠠᠰᠤᠭ ᠤ᠋ᠨ ᠪᠦᠯᠬᠦᠮ ᠢ᠋ ᠣᠷᠣᠭᠤᠯᠤᠨ ᠠᠪᠴᠢᠷᠠᠵᠤ᠂ ᠤᠯᠤᠰ ᠤ᠋ᠨ ᠳᠣᠲᠣᠭᠠᠳᠤ ᠢ᠋ᠢᠨ ᠠᠩᠬᠠᠳᠠᠭ᠍ᠴᠢ ᠳᠡᠯᠡᠬᠡᠶ ᠢ᠋ᠢᠨ ᠲᠡᠷᠢᠭᠦᠨ ᠤ᠋ ᠪᠠᠷᠢᠮᠵᠢᠶ᠎ᠠ ᠪᠦᠬᠦᠢ ᠠᠭᠠᠷ ᠣᠭ᠍ᠲᠠᠷᠭᠤᠶ ᠢ᠋ᠢᠨ ᠠᠯᠭᠠᠰᠠᠯ ᠬᠡᠮᠵᠢᠯᠲᠡ ᠢ᠋ᠢᠨ ᠰᠠᠭᠤᠷᠢ ᠪᠠᠷᠢᠮᠵᠢᠶᠠᠲᠤ ᠲᠣᠮᠣ ᠱᠢᠨᠵᠢᠯᠡᠬᠦ᠌ ᠤᠬᠠᠭᠠᠨ ᠤ᠋ ᠲᠣᠨᠣᠭ᠍ᠯᠠᠯ ᠪᠠ ᠬᠡᠮᠵᠢᠯᠲᠡ ᠢ᠋ᠢᠨ ᠰᠠᠭᠤᠷᠢ ᠪᠠᠷᠢᠮᠵᠢᠶᠠᠲᠤ ᠲᠠᠰ ᠤ᠋ᠨ ᠦᠨᠳᠦᠷ ᠴᠢᠳᠠᠪᠬᠢᠲᠤ ᠬᠡᠷᠡᠯ ᠤ᠋ᠨ ᠰᠡᠷᠡᠯᠵᠢ ᠵᠢ ᠰᠤᠳᠤᠯᠤᠨ ᠨᠡᠭᠡᠭᠡᠵᠦ᠍ ᠦᠶ᠋ᠯᠡᠳᠬᠦ᠌ ᠰᠠᠭᠤᠷᠢᠨ ᠢ᠋ ᠪᠠᠢᠭᠤᠯᠪᠠ᠃ 2024 ᠣᠨ ᠳ᠋ᠤ ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠠᠺᠠᠳᠧᠮᠢᠴᠢ ᠬᠤᠸᠠᠩ ᠸᠧᠢ᠂ ᠰᠢ ᠠᠨ ᠤ᠋ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ ᠢ᠋ᠢᠨ ᠫᠷᠤᠹᠸᠰᠰᠤᠷ ᠯᠢᠦ ᠬᠣᠩ ᠵᠦᠩ ᠵᠡᠷᠭᠡ ᠳᠡᠭᠡᠳᠦ ᠲᠡᠰ ᠤ᠋ᠨ ᠴᠢᠳᠠᠪᠤᠷᠢᠲᠠᠨ ᠤ᠋ ᠪᠦᠯᠬᠦᠮ ᠢ᠋ ᠵᠠᠯᠭᠠᠭ᠎ᠠ ᠪᠡᠷ ᠣᠷᠣᠭᠤᠯᠤᠨ ᠠᠪᠴᠢᠷᠠᠵᠤ᠂ ᠪᠦᠬᠦ᠌ ᠵᠢᠯ ᠳ᠋ᠤ ᠰᠢᠨ᠎ᠠ ᠪᠡᠷ 10 ᠴᠢᠳᠠᠪᠤᠷᠢᠲᠠᠨ ᠤ᠋ ᠪᠦᠯᠬᠦᠮ ᠨᠡᠮᠡᠭ᠌ᠳᠡᠬᠡᠳ ᠶᠡᠷᠦᠩᠬᠡᠢ ᠲᠣᠭ᠎ᠠ ᠨᠢ 52 ᠎ᠪᠤᠯᠵᠤ᠂ ᠱᠢᠨ᠎ᠡ ᠪᠡᠷ ᠨᠡᠮᠡᠭ᠌ᠳᠡᠭ᠌ᠰᠡᠨ ᠴᠢᠳᠠᠪᠤᠷᠢᠲᠠᠨ 1300 ᠪᠠᠢᠵᠦ᠂ ᠶᠡᠷᠦᠩᠬᠡᠢ ᠲᠣᠭ᠎ᠠ ᠨᠢ 1.94 ᠲᠦᠮᠡ ᠳ᠋ᠤ ᠬᠦᠷᠴᠡᠢ᠃

《ᠤᠯᠤᠰ ᠤ᠋ᠨ ᠨᠡᠷᠡᠮᠵᠢᠲᠤ》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠠᠪᠴᠠᠩ ᠪᠤᠯ ᠴᠢᠳᠠᠪᠤᠷᠢᠳᠡᠠ ᠤ᠋ ᠰᠤᠳᠤᠯᠭᠠᠨ ᠤ᠋ ᠦᠷ᠎ᠠ ᠪᠦᠳᠦᠬᠡᠯ ᠢ᠋ ᠤᠨᠳᠤᠤᠰᠢᠭᠤᠯᠬᠤ 《ᠠᠯᠳᠠᠨ ᠬᠦᠬᠦᠷᠬᠡ》 ᠮᠦᠨ᠃ ᠬᠦᠬᠡᠬᠤᠳᠠ ᠳ᠋ᠤ ᠪᠠᠢᠭ᠎ᠠ ᠤᠯᠤᠰ ᠤ᠋ᠨ ᠰᠦ ᠢ᠋ᠢᠨ ᠦᠢᠯᠡᠰ ᠤ᠋ᠨ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠥᠪ ᠪᠦᠷᠢᠨ ᠲᠡᠭᠦᠯᠳᠡᠷ ᠵᠠᠬ᠎ᠠ ᠳᠡᠯᠭᠡᠭᠦᠷᠴᠢᠯᠡᠭ᠌ᠰᠡᠨ ᠠᠵᠢᠯᠯᠠᠭᠠᠨ ᠤ᠋ ᠲᠣᠭ᠍ᠲᠠᠴᠠ ᠢ᠋ᠢ ᠪᠠᠢᠭᠤᠯᠵᠤ᠂ ᠪᠡᠯᠡ ᠮᠥᠩᠭᠥ ᠨᠡᠪᠴᠢᠭᠦᠯᠬᠦ᠌ ᠲᠠᠲᠠᠭᠠᠯ ᠪᠠᠢᠭᠤᠯᠤᠨ᠂ ᠳᠡᠭᠡᠳᠦ ᠳᠣᠣᠷᠠᠳᠤ ᠤᠷᠤᠰᠭᠠᠯ ᠤ᠋ᠨ 123 ᠠᠵᠤ ᠠᠬᠤᠢᠯᠠᠯ ᠢ᠋ ᠪᠦᠳᠤᠮᠵᠢᠳᠠᠢ ᠬᠣᠯᠪᠣᠵᠤ᠂ 239 ᠲᠥᠷᠥᠯ ᠵᠦᠢᠯ ᠢ᠋ ᠬᠡᠷᠡᠭ᠌ᠵᠢᠭᠦᠯᠤᠨ ᠂ 10 ᠵᠦᠢᠯ ᠤ᠋ᠨ ᠳᠡᠯᠡᠬᠡᠶ ᠢ᠋ᠢᠨ ᠲᠡᠷᠢᠭᠦᠨ ᠤ᠋ ᠲᠦᠪᠰᠢᠨ ᠪᠦᠬᠦᠢ ᠱᠢᠨ᠎ᠡ ᠢ᠋ᠢ ᠡᠭᠦᠳᠦᠭ᠌ᠰᠡᠨ ᠦᠷ᠎ᠡ ᠪᠦᠲᠦᠭᠡᠯ ᠢ᠋ ᠣᠯᠤᠭ᠍ᠰᠠᠨ ᠪᠥᠭᠡᠳ ᠠᠵᠤ ᠦᠢᠯᠡᠰᠵᠢᠯᠲᠡ ᠢ᠋ᠢ ᠪᠡᠶᠡᠯᠡᠭᠦᠯᠪᠡ; ᠤᠯᠤᠰ ᠤ᠋ᠨ ᠡᠪᠡᠰᠦᠨ ᠤ᠋ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠢ᠋ᠢ ᠡᠭᠦᠳᠬᠦ᠌ ᠲᠥᠪ ᠤ᠋ᠨ ᠡᠯ᠎ᠠ ᠲᠠᠯ᠎ᠠ ᠵᠢᠨ ᠠᠵᠢᠯ ᠯᠠᠪᠳᠠᠭᠤᠨ ᠲᠤᠭᠳᠠᠭᠤᠨ ᠵᠢᠡᠷ ᠤᠷᠤᠭᠰᠢ ᠠᠬᠢᠵᠤ ᠂ ᠪᠥᠬᠥ᠌ ᠤᠯᠤᠰ ᠤ᠋ᠨ ᠡᠪᠡᠰᠦᠨ ᠤ᠋ ᠠᠵᠤ ᠦᠶ᠋ᠯᠡᠰ ᠤ᠋ᠨ ᠠᠩᠬᠠᠳᠠᠭ᠍ᠴᠢ ᠮᠡᠳᠡᠯᠭᠡ ᠢ᠋ᠢᠨ ᠥᠮᠴᠢᠯᠡᠯ᠎ᠤᠨ ᠡᠷᠬᠡ ᠢ᠋ᠢᠨ ᠡᠵᠡᠩᠨᠡᠯᠲᠡ ᠢ᠋ᠢᠨ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ ᠪᠤᠷᠤ ᠴᠠᠷᠭᠠᠰᠤ ᠢ᠋ᠢᠨ ᠠᠮᠢᠳᠤ ᠪᠣᠳᠠᠰ ᠤ᠋ᠨ ᠠᠮᠤᠷ ᠲᠦᠪᠱᠢᠨ ᠤ᠋ ᠦᠨᠡᠯᠡᠯᠲᠡ ᠢ᠋ᠢᠨ ᠵᠠᠪᠰᠡᠷ ᠤ᠋ᠨ ᠲᠤᠷᠱᠢᠯᠲᠠ ᠢ᠋ᠢᠨ ᠰᠠᠭᠤᠷᠢᠨ ᠢ᠋ᠢᠡᠷ ᠵᠥᠪᠱᠢᠶᠡᠷᠡᠭ᠌ᠳᠡᠵᠤ᠂ ᠮᠸᠡᠭ ᠼᠤᠤ ᠺᠤᠮᠫᠠᠨᠢ ᠲᠦᠷᠦᠭᠦᠯᠡᠨ ᠡᠯ᠎ᠠ ᠲᠠᠯ᠎ᠠ ᠢ᠋ᠢᠨ ᠬᠢᠨ ᠲᠠᠢ ᠬᠤᠯᠪᠤᠭᠠᠯᠠᠨ ᠰᠢᠨ᠎ᠠ ᠢ᠋ᠢ ᠡᠭᠦᠳᠬᠦ ᠬᠤᠯᠪᠤᠭᠠᠲᠤ ᠴᠤᠭᠴᠠ ᠢ᠋ᠢ ᠵᠤᠬᠢᠶᠠᠨ ᠪᠠᠢᠭᠤᠯᠵᠤ᠂ ᠴᠠᠷᠭᠠᠰᠤ ᠢ᠋ᠢᠨ ᠶᠠᠰᠤ ᠴᠢᠨᠠᠷ ᠤ᠋ᠨ ᠰᠤᠳᠤᠯᠭᠠᠨ ᠦᠷᠨᠢᠭᠦᠯᠵᠤ ᠪᠠᠢᠨ᠎ᠠ; ᠬᠠᠭᠠᠰ ᠳᠠᠮᠵᠢᠭᠤᠯᠤᠭ᠍ᠴᠢ ᠢ᠋ᠢᠨ ᠮᠠᠲ᠋ᠧᠷᠢᠶᠠᠯ ᠤ᠋ᠨ ᠱᠢᠨ᠎ᠡ ᠢ᠋ᠢ ᠡᠭᠦᠳᠬᠦ᠌ ᠲᠥᠪ ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠣᠳᠠᠲᠤ ᠬᠦᠴᠦᠨ ᠲᠠᠰᠤᠷᠠᠯᠲᠠ ᠥᠬᠡᠶ ᠳᠡᠭᠡᠭ᠌ᠰᠢᠯᠡᠵᠦ᠍᠂ ᠵᠥᠩ ᠬᠤᠸᠠᠨ ᠯᠢᠡᠭ ᠰᠢᠶᠠᠨ ᠤ᠋ ᠯᠧᠦ ᠵᠥᠩ ᠱ᠌ᠢ ᠬᠣᠲᠠ ᠢ᠋ᠢᠨ ᠲᠠᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠴᠤ ᠦᠶ᠋ᠯᠡᠰ ᠪᠤᠰᠬᠠᠬᠤ ᠴᠢᠳᠠᠪᠤᠷᠢᠲᠠᠨ ᠢ᠋ᠢᠡᠷ ᠦᠨᠡᠯᠡᠭ᠌ᠳᠡᠵᠦ᠍᠂ ᠵᠥᠩ ᠬᠤᠸᠠᠨ ᠲᠠᠯᠠᠰᠲᠤ ᠪᠡᠶ᠎ᠡ ᠪᠠ ᠵᠥᠩ ᠬᠤᠸᠠᠨ ᠬᠡᠷᠡᠯᠴᠢ ᠴᠡᠨᠡᠭ ᠢ᠋ ᠰᠤᠳᠤᠯᠤᠨ ᠨᠡᠭᠡᠭᠡᠵᠦ᠍ ᠱᠢᠨ᠎ᠡ ᠢ᠋ᠢ ᠡᠭᠦᠳᠬᠦ᠌ ᠪᠦᠯᠬᠦᠮ ᠴᠦ᠍ ᠲᠣᠰ ᠲᠣᠰ ᠬᠣᠲᠠ ᠢ᠋ᠢᠨ ᠲᠠᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠢ᠋ᠢ ᠡᠭᠦᠳᠴᠤ ᠦᠶ᠋ᠯᠡᠰ ᠪᠤᠰᠬᠠᠬᠤ ᠪᠦᠯᠬᠦᠮ ᠢ᠋ᠢᠡᠷ ᠰᠣᠩᠭᠣᠭ᠍ᠳᠠᠪᠠ᠃

ᠤᠳᠤ ᠬᠥᠬᠡᠬᠣᠲᠠ ᠳ᠋ᠤ ᠤᠯᠤᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ 594᠂ ᠤᠯᠤᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠢ᠋ᠢᠨ ᠳᠤᠮᠳᠠ ᠪᠠᠭ᠎ᠠ ᠠᠵᠤ ᠠᠬᠤᠢᠯᠠᠯ 852᠂ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠠᠭᠠᠭᠤᠯᠤᠭ᠍ᠴᠢ ᠠᠵᠤ ᠠᠬᠤᠢᠯᠠᠯ 8᠂ ᠬᠣᠲᠠ ᠢ᠋ᠢᠨ ᠲᠠᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠳᠠᠭᠠᠭᠤᠯᠤᠭ᠍ᠴᠢ ᠠᠵᠤ ᠠᠬᠤᠢᠯᠠᠯ 44 ᠪᠣᠶ᠃ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠰᠠᠳ + ᠠᠵᠤ ᠠᠬᠤᠢᠯᠠᠯ》 ᠤ᠋ᠨ ᠦᠶ᠋ᠯᠡᠴᠢᠯᠡᠭᠡᠨ ᠤ᠋ ᠵᠠᠭ᠍ᠪᠤᠷ ᠢ᠋ ᠠᠯᠬᠤᠮ ᠠᠯᠬᠤᠮ ᠢ᠋ᠢᠡᠷ ᠲᠡᠭᠦᠯᠳᠡᠷᠵᠢᠭᠦᠯᠵᠦ᠍᠂ ᠳᠠᠩᠰᠠᠯᠠᠭᠤᠯᠤᠭ᠍ᠰᠠᠨ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠰᠠᠳ ᠤ᠋ᠨ ᠠᠵᠢᠯ ᠤ᠋ᠨ ᠥᠷᠲᠡᠭᠡ 32 ᠪᠣᠯᠵᠣ᠂ ᠥᠷᠲᠡᠭᠡᠨ ᠳ᠋ᠤ ᠤᠷᠤᠭ᠍ᠰᠠᠨ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠰᠠᠳ 853 ᠪᠣᠯᠵᠣ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠢ᠋ᠢᠨ ᠠᠵᠤ ᠠᠬᠤᠢᠯᠠᠯ ᠤ᠋ᠨ 《ᠨᠢᠭᠡ ᠰᠤᠳᠤᠯᠤᠨ ᠨᠡᠭᠡᠭᠡᠬᠦ᠌ ᠪᠠᠢᠭᠤᠯᠤᠮᠵᠢ ᠪᠠᠢᠭᠤᠯᠬᠤ + ᠨᠢᠭᠡ ᠱᠢᠨ᠎ᠡ ᠢ᠋ᠢ ᠡᠭᠦᠳᠬᠦ᠌ ᠪᠦᠯᠬᠦᠮ ᠨᠡᠢᠲᠡ ᠢ᠋ᠢ ᠬᠥᠮᠦᠵᠢᠭᠦᠯᠬᠦ᠌》 ᠬᠥᠭ᠌ᠵᠢᠯᠲᠡ ᠢ᠋ᠢᠨ ᠵᠠᠭ᠍ᠪᠤᠷ ᠢ᠋ ᠪᠣᠶ ᠪᠣᠯᠭᠠᠬᠤ ᠳ᠋ᠤ ᠬᠦᠴᠦᠨ ᠨᠡᠮᠡᠷᠢᠯᠡᠪᠡ᠃

2024 ᠣᠨ ᠤ᠋ 12 ᠰᠠᠷ᠎ᠠ ᠢ᠋ᠢᠨ 26 ᠤ᠋ ᠡᠳᠦᠷ᠂ ᠬᠥᠬᠡᠬᠣᠲᠠ 《ᠬᠥᠬᠡᠬᠣᠲᠠ ᠢ᠋ᠢᠨ ᠴᠢᠳᠠᠪᠤᠷᠢᠲᠠᠨ ᠢ᠋ᠢᠡᠷ ᠬᠣᠲᠠ ᠪᠡᠨ ᠬᠦᠴᠦᠷᠬᠡᠭ᠌ᠵᠢᠭᠦᠯᠬᠦ᠌ 25 ᠵᠤᠷᠪᠤᠰ》 ᠢ᠋ ᠵᠢᠩᠬᠢᠨᠢ᠎ᠪᠡᠷ ᠨᠡᠢᠲᠡᠯᠡᠭ᠌ᠰᠡᠨ ᠪᠥᠭᠡᠳ ᠢᠵᠢ ᠪᠥᠷᠢᠳᠦᠭᠦᠯᠬᠦ᠌ ᠬᠡᠷᠡᠭ᠌ᠵᠢᠭᠦᠯᠬᠦ᠌ ᠨᠠᠷᠢᠨ ᠲᠦᠷᠢᠮ ᠪᠠ ᠪᠣᠳᠠᠲᠠᠶ ᠭᠦᠶ᠋ᠴᠡᠳᠭᠡᠬᠦ᠌ ᠳᠡᠰ ᠳᠠᠷᠠᠭᠠᠯᠠᠯ ᠢ᠋ ᠵᠠᠯᠭᠠᠭ᠎ᠠ ᠪᠡᠷ ᠨᠡᠢᠲᠡᠯᠡᠪᠡ᠃ ᠬᠥᠬᠡᠬᠣᠲᠠ ᠢ᠋ᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠢ᠋ᠢᠨ ᠲᠣᠪᠴᠢᠶ᠎ᠠ ᠢᠳᠡᠪᠬᠢᠲᠡᠶ ᠬᠥᠳᠡᠯᠦᠯᠴᠡᠵᠦ᠍᠂ ᠲᠥᠷᠥ ᠢ᠋ᠢᠨ ᠪᠣᠳᠣᠯᠭ᠎ᠠ ᠲᠠᠢ ᠤᠶᠠᠯᠳᠤᠭᠤᠯᠤᠨ 《ᠦᠢᠯᠡᠴᠢᠯᠡᠭᠡ ᠬᠤᠭᠤᠰᠤᠨ ᠬᠦᠷᠢᠶ᠎ᠠ》 ᠪᠠ ᠴᠢᠳᠠᠪᠤᠷᠢᠲᠠᠨ ᠤ᠋ ᠬᠡᠷᠡᠭ᠌ᠴᠡᠭᠡ ᠱᠠᠭᠠᠷᠳᠠᠯᠭ᠎ᠠ ᠢ᠋ᠢᠨ 《ᠬᠠᠯᠠᠮᠱᠢᠯ ᠬᠦᠷᠢᠶ᠎ᠠ》 ᠢ᠋ᠢ ᠭᠦᠨᠵᠡᠭᠡᠶ ᠠᠭᠤᠳᠠᠯᠤᠨ᠂ ᠴᠢᠳᠠᠪᠤᠷᠢᠲᠠᠨ ᠤ᠋ ᠦᠶ᠋ᠯᠡᠴᠢᠯᠡᠭᠡ ᠢ᠋ᠢ ᠨᠢᠭᠡ ᠴᠣᠭ᠍ᠴᠠᠵᠢᠭᠤᠯᠬᠤ ᠲᠠᠪᠴᠠᠩ ᠤ᠋ᠨ ᠬᠣᠶᠠᠳᠤᠭᠠᠷ ᠬᠤᠭᠤᠴᠠᠭᠠᠨ ᠤ᠋ ᠪᠠᠢᠭᠤᠯᠤᠯᠲᠠ ᠢ᠋ᠢ ᠠᠬᠢᠭᠤᠯᠪᠠ᠃ ᠳᠡᠭᠡᠳᠦ ᠲᠠᠰ ᠤ᠋ᠨ ᠴᠢᠳᠠᠪᠤᠷᠢᠲᠠᠨ ᠢ᠋ ᠲᠥᠷᠥᠯ ᠬᠤᠪᠢᠶᠠᠨ ᠮᠠᠭᠠᠳᠯᠠᠨ ᠲᠣᠭ᠍ᠲᠠᠭᠠᠬᠤ ᠢ᠋ᠢ ᠠᠬᠢᠭᠤᠯᠵᠤ᠂ ᠠᠵᠢᠯᠯᠠᠭᠠᠨ ᠤ᠋ ᠵᠦᠭ᠌ᠯᠡᠭᠦᠷ ᠨᠡᠢᠲᠡᠯᠡᠨ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠠᠯᠠᠭ᠎ᠠ ᠮᠥᠴᠢᠷ ᠠᠩᠬᠠᠨ ᠤ᠋ ᠬᠢᠨᠠᠯᠲᠠ ᠬᠢᠵᠦ᠍ ᠳᠠᠬᠢᠨ ᠬᠢᠨᠠᠬᠤ ᠲᠠᠰ ᠳᠠᠷᠠᠭᠠᠯᠠᠯ ᠢ᠋ ᠬᠡᠷᠡᠭᠵᠢᠬᠦᠯᠪᠠ᠃ ᠣᠷᠣᠨ ᠰᠠᠭᠤᠴᠠ ᠲᠦᠷᠢᠶᠡᠰᠦᠯᠡᠬᠦ᠌ ᠪᠠ ᠬᠤᠳᠠᠯᠳᠤᠨ ᠠᠪᠬᠤ ᠨᠥᠬᠥᠪᠥᠷᠢ ᠢ᠋ᠢᠨ ᠲᠥᠷᠥ ᠢ᠋ᠢᠨ ᠪᠣᠳᠣᠯᠭ᠎ᠠ ᠢ᠋ᠢ ᠨᠠᠢᠳᠠᠪᠤᠷᠢᠵᠢᠭᠤᠯᠬᠤ ᠢ᠋ᠢ ᠠᠬᠢᠭᠤᠯᠵᠤ᠂ ᠨᠥᠬᠥᠴᠡᠯ ᠳ᠋ᠤ ᠨᠡᠢᠴᠡᠬᠦ᠌ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠢ᠋ᠢᠨ ᠤᠶᠤᠳᠠᠨ᠂ ᠲᠤᠰᠭᠠᠶ ᠮᠡᠷᠭᠡᠵᠢᠯ ᠤ᠋ᠨ ᠠᠩᠬᠢ ᠵᠢᠨ ᠰᠣᠷᠣᠭ᠍ᠴᠢ ᠢ᠋ᠢᠨ ᠣᠷᠣᠨ ᠰᠠᠭᠤᠴᠠ ᠬᠤᠳᠠᠯᠳᠤᠨ ᠠᠪᠬᠤ ᠳ᠋ᠤ ᠲᠣᠰᠪᠦᠷᠢ 10 ᠲᠦᠮᠡᠨ ᠲᠥᠭᠥᠷᠢᠭ᠂ 5 ᠲᠦᠮᠡᠨ ᠲᠥᠭᠥᠷᠢᠭ᠂ 3 ᠲᠦᠮᠡᠨ ᠲᠥᠭᠥᠷᠢᠭ ᠪᠠ 2 ᠲᠦᠮᠡᠨ ᠲᠥᠭᠥᠷᠢᠭ ᠨᠥᠬᠥᠪᠥᠷᠢᠯᠡᠵᠦ᠍᠂ ᠣᠷᠣᠨ ᠰᠠᠭᠤᠴᠠ ᠲᠦᠷᠢᠶᠡᠰᠦᠯᠡᠬᠦ᠌ ᠳ᠋ᠤ 24 ᠰᠠᠷ᠎ᠠ ᠵᠢᠨ ᠲᠤᠳᠤᠷ᠎ᠠ ᠲᠣᠰ ᠲᠣᠰ ᠰᠠᠷ᠎ᠠ ᠪᠦᠷᠢ 1000 ᠲᠥᠭᠥᠷᠢᠭ᠂ 800 ᠲᠥᠭᠥᠷᠢᠭ᠂ 500 ᠲᠥᠭᠥᠷᠢᠭ ᠪᠠ 300 ᠲᠥᠭᠥᠷᠢᠭ ᠤ᠋ᠨ ᠨᠦᠬᠦᠪᠦᠷᠢ ᠦᠭᠴᠤ ᠪᠤᠢ᠃ ᠡᠨᠡ ᠵᠢᠯ ᠤ᠋ᠨ 2 ᠰᠠᠷ᠎ᠠ ᠢ᠋ᠢᠨ ᠳᠤᠮᠳᠠᠴᠢ ᠪᠣᠯᠲᠠᠯ᠎ᠠ ᠨᠢᠬᠡᠨᠳᠡ 177 ᠬᠥᠮᠦᠨ ᠤᠳᠠᠭ᠎ᠠ ᠵᠢᠨ ᠬᠡᠷ ᠪᠠᠢᠱᠢᠩ ᠬᠤᠳᠠᠯᠳᠤᠨ ᠠᠪᠬᠤ ᠨᠥᠬᠥᠪᠥᠷᠢ ᠢ᠋ᠢᠨ ᠭᠤᠶᠤᠴᠢᠯᠠᠯ᠂ 78 ᠬᠥᠮᠦᠨ ᠤᠳᠠᠭ᠎ᠠ ᠵᠢᠨ ᠬᠡᠷ ᠪᠠᠢᠱᠢᠩ ᠲᠦᠷᠢᠶᠡᠰᠦᠯᠡᠬᠦ᠌ ᠨᠥᠬᠥᠪᠥᠷᠢ ᠢ᠋ᠢᠨ ᠭᠤᠶᠤᠴᠢᠯᠡᠯ ᠢ᠋ ᠭᠥᠯᠢᠶᠡᠨ ᠠᠪᠴᠤ᠌ ᠰᠢᠢᠳᠪᠦᠷᠢᠯᠡᠵᠤ᠂ ᠵᠢᠱ᠌ᠢᠯᠲᠡ ᠪᠡᠷ ᠵᠢᠯ ᠤ᠋ᠨ ᠰᠡᠭᠦᠯᠴᠢ ᠪᠤᠯᠲᠠᠯ᠎ᠠ 1000 ᠣᠷᠴᠢᠮ ᠬᠥᠮᠦᠨ ᠳ᠋ᠤ ᠨᠥᠬᠥᠪᠥᠷᠢ ᠣᠯᠭᠣᠬᠤ ᠪᠣᠯᠤᠨ᠎ᠠ᠃

ᠬᠥᠬᠡᠬᠣᠲᠠ ᠲᠦᠷᠢᠮ ᠤ᠋ᠨ ᠱᠢᠨ᠎ᠡ ᠡᠬᠦᠳᠦᠯᠳᠡ ᠪᠡᠷ ᠴᠢᠳᠠᠪᠤᠷᠢᠲᠠᠨ ᠢ᠋ ᠴᠤᠭ᠍ᠯᠠᠷᠠᠭᠤᠯᠤᠨ᠂ ᠴᠢᠳᠠᠪᠤᠷᠢᠲᠠᠨ ᠤ᠋ ᠳᠠᠪᠠᠭᠤᠯᠢᠭ ᠢ᠋ ᠬᠥᠭ᠌ᠵᠢᠯᠲᠡ ᠢ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠴᠢᠨᠠᠷ ᠰᠠᠢᠲᠠᠢ ᠬᠥᠭ᠌ᠵᠢᠯᠲᠡ ᠢ᠋ᠢᠨ ᠵᠠᠮ ᠢ᠋ᠢᠡᠷ ᠡᠷᠡᠮᠡᠬᠡᠢᠯᠡᠨ ᠤᠷᠤᠭ᠍ᠰᠢᠯᠠᠵᠤ᠂ ᠴᠠᠭ ᠦᠶ᠎ᠡ ᠢ᠋ᠢᠨ ᠬᠠᠮᠤᠭ ᠤ᠋ᠨ ᠬᠦᠴᠦᠷᠬᠡᠭ ᠳᠠᠭᠤᠨ ᠢ᠋ ᠬᠠᠩᠭᠢᠨᠠᠭᠤᠯᠪᠠ᠃ ᠢᠷᠡᠭᠡᠳᠦᠶ ᠳ᠋ᠤ ᠬᠥᠬᠡᠬᠣᠲᠠ ᠦᠷᠭᠦᠯᠵᠢᠯᠡᠨ ᠴᠢᠳᠠᠪᠤᠷᠢᠲᠠᠨ ᠢ᠋ᠢᠡᠷ ᠬᠥᠳᠡᠯᠭᠡᠭᠦᠷ ᠪᠣᠯᠭᠠᠨ ᠬᠣᠲᠠ ᠢ᠋ᠢᠨ ᠱᠢᠨ᠎ᠡ ᠢ᠋ᠢ ᠡᠭᠦᠳᠬᠦ᠌ ᠬᠥᠭ᠌ᠵᠢᠯᠲᠡ ᠢ᠋ᠢᠨ ᠠᠶᠠᠨ ᠳ᠋ᠤ ᠲᠠᠰᠤᠷᠠᠯᠲᠠ ᠥᠬᠡᠶ ᠱᠢᠨ᠎ᠡ ᠦᠨᠳᠦᠷᠴᠡ ᠳ᠋ᠤ ᠭᠠᠷᠴᠤ᠌᠂ ᠨᠠᠩ ᠰᠠᠢᠨ ᠰᠠᠢᠬᠠᠨ ᠮᠠᠷᠭᠠᠰᠢ ᠳᠠᠢᠰᠢ ᠡᠷᠡᠯᠬᠡᠭ᠌ᠯᠡᠨ ᠤᠷᠤᠭ᠍ᠰᠢᠯᠠᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号