ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠳᠥᠷᠪᠡᠨ᠎ᠤ ᠡᠳᠦᠷ᠂ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠬᠤᠶᠠᠷᠬᠤᠳᠳᠤᠭ ᠪᠠᠯᠭᠠᠰᠤᠨ᠎ᠤ ᠱᠢᠨ ᠱᠧᠩ ᠰᠠᠨ ᠲᠣᠰᠭᠣᠨ᠎ᠤ ᠪᠠᠶᠠᠵᠢᠯ᠎ᠤᠨ ᠳᠠᠭᠠᠭᠤᠯᠤᠭ᠍ᠴᠢ ᠯᠢ ᠸᠠᠩ ᠷᠦᠩ ᠡᠷᠳᠡᠯᠡᠨ ᠪᠤᠰᠴᠤ ᠲᠠᠷᠢᠶᠠᠴᠢᠨ ᠡᠷᠦᠬᠡ ᠨᠤᠬᠥᠳ ᠵᠢᠨᠨ ᠵᠣᠬᠢᠶᠠᠨ ᠪᠠᠢᠭᠤᠯᠤᠨ ᠬᠦᠯᠡᠮᠵᠢ᠎ᠶ᠋ᠢ ᠠᠷᠢᠭᠤᠳᠭᠠᠬᠤ᠂ ᠳᠤᠯᠠᠭᠠᠯᠠᠬᠤ᠂ ᠭᠠᠵᠠᠷ ᠲᠡᠭ᠌ᠰᠢᠯᠡᠬᠦ ᠠᠵᠢᠯ ᠳ᠋ᠠᠭᠠᠨ ᠶᠠᠭᠠᠷᠠᠵᠦ ᠴᠢᠬᠢ ᠪᠣᠢᠵᠢᠭᠤᠯᠬᠤ ᠠᠵᠢᠯ᠎ᠳᠠᠭᠠᠨ ᠪᠡᠯᠡᠳᠬᠡᠨ᠎ᠡ᠃ ᠯᠢ ᠸᠠᠩ ᠷᠦᠩ᠄ 《ᠡᠨᠡ ᠵᠢᠯ ᠪᠢ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ ᠦᠷᠭᠦᠯᠵᠢᠯᠡᠨ ᠭᠤᠸ᠎ᠠ ᠲᠠᠷᠢᠵᠤ ᠤᠷᠤᠯᠭ᠎ᠠ ᠪᠠᠨ ᠨᠡᠮᠡᠭᠳᠡᠬᠦᠯᠬᠦ ᠪᠡᠷ ᠪᠠᠷᠠᠬᠤ ᠦᠭᠡᠢ ᠪᠠᠰᠠ ᠲᠡᠳᠡᠨ᠎ᠢ ᠳᠠᠭᠠᠭᠤᠯᠤᠨ ᠠᠮᠢ ᠠᠬᠤᠢ᠎ᠶ᠋ᠢᠨ ᠡᠷᠬᠢᠯᠳᠡᠳᠦ ᠲᠠᠷᠢᠶᠠᠯᠠᠩ᠎ᠤᠨ ᠵᠠᠮ᠎ᠢᠶᠠᠷ ᠵᠠᠮᠨᠠᠨ᠎ᠠ!》 ᠭᠡᠵᠦ ᠤᠮᠤᠭ ᠲᠡᠬᠦᠯᠳᠡᠷ ᠶᠠᠷᠢᠪᠠ᠃
ᠯᠢ ᠸᠠᠩ ᠷᠦᠩ ᠵᠠᠯᠠᠭᠤ᠎ᠳᠠᠭᠠᠨ ᠭᠠᠳᠠᠭ᠍ᠰᠢ ᠶᠠᠪᠤᠵᠤ ᠤᠯᠠᠨ ᠲᠦᠷᠦᠯ᠎ᠤᠨ ᠠᠵᠢᠯ ᠬᠢᠵᠤ ᠳᠠᠪᠲᠠᠭ᠍ᠳᠠᠨ ᠪᠣᠯᠪᠠᠰᠤᠷᠠᠵᠤ᠂ ᠡᠯᠪᠡᠭ ᠪᠠᠶᠠᠯᠢᠭ ᠲᠤᠷᠱᠢᠯᠭ᠎ᠠ ᠪᠠ ᠬᠥᠮᠦᠨ᠎ᠦ ᠬᠠᠷᠢᠴᠠᠭ᠎ᠠ᠎ᠶ᠋ᠢ ᠬᠤᠷᠠᠮᠳᠤᠭᠤᠯᠵᠠᠢ᠃ 2009 ᠣᠨ᠎ᠳᠤ ᠲᠡᠷᠡ ᠨᠤᠲᠤᠭ᠎ᠲᠠᠭᠠᠨ ᠪᠤᠴᠠᠵᠤ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ ᠪᠠᠶᠠᠵᠢᠯ᠎ᠤᠨ ᠵᠠᠮ᠎ᠢᠶᠡᠷ ᠵᠠᠮᠨᠠᠬᠤ ᠪᠡᠷ ᠵᠣᠷᠢᠭ ᠱᠢᠭᠤᠳᠪᠠ᠃
ᠣᠯᠠᠨ ᠲᠠᠯ᠎ᠠ᠎ᠪᠠᠷ ᠱᠢᠨᠵᠢᠯᠡᠨ ᠪᠠᠢᠴᠠᠭᠠᠬᠤ᠎ᠪᠠᠷ ᠳᠡᠮᠵᠢᠨ ᠯᠢ ᠸᠠᠩ ᠷᠦᠩ ᠨᠤᠲᠤᠭ᠎ᠤᠨ᠎ᠢᠶᠠᠨ ᠬᠦᠷᠦᠰᠦ ᠱᠢᠷᠣᠶ᠎ᠶ᠋ᠢᠨ ᠳᠠᠪᠠᠭᠤᠯᠢᠭ ᠵᠢᠡᠨ ᠠᠱᠢᠭ᠍ᠯᠠᠨ ᠠᠮᠳᠠᠳᠤ ᠬᠡᠮᠭᠡ᠂ ᠲᠠᠷᠪᠤᠰ ᠵᠡᠷᠭᠡ ᠠᠵᠤ ᠦᠶ᠋ᠯᠡᠰ᠎ᠢ ᠬᠥᠭ᠌ᠵᠢᠭᠦᠯᠬᠦ᠌᠎ᠪᠡᠷ ᠲᠣᠭ᠍ᠲᠠᠭ᠍ᠰᠠᠨ ᠪᠥᠭᠡᠳ 2010 ᠣᠨ᠎ᠳᠤ ᠤᠯᠠᠨ ᠵᠢᠡᠨ ᠲᠠᠭᠠᠭᠤᠯᠤᠨ ᠪᠤᠭᠤᠲᠤ ᠬᠣᠲᠠ᠎ᠶ᠋ᠢᠨ ᠭᠤᠸᠠᠩ ᠾᠧᠩ ᠲᠠᠷᠢᠶᠠᠴᠢᠳ᠎ᠤᠨ ᠲᠤᠰᠭᠠᠶ ᠬᠣᠷᠱᠢᠶ᠎ᠠ᠎ᠶ᠋ᠢ ᠪᠠᠢᠭᠤᠯᠵᠤ᠂ ᠭᠡᠱᠢᠭᠦᠳ ᠨᠢ ᠬᠠᠮᠤᠭ ᠠᠩᠬᠠᠨ᠎ᠤ ᠬᠡᠳᠦᠨ ᠠᠷᠪᠠᠨ ᠡᠷᠦᠬᠡ ᠡᠴᠡ᠎ᠪᠡᠨ ᠣᠲᠣ 830 ᠡᠷᠦᠬᠡ ᠪᠣᠯᠵᠣ ᠨᠡᠮᠡᠭ᠌ᠳᠡᠪᠡ᠃
ᠲᠦᠷᠦᠭᠦᠦ ᠵᠢᠯ ᠨᠢ ᠯᠢ ᠸᠠᠩ ᠷᠦᠩ ᠥᠪᠡᠷ᠎ᠦᠨ ᠲᠠᠷᠢᠶᠠᠨ ᠭᠠᠵᠠᠷ᠎ᠲᠠᠭᠠᠨ ᠠᠮᠳᠠᠳᠤ ᠬᠡᠮᠬᠡ ᠲᠠᠷᠢᠵᠠᠢ᠃ ᠲᠡᠭᠦᠨ᠎ᠦ ᠨᠠᠷᠢᠨ ᠨᠢᠮᠪᠠᠢ ᠠᠷᠠᠴᠢᠯᠠᠭ᠎ᠠ ᠳᠤᠤᠷ᠎ᠠ ᠠᠮᠲᠠᠲᠤ ᠬᠡᠮᠬᠡ ᠨᠢ ᠡᠯᠪᠡᠭ ᠬᠤᠷᠢᠶᠠᠯᠲᠠ ᠤᠯᠪᠠ᠂ ᠭᠡᠪᠡᠴᠦ᠍ ᠠᠮᠳᠠᠳᠤ ᠬᠡᠮᠬᠡ ᠪᠠᠨ ᠬᠡᠷᠭᠢᠨ ᠪᠤᠷᠤᠯᠠᠭᠤᠯᠵᠦ ᠭᠠᠷᠭᠠᠬᠤ ᠪᠢᠯᠡ? ᠲᠡᠬᠦᠨ᠎ᠤ ᠲᠡᠷᠢᠬᠢᠨ ᠳ᠋ᠤ 《ᠵᠠᠬᠢᠶᠠᠯᠠᠭ᠎ᠠ᠎ᠶ᠋ᠢᠨ ᠲᠠᠷᠢᠶᠠᠯᠠᠩ》 ᠭᠡᠬᠦ᠌ ᠪᠤᠳᠤᠯ ᠬᠢᠯᠠᠰᠬᠢᠨ ᠤᠷᠤᠵᠤ ᠢᠷᠡᠪᠠ᠃ ᠢᠩᠭᠢᠭᠡᠳ ᠯᠢ ᠸᠠᠩ ᠷᠦᠩ ᠤᠯᠠᠨ ᠵᠢᠯ᠎ᠦᠨ ᠪᠣᠷᠣᠯᠠᠭᠤᠯᠭ᠎ᠠ ᠬᠢᠭ᠌ᠰᠡᠨ ᠲᠤᠷᠰᠢᠯᠭ᠎ᠠ ᠪᠠᠷ᠎ᠢᠶᠠᠨ ᠪᠡᠭᠡᠵᠢᠩ᠂ ᠲᠢᠶᠠᠨᠵᠢᠨ᠂ ᠵᠡᠭᠦᠨ ᠬᠣᠢᠲᠤ ᠣᠷᠣᠨ᠂ ᠤᠮᠠᠷᠠᠲᠤ ᠣᠷᠣᠨ ᠵᠡᠷᠭᠡ ᠭᠠᠵᠠᠷ᠎ᠲᠦ ᠡᠵᠡᠩᠨᠡᠨ ᠪᠣᠷᠣᠯᠠᠭᠤᠯᠬᠤ ᠵᠠᠬ᠎ᠠ ᠳᠡᠯᠭᠡᠭᠦᠷ᠎ᠢ ᠢᠳᠡᠪᠬᠢᠲᠡᠢ ᠨᠡᠬᠡᠬᠡᠵᠦ᠂ ᠵᠠᠬᠢᠶᠠᠯᠠᠭ᠎ᠠ᠎ᠶ᠋ᠢᠨ ᠲᠠᠷᠢᠶᠠᠯᠠᠩ᠎ᠢᠶᠡᠨ ᠡᠬᠢᠯᠡᠬᠦᠯᠵᠡᠢ᠃ 2015 ᠣᠨ᠎ᠳᠤ᠂ ᠯᠢ ᠸᠠᠩ ᠷᠦᠩ ᠲᠤᠬᠠᠶ᠎ᠶ᠋ᠢᠨ ᠭᠠᠵᠠᠷ᠎ᠤᠨ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠡᠷᠦᠬᠡ》 ᠪᠣᠯᠵᠣ᠂ ᠪᠠᠷᠠᠭ᠎ᠠ ᠰᠣᠩᠭᠣᠬᠤ᠂ ᠴᠢᠬᠢ ᠪᠣᠢᠵᠢᠭᠤᠯᠬᠤ᠂ ᠱᠢᠯᠵᠢᠭᠦᠯᠦᠨ ᠵᠠᠢᠯᠠᠬᠤ᠂ ᠲᠠᠷᠢᠶᠠᠨ ᠭᠠᠵᠠᠷ᠎ᠤᠨ ᠬᠠᠮᠢᠶᠠᠷᠤᠯᠲᠠ ᠡᠴᠡ ᠠᠪᠤᠭᠠᠳ ᠬᠤᠷᠢᠶᠠᠬᠤ᠂ ᠪᠣᠭᠣᠳᠠᠯᠯᠠᠵᠤ ᠪᠠᠭᠯᠠᠬᠤ᠂ ᠪᠣᠷᠣᠯᠠᠭᠤᠯᠬᠤ ᠬᠦᠷᠲᠡᠯ᠎ᠡ᠂ ᠲᠤᠰᠭᠠᠶ ᠮᠡᠷᠭᠡᠵᠢᠯᠲᠡᠨ᠎ᠦ ᠬᠠᠪᠰᠤᠷᠤᠯᠭ᠎ᠠ ᠪᠠ ᠵᠢᠯᠣᠭᠣᠳᠣᠯᠭ᠎ᠠ ᠳᠤᠤᠷ᠎ᠠ ᠲᠡᠷᠡ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ ᠪᠠᠶᠠᠵᠢᠯ᠎ᠤᠨ ᠵᠠᠮ᠎ᠢᠶᠡᠷ ᠵᠠᠮᠨᠠᠯ᠎ᠠ᠃
ᠯᠢ ᠸᠠᠩ ᠷᠦᠩ᠎ᠢ ᠲᠠᠭᠠᠵᠤ ᠪᠠᠶᠠᠵᠢᠯ᠎ᠤᠨ ᠵᠠᠮ᠎ᠢᠶᠠᠷ ᠵᠠᠮᠨᠠᠭ᠍ᠰᠠᠨ ᠲᠣᠰᠭᠣᠨ᠎ᠤ ᠠᠷᠠᠳ ᠵᠶ᠋ᠢ ᠮᠧᠢ ᠶᠢᠩ᠄ 《ᠡᠳᠡᠭᠡᠷ ᠵᠢᠯ᠎ᠦᠳ᠎ᠲᠦ ᠪᠢᠳᠡ ᠯᠢ ᠳᠠᠭᠠᠭᠠᠮᠠᠯ᠎ᠤᠨ ᠳᠠᠭᠠᠭᠤᠯᠭ᠎ᠠ ᠳᠣᠣᠷ᠎ᠠ ᠲᠠᠷᠢᠮᠠᠯ᠎ᠤᠨ ᠵᠠᠭ᠍ᠪᠤᠷ᠎ᠢᠶᠠᠨ ᠬᠤᠪᠢᠷᠠᠭᠤᠯᠤᠭ᠍ᠰᠠᠨ᠎ᠢᠶᠠᠷ ᠪᠠᠷᠠᠬᠤ ᠦᠭᠡᠢ ᠲᠠᠷᠢᠶᠠᠯᠠᠩ᠎ᠤᠨ ᠰᠡᠯᠡᠭᠦᠦ ᠴᠠᠭ᠎ᠲᠤ ᠪᠠᠰᠠ ᠬᠥᠯᠥᠰᠥᠨ ᠠᠵᠢᠯ ᠬᠢᠵᠦ᠍ ᠵᠢᠯ ᠪᠦᠷᠢ 10 ᠭᠠᠷᠤᠢ ᠲᠦᠮᠡᠨ ᠲᠥᠭᠥᠷᠢᠭ᠎ᠦᠨ ᠣᠷᠣᠯᠭ᠎ᠠ ᠤᠯᠵᠤ ᠪᠠᠢᠨ᠎ᠠ᠂ ᠤᠳᠤ ᠠᠢᠯ ᠪᠣᠯᠭᠠᠨ ᠱᠢᠨ᠎ᠡ ᠭᠡᠷ ᠪᠠᠷᠢᠵᠤ᠂ ᠱᠢᠨ᠎ᠡ ᠮᠠᠰᠢᠨ ᠲᠡᠷᠭᠡ ᠠᠪᠴᠤ᠌᠂ ᠬᠡᠦᠬᠡᠳ᠎ᠦᠳ ᠪᠦᠷ ᠬᠤᠳᠠ᠎ᠶ᠋ᠢᠨ ᠲᠣᠭᠣᠷᠢᠭ᠎ᠲᠤ ᠠᠰᠠᠷ ᠬᠤᠳᠠᠯᠳᠤᠨ ᠠᠪᠴᠤ᠌᠂ ᠮᠠᠨ᠎ᠤ ᠲᠣᠰᠭᠣᠨ ᠤᠳᠤ ᠬᠤᠯᠠ ᠤᠢ᠍ᠢᠷ᠎ᠠ᠎ᠳᠠᠭᠠᠨ ᠠᠯᠳᠠᠷᠱᠢᠭ᠍ᠰᠠᠨ ᠪᠠᠶᠠᠨ ᠴᠢᠨᠡᠭᠡᠯᠢᠭ ᠲᠣᠰᠭᠣᠨ ᠪᠣᠯᠵᠠᠢ》 ᠭᠡᠵᠦ ᠰᠡᠳᠭᠢᠯ ᠳᠣᠭ᠍ᠳᠣᠯᠤᠨ ᠶᠠᠷᠢᠵᠤ ᠪᠠᠢᠯ᠎ᠠ᠃
ᠣᠢᠷ᠎ᠠ᠎ᠶ᠋ᠢᠨ ᠵᠢᠯ᠎ᠦᠳ᠎ᠲᠦ᠂ ᠯᠢ ᠸᠠᠩ ᠷᠦᠩ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠠᠵᠢᠯ ᠣᠯᠭᠣᠯᠳᠠ ᠵᠢᠨ ᠦᠶ᠋ᠯᠡᠴᠢᠯᠡᠭᠡᠨ᠎ᠦ ᠲᠥᠪ᠎ᠡᠴᠡ ᠰᠠᠨᠠᠭᠠᠴᠢᠯᠠᠭ᠍ᠰᠠᠨ ᠠᠵᠤ ᠦᠶ᠋ᠯᠡᠰ᠎ᠢᠶᠡᠷ ᠠᠵᠢᠯ ᠣᠯᠭᠣᠯᠲᠠ᠎ᠶ᠋ᠢ ᠳᠠᠢᠴᠢᠯᠠᠬᠤ ᠣᠢᠯᠠᠭᠠᠭ᠍ᠳᠠᠬᠤᠨ᠎ᠢ ᠢᠳᠡᠪᠬᠢᠲᠡᠶ ᠦᠶ᠋ᠯᠡᠳᠦᠯᠭᠡᠵᠢᠭᠦᠯᠵᠦ᠂《ᠠᠵᠤ ᠠᠬᠤᠢᠯᠠᠯ + ᠰᠠᠭᠤᠷᠢᠨ + ᠲᠠᠷᠢᠶᠠᠴᠢᠨ ᠡᠷᠦᠬᠡ (ᠬᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ)》 ᠶ᠋ᠢᠨ ᠵᠠᠭ᠍ᠪᠤᠷ᠎ᠢ ᠱᠢᠨ᠎ᠡ᠎ᠪᠡᠷ ᠡᠭᠦᠳᠴᠦ᠍᠂ ᠨᠠᠩ ᠣᠯᠠᠨ ᠲᠠᠷᠢᠶᠠᠴᠢᠳ᠎ᠲᠤ ᠠᠱᠢᠭ ᠣᠷᠣᠯᠭ᠎ᠠ ᠤᠯᠵᠤ ᠦᠭᠴᠠᠢ᠃
ᠯᠢ ᠸᠠᠩ ᠷᠦᠩ᠎ᠤᠨ ᠲᠠᠭᠠᠭᠤᠯᠭ᠎ᠠ ᠳᠣᠣᠷ᠎ᠠ᠂ ᠨᠤᠲᠤᠭ᠎ᠤᠨ ᠠᠬ᠎ᠠ ᠳᠡᠭᠦᠦ᠍᠎ᠨᠡᠷ ᠪᠠᠷᠠᠭ᠎ᠠ᠎ᠶᠢᠨ ᠰᠦᠯᠵᠢᠶ᠎ᠡ᠎ᠶ᠋ᠢᠨ ᠲᠦᠷᠦᠯ ᠵᠦᠢᠯ᠎ᠢᠶᠡᠷ ᠳᠠᠮᠵᠢᠨ ᠬᠦᠯᠡᠮᠵᠢ᠎ᠶ᠋ᠢᠨ ᠤᠶᠤᠨᠴᠢᠯᠠᠭ᠍ᠰᠠᠨ ᠬᠠᠮᠢᠶᠠᠷᠤᠯᠲᠠ ᠪᠠᠷ ᠬᠦᠴᠦ᠍ ᠪᠠ ᠵᠣᠭᠣᠰ ᠲᠦ᠍ ᠨᠡᠩ ᠠᠷᠪᠢᠳᠠᠢ᠂ ᠨᠡᠩ ᠤᠯᠠᠨ ᠵᠣᠭᠣᠰ ᠤᠯᠬᠤ ᠲᠠᠷᠢᠶ᠎ᠠ ᠲᠠᠷᠢᠬᠤ ᠵᠠᠭ᠍ᠪᠤᠷ᠎ᠢ ᠪᠡᠶᠡᠯᠡᠭᠦᠯᠵᠡᠢ᠃ ᠳᠠᠷᠢᠶᠠᠴᠢᠨ᠎ᠢ ᠨᠡᠷ᠎ᠡ ᠬᠦᠨᠳᠤ ᠲᠠᠢ ᠪᠤᠯᠭᠠᠬᠤ ᠪᠤᠯ ᠯᠢ ᠸᠠᠩ ᠷᠦᠩ᠎ᠤᠨ ᠬᠦᠰᠡᠯ ᠡᠷᠡᠮᠡᠯᠵᠡᠯ᠂ ᠮᠦᠨᠴᠤ ᠦᠷᠭᠡᠨ ᠤᠯᠠᠨ ᠳᠠᠷᠢᠶᠠᠴᠢᠳ᠎ᠤᠨ ᠬᠦᠰᠡᠯ ᠡᠷᠡᠮᠡᠯᠵᠡᠯ ᠪᠢᠯᠡ᠃