ᠣᠷᠳᠣᠰ ᠬᠤᠳᠠ᠄ ᠲᠦᠷᠦ ᠵᠢᠨ ᠪᠤᠳᠤᠯᠭ᠎ᠠ ᠵᠢ ᠰᠠᠢᠳᠤᠷ ᠬᠡᠷᠡᠭᠵᠢᠬᠦᠯᠦᠨ ᠰᠢᠯᠢᠳᠡᠭ ᠴᠢᠳᠠᠪᠤᠷᠢᠲᠠᠨ᠎ᠢ ᠬᠤᠷᠠᠭᠤᠯᠤᠨ᠎ᠠ
2025-02-28 09:51:42
ᠵᠣᠬᠢᠶᠠᠭ᠍ᠴᠢ᠄
ᠬᠤᠤ ᠱᠢᠥᠧᠠᠢ ᠯᠢᠶᠠᠨ
ᠣᠩᠱᠢᠭ᠍ᠰᠠᠨ ᠣᠳᠠᠭ᠎ᠠ᠄
★★★☆☆

《ᠳᠤᠯᠠᠭᠠᠨ ᠬᠤᠳᠠ ᠭᠡᠵᠦ ᠠᠯᠳᠠᠷᠰᠢᠬᠰᠠᠨ ᠤᠷᠳᠤᠰ ᠵᠠᠯᠠᠭᠤᠴᠤᠳ᠎ᠢ ᠣᠢᠯᠠᠭᠠᠬᠤ᠂ ᠵᠠᠯᠠᠭᠤᠴᠤᠳ᠎ᠢ ᠬᠠᠢᠷᠠᠯᠠᠬᠤ᠂ ᠵᠠᠯᠠᠭᠤ ᠴᠢᠳᠠᠪᠤᠷᠢᠲᠠᠳ ᠲᠦ᠍ ᠦᠪᠡᠷ᠎ᠤᠨ ᠦᠨ᠎ᠡ ᠦᠷᠳᠡᠭ ᠵᠢᠡᠨ ᠪᠠᠳᠠᠷᠠᠭᠤᠯᠬᠤ ᠶᠡᠬᠡ ᠲᠠᠪᠴᠠᠩ᠎ᠢ ᠬᠠᠩᠭᠠᠵᠠᠢ᠃ 2022 ᠣᠨ᠎ᠳᠤ ᠴᠢᠩᠬᠤᠸᠠ ᠶᠡᠬᠡ ᠰᠤᠷᠭᠠᠭᠤᠯᠢ᠎ᠠᠴᠠ ᠲᠡᠭᠦᠰᠦᠭ᠌ᠰᠡᠨ ᠳ᠋ᠣᠺᠲ᠋ᠣᠷᠠᠨᠲ ᠯᠢᠦ ᠫᠸᠩ ᠲᠤᠬᠠᠢ ᠶ᠋ᠢᠨ ᠵᠢᠯ᠎ᠳᠡᠭᠡᠨ ᠤᠷᠳᠤᠰ᠎ᠤᠨ ᠠᠯᠢ ᠤᠯᠠᠨ ᠪᠣᠳᠠᠲᠠᠢ ᠨᠥᠬᠥᠷᠰᠡᠭ ᠴᠢᠳᠠᠪᠤᠷᠢᠲᠠᠨ᠎ᠤ ᠲᠤᠬᠠᠢ ᠲᠦᠷᠦ᠍ ᠶ᠋ᠢᠨ ᠪᠤᠳᠤᠯᠭ᠎ᠠ ᠶ᠋ᠢᠨ ᠤᠷᠢᠶᠠᠯᠠᠭ᠎ᠠ ᠪᠡᠷ ᠲᠦᠷᠦᠭᠰᠡᠨ ᠨᠤᠲᠤᠭ ᠤᠷᠳᠤᠰ᠎ᠲᠠᠭᠠᠨ ᠪᠤᠴᠠᠨ ᠢᠷᠡᠵᠦ᠂ ᠤᠷᠳᠤᠰ ᠬᠤᠳᠠ ᠶ᠋ᠢᠨ ᠭᠤᠤᠯ ᠡᠮᠨᠡᠯᠭᠡ ᠶ᠋ᠢᠨ ᠬᠣᠷᠢᠶ᠎ᠠ᠎ᠶᠢᠨ ᠵᠢᠷᠦᠭᠡᠨ᠎ᠤ ᠳᠣᠲᠣᠷ ᠰᠠᠯᠠᠭᠠᠨ᠎ᠤ ᠭᠣᠣᠯᠯᠠᠨ ᠵᠠᠰᠠᠬᠤ ᠡᠮᠴᠢ ᠪᠣᠯᠵᠠᠢ᠃

ᠲᠥᠷᠥ ᠶ᠋ᠢᠨ ᠪᠣᠳᠣᠯᠭ᠎ᠠ᠎ᠶ᠋ᠢᠨ ᠤᠷᠴᠢᠨ ᠨᠥᠬᠥᠴᠡᠯ ᠪᠣᠯ ᠲᠠᠷᠤᠢ ᠴᠢᠳᠠᠪᠤᠷᠢᠲᠠᠨ᠎ᠤ ᠥᠷᠢᠰᠦᠯᠳᠦᠬᠦ᠌ ᠬᠦᠴᠦᠨ ᠮᠥᠨ᠃ ᠡᠲᠡᠭᠡᠷ ᠵᠢᠯ᠎ᠦᠳ᠎ᠲᠦ᠂ ᠣᠷᠳᠣᠰ ᠬᠣᠲᠠ ᠴᠢᠳᠠᠪᠤᠷᠢᠲᠠᠨ᠎ᠤ ᠬᠥᠭ᠌ᠵᠢᠯᠲᠡ ᠶ᠋ᠢᠨ ᠪᠠᠢᠭᠤᠯᠤᠮᠵᠢ ᠲᠣᠭ᠍ᠲᠠᠴᠠ ᠶ᠋ᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ ᠶ᠋ᠢᠨ ᠴᠢᠳᠠᠪᠤᠷᠢᠲᠠᠨ᠎ᠤ ᠨᠥᠬᠥᠷᠰᠡᠭ ᠬᠡᠯᠪᠡᠷᠢ᠎ᠶ᠋ᠢᠨ ᠬᠣᠲᠠ ᠶ᠋ᠢ ᠪᠥᠬᠥ᠌ ᠲᠠᠯ᠎ᠠ᠎ᠪᠠᠷ ᠱᠢᠰᠲ᠋ᠧᠮ᠎ᠲᠡᠶ ᠪᠠᠢᠭᠤᠯᠵᠤ᠂ ᠵᠠᠯᠠᠭᠤ ᠴᠢᠳᠠᠪᠤᠷᠢᠲᠠᠨ᠎ᠤ ᠠᠵᠢᠯ ᠣᠯᠵᠤ ᠦᠶ᠋ᠯᠡᠰ ᠪᠤᠰᠭᠠᠬᠤ᠎ᠶ᠋ᠢ ᠵᠣᠷᠢᠭ᠍ᠵᠢᠭᠤᠯᠤᠨ ᠳᠡᠮᠵᠢᠬᠦ᠌ ᠠᠯᠢ ᠣᠯᠠᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠨᠡᠢᠳᠡᠯᠡᠨ ᠭᠡᠷᠡᠭᠵᠢᠬᠦᠯᠵᠡᠢ᠃ ᠲᠡᠷᠢᠭᠦᠨ᠎ᠤ ᠬᠢ ᠲᠠᠢ ᠪᠠᠷᠢᠮᠵᠢᠶᠠᠯᠠᠵᠦ᠂ ᠴᠢᠳᠠᠪᠤᠷᠢᠲᠠᠨ᠎ᠤ ᠱᠢᠨ᠎ᠡ ᠲᠥᠷᠥ᠎ᠶ᠋ᠢᠨ ᠪᠣᠳᠣᠯᠭ᠎ᠠ ᠶ᠋ᠢᠨ 《ᠬᠤᠤᠰ 30 ᠵᠤᠷᠪᠤᠰ》 ᠢ᠋ ᠨᠡᠢᠲᠡᠯᠡᠵᠦ᠍᠂ 《ᠣᠷᠳᠣᠰ ᠬᠣᠲᠠ ᠶ᠋ᠢᠨ ᠴᠢᠳᠠᠪᠤᠷᠢᠲᠠᠨ᠎ᠤ ᠠᠮᠤᠭᠤᠯᠠᠩ ᠣᠷᠣᠨ ᠰᠠᠭᠤᠴᠠ᠎ᠶ᠋ᠢᠨ ᠪᠠᠲᠤᠯᠠᠭ᠎ᠠ ᠶ᠋ᠢᠨ ᠬᠡᠷᠡᠭ᠌ᠵᠢᠭᠦᠯᠬᠦ᠌ ᠠᠷᠭ᠎ᠠ》 ᠵᠡᠷᠭᠡ 40 ᠭᠠᠷᠤᠶ ᠵᠦᠶ᠋ᠯ᠎ᠦᠨ ᠢᠵᠢ ᠪᠥᠷᠢᠳᠦᠭ᠌ᠰᠡᠨ ᠲᠥᠷᠥ ᠶ᠋ᠢᠨ ᠪᠣᠳᠣᠯᠭ᠎ᠠ ᠶ᠋ᠢ ᠲᠣᠭ᠍ᠲᠠᠭᠠᠵᠠᠢ; 《ᠳᠤᠯᠠᠭᠠᠨ ᠬᠣᠲᠠ ᠵᠢᠨ 〈ᠱᠢᠨ᠎ᠡ ᠬᠣᠲᠠ᠎ᠶ᠋ᠢᠨ ᠠᠷᠠᠳ〉 ᠲᠦ᠍ ᠦᠶ᠋ᠯᠡᠴᠢᠯᠡᠬᠦ᠌ 0477 ᠱᠢᠷᠢᠰ ᠠᠷᠭ᠎ᠠ ᠬᠡᠮᠵᠢᠶ᠎ᠡ》 ᠶ᠋ᠢ ᠨᠡᠢᠲᠡᠯᠡᠵᠦ᠍᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠲᠥᠷᠥ ᠶ᠋ᠢᠨ ᠪᠣᠳᠣᠯᠭ᠎ᠠ 30 ᠵᠤᠷᠪᠤᠰ》᠂《ᠠᠵᠦ ᠦᠢᠯᠡᠰ᠎ᠤᠨ ᠰᠦᠷᠦᠭᠵᠢᠯ᠎ᠤᠨ ᠬᠦᠭᠵᠢᠯᠳᠡ ᠵᠢ ᠲᠡᠮᠵᠢᠬᠦ 12 ᠵᠤᠷᠪᠤᠰ》᠂ 《ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠢ ᠰᠢᠯᠢᠳᠡᠭᠵᠢᠭᠦᠯᠬᠦ 500 ᠵᠤᠷᠪᠤᠰ》 ᠵᠡᠷᠭᠡ ᠪᠣᠳᠠᠲᠠᠶ᠎ᠨᠥᠬᠥᠷᠰᠡᠭ᠎ᠲᠥᠷᠥ᠎ᠶ᠋ᠢᠨ ᠪᠣᠳᠣᠯᠭ᠎ᠠ ᠶ᠋ᠢᠨ ᠱᠢᠰᠲ᠋ᠧᠮ᠎ᠢ ᠬᠡᠷᠡᠭ᠌ᠵᠢᠭᠦᠯᠵᠦ᠍᠂ ᠮᠠᠰᠢ ᠣᠯᠠᠨ ᠱᠢᠯᠢᠳᠡᠭ ᠴᠢᠳᠠᠪᠤᠷᠢᠲᠠᠨ᠎ᠢ ᠣᠷᠳᠣᠰ᠎ᠲᠤ ᠲᠡᠳᠡᠨ ᠠᠪᠴᠢᠷᠠᠵᠤ ᠨᠤᠲᠤᠭᠰᠢᠭᠤᠯᠤᠨ᠂ ᠵᠠᠯᠠᠭᠤ ᠴᠢᠳᠠᠪᠤᠷᠢᠲᠠᠨ᠎ᠤ ᠤᠮᠠᠷᠠᠲᠤ ᠬᠢᠯᠢ᠎ᠳᠦ ᠦᠨᠳᠦᠰᠦ ᠬᠠᠳᠭᠤᠬᠤ ᠪᠠ ᠦᠶ᠋ᠯᠡᠰ ᠪᠦᠲᠦᠭᠡᠨ ᠭᠠᠪᠢᠶ᠎ᠠ ᠪᠠᠢᠭᠤᠯᠬᠤ᠎ᠳᠤ᠎ᠥᠷᠭᠡᠨ ᠠᠭᠤᠳᠠᠮ ᠲᠠᠪᠴᠠᠩ ᠬᠠᠩᠭᠠᠵᠠᠢ᠃

ᠯᠢᠦ ᠫᠸᠩ ᠲᠠᠢ ᠠᠳᠠᠯᠢ᠎ᠪᠠᠷ ᠣᠷᠳᠣᠰ᠎ᠤᠨ ᠴᠢᠳᠠᠪᠤᠷᠢᠲᠠᠨ᠎ᠤ ᠳᠠᠪᠠᠭᠤᠯᠢᠭ ᠲᠥᠷᠥ᠎ᠶ᠋ᠢᠨ ᠪᠣᠳᠣᠯᠭ᠎ᠠ᠎ᠳᠤ ᠲᠠᠲᠠᠭ᠍ᠳᠠᠵᠤ ᠢᠷᠡᠭᠰᠡᠨ ᠡᠯ᠎ᠡ ᠲᠥᠷᠥᠯ᠎ᠦᠨ ᠱᠢᠯᠢᠳᠡᠭ ᠴᠢᠳᠠᠪᠤᠷᠢᠲᠠᠨ ᠮᠠᠰᠢ ᠣᠯᠠᠨ ᠪᠣᠶ᠃ ᠵᠢᠱ᠌ᠢᠶᠡᠯᠡᠪᠡᠯ᠂ ᠴᠢᠩᠬᠤᠸᠠ ᠶᠡᠬᠡ ᠰᠤᠷᠭᠠᠭᠤᠯᠢ ᠪᠠ ᠮᠠᠰᠠᠴᠦ᠋ᠰᠸᠼ ᠪᠠᠢᠭᠠᠯᠢ᠎ᠲᠸᠭᠨᠢᠭ᠎ᠤᠨ ᠤᠬᠠᠭᠠᠨ᠎ᠤ ᠳᠡᠭᠡᠳᠦ ᠰᠤᠷᠭᠠᠭᠤᠯᠢ᠎ᠠᠴᠠ ᠲᠡᠭᠦᠰᠴᠦ᠍᠂ ᠪᠡᠭᠡᠵᠢᠩ ᠶᠡᠬᠡ ᠰᠤᠷᠭᠠᠭᠤᠯᠢ᠎ᠶ᠋ᠢᠨ ᠣᠷᠳᠣᠰ᠎ᠤᠨ ᠡᠨᠧᠷᠭᠢ ᠶ᠋ᠢᠨ ᠰᠤᠳᠤᠯᠭᠠᠨ᠎ᠤ ᠬᠦᠷᠢᠶᠡᠯᠡᠩ᠎ᠦᠨ ᠲᠡᠷᠢᠬᠦᠨ ᠱᠢᠨᠵᠢᠯᠡᠬᠦ᠌ ᠤᠬᠠᠭᠠᠨᠲᠠᠨ᠎ᠤ ᠲᠤᠰᠠᠯᠠᠭ᠍ᠴᠢ ᠪᠣᠯᠤᠭ᠍ᠰᠠᠨ ᠵᠠᠯᠠᠭᠤ ᠯᠢᠦ ᠶᠠᠩ; ᠴᠢᠩᠬᠤᠸᠠ ᠶᠡᠬᠡ ᠰᠤᠷᠭᠠᠭᠤᠯᠢ᠎ᠠᠴᠠ ᠲᠡᠭᠦᠰᠴᠦ᠍᠂ ᠣᠲᠣᠭ ᠬᠣᠱᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠬᠢᠮᠢ ᠶ᠋ᠢᠨ ᠪᠠᠭ᠍ᠰᠢ᠂ ᠦᠷᠢᠰᠦᠯᠳᠦᠭᠡᠨ᠎ᠤ ᠪᠡᠶ᠎ᠡ ᠵᠢᠨ ᠲᠠᠮᠢᠷ᠎ᠤᠨ ᠲᠠᠰᠬᠠᠯᠵᠢᠭᠤᠯᠤᠬᠴᠢ ᠪᠤᠯᠤᠭᠰᠠᠨ ᠭᠤᠸᠠᠩᠳᠦ᠋ᠩ ᠵᠠᠯᠠᠭᠤ ᠶᠠᠨ ᠢᠦᠶ; 20 ᠵᠢᠯ ᠴᠡᠷᠢᠭ᠎ᠤᠨ ᠠᠯᠪᠠ ᠬᠠᠭᠠᠵᠦ᠂ ᠣᠳᠣ ᠣᠷᠳᠣᠰ ᠬᠣᠲᠠ᠎ᠶᠢᠨ ᠲᠡᠰ ᠡᠴᠡ ᠲᠠᠪᠠᠭᠰᠠᠨ ᠪᠤᠳᠤᠯᠳᠠ ᠬᠢᠬᠡᠳ ᠵᠣᠬᠢᠶᠠᠮᠠᠯ ᠣᠶᠤᠨ ᠴᠢᠳᠠᠪᠤᠷᠢ ᠶ᠋ᠢᠨ ᠰᠤᠳᠤᠯᠭᠠᠨ᠎ᠤ ᠬᠦᠷᠢᠶᠡᠯᠡᠩ᠎ᠳᠦ ᠠᠵᠢᠯᠯᠠᠵᠦ ᠪᠠᠢᠭ᠎ᠠ ᠬᠤᠨᠠᠨ ᠵᠠᠯᠠᠭᠤ ᠳ᠋ᠧᠩ ᠭᠠᠩ; ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠪᠠ ᠤᠯᠠᠮᠵᠢᠯᠠᠬᠤ᠎ᠳᠤ ᠬᠦᠴᠦᠨ ᠨᠡᠮᠡᠷᠢᠯᠡᠵᠦ᠍᠂ ᠠᠵᠤ ᠦᠶ᠋ᠯᠡᠰ ᠪᠠ ᠰᠣᠶᠣᠯ᠎ᠤᠨ ᠬᠤᠤᠰ ᠴᠢᠭ᠌ᠯᠡᠯ ᠵᠢᠡᠷ ᠮᠡᠷᠡᠢᠨ ᠵᠢᠳᠬᠦᠵᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠲᠠᠯ᠎ᠠ ᠨᠤᠲᠤᠭ᠎ᠤᠨ ᠰᠤᠳᠤᠨ ᠴᠢᠳᠠᠪᠤᠷᠢᠲᠠᠨ ᠵᠠᠯᠠᠭᠤ ᠦᠶ᠋ᠯᠡᠰ ᠪᠤᠰᠬᠠᠬᠴᠢ ᠱᠢᠶᠤᠤ ᠪᠢᠨ ᠵᠡᠷᠭᠡ ᠲᠤᠭᠠᠯᠠᠰᠢ ᠦᠭᠡᠢ ᠤᠯᠠᠨ ᠴᠢᠳᠠᠪᠤᠷᠢᠳᠠᠨ ᠪᠤᠢ᠃

2023 ᠣᠨ᠎ᠳᠤ᠂ ᠣᠷᠳᠣᠰ ᠬᠣᠲᠠ 《ᠨᠠᠩ ᠢᠳᠡᠪᠬᠢᠲᠡᠶ ᠨᠡᠭᠡᠭᠡᠯᠲᠡᠲᠡᠶ ᠪᠦᠲᠦᠮᠵᠢᠲᠡᠶ ᠴᠢᠳᠠᠪᠤᠷᠢᠲᠠᠨ᠎ᠤ ᠲᠥᠷᠥ ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍ ᠲᠡᠷᠢᠭᠦᠨ᠎ᠦ ᠴᠢᠳᠠᠪᠤᠷᠢᠲᠠᠨ᠎ᠤ ᠥᠨᠳᠥᠷᠯᠢᠭ᠎ᠢ ᠴᠤᠬᠴᠠᠯᠠᠬᠤ ᠲᠤᠬᠠᠢ ᠠᠷᠭ᠎ᠠ ᠬᠡᠮᠵᠢᠶ᠎ᠡ᠎ᠨᠦᠭᠦᠳ》 (《ᠴᠢᠳᠠᠪᠤᠷᠢᠲᠠᠨ᠎ᠤ ᠱᠢᠨ᠎ᠡ ᠲᠥᠷᠥ ᠶ᠋ᠢᠨ ᠪᠣᠳᠣᠯᠭ᠎ᠠ 2.0 ᠭᠡᠪ》 ᠭᠡᠵᠦ᠍ ᠲᠣᠪᠴᠢᠯᠠᠨ᠎ᠠ)᠎ᠢ᠋ ᠨᠡᠢᠲᠡᠯᠡᠵᠦ᠍᠂ ᠲᠡᠭᠡᠳᠤ ᠨᠠᠷᠢᠯᠢᠭ ᠤᠷᠤᠢᠯᠠᠭᠰᠠᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ᠎ᠢ ᠬᠥᠮᠦᠵᠢᠭᠦᠯᠦᠨ ᠤᠷᠮᠠᠱᠢᠭᠤᠯᠬᠤ ᠶ᠋ᠢ ᠴᠢᠩᠭᠠᠳᠭᠠᠬᠤ᠂ ᠴᠢᠳᠠᠪᠤᠷᠢᠲᠠᠨ᠎ᠤ ᠡᠬᠢ ᠪᠠᠶᠠᠯᠢᠭ᠎ᠢ ᠰᠠᠢᠲᠤᠷ ᠬᠡᠷᠡᠭ᠌ᠯᠡᠵᠦ᠍ ᠠᠮᠢᠳᠤᠯᠢᠭ ᠬᠡᠷᠡᠭ᠌ᠯᠡᠬᠦ᠌᠂ ᠰᠡᠳᠭᠢᠯ᠎ᠢ ᠨᠢ ᠳᠤᠯᠠᠭᠠᠴᠠᠭᠤᠯᠤᠨ ᠴᠢᠳᠠᠪᠤᠷᠢᠲᠠᠨ᠎ᠢ ᠦᠯᠡᠳᠡᠭᠡᠬᠦ᠌ ᠣᠷᠴᠢᠨ ᠨᠥᠬᠥᠴᠡᠯ᠎ᠢ ᠪᠣᠶ ᠪᠣᠯᠭᠠᠬᠤ᠂ ᠴᠢᠳᠠᠪᠤᠷᠢᠲᠠᠨ᠎ᠤ ᠬᠥᠭ᠌ᠵᠢᠯᠲᠡ ᠶ᠋ᠢᠨ ᠪᠠᠢᠭᠤᠯᠤᠯ ᠲᠣᠭ᠍ᠲᠠᠴᠠ ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠠᠯᠢ ᠣᠯᠠᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠨᠡᠢᠲᠡᠯᠡᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠴᠢᠳᠠᠪᠤᠷᠢᠲᠠᠨ᠎ᠢ ᠥᠷᠭᠡᠨ᠎ᠢᠶᠡᠷ ᠬᠤᠷᠠᠭᠤᠯᠵᠠᠢ᠃

《ᠴᠢᠳᠠᠪᠤᠷᠢᠲᠠᠨ᠎ᠤ ᠱᠢᠨ᠎ᠡ ᠲᠥᠷᠥ ᠶ᠋ᠢᠨ ᠪᠣᠳᠣᠯᠭ᠎ᠠ 2.0 ᠬᠡᠪ》 ᠨᠢ 2021 ᠣᠨ᠎ᠳᠤ ᠨᠡᠢᠲᠡᠯᠡᠭ᠌ᠰᠡᠨ 《ᠴᠢᠳᠠᠪᠤᠷᠢᠲᠠᠨ᠎ᠤ ᠱᠢᠨ᠎ᠡ ᠲᠥᠷᠥ᠎ᠶ᠋ᠢᠨ ᠪᠣᠳᠣᠯᠭ᠎ᠠ 30 ᠵᠤᠷᠪᠤᠰ》᠎ᠢ᠋ ᠱᠢᠯᠢᠳᠡᠭ᠌ᠵᠢᠭᠦᠯᠦᠨ ᠲᠠᠰ ᠳᠡᠪᠱᠢᠭᠦᠯᠵᠦ᠍᠂ ᠬᠠᠮᠲᠤ ᠪᠠᠷ ᠣᠷᠳᠣᠰ᠎ᠤᠨ ᠴᠢᠳᠠᠪᠤᠷᠢᠲᠠᠨ᠎ᠤ ᠱᠢᠨ᠎ᠡ ᠲᠥᠷᠥ᠎ᠶ᠋ᠢᠨ ᠪᠣᠳᠣᠯᠭ᠎ᠠ 《ᠬᠤᠤᠰ 30  ᠵᠤᠷᠪᠤᠰ》᠎ᠢ᠋ ᠪᠦᠷᠢᠯᠳᠦᠭᠦᠯᠵᠠᠢ᠃ ᠴᠢᠳᠠᠪᠤᠷᠢᠲᠠᠨ᠎ᠤ ᠱᠢᠨ᠎ᠡ ᠲᠥᠷᠥ᠎ᠶ᠋ᠢᠨ ᠪᠣᠳᠣᠯᠭ᠎ᠠ 《ᠬᠤᠤᠰ 30 ᠵᠤᠷᠪᠤᠰ》 ᠨᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠌᠂ ᠬᠡᠷᠡᠭ᠌ᠯᠡᠬᠦ᠌᠂ ᠦᠨᠡᠯᠡᠬᠦ᠌᠂ ᠤᠷᠮᠠᠱᠢᠭᠤᠯᠬᠤ᠂ ᠪᠠᠲᠤᠯᠠᠬᠤ ᠵᠡᠷᠭᠡ ᠡᠯ᠎ᠡ ᠭᠣᠭ᠍ᠴᠣᠭ᠎ᠠ ᠶ᠋ᠢ ᠬᠠᠮᠤᠷᠴᠤ᠌᠂ ᠪᠥᠬᠥ᠌ ᠲᠠᠯ᠎ᠠ ᠶ᠋ᠢᠨ ᠪᠥᠬᠥ᠌ ᠬᠡᠯᠬᠢᠶ᠎ᠠ᠎ᠶᠢᠨ᠎ᠴᠢᠳᠠᠪᠤᠷᠢᠲᠠᠨ᠎ᠤ ᠲᠥᠷᠥ ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠯᠳᠦᠭᠦᠯᠵᠦ᠍᠂ ᠨᠡᠢᠲᠡᠯᠡᠭ᠌ᠳᠡᠭᠰᠡᠨ᠎ᠡᠴᠡ ᠪᠠᠨ ᠨᠠᠭᠠᠰᠢ 《ᠳᠡᠯᠡᠬᠡᠶ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠦᠨᠡᠨᠴᠢ᠎ᠪᠡᠷ ᠤᠷᠢᠵᠤ᠂ ᠤᠷᠳᠤᠰ ᠬᠣᠲᠠ ᠶ᠋ᠢᠨ ᠢᠷᠡᠭᠡᠳᠦᠶ᠎ᠶ᠋ᠢ ᠬᠠᠮᠲᠤ᠎ᠪᠠᠷ ᠵᠢᠷᠤᠭ᠍ᠯᠠᠬᠤ》 ᠴᠢᠩᠭ᠎ᠠ ᠦᠷᠨᠢᠯᠳᠡ ᠭᠠᠷᠭᠠᠵᠠᠢ᠃

《ᠴᠢᠳᠠᠪᠤᠷᠢᠲᠠᠨ᠎ᠤ ᠱᠢᠨ᠎ᠡ ᠲᠥᠷᠥ ᠶ᠋ᠢᠨ ᠪᠣᠳᠣᠯᠭ᠎ᠠ 〈ᠬᠤᠤᠰ 30 ᠵᠤᠷᠪᠤᠰ〉 ᠎ᠢ᠋ᠶ᠋ᠡᠷ ᠶᠡᠷᠦᠩᠬᠡᠢᠯᠡᠨ ᠵᠢᠯᠣᠭᠣᠳᠣᠭᠤᠯᠵᠤ᠂ ᠣᠷᠳᠣᠰ 40 ᠭᠠᠷᠤᠶ ᠵᠦᠶ᠋ᠯ᠎ᠦᠨ ᠢᠵᠢ ᠪᠥᠷᠢᠳᠦᠭᠰᠡᠨ ᠠᠷᠭ᠎ᠠ ᠬᠡᠮᠵᠢᠶ᠎ᠡ ᠵᠢ ᠨᠡᠢᠳᠡᠯᠡᠨ ᠭᠡᠷᠡᠭᠵᠢᠬᠦᠯᠦᠭᠰᠡᠨ ᠨᠢ ᠳᠡᠭᠡᠳᠦ ᠨᠠᠷᠢᠯᠢᠬ ᠤᠷᠤᠢᠯᠠᠭᠰᠠᠨ ᠴᠢᠳᠠᠪᠤᠷᠢᠲᠠᠨ ᠪᠠ ᠱᠢᠨ᠎ᠡ ᠶ᠋ᠢ ᠡᠭᠦᠳᠴᠦ᠍ ᠦᠶ᠋ᠯᠡᠰ ᠪᠤᠰᠬᠠᠬᠤ ᠪᠦᠯᠬᠦᠮ ᠨᠡᠢᠲᠡ᠎ᠳᠦ ᠬᠠᠨᠳᠤᠭᠤᠯᠤᠬᠰᠠᠨ ᠪᠥᠭᠡᠳ ᠪᠠᠰᠠ ᠨᠢᠭᠡ ᠪᠦᠯᠦᠭ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠠᠷᠭ᠎ᠠ ᠬᠡᠮᠵᠢᠶ᠎ᠡ ᠪᠤᠢ᠂ ᠵᠢᠱ᠌ᠢᠶᠡᠯᠡᠪᠡᠯ ᠬᠡᠷ ᠪᠦᠯᠢ᠎ᠪᠡᠨ ᠲᠥᠪᠬᠢᠨᠡᠭᠦᠯᠬᠦ᠌ ᠵᠠᠷᠤᠳᠠᠯ᠂ ᠣᠷᠣᠨ ᠰᠠᠭᠤᠴᠠ ᠶ᠋ᠢᠨ ᠪᠠᠲᠤᠯᠠᠭ᠎ᠠ ᠶ᠋ᠢᠨ ᠬᠠᠷᠠᠭᠠᠯᠵᠠᠯ ᠵᠡᠷᠭᠡ ᠲᠥᠷᠥ ᠶ᠋ᠢᠨ ᠪᠣᠳᠣᠯᠭ᠎ᠠ᠎ᠵᠢᠨ ᠪᠤᠳᠠᠳᠤ ᠬᠠᠷᠠᠭᠠᠯᠵᠠᠯ ᠭᠥᠷᠳᠡᠭᠡᠵᠦ᠂ ᠡᠯ᠎ᠡ ᠲᠥᠷᠥᠯ᠎ᠦᠨ ᠴᠢᠳᠠᠪᠤᠷᠢᠲᠠᠨ᠎ᠤ ᠰᠠᠨᠠᠭ᠎ᠠ ᠠᠮᠤᠷ ᠠᠵᠢᠯᠯᠠᠬᠤ᠎ᠳᠤ ᠨᠦᠬᠦᠴᠡᠯ᠎ᠢ ᠪᠦᠷᠢᠯᠳᠦᠬᠦᠯᠵᠦ ᠦᠭᠴᠡᠢ》 ᠬᠡᠵᠦ ᠣᠷᠳᠣᠰ ᠬᠣᠲᠠ᠎ᠶ᠋ᠢᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠴᠢᠳᠠᠪᠤᠷᠢᠲᠠᠨ᠎ᠤ ᠠᠵᠢᠯ᠎ᠤᠨ ᠰᠠᠯᠠᠭᠠᠨ᠎ᠤ ᠳᠠᠷᠤᠭ᠎ᠠ ᠸᠠᠩ ᠷᠦᠢ ᠵᠢᠶᠦ᠋ᠨ ᠲᠠᠨᠢᠯᠴᠠᠭᠤᠯᠪᠠ᠃ ᠲᠡᠷᠡ᠂ ᠣᠳᠣᠬᠠᠨ᠎ᠳᠤ ᠣᠷᠳᠣᠰ ᠬᠣᠲᠠ ᠶᠠᠭ ᠴᠢᠳᠠᠪᠤᠷᠢᠲᠠᠨ᠎ᠤ ᠨᠥᠬᠥᠷᠰᠡᠭ ᠬᠡᠯᠪᠡᠷᠢ ᠶ᠋ᠢᠨ ᠬᠣᠲᠠ ᠶ᠋ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠵᠤ ᠪᠤᠢ᠂ ᠨᠡᠭᠡᠭᠡᠯᠲᠡᠲᠡᠶ ᠪᠠᠭ᠍ᠲᠠᠭᠠᠮᠵᠢᠲᠠᠶ ᠪᠦᠭᠡᠳ ᠪᠣᠳᠠᠲᠠᠶ ᠶ᠋ᠢ ᠡᠷᠬᠢᠮᠯᠡᠭ᠌ᠰᠡᠨ ᠴᠢᠳᠠᠪᠤᠷᠢᠲᠠᠨ᠎ᠤ ᠱᠢᠨ᠎ᠡ ᠲᠥᠷᠥ᠎ᠶ᠋ᠢᠨ ᠪᠣᠳᠣᠯᠭ᠎ᠠ ᠨᠢ 《ᠳᠤᠯᠠᠭᠠᠨ ᠬᠣᠲᠠ》 ᠵᠢ ᠡᠯ᠎ᠡ ᠲᠥᠷᠥᠯ᠎ᠦᠨ ᠴᠢᠳᠠᠪᠤᠷᠢᠲᠠᠨ ᠬᠤᠷᠠᠬᠰᠠᠨ ᠭᠠᠵᠠᠷ ᠪᠣᠯᠭᠠᠬᠤ ᠶ᠋ᠢ ᠯᠠᠪᠲᠠᠶ ᠠᠬᠢᠭᠤᠯᠬᠤ ᠶᠤᠮ ᠭᠡᠵᠦ ᠬᠡᠯᠡᠪᠡ᠃

ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ᠎ᠢ ᠪᠠᠳᠠᠷᠠᠭᠤᠯᠪᠠᠯ ᠴᠢᠳᠠᠪᠤᠷᠢᠲᠠᠨ ᠬᠤᠷᠠᠬᠰᠠᠨ 《ᠰᠣᠷᠢᠨᠵᠢᠨ ᠣᠷᠣᠨ》᠎ᠢ᠋ ᠪᠦᠷᠢᠯᠳᠦᠭᠦᠯᠦᠨ᠎ᠡ᠃ ᠬᠠᠮᠤᠭ᠎ᠤᠨ ᠱᠢᠨ᠎ᠡ ᠲᠣᠭ᠎ᠠ ᠪᠠᠷᠢᠮᠲᠠ ᠵᠢ ᠦᠨᠳᠦᠰᠦᠯᠡᠪᠡᠯ᠂ 2024 ᠣᠨ᠎ᠳᠤ ᠣᠷᠳᠣᠰ ᠬᠣᠲᠠ ᠡᠯ᠎ᠡ ᠲᠥᠷᠥᠯ᠎ᠦᠨ ᠳᠡᠭᠡᠳᠦ ᠲᠠᠰ᠎ᠤᠨ ᠪᠠ ᠪᠠᠴᠢᠮ ᠬᠡᠷᠡᠭ᠌ᠰᠡᠬᠦ 3627 ᠴᠢᠳᠠᠪᠤᠷᠢᠲᠠᠨ᠎ᠢ ᠤᠷᠤᠨ ᠲᠤᠭ᠎ᠠ ᠦᠭᠴᠤ ᠣᠷᠣᠭᠤᠯᠤᠨ ᠠᠪᠴᠢᠷᠠᠵᠤ᠂ ᠣᠷᠣᠭᠤᠯᠤᠨ ᠠᠪᠴᠢᠷᠠᠭ᠍ᠰᠠᠨ ᠬᠥᠮᠦᠨ᠎ᠦ ᠲᠣᠭ᠎ᠠ᠎ᠨᠢ ᠲᠦᠷᠦᠭᠦᠦ ᠵᠢᠯ᠎ᠦᠨ᠎ᠬᠢ᠎ᠡᠴᠡ᠎ᠪᠡᠨ ᠬᠣᠶᠠᠷ ᠳᠠᠬᠢᠨ ᠨᠡᠮᠡᠭ᠌ᠳᠡᠵᠠᠢ᠃ ᠡᠭᠦᠨ᠎ᠳᠦ᠂ ᠠᠰᠫᠢᠷᠠᠨᠲ ᠪᠠ ᠳ᠋ᠣᠺᠲ᠋ᠣᠷᠠᠡᠲ ᠡᠯᠰᠡᠭᠰᠡᠨ ᠲᠣᠭ᠎ᠠ ᠨᠢ ᠲᠦᠷᠦᠭᠦᠦ ᠵᠢᠯ᠎ᠦᠨ ᠬᠢ᠎ᠡᠴᠡ 40% ᠪᠡᠷ ᠨᠡᠮᠡᠭ᠌ᠳᠡᠵᠡᠶ᠃ ᠪᠥᠬᠥ᠌ ᠵᠢᠯ᠎ᠳᠦ ᠡᠯ᠎ᠡ ᠲᠥᠷᠥᠯ᠎ᠦᠨ ᠴᠢᠳᠠᠪᠤᠷᠢᠲᠠᠨ᠎ᠤ ᠱᠠᠩᠨᠠᠯ ᠨᠥᠬᠥᠪᠥᠷᠢ ᠶ᠋ᠢᠨ ᠵᠠᠷᠤᠳᠠᠯ᠎ᠢ ᠨᠡᠢᠲᠡ 2.54 ᠳ᠋ᠦᠩᠱᠢᠭᠤᠷ ᠲᠥᠭᠥᠷᠢᠭ ᠣᠯᠭᠣᠵᠤ᠂ 1752 ᠬᠥᠮᠦᠨ ᠡᠯ᠎ᠡ ᠲᠥᠷᠥᠯ᠎ᠦᠨ ᠴᠢᠳᠠᠪᠤᠷᠢᠲᠠᠨ ᠪᠠ 125 ᠬᠥᠮᠦᠨ ᠬᠡᠷᠡᠭ᠌ᠯᠡᠬᠦ᠌ ᠪᠡᠶᠡᠴᠢ ᠴᠣᠭ᠍ᠴᠠ᠎ᠳᠤ ᠠᠱᠢᠭ ᠬᠦᠷᠲᠡᠭᠡᠵᠠᠢ᠃

ᠤᠷᠳᠤᠰ᠎ᠬᠤᠳᠠ ᠴᠢᠳᠠᠪᠤᠷᠢᠲᠠᠨ᠎ᠢ ᠨᠢᠭᠡᠳᠦᠭᠡᠷ ᠡᠬᠢ ᠪᠠᠶᠠᠯᠢᠭ ᠪᠣᠯᠭᠠᠵᠤ᠂ ᠬᠠᠮᠤᠭ᠎ᠤᠨ ᠦᠨᠡᠨᠴᠢ ᠰᠡᠳᠭᠢᠯ᠂ ᠬᠠᠮᠤᠭ᠎ᠤᠨ ᠱᠢᠯᠢᠳᠡᠭ ᠲᠦᠷᠦ᠍ ᠶ᠋ᠢᠨ ᠪᠤᠳᠤᠯᠭ᠎ᠠ᠂ ᠬᠠᠮᠤᠭ᠎ᠤᠨ ᠰᠠᠢ᠌ᠨ ᠤᠷᠴᠢᠨ ᠨᠦᠭᠦᠴᠡᠯ᠎ᠢᠶᠠᠷ ᠴᠢᠳᠠᠪᠤᠷᠢᠲᠠᠨ᠎ᠢ ᠲᠠᠲᠠᠵᠤ᠂ ᠴᠢᠳᠠᠪᠤᠷᠢᠲᠠᠨ᠎ᠢ ᠨᠤᠳᠤᠬᠰᠢᠭᠤᠯᠵᠦ᠂ ᠴᠢᠳᠠᠪᠤᠷᠢᠲᠠᠨ᠎ᠢ ᠰᠠᠢᠲᠤᠷ ᠬᠡᠷᠡᠭ᠌ᠯᠡᠵᠦ᠍᠂ ᠤᠷᠳᠤᠰ ᠬᠤᠳᠠ ᠵᠢ᠎ᠲᠣᠭ᠎ᠠ ᠲᠣᠮᠰᠢ ᠦᠭᠡᠢ ᠤᠯᠠᠨ ᠵᠠᠯᠠᠭᠤ ᠴᠢᠳᠠᠪᠤᠷᠢᠲᠠᠨ᠎ᠤ ᠬᠦᠰᠡᠨ ᠮᠦᠷᠦᠭᠡᠳᠬᠦ᠂ ᠵᠢᠳᠬᠦᠨ ᠲᠡᠮᠡᠦᠯᠬᠦ᠂ ᠠᠮᠢᠳᠤᠷᠠᠨ ᠨᠤᠳᠤᠬᠰᠢᠬᠤ ᠪᠠ ᠦᠪᠡᠷ᠎ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠴᠢᠳᠠᠪᠤᠷᠢᠲᠠᠨ᠎ᠤ ᠬᠠᠯᠠᠭᠤᠨ ᠬᠥᠷᠥᠰᠥ᠍ ᠪᠣᠯᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号