ᠡᠪᠡᠳᠴᠢᠲᠡᠳ᠎ᠲᠠᠢ ᠪᠠᠨ ᠬᠠᠮᠳᠤ ᠰᠢᠨᠡᠯᠡᠯ᠎ᠠ
2025-02-05 11:10:14
ᠵᠣᠬᠢᠶᠠᠭ᠍ᠴᠢ᠄
​ ᠸᠠᠩ ᠺᠦᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 28᠎ᠤ᠋ ᠡᠳᠦᠷ — ᠪᠢᠳᠡᠭᠦᠨ᠎ᠤ ᠰᠦᠨᠢ᠂ ᠰᠤᠪᠢᠯᠠᠭ᠍ᠴᠢ ᠵᠠᠩ ᠱᠢᠶᠤᠤ ᠹᠸᠩ ᠬᠠᠯᠠᠭᠤᠨ ᠠᠭᠤᠷ ᠰᠠᠪᠰᠠᠯᠠᠬᠰᠠᠨ ᠪᠠᠩᠰᠢ ᠲᠠᠢ ᠲᠠᠪᠠᠭ ᠎ᠢ ᠪᠠᠷᠢᠬᠰᠠᠭᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶ᠎ᠠ᠎ᠶᠢᠨ ᠬᠠᠪᠤᠳᠠᠷ᠎ᠤᠨ ᠳᠣᠲᠣᠷ ᠰᠠᠯᠠᠭᠠᠨ᠎ᠤ ᠡᠪᠡᠳᠴᠢᠲᠡᠨ᠎ᠦ ᠥᠷᠥᠭᠡᠨ᠎ᠳᠦ ᠤᠷᠤᠵᠤ ᠢᠷᠡᠯ᠎ᠡ᠃

ᠴᠠᠭᠠᠨ ᠰᠠᠷ᠎ᠠ ᠭᠡᠭᠴᠢ ᠭᠡᠷ ᠬᠣᠲᠠᠯᠠᠭᠠᠷ᠎ᠢᠶᠠᠨ ᠴᠤᠭᠯᠠᠷᠠᠬᠤ ᠪᠠᠶᠠᠷ ᠳᠤᠷᠠᠰᠬᠠᠯ᠎ᠤᠨ ᠡᠳᠦᠷ ᠪᠤᠯᠪᠠᠴᠤ ᠬᠠᠪᠤᠳᠠᠷ᠎ᠤᠨ ᠳᠣᠲᠣᠷ ᠰᠠᠯᠠᠭᠠᠨ᠎ᠤ 3 ᠡᠪᠡᠳᠴᠢᠲᠡᠨ᠎ᠦ ᠲᠣᠭᠣᠷᠢᠭ᠎ᠲᠤ ᠪᠠᠰᠠ 20 ᠡᠪᠡᠳᠴᠢᠲᠡᠨ ᠡᠮᠨᠡᠯᠭᠡ᠎ᠳᠦ ᠰᠠᠭᠤᠵᠤ ᠪᠤᠢ᠂ ᠲᠡᠳᠡᠨ᠎ᠤ ᠲᠤᠳᠤᠷᠠᠬᠢ ᠵᠠᠷᠢᠮ ᠎ᠤ᠋ᠨ ᠬᠢᠨᠢ ᠡᠪᠡᠳᠴᠢᠨ᠎ᠦ ᠪᠠᠢᠳᠠᠯ ᠬᠦᠨᠳᠦ᠂ ᠪᠠᠰᠠ ᠵᠠᠷᠢᠮ ᠨᠢ ᠬᠢᠮᠢ᠎ᠶ᠋ᠢᠨ ᠵᠠᠰᠠᠯ᠎ᠢᠶᠠᠷ ᠡᠮᠨᠡᠵᠦ᠍ ᠪᠠᠢᠭ᠎ᠠ ᠪᠤᠯᠬᠤᠷ ᠡᠮᠨᠡᠯᠭᠡ ᠡᠴᠡ ᠭᠠᠷᠴᠤ᠌ ᠳᠡᠢᠯᠬᠦ ᠦᠭᠡᠢ ᠪᠠᠢᠯ᠎ᠠ᠃ ᠬᠡᠷ᠎ᠲᠡᠬᠡᠨ ᠬᠠᠷᠢᠬᠤ᠎ᠶ᠋ᠢᠨ ᠠᠷᠭ᠎ᠠ ᠥᠬᠡᠶ ᠡᠪᠡᠳᠴᠢᠲᠡᠳ᠎ᠢ ᠴᠦ᠍ ᠬᠥᠷ ᠬᠥᠭ᠌ᠵᠢᠶᠡᠨ᠎ᠲᠡᠶ ᠱᠢᠨᠡᠯᠡᠭᠦᠯᠬᠦ᠌᠎ᠶ᠋ᠢᠨ ᠲᠥᠯᠥᠭᠡ ᠴᠠᠭᠠᠨ ᠰᠠᠷ᠎ᠠ ᠡᠴᠡ ᠡᠮᠦᠨ᠎ᠡ ᠡᠮᠴᠢ ᠰᠤᠪᠢᠯᠠᠭ᠍ᠴᠢᠳ ᠡᠪᠡᠳᠴᠢᠲᠡᠨ᠎ᠦ ᠲᠣᠭᠣᠷᠢᠭ᠎ᠤᠨ ᠠᠰᠠᠷ᠎ᠤᠨ ᠬᠣᠩᠭᠢᠯ᠂ ᠡᠪᠡᠳᠴᠢᠲᠡᠨ᠎ᠦ ᠥᠷᠥᠭᠡ᠎ᠶ᠋ᠢᠨ ᠡᠭᠦᠳᠡ᠂ ᠰᠤᠪᠢᠯᠠᠭ᠍ᠴᠢ᠎ᠶ᠋ᠢᠨ ᠥᠷᠲᠡᠭᠡ᠎ᠳᠦ ᠤᠯᠠᠭᠠᠨ ᠳ᠋ᠧᠩᠯᠦ᠍ ᠡᠯᠭᠦᠵᠦ᠍ ᠂ ᠴᠠᠭᠠᠨ ᠰᠠᠷ᠎ᠠ᠎ᠶ᠋ᠢᠨ ᠬᠤᠤᠰ ᠤᠶᠠᠩᠭ᠎ᠠ᠂ ᠪᠤᠶᠠᠨ ᠥᠰᠥᠭ ᠨᠠᠭᠠᠵᠤ᠂ ᠡᠪᠡᠳᠴᠢᠲᠡᠨ᠎ᠦ ᠲᠣᠭᠣᠷᠢᠭ᠎ᠢ ᠱᠢᠨ᠎ᠡ᠎ᠪᠡᠷ ᠴᠢᠮᠡᠭ᠌ᠯᠡᠵᠦ᠍ ᠂ ᠱᠢᠨ᠎ᠡ ᠵᠢᠯ᠎ᠦᠨ ᠠᠭᠤᠷ ᠠᠮᠢᠰᠭᠤᠯ᠎ᠢ ᠪᠣᠶ ᠪᠣᠯᠭᠠᠪᠠ᠃

ᠥᠷᠯᠥᠭᠡ᠎ᠶ᠋ᠢᠨ 7 ᠴᠠᠭ 50 ᠮᠢᠨᠥ᠋ᠲ᠎ᠲᠤ ᠬᠠᠪᠤᠳᠠᠷ᠎ᠤᠨ ᠳᠣᠲᠣᠷ ᠰᠠᠯᠠᠭᠠᠨ᠎ᠤ ᠡᠷᠬᠢᠯᠡᠭ᠌ᠴᠢ ᠡᠮᠴᠢ ᠼᠠᠢ ᡁᠢ ᠬᠤᠢ ᠡᠮᠴᠢᠯᠡᠭᠡᠨ᠎ᠤ ᠬᠤᠪᠴᠠᠰᠤ ᠪᠠᠨ ᠡᠮᠦᠰᠴᠤ ᠡᠪᠡᠳᠴᠢᠲᠡᠨ᠎ᠦ ᠥᠷᠥᠭᠡ ᠪᠡᠷ ᠪᠠᠢᠴᠠᠭᠠᠵᠤ ᠡᠬᠢᠯᠡᠪᠡ᠃ ᠡᠪᠡᠳᠴᠢᠲᠡᠨ᠎ᠦ ᠥᠷᠥᠭᠡᠨ᠎ᠳᠦ ᠲᠡᠷᠡ ᠳᠤᠳᠤᠨᠤ ᠪᠡᠷ ᠡᠪᠡᠳᠴᠢᠲᠡᠨ ᠤ᠋ ᠠᠮᠤᠷ᠎ᠢ ᠠᠰᠠᠭᠤᠵᠤ᠂ ᠡᠪᠡᠳᠴᠢᠲᠡᠨ ᠨᠢᠭᠡ ᠪᠦᠷᠢ᠎ᠶ᠋ᠢᠨ ᠪᠡᠶ᠎ᠡ᠎ᠶ᠋ᠢᠨ ᠪᠠᠢᠳᠠᠯ᠎ᠢ ᠨᠠᠷᠢᠯᠢᠬ ᠤᠢᠯᠠᠭᠠᠵᠤ᠂ ᠲᠡᠳᠡᠨ᠎ᠳᠦ ᠠᠩᠬᠠᠷᠬᠤ ᠴᠢᠬᠤᠯᠠᠳᠠᠢ ᠶᠠᠪᠤᠳᠠᠯ᠎ᠢ ᠵᠠᠬᠢᠨ ᠰᠠᠨᠠᠭᠤᠯᠬᠤ᠎ᠶᠢᠨ ᠳᠠᠭᠠᠤ ᠲᠡᠳᠡᠨ᠎ᠲᠡᠶ ᠵᠣᠭᠣᠭ᠍ᠳᠠᠵᠤ ᠰᠡᠳᠬᠢᠯ᠎ᠢ ᠨᠢ ᠲᠠᠢᠳᠭᠤᠷᠠᠭᠤᠯᠵᠦ ᠭᠠᠷᠤᠨ᠎ᠠ᠃ ᠡᠮᠴᠢ᠎ᠶ᠋ᠢᠨ ᠠᠯᠪᠠᠨ ᠬᠡᠷ᠎ᠲᠡᠬᠡᠨ ᠤᠷᠤᠬᠰᠠᠨ᠎ᠤ ᠳᠠᠷᠠᠭ᠎ᠠ ᠼᠠᠢ ᡁᠢ ᠬᠤᠢ ᠡᠪᠡᠳᠴᠢᠲᠡᠨ᠎ᠦ ᠡᠪᠡᠳᠴᠢᠨ᠎ᠦ ᠪᠠᠢᠳᠠᠯ᠎ᠤᠨ ᠬᠤᠪᠢᠷᠠᠯᠲᠠ᠎ᠶ᠋ᠢ ᠦᠨᠳᠦᠰᠦᠯᠡᠨ ᠡᠮᠴᠢ᠎ᠶ᠋ᠢᠨ ᠵᠠᠬᠢᠶ᠎ᠠ᠎ᠳᠠᠭᠠᠨ ᠲᠣᠬᠢᠷᠠᠭᠤᠯᠤᠯᠲᠠ ᠬᠢᠵᠦ᠍᠂ ᠵᠠᠬᠢᠶ᠎ᠠ ᠲᠤᠰᠤᠬᠰᠠᠨ ᠰᠤᠪᠢᠯᠠᠭ᠍ᠴᠢ ᠲᠡᠷᠡ ᠲᠤᠤᠷ᠎ᠠ ᠨᠢ ᠡᠮᠴᠢ᠎ᠶ᠋ᠢᠨ ᠵᠠᠬᠢᠶ᠎ᠠ ᠪᠡᠷ ᠡᠮ ᠵᠢᠡᠨ ᠭᠠᠷᠭᠠᠨ ᠠᠪᠴᠤ ᠡᠨᠡ ᠡᠳᠦᠷ᠎ᠤᠨ ᠠᠵᠢᠯ᠎ᠢᠶᠡᠨ ᠡᠬᠢᠯᠡᠬᠦᠯᠪᠡ᠃

ᠨᠢᠭᠡᠨ ᠡᠪᠡᠳᠴᠢᠲᠡᠨ ᠬᠢᠮᠢ᠎ᠶ᠋ᠢᠨ ᠵᠠᠰᠠᠯ ᠬᠢᠭᠰᠡᠨ᠎ᠤ ᠳᠠᠷᠠᠭ᠎ᠠ ᠰᠠᠭᠠᠷᠮᠠᠭ ᠮᠥᠬᠥᠯᠢᠭ᠌ᠲᠦ ᠡᠰ᠂ ᠴᠢᠰᠤᠨ ᠤ᠋ ᠢᠯᠲᠠᠰᠤ ᠪᠠᠭᠠᠰᠤᠭ᠍ᠰᠠᠨ ᠬᠡᠮᠵᠢᠶ᠎ᠡ ᠨᠢ ᠬᠦᠨᠳᠦ ᠳᠡᠰ᠎ᠲᠦ ᠬᠦᠷᠦᠭᠰᠡᠨ ᠮᠦᠷᠳᠡᠬᠡᠨ ᠶᠡᠬᠡ ᠬᠠᠯᠠᠭᠤᠷᠠᠵᠦ ᠬᠣᠭᠣᠯᠠ ᠢᠳᠡᠬᠦ᠌᠎ᠶ᠋ᠢᠨ ᠠᠷᠭ᠎ᠠ ᠦᠭᠡᠢ ᠪᠣᠯᠵᠤ᠂ ᠶᠡᠬᠡᠳᠡ ᠵᠤᠪᠠᠵᠤ ᠡᠬᠢᠯᠡᠪᠡ᠃ ᠼᠠᠢ ᡁᠢ ᠬᠤᠢ ᠮᠠᠰᠢ ᠳᠦᠷᠭᠡᠨ᠎ᠢᠶᠡᠷ ᠡᠪᠡᠳᠴᠢᠨ᠎ᠳᠦᠨᠢ ᠲᠠᠭᠠᠷᠠᠭᠤᠯᠵᠤ ᠡᠮᠨᠡᠨ ᠵᠠᠰᠠᠬᠤ᠎ᠶ᠋ᠢᠨ ᠬᠠᠮᠲᠤ ᠴᠢᠰᠤ ᠶᠡᠭᠦᠯᠡᠬᠦ᠌ ᠰᠠᠯᠠᠭ᠎ᠠ᠎ᠲᠠᠶ ᠬᠠᠷᠢᠯᠴᠠᠵᠤ ᠡᠪᠡᠳᠴᠢᠲᠡᠨ᠎ᠳᠦ ᠴᠢᠰᠤᠨ᠎ᠤ ᠢᠯᠲᠠᠰᠤ ᠶᠡᠭᠦᠯᠡᠬᠦ᠌᠎ᠶ᠋ᠢᠨ ᠬᠠᠮᠲᠤ ᠡᠪᠡᠳᠴᠢᠲᠡᠨ᠎ᠢ ᠲᠠᠢᠳᠭᠤᠷᠠᠭᠤᠯᠵᠦ ᠪᠠᠢᠪᠠ᠃ ᠬᠣᠲᠣᠷᠢᠩᠬᠠᠶ ᠭᠡᠳᠡᠰᠦᠨ᠎ᠦ ᠥᠮᠡᠨ᠎ᠦ ᠰᠡᠭᠦᠯᠴᠢ᠎ᠶ᠋ᠢᠨ ᠬᠤᠭᠤᠴᠠᠭ᠎ᠠ ᠪᠤᠯᠤᠭᠰᠠᠨ ᠨᠢᠬᠡ ᠡᠪᠡᠳᠴᠢᠲᠡᠨ ᠭᠠᠳᠠᠭᠠᠯᠠᠬᠤ᠎ᠳᠦ ᠬᠦᠴᠢᠷᠳᠡᠵᠦ᠍᠂ ᠬᠡᠪᠡᠯᠢ᠎ᠶ᠋ᠢᠨ ᠬᠡᠰᠡᠭ ᠨᠢ ᠴᠢᠨᠦᠷᠡᠨ ᠡᠪᠡᠳᠴᠦ᠍ ᠪᠠᠢᠬᠰᠠᠨ ᠨᠢ ᠬᠤᠰᠬᠢᠨᠠᠭ ᠲᠤᠨᠢ ᠪᠤᠷᠭᠤᠢᠳᠠᠬᠤ ᠵᠠᠰᠠᠯ ᠬᠢᠭ᠌ᠰᠡᠨ᠎ᠦ ᠳᠠᠷᠠᠭ᠎ᠠ ᠡᠪᠡᠳᠬᠥ ᠨᠢ  ᠨᠠᠮᠳᠠᠵᠠᠢ᠃

《ᠬᠠᠪᠤᠳᠠᠷᠲᠤ ᠡᠪᠡᠳᠴᠢᠲᠡᠨ ᠨᠡᠯᠢᠶᠡᠳ ᠣᠨᠴᠠᠭᠠᠶ ᠪᠠᠢᠳᠠᠭ᠂ ᠮᠠᠰᠢ ᠣᠯᠠᠨ ᠡᠪᠡᠳᠴᠢᠲᠡᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠡᠷ᠎ᠲᠡᠬᠡᠨ ᠬᠠᠷᠢᠵᠤ ᠳᠡᠢᠯᠬᠦ᠌ ᠥᠬᠡᠶ ᠡᠴᠡ ᠪᠤᠯᠵᠤ ᠰᠡᠳᠭᠢᠯ᠎ᠦᠨ ᠳᠠᠷᠤᠭᠠᠰᠤ ᠨᠢ ᠬᠦᠨᠳᠦᠷᠡᠵᠦ᠍᠂ ᠤᠯᠠᠨ ᠵᠦᠢᠯ᠎ᠢ ᠪᠤᠳᠤᠵᠦ᠂ ᠨᠠᠵᠠᠭᠠᠶ ᠪᠣᠳᠣᠯ ᠣᠷᠣᠵᠤ᠂ ᠡᠮᠴᠢᠯᠡᠭᠡ ᠵᠢᠨ ᠦᠷ᠎ᠠ ᠪᠦᠳᠦᠮᠵᠢ᠎ᠶ᠋ᠢ ᠨᠥᠯᠥᠭᠡᠯᠡᠳᠡᠭ᠃ ᠡᠭᠦᠨ ᠡᠴᠡ ᠭᠠᠳᠠᠨ᠎ᠠ᠂ ᠵᠠᠷᠢᠮ ᠡᠪᠡᠳᠴᠢᠲᠡᠨ ᠬᠢᠮᠢ᠎ᠶ᠋ᠢᠨ ᠵᠠᠰᠠᠯ᠎ᠤᠨ ᠬᠤᠭᠤᠴᠠᠭᠠᠨ᠎ᠳᠤ ᠪᠡᠶ᠎ᠡ ᠨᠢ ᠡᠪᠡᠳᠴᠦ᠂ ᠳᠤᠷ᠎ᠠ ᠪᠤᠯᠭᠢᠵᠤ ᠪᠥᠭᠡᠯᠵᠢᠳᠡᠭ᠂ ᠪᠠᠰᠠ ᠵᠠᠷᠢᠮ ᠰᠡᠭᠦᠯᠴᠢ᠎ᠶ᠋ᠢᠨ ᠬᠤᠭᠤᠴᠠᠭ᠎ᠠ ᠪᠤᠯᠤᠭᠰᠠᠨ ᠡᠪᠡᠳᠴᠢᠲᠡᠨ ᠢᠳᠡᠰᠢᠨ ᠳᠤᠷᠠᠰᠢᠯ ᠮᠠᠭᠤᠳᠠᠬᠤ᠂ ᠲᠠᠮᠢᠷᠳᠠᠬᠤ᠂ ᠭᠡᠳᠡᠰᠦ ᠬᠥᠭᠡᠭᠡᠬᠦ᠌ ᠵᠡᠷᠭᠡ ᠡᠪ ᠥᠬᠡᠶ ᠢᠯᠡᠷᠡᠯ᠎ᠭᠠᠷᠳᠠᠬ᠁ ᠪᠢᠳᠡ ᠡᠪᠡᠳᠴᠢᠲᠡᠨ᠎ᠦ ᠡᠪᠡᠳᠴᠢᠨ᠎ᠦ ᠪᠠᠢᠳᠠᠯ᠎ᠢ ᠦᠨᠳᠦᠰᠦᠯᠡᠨ ᠡᠪᠡᠳᠴᠢᠨ᠎ᠳᠦᠨᠢ ᠲᠠᠭᠠᠷᠠᠭᠤᠯᠤᠨ ᠡᠮᠨᠡᠨ ᠵᠠᠰᠠᠵᠤ᠂ ᠲᠡᠳᠡᠨ ᠲᠠᠢ ᠰᠡᠳᠬᠢᠯ᠎ᠢᠶᠡᠨ ᠶᠠᠷᠢᠯᠴᠠᠬᠤ ᠪᠡᠷ ᠲᠠᠮᠵᠢᠨ ᠪᠡᠶ᠎ᠠ ᠵᠢᠨ ᠵᠤᠪᠠᠭᠤᠷᠢ ᠰᠡᠳᠬᠢᠯ᠎ᠤᠨ ᠲᠠᠷᠤᠭᠠᠰᠤ ᠵᠢ ᠨᠢ ᠬᠥᠩᠭᠡᠷᠡᠭᠦᠯᠳᠡᠭ᠂  ᠬᠡᠳᠦᠢᠪᠡᠷ ᠡᠪᠡᠳᠴᠢᠲᠡᠨ᠎ᠦ ᠥᠷᠥᠭᠡᠨ᠎ᠳᠦ ᠪᠠᠢᠭ᠎ᠠ ᠪᠤᠯᠪᠠᠴᠤ ᠳᠡᠳᠡᠨ᠎ᠢ ᠰᠠᠢᠬᠠᠨ ᠱᠢᠨᠡᠯᠡᠭᠦᠯᠬᠦ ᠪᠡᠷ ᠴᠢᠷᠮᠠᠢᠬᠰᠠᠨ ᠶᠤᠮ》 ᠭᠡᠵᠦ ᠼᠠᠢ ᡁᠢ ᠬᠤᠢ ᠬᠡᠯᠡᠪᠡ᠃

《ᠼᠠᠢ ᠡᠮᠴᠢ ᠡ᠂  ᠮᠢᠨᠤ ᠡᠨᠡ ᠡᠪᠡᠳᠴᠢᠨ᠎ᠦ ᠪᠠᠢᠳᠠᠯ᠎ᠢᠶᠡᠷ ᠴᠠᠭᠠᠨ ᠰᠠᠷ᠎ᠠ ᠡᠴᠡ ᠡᠮᠦᠨ᠎ᠡ ᠭᠡᠷ᠎ᠲᠡᠬᠡᠨ ᠬᠠᠷᠢᠵᠤ ᠭᠡᠷ᠎ᠦᠨ ᠬᠥᠮᠦᠰ᠎ᠲᠡᠶ᠎ᠪᠡᠨ ᠠᠭᠤᠯᠵᠠᠵᠤ ᠴᠢᠳᠠᠬᠤ ᠦᠦ?》᠂ 《ᠡᠮᠴᠢᠯᠡᠭᠡ᠎ᠳᠦ ᠰᠠᠢᠲᠤᠷ ᠬᠠᠮᠵᠢᠯᠴᠠᠪᠠᠯ ᠬᠡᠳᠦᠨ ᠡᠳᠦᠷ ᠡᠴᠡ ᠡᠮᠨᠡᠯᠭᠡ᠎ᠡᠴᠡ ᠭᠠᠷᠴᠢᠬᠠᠵᠤ ᠪᠣᠯᠤᠨ᠎ᠠ! 》 ᠂ 《 ᠼᠠᠢ ᠡᠮᠴᠢ ᠡ᠂ ᠪᠢ ᠡᠨᠡ ᠡᠳᠦᠷ ᠡᠨᠳᠡ ᠵᠢᠭᠠᠬᠠᠨ ᠡᠪ ᠦᠭᠡᠢ ᠪᠠᠢᠨ᠎ᠠ᠁》᠂ 《ᠵᠠ ᠨᠠᠭᠠᠰᠢ ᠢᠷ᠎ᠡ᠂ ᠪᠢ ᠲᠠᠨ᠎ᠳᠤ ᠦᠵᠡᠵᠦ᠍ ᠥᠭ᠌ᠬᠦᠶ᠎ᠡ! 》 ᠡᠢᠨ ᠬᠦ᠌ ᠳᠤᠳᠤᠨᠤ ᠦᠢᠯᠡᠴᠢᠯᠡᠭᠡ᠎ᠶᠢᠨ ᠰᠠᠢᠨ᠎ᠢᠶᠡᠷ ᠡᠪᠡᠳᠴᠢᠲᠡᠳ᠎ᠤᠨ ᠵᠣᠪᠠᠨᠢᠯ ᠠᠭᠠᠵᠢᠮ᠎ᠢᠶᠠᠷ ᠠᠷᠢᠯᠪᠠ᠃  ᠣᠷᠣᠶ᠎ᠶ᠋ᠢᠨ 8 ᠴᠠᠭ᠎ᠲᠤ᠂ ᠡᠪᠡᠳᠴᠢᠲᠡᠳ ᠲᠧᠯᠸᠢᠰ᠎ᠦᠨ ᠡᠮᠦᠨ᠎ᠡ ᠰᠠᠭᠤᠯᠴᠠᠵᠤ ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢ ᠰᠣᠨᠢᠷᠬᠠᠵᠤ᠂ ᠪᠠᠰᠠ ᠵᠠᠷᠢᠮ ᠡᠪᠡᠳᠴᠢᠲᠡᠨ ᠭᠠᠷ ᠤᠳᠠᠰᠤ ᠪᠡᠷ ᠬᠡᠷ᠎ᠦᠨ ᠬᠥᠮᠦᠰ ᠲᠠᠢ ᠪᠠᠨ ᠶᠠᠷᠢᠯᠴᠠᠵᠤ ᠪᠠᠶᠠᠰᠤᠨ᠎ᠠ᠃ ᠡᠮᠨᠡᠯᠭᠡ᠎ᠶ᠋ᠢᠨ ᠬᠣᠷᠢᠶ᠎ᠠ ᠡᠴᠡ ᠪᠠᠩᠰᠢ ᠪᠡᠯᠡᠳᠭᠡᠵᠦ᠍ ᠡᠮᠴᠢ ᠰᠤᠪᠢᠯᠠᠭ᠍ᠴᠢᠳ ᠪᠠ ᠡᠮᠨᠡᠯᠭᠡ᠎ᠳᠦ ᠪᠠᠢᠭ᠎ᠠ ᠡᠪᠡᠳᠴᠢᠲᠡᠨ᠎ᠳᠦ ᠬᠤᠪᠢᠶᠠᠨ ᠥᠭ᠌ᠴᠤ᠂ ᠣᠯᠠᠨ᠎ᠢᠶᠠᠷ᠎ᠢᠶᠠᠨ ᠪᠠᠩᠰᠢ ᠢᠳᠡᠵᠦ᠍ ᠂ ᠴᠠᠭᠠᠨ ᠰᠠᠷ᠎ᠠ᠎ᠶ᠋ᠢᠨ ᠦᠳᠡᠱᠢᠯᠡᠭᠡ ᠰᠤᠨᠢᠷᠬᠠᠵᠤ᠂ ᠡᠪᠡᠳᠴᠢᠲᠡᠨ᠎ᠦ ᠥᠷᠥᠭᠡ ᠭᠱᠠᠨ ᠵᠠᠭᠤᠷ᠎ᠠ ᠬᠠᠯᠠᠭᠤᠨ ᠳᠤᠯᠠᠭᠠᠨ ᠠᠭᠤᠷ ᠠᠮᠢᠰᠬᠤᠯ᠎ᠢᠶᠡᠷ ᠪᠢᠯᠬᠠᠯ᠎ᠠ᠃

ᠱᠢᠨ᠎ᠡ᠎ᠶ᠋ᠢᠨ ᠨᠢᠭᠡᠨ᠎ᠦ ᠥᠷᠯᠥᠭᠡ᠂ ᠼᠠᠢ ᡁᠢ ᠬᠤᠢ ᠡᠮᠴᠢ ᠡᠪᠡᠳᠴᠢᠲᠡᠨ᠎ᠦ ᠥᠷᠥᠭᠡᠨ᠎ᠳᠦ ᠣᠷᠣᠵᠤ᠂ ᠡᠪᠡᠳᠴᠢᠲᠡᠨ ᠳᠠᠷᠠᠭᠠᠯᠠᠨ ᠪᠡᠶ᠎ᠡ᠎ᠶ᠋ᠢᠨ ᠪᠠᠢᠳᠠᠯ᠎ᠢ ᠨᠢ ᠪᠠᠢᠴᠠᠭᠠᠨ ᠦᠵᠡᠵᠦ᠍ ᠡᠨᠡ ᠲᠡᠷᠡ ᠵᠢ ᠯᠠᠪᠯᠠᠨ ᠠᠰᠠᠭᠤᠬᠤ᠎ᠶ᠋ᠢᠨ ᠬᠠᠮᠲᠤ ᠡᠪᠡᠳᠴᠢᠲᠡᠨ ᠵᠢᠴᠢ ᠬᠡᠷ ᠪᠦᠯᠢ᠎ᠶ᠋ᠢᠨ᠎ᠬᠢᠨ᠎ᠳᠦ ᠱᠢᠨ᠎ᠡ᠎ᠶ᠋ᠢᠨ ᠮᠡᠨᠳᠦ ᠬᠦᠷᠭᠡᠪᠡ᠃ 《ᠱᠢᠨ᠎ᠡ ᠨᠢᠭᠡᠨ ᠵᠢᠯ᠎ᠳᠦ᠂ ᠲᠠ᠎ᠨᠠᠷ᠎ᠤᠨ ᠡᠷᠲᠡᠬᠡᠨ ᠡᠷᠡᠭᠦᠯᠵᠢᠬᠦ᠌᠎ᠶ᠋ᠢ ᠬᠦᠰᠡᠨ ᠵᠥᠩᠨᠡᠵᠦ᠍ ᠪᠠᠢᠨ᠎ᠠ᠂ ᠲᠠ᠎ᠨᠠᠷ ᠭᠠᠭ᠍ᠴᠠᠭᠠᠷ᠎ᠢᠶᠠᠨ ᠪᠢᠰᠢ ᠰᠢᠤ᠂ ᠡᠮᠨᠡᠯᠭᠡ ᠵᠢᠨ ᠬᠤᠷᠢᠶ᠎ᠠ ᠵᠢᠨ ᠡᠮᠴᠢ ᠰᠤᠪᠢᠯᠠᠭ᠍ᠴᠢᠳ ᠲᠠ᠎ᠨᠠᠷ᠎ᠢ ᠰᠤᠪᠢᠯᠠᠨ ᠬᠠᠷᠠᠭᠠᠯᠵᠠᠵᠤ᠂ ᠲᠠ᠎ᠨᠠᠷ᠎ᠢ ᠬᠠᠪᠰᠤᠷᠤᠨ ᠡᠪᠡᠳᠴᠢᠨ ᠡᠮᠭᠡᠭ᠎ᠲᠡᠶ ᠲᠡᠮᠡᠴᠡᠵᠦ᠍ ᠪᠠᠢᠨ᠎ᠠ᠃ ᠪᠢᠳᠡᠨ᠎ᠦ ᠬᠠᠮᠲᠤ᠎ᠶ᠋ᠢᠨ ᠴᠢᠷᠮᠠᠢᠯᠭ᠎ᠠ᠎ᠪᠠᠷ ᠣᠯᠠᠨ᠎ᠢᠶᠠᠷ᠎ᠢᠶᠠᠨ ᠡᠷᠳᠡᠬᠡᠨ ᠡᠷᠡᠭᠦᠯᠵᠢᠨ ᠡᠮᠨᠡᠯᠭᠡ ᠡᠴᠡ ᠭᠠᠷᠴᠤ᠌᠂ ᠬᠡᠷ᠎ᠦᠨ ᠬᠥᠮᠦᠰ᠎ᠲᠡᠶ᠎ᠪᠡᠨ ᠠᠭᠤᠯᠵᠠᠬᠤ᠎ᠶ᠋ᠢ ᠢᠲᠡᠭᠡᠵᠦ᠍ ᠪᠠᠢᠨ᠎ᠠ!》᠂ 《 ᠲᠡᠢᠮᠦ᠍ ᠡ᠂ ᠡᠷᠲᠡ ᠡᠳᠦᠷ ᠡᠷᠡᠭᠦᠯᠵᠢᠵᠦ᠍ ᠡᠮᠨᠡᠯᠭᠡ᠎ᠡᠴᠡ ᠭᠠᠷᠤᠨ᠎ᠠ!》ᠡᠪᠡᠳᠴᠢᠲᠡᠨ᠎ᠦ ᠥᠷᠥᠭᠡᠨ᠎ᠳᠦ ᠡᠮᠴᠢ ᠰᠤᠪᠢᠯᠠᠭ᠍ᠴᠢᠳ᠂ ᠡᠪᠡᠳᠴᠢᠲᠡᠨ᠂ ᠡᠪᠡᠳᠴᠢᠲᠡᠨ᠎ᠦ ᠭᠡᠷ ᠪᠦᠯᠢ᠎ᠶ᠋ᠢᠨ ᠬᠢᠨ ᠬᠠᠷᠢᠯᠴᠠᠨ ᠵᠣᠷᠢᠭ᠍ᠵᠢᠭᠤᠯᠵᠤ᠂ ᠬᠠᠷᠢᠯᠴᠠᠨ ᠵᠥᠩᠨᠡᠯ ᠳᠡᠪᠰᠢᠬᠦᠯᠵᠡᠭᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号