ᠠᠮᠠᠷᠠᠯᠳᠠ ᠵᠢᠨ ᠬᠤᠭᠤᠴᠠᠭᠠᠨ᠎ᠳᠡᠬᠢ ᠪᠤᠯᠪᠠᠰᠤᠷᠠᠯ᠎ᠤᠨ ᠬᠢᠴᠢᠶᠡᠯ
2025-02-03 11:45:54
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠶᠢᠨ ᠰᠢᠨ᠎ᠡ᠎ᠶᠢᠨ ᠭᠤᠷᠪᠠᠨ᠎ᠤ ᠡᠳᠦᠷ᠂ ᠤᠯᠠᠭᠠᠨᠬᠠᠳᠠ᠎ᠶᠢᠨ ᠳ᠋ᠦᠩ ᠷᠦᠩ ᠪᠦᠯᠦᠭᠯᠡᠯ᠎ᠦᠨ ᠳ᠋ᠦᠩ ᠯᠢ ᠢᠮᠠᠭᠠᠨ ᠨᠤᠤᠯᠤᠭᠤᠷ᠎ᠤᠨ ᠦᠢᠯᠡᠳᠪᠦᠷᠢᠯᠡᠯ᠎ᠦᠨ ᠲᠠᠰᠤᠭ ᠲᠤ᠌ ᠮᠠᠰᠢᠨ ᠬᠦᠷᠴᠢᠭᠢᠨᠡᠵᠦ᠂ ᠠᠵᠢᠯᠴᠢᠳ ᠶᠠᠭᠠᠷᠠᠯᠲᠠᠢ ᠠᠵᠢᠯᠯᠠᠵᠤ᠂ ᠵᠠᠬᠢᠶᠠᠯᠠᠭ᠎ᠠ ᠵᠢᠨ ᠦᠢᠯᠡᠳᠬᠦᠨ᠎ᠢᠶᠡᠨ ᠱᠠᠯᠠᠪᠳᠠᠨ ᠦᠢᠯᠡᠳᠪᠦᠷᠢᠯᠡᠵᠤ᠂ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢ ᠬᠠᠩᠭᠠᠵᠤ ᠪᠠᠢᠯ᠎ᠠ᠃

ᠵᠠᠬᠢᠶᠠᠯᠠᠭ᠎ᠠ᠎ᠶᠢᠨ ᠲᠦᠷᠭᠡᠨ ᠨᠡᠮᠡᠭᠳᠡᠯ ᠨᠢ ᠠᠵᠢᠯ᠎ᠤᠨ ᠪᠠᠢᠷᠢ ᠪᠤᠯᠭᠠᠨ᠎ᠳ᠋ᠡᠬᠢ ᠠᠵᠢᠯᠲᠠᠨ ᠠᠵᠢᠯᠴᠢᠨ᠎ᠤ ᠦᠢᠯᠡᠳᠪᠦᠷᠢᠯᠡᠯ᠎ᠦᠨ ᠤᠷ᠎ᠠ ᠮᠡᠷᠬᠡᠵᠢᠯ᠎ᠢ ᠨᠠᠷᠢᠯᠢᠭ᠋ ᠣᠨᠣᠪᠴᠢᠲᠠᠶ ᠡᠵᠡᠮᠰᠢᠬᠦ᠎ᠶᠢ ᠵᠠᠢᠯᠠᠰᠢ ᠦᠭᠡᠢ ᠱᠠᠭᠠᠷᠳᠠᠳᠠᠭ᠃ ᠰᠤᠷᠪᠤᠯᠵᠢᠯᠠᠭ᠍ᠴᠢ ᠳ᠋ᠦᠩ ᠷᠦᠩ ᠪᠦᠯᠦᠭᠯᠡᠯ᠎ᠦᠨ ᠳ᠋ᠦᠩ ᠷᠦᠩ ᠶᠡᠬᠡ ᠰᠤᠷᠭᠠᠭᠤᠯᠢ᠎ᠶᠢᠨ ᠪᠣᠯᠪᠠᠰᠤᠷᠠᠯ᠎ᠤᠨ ᠠᠬᠤᠢ ᠲᠠᠯᠠᠪᠠᠢ᠎ᠳᠤ ᠬᠦᠷᠪᠡᠯ᠂ ᠰᠤᠷᠤᠯᠭᠠᠳᠠᠳ᠎ᠤᠨ ᠤᠷᠮ᠎ᠠ ᠵᠤᠷᠢᠭ ᠪᠠᠳᠠᠷᠠᠨᠭᠭᠤᠢ ᠪᠡᠷ ᠰᠤᠷᠤᠯᠴᠠᠵᠤ ᠪᠠᠢᠭ᠎ᠠ ᠦᠵᠡᠭᠳᠡᠯ ᠵᠢᠴᠢ ᠡᠭᠡᠯᠵᠢ ᠬᠠᠯᠠᠭ᠎ᠠ᠎ᠪᠠᠷ ᠠᠵᠢᠯᠯᠠᠵᠤ ᠪᠠᠢᠭ᠎ᠠ ᠠᠵᠢᠯᠴᠢᠳ ᠪᠠᠭ᠍ᠰᠢ᠎ᠶᠢᠨ᠎ᠢᠶᠠᠨ ᠲᠠᠢᠯᠪᠤᠷᠢᠯᠠᠬᠤ ᠵᠢ ᠰᠤᠨᠤᠰᠬᠤ᠎ᠵᠢᠨ ᠳᠠᠭᠠᠤ ᠪᠣᠳᠠᠲᠠᠢ ᠪᠣᠯᠪᠠᠰᠤᠷᠠᠯ ᠰᠤᠷᠢᠯᠲᠠ ᠬᠢᠵᠦ ᠦᠵᠡᠬᠦᠯᠬᠦ᠂ ᠪᠠᠰᠠ ᠪᠠᠢᠨ ᠪᠠᠢᠨ ᠤᠷ᠎ᠠ ᠮᠡᠷᠭᠡᠵᠢᠯ᠎ᠢᠶᠡᠨ ᠰᠣᠯᠢᠯᠴᠠᠬᠤ ᠪᠠᠢᠳᠠᠯ ᠬᠠᠷᠠᠬᠳᠠᠨ᠎ᠠ᠁

《ᠮᠢᠨᠤ ᠰᠤᠷᠤᠬᠰᠠᠨ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ ᠪᠣᠯ ᠨᠡᠬᠡᠮᠡᠯ᠎ᠦᠨ ᠤᠬᠠᠭᠠᠨ ᠪᠣᠯᠣᠨ᠎ᠠ᠂ ᠭᠡᠪᠡᠴᠦ ᠬᠢᠴᠢᠶᠡᠯ᠎ᠦᠨ ᠨᠤᠮ ᠳᠡᠭᠡᠷ᠎ᠡ  ᠡᠴᠡ ᠰᠤᠷᠤᠯᠴᠠᠭᠰᠠᠨ ᠮᠡᠳᠡᠯᠭᠡ ᠵᠢ ᠪᠣᠳᠠᠲᠠᠢ ᠳ᠋ᠤ ᠬᠡᠷᠡᠭᠯᠡᠬᠦ ᠦᠶ᠎ᠠ ᠳ᠋ᠤ ᠵᠣᠬᠢᠬᠤ ᠵᠥᠷᠢᠶ᠎ᠡ᠎ᠲᠠᠢ ᠶᠤᠮ᠃ ᠮᠡᠷᠭᠡᠵᠢᠯ᠎ᠦᠨ ᠪᠣᠯᠪᠠᠰᠤᠷᠠᠯ᠎ᠢᠶᠠᠷ ᠳᠠᠮᠵᠢᠨ ᠲᠤᠰᠬᠠᠢ ᠮᠡᠷᠭᠡᠵᠢᠯ᠎ᠦᠨ ᠬᠡᠮᠵᠢᠶ᠎ᠡ ᠨᠡᠯᠢᠶᠡᠳ ᠳᠡᠭᠡᠭᠰᠢᠯᠡᠵᠡᠢ᠂ ᠬᠣᠵᠢᠮ ᠪᠠᠰᠠ ᠪᠤᠰᠤᠳ᠎ᠲᠠᠢ ᠠᠳᠠᠯᠢ ᠥᠨᠳᠥᠷ ᠴᠠᠯᠢᠩ ᠣᠯᠣᠨ᠎ᠠ》ᠭᠡᠵᠦ ᠠᠵᠢᠯᠲᠠᠨ ᠯᠢᠦ ᠶᠦᠩ ᠬᠡᠯᠡᠪᠡ᠃

《ᠮᠡᠷᠭᠡᠵᠢᠯ᠎ᠢ ᠰᠤᠳᠤᠯᠤᠨ ᠨᠡᠭᠡᠭᠡᠬᠦ ᠪᠠ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯ ᠮᠠᠨ᠎ᠤ ᠠᠵᠤ ᠠᠬᠤᠢᠯᠠᠯ᠎ᠤᠨ ᠬᠥᠭᠵᠢᠯᠲᠡ᠎ᠶᠢᠨ ᠳᠣᠲᠣᠭᠠᠳᠤ ᠬᠥᠳᠡᠯᠭᠡᠬᠦ ᠬᠦᠴᠦᠨ ᠮᠥᠨ᠂ ᠪᠠᠰᠠ ᠴᠤ᠌ ᠠᠵᠤ ᠦᠢᠯᠡᠰ᠎ᠦᠨ ᠬᠥᠭᠵᠢᠯᠲᠡ᠎ᠶᠢᠨ ᠭᠣᠣᠯᠳᠠᠯᠭ᠎ᠠ᠎ᠲᠠᠢ ᠴᠢᠭᠯᠡᠯ ᠮᠥᠨ》᠃ ᠤᠯᠠᠭᠠᠨᠬᠠᠳᠠ᠎ᠶᠢᠨ ᠳ᠋ᠦᠩ ᠷᠦᠩ ᠪᠦᠯᠦᠭᠯᠡᠯ᠎ᠦᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠡᠯᠲᠡᠰ᠎ᠦᠨ ᠶᠡᠷᠦᠩᠬᠡᠢ ᠬᠢᠨᠠᠭ᠍ᠴᠢ ᠼᠦᠢ ᠭᠤᠸᠠᠩ ᠰᠢᠶᠠᠩ᠂ ᠮᠠᠨ᠎ᠤ ᠪᠦᠯᠦᠭᠯᠡᠯ 《ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠋ ᠮᠥᠨ 》 ᠭᠡᠬᠦ ᠣᠢᠯᠠᠭᠠᠭᠳᠠᠬᠤᠨ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠤᠰᠬᠠᠢ ᠮᠡᠷᠭᠡᠵᠢᠯᠲᠡᠨ᠎ᠢ ᠢᠳᠡᠪᠬᠢᠲᠡᠢ ᠣᠷᠣᠭᠤᠯᠤᠨ ᠠᠪᠴᠢᠷᠠᠵᠤ ᠬᠠᠨ ᠠᠭᠤᠯᠠ᠎ᠵᠢᠨ ᠨᠣᠤᠯᠤᠭᠤᠷ᠎ᠤᠨ ᠢᠮᠠᠭ᠎ᠠ᠎ᠶᠢ ᠲᠡᠵᠢᠭᠡᠨ ᠦᠷᠡᠵᠢᠭᠦᠯᠬᠦ᠂ ᠡᠭᠦᠯᠳᠡᠷ ᠪᠣᠢᠵᠢᠭᠤᠯᠬᠤ ᠵᠡᠷᠭᠡ ᠰᠢᠨᠵᠢᠯᠡᠬᠦ ᠤᠬᠠᠭᠠᠨ᠎ᠤ ᠰᠤᠳᠤᠯᠭᠠᠨ᠎ᠢ ᠥᠷᠨᠢᠭᠦᠯᠵᠦ᠂ ᠴᠢᠨᠠᠷ ᠰᠠᠢᠲᠠᠢ ᠡᠭᠦᠯᠳᠡᠷ᠎ᠦᠨ ᠢᠮᠠᠭ᠎ᠠ᠎ᠶᠢ ᠪᠣᠢᠵᠢᠭᠤᠯᠬᠤ ᠪᠠ ᠲᠡᠵᠢᠭᠡᠨ ᠦᠷᠡᠵᠢᠭᠦᠯᠬᠦ ᠦᠢᠯᠡᠰ᠎ᠦᠨ ᠬᠥᠭᠵᠢᠯᠲᠡ᠎ᠶᠢ ᠠᠬᠢᠭᠤᠯᠪᠠ᠃ ᠡᠭᠦᠨ᠎ᠦ ᠬᠠᠮᠲᠤ᠂ ᠳᠣᠲᠣᠭᠠᠳᠤ᠎ᠳᠠᠭᠠᠨ ᠬᠥᠮᠥᠵᠢᠭᠦᠯᠬᠦ᠂  ᠪᠤᠯᠪᠠᠰᠤᠷᠠᠯ᠎ᠤᠨ ᠠᠨᠭᠭᠢ ᠳ᠋ᠤ ᠬᠦᠷᠭᠡᠬᠦ᠂ ᠱᠠᠪᠢ ᠠᠵᠢᠯᠴᠢᠨ᠎ᠢᠶᠠᠷ ᠬᠥᠮᠥᠵᠢᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠨ᠂ ᠨᠠᠩ ᠣᠯᠠᠨ ᠠᠵᠢᠯᠲᠠᠨ ᠠᠵᠢᠯᠴᠢᠨ᠎ᠤ ᠤᠷ᠎ᠠ ᠮᠡᠷᠬᠡᠵᠢᠯ᠎ᠳᠤ ᠲᠦᠰᠢᠭᠯᠡᠨ ᠦᠰᠦᠨ ᠪᠣᠢᠵᠢᠵᠤ ᠴᠢᠳᠠᠪᠤᠷᠢᠲᠠᠨ ᠪᠣᠯᠵᠤ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠶᠢ ᠪᠡᠶᠡᠯᠡᠭᠦᠯᠪᠡ ᠭᠡᠵᠡᠢ᠃

ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ᠎ᠦᠨ ᠰᠤᠷᠤᠯᠭ᠎ᠠ᠎ᠶᠢᠨ ᠨᠠᠮᠲᠠᠷ᠎ᠲᠠᠢ ᠬᠠᠨ ᠢᠦᠢ᠂ ᠠᠵᠢᠯ᠎ᠤᠨ ᠭᠠᠷᠤᠭ᠎ᠠ  ᠪᠠᠨ ᠠᠪᠤᠭᠰᠠᠨ᠎ᠤ ᠳᠠᠷᠠᠭ᠎ᠠ ᠳ᠋ᠦᠩ ᠷᠦᠩ ᠶᠡᠬᠡ ᠰᠤᠷᠭᠠᠭᠤᠯᠢ ᠪᠣᠯᠣᠨ ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠬᠠᠮᠲᠤᠷᠠᠨ ᠡᠷᠭᠢᠯᠡᠭᠰᠡᠨ ᠵᠠᠭᠪᠤᠷ᠎ᠢᠶᠠᠷ ᠳᠡᠮᠵᠢᠨ᠂ ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠳᠤ ᠨᠡᠬᠡᠮᠡᠯ᠎ᠦᠨ ᠲᠤᠰᠬᠠᠢ ᠮᠡᠷᠭᠡᠵᠢᠯ ᠰᠤᠷᠬᠤ ᠲᠣᠬᠢᠶᠠᠯ ᠣᠯᠣᠭᠰᠠᠨ ᠪᠥᠭᠡᠳ ᠵᠢᠩᠬᠢᠨᠢ ᠠᠩᠭᠢ᠎ᠶᠢᠨ ᠲᠡᠭᠦᠰᠬᠦ ᠦᠨᠡᠮᠯᠡᠯ ᠣᠯᠵᠠᠢ᠃ ᠠᠵᠤ ᠠᠬᠤᠢᠯᠠᠯ ᠨᠢ ᠬᠠᠨ ᠢᠦᠢ ᠮᠡᠲᠦ᠎ᠶᠢᠨ 20 ᠭᠠᠷᠤᠢ ᠠᠵᠢᠯᠲᠠᠨ ᠠᠵᠢᠯᠴᠢᠨ᠎ᠳᠤ ᠰᠤᠷᠤᠯᠴᠠᠬᠤ ᠲᠠᠪᠴᠠᠩ ᠬᠠᠩᠭᠠᠵᠤ᠂ ᠬᠤᠪᠢ ᠬᠥᠮᠥᠨ᠎ᠦ ᠴᠢᠳᠠᠪᠤᠷᠢ᠎ᠵᠢ ᠨᠢ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ ᠨᠡᠬᠡᠮᠡᠯ᠎ᠦᠨ ᠬᠦᠷᠢᠶᠡᠨ᠎ᠳᠡᠬᠢ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠦᠢᠯᠡᠳᠬᠦᠨ᠎ᠦ ᠲᠠᠰ ᠳᠡᠪᠰᠢᠬᠦ᠎ᠳᠦ ᠴᠢᠳᠠᠪᠤᠷᠢᠲᠠᠨ᠎ᠤ ᠪᠠᠲᠤᠯᠠᠭ᠎ᠠ ᠬᠠᠩᠭᠠᠵᠤ᠂ ᠠᠵᠤ ᠠᠬᠤᠢᠯᠠᠯ᠎ᠤᠨ ᠲᠤᠷᠰᠢᠯᠲᠠ᠎ᠶᠢᠨ ᠲᠠᠰᠤᠭ᠎ᠤᠨ ᠬᠣᠣᠰ C ᠎ᠵᠢᠨ ᠭᠡᠷᠡᠴᠢᠯᠡᠯ᠎ᠳᠦ ᠠᠰᠢᠭ᠍ᠲᠠᠢ ᠳᠡᠮᠵᠢᠯᠭᠡ ᠬᠠᠩᠭᠠᠭᠰᠠᠨ ᠪᠠᠢᠨ᠎ᠠ᠃ ᠡᠭᠦᠨ᠎ᠦ ᠬᠠᠮᠲᠤ᠂ ᠳ᠋ᠦᠩ ᠷᠦᠩ ᠪᠦᠯᠦᠭᠯᠡᠯ᠎ᠤᠨ ᠬᠢᠨ ᠰᠢᠨ᠎ᠡ ᠮᠠᠶᠢᠭ᠋᠎ᠤᠨ ᠱᠠᠪᠢ ᠣᠷᠣᠬᠤ ᠳᠦᠷᠢᠮ᠎ᠢ ᠪᠥᠬᠥ ᠬᠦᠴᠦᠨ᠎ᠢᠶᠡᠷ᠎ᠢᠶᠡᠨ ᠬᠡᠷᠡᠭᠵᠢᠭᠦᠯᠵᠦ᠂ 330 ᠱᠠᠪᠢ ᠠᠵᠢᠯᠴᠢᠨ ᠠᠬᠠᠮᠠᠳ ᠪᠠᠭ᠍ᠰᠢ᠎ᠶᠢᠨ ᠳᠠᠭᠠᠭᠤᠯᠭ᠎ᠠ ᠳᠣᠣᠷ᠎ᠠ᠂ ᠠᠵᠢᠯ᠎ᠤᠨ ᠪᠠᠢᠷᠢ᠎ᠳᠤ ᠬᠡᠷᠡᠭᠰᠡᠬᠦ ᠵᠠᠩᠭᠢᠯᠠᠭ᠎ᠠ᠎ᠶᠢᠨ ᠤᠷ᠎ᠠ ᠮᠡᠷᠬᠡᠵᠢᠯ᠎ᠢ ᠲᠦᠷᠭᠡᠨ ᠡᠵᠡᠮᠰᠢᠵᠦ᠂ ᠠᠵᠢᠯ᠎ᠤᠨ ᠪᠠᠢᠷᠢ᠎ᠳᠤ ᠭᠠᠷᠴᠤ ᠣᠷᠣᠯᠭ᠎ᠠ᠎ᠪᠠᠨ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ᠂ ᠪᠦᠯᠬᠦᠮ᠎ᠦᠨ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢ ᠲᠤᠢᠯ᠎ᠤᠨ ᠶᠡᠬᠡ᠎ᠪᠡᠷ ᠬᠥᠭᠵᠢᠭᠡᠪᠡ᠃

ᠳ᠋ᠦᠩ ᠯᠢ ᠢᠮᠠᠭᠠᠨ ᠨᠣᠤᠯᠤᠭᠤᠷ᠎ᠤᠨ ᠺᠤᠮᠫᠠᠨᠢ ᠪᠣᠯ ᠥᠪᠡᠷᠲᠡᠭᠡᠨ ᠵᠠᠰᠠᠬᠤ ᠣᠷᠣᠨ᠎ᠤ ᠦᠢᠯᠡᠳᠬᠦ ᠦᠢᠯᠡᠰ᠎ᠦᠨ ᠲᠠᠩ ᠵᠦᠢᠯ᠎ᠦᠨ ᠮᠠᠩᠯᠠᠢ ᠠᠵᠤ ᠠᠬᠤᠢᠯᠠᠯ ᠪᠠᠢᠵᠤ᠂ ᠮᠡᠷᠭᠡᠵᠢᠯ᠎ᠦᠨ ᠠᠵᠢᠯᠴᠢᠨ᠎ᠳᠤ ᠨᠡᠯᠢᠶᠡᠳ ᠥᠨᠳᠥᠷ ᠱᠠᠭᠠᠷᠳᠠᠯᠭ᠎ᠠ᠎ᠲᠠᠢ ᠪᠠᠢᠳᠠᠭ᠃ ᠣᠢᠷ᠎ᠠ᠎ᠶᠢᠨ ᠵᠢᠯ ᠡᠴᠡ ᠨᠠᠭᠠᠰᠢ᠂ ᠳ᠋ᠦᠩ ᠷᠦᠩ ᠪᠦᠯᠦᠭᠯᠡᠯ ᠨᠢ ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠵᠡᠷᠭᠡ᠎ᠲᠠᠢ ᠬᠠᠮᠲᠤᠷᠠᠨ ᠰᠤᠷᠭᠠᠭᠤᠯᠢ ᠡᠷᠭᠢᠯᠡᠵᠦ᠂ 《ᠲᠢᠶᠠᠨᠵᠢᠨ᠎ᠤ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠳᠠᠳᠤᠯᠭ᠎ᠠ ᠦᠢᠯᠡᠳᠦᠯᠭᠡ᠎ᠶᠢᠨ ᠰᠠᠭᠤᠷᠢᠨ》 ᠢ᠋ ᠪᠦᠲᠦᠭᠡᠨ ᠪᠠᠢᠭᠤᠯᠵᠤ᠂ ᠳ᠋ᠣᠺᠲ᠋ᠣᠷ᠂ ᠮᠠᠬᠢᠰᠲᠧᠷ ᠵᠡᠷᠭᠡ ᠳᠡᠭᠡᠳᠦ ᠲᠠᠰ᠎ᠤᠨ ᠨᠡᠬᠡᠮᠡᠯ᠎ᠦᠨ ᠲᠤᠰᠬᠠᠢ ᠮᠡᠷᠭᠡᠵᠢᠯ᠎ᠦᠨ 19 ᠴᠢᠳᠠᠪᠤᠷᠢᠲᠠᠨ᠎ᠢ ᠣᠷᠣᠭᠤᠯᠤᠨ ᠠᠪᠴᠢᠷᠠᠵᠠᠢ; ᠰᠡᠮᠡᠳᠡᠰᠦ ᠡᠭᠡᠷᠡᠬᠦ ᠠᠵᠢᠯᠴᠢᠨ ᠵᠡᠷᠭᠡ ᠣᠯᠠᠨ ᠠᠵᠢᠯ ᠲᠥᠷᠥᠯ᠎ᠦᠨ ᠴᠢᠳᠠᠪᠤᠷᠢᠲᠠᠨ᠎ᠢ 632 ᠬᠥᠮᠥᠨ ᠪᠣᠯᠪᠠᠰᠤᠷᠠᠭᠤᠯᠵᠤ᠂ ᠳᠡᠭᠡᠳᠦ ᠲᠡᠰ᠎ᠤᠨ ᠠᠵᠢᠯᠴᠢᠨ᠂ ᠳᠡᠭᠡᠳᠦ ᠲᠡᠰ᠎ᠤᠨ ᠲᠸᠭᠨᠢᠭᠴᠢ ᠵᠢᠨ ᠲᠡᠰ᠎ᠤᠨ ᠦᠨᠡᠮᠯᠡᠯ ᠣᠯᠤᠭᠰᠠᠨ ᠬᠦᠮᠦᠨ 128 ᠪᠠᠢᠵᠤ᠂ 《ᠨᠡᠬᠡᠮᠡᠯ᠎ᠦᠨ ᠴᠢᠳᠠᠪᠤᠷᠢᠲᠠᠨ᠎ᠤ ᠲᠥᠯᠥᠪᠯᠡᠭᠡ》᠂ 《ᠨᠡᠬᠡᠮᠡᠯ᠎ᠦᠨ ᠳᠠᠷᠬᠠᠨ᠎ᠤ ᠲᠥᠯᠥᠪᠯᠡᠭᠡ》 ᠵᠡᠷᠭᠡ᠎ᠶᠢ ᠬᠡᠷᠡᠭᠵᠢᠭᠦᠯᠬᠦ᠎ᠪᠡᠷ ᠳᠠᠮᠵᠢᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢ ᠲᠠᠰᠤᠷᠠᠯᠲᠠ ᠦᠭᠡᠢ ᠪᠤᠵᠠᠭᠠᠢᠷᠠᠭᠤᠯᠵᠤ᠂ ᠠᠵᠤ ᠦᠢᠯᠡᠰ᠎ᠦᠨ ᠬᠥᠭᠵᠢᠯᠲᠡ᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ᠃

ᠳ᠋ᠦᠩ ᠷᠦᠩ ᠪᠦᠯᠦᠭᠯᠡᠯ᠎ᠦᠨ ᠬᠠᠷᠢᠭᠤᠴᠠᠯᠭᠠᠲᠠᠨ ᠴᠧᠩ ᠰᠢᠶᠣᠣ ᠬ᠍ᠤ᠌᠄《ᠪᠢᠳᠡ ᠨᠡᠢᠭᠡᠮ᠎ᠦᠨ ᠬᠠᠷᠢᠭᠤᠴᠠᠯᠭ᠎ᠠ᠎ᠪᠠᠨ ᠢᠳᠡᠪᠬᠢᠲᠡᠢ ᠦᠢᠯᠡᠳᠦᠯᠭᠡᠵᠢᠭᠦᠯᠵᠦ᠂ ᠤᠷ᠎ᠠ ᠮᠡᠷᠬᠡᠵᠢᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠠᠯᠬᠤᠴᠠ᠎ᠪᠠᠨ ᠲᠦᠷᠭᠡᠳᠬᠡᠨ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠨᠠᠮᠳᠠᠭᠤᠯᠵᠤ᠂ ᠠᠵᠤ ᠠᠬᠤᠢᠯᠠᠯ᠎ᠤᠨ ᠴᠢᠳᠠᠮᠠᠭᠠᠢ ᠴᠢᠨᠠᠷ᠎ᠢ ᠬᠥᠭᠵᠢᠭᠡᠭᠰᠡᠨ᠎ᠵᠢᠡᠷ ᠪᠠᠷᠠᠬᠤ ᠦᠭᠡᠢ ᠪᠠᠰᠠ ᠬᠥᠳᠡᠯᠮᠦᠷᠢ ᠦᠢᠯᠡᠴᠢᠯᠡᠭᠡᠨ᠎ᠦ ᠲᠦᠷᠦᠯ ᠲᠡᠮᠳᠡᠭ᠎ᠦᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠠᠵᠢᠯ ᠣᠯᠵᠤ ᠦᠢᠯᠡᠰ ᠪᠤᠰᠬᠠᠬᠤ ᠠᠵᠢᠯ᠎ᠤᠨ ᠪᠠᠢᠷᠢ ᠬᠠᠩᠭᠠᠨ᠂ ᠣᠯᠠᠨ ᠲᠦᠮᠡᠨ᠎ᠢ ᠭᠡᠷ᠎ᠦᠨ ᠤᠢᠷ᠎ᠠ ᠬᠠᠪᠢ ᠳ᠋ᠠᠭᠠᠨ ᠠᠵᠢᠯ ᠣᠯᠵᠤ ᠦᠢᠯᠡᠰ ᠪᠤᠰᠬᠠᠬᠤ ᠵᠢ ᠪᠡᠶᠡᠯᠡᠬᠦᠯᠵᠤ᠂ ᠠᠵᠤ ᠦᠢᠯᠡᠰ᠎ᠦᠨ ᠠᠰᠢᠬ᠎ᠢ ᠬᠦᠷᠳᠡᠬᠡᠵᠦ᠂ ᠠᠵᠢᠯ ᠣᠯᠭᠣᠯᠳᠠ ᠵᠢ ᠪᠠᠳᠤᠳᠠᠢ ᠪᠣᠯᠭᠠᠵᠠᠢ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号