ᠴᠠᠭᠠᠨ ᠰᠠᠷ᠎ᠠ᠎ᠶᠢᠨ ᠰᠢᠨ᠎ᠡ᠎ᠶᠢᠨ ᠭᠤᠷᠪᠠᠨ᠎ᠤ ᠥᠷᠯᠥᠭᠡ᠎ᠶᠢᠨ 7 ᠴᠠᠭ᠎ᠲᠤ ᠵᠥᠩ ᠲᠦᠩ ᠲᠦᠷᠭᠡᠨ ᠬᠦᠷᠭᠡᠯᠲᠡ᠎ᠶᠢᠨ ᠺᠤᠮᠫᠠᠨᠢ ᠵᠢᠨ ᠬᠥᠬᠡᠬᠣᠲᠠ᠎ᠶᠢᠨ ᠠᠵᠢᠯᠴᠢᠨ ᠲᠠᠷᠢᠶᠠᠴᠢᠨ ᠴᠡᠷᠢᠭ ᠵᠠᠮ᠎ᠳ᠋ᠡᠬᠢ ᠡᠵᠡᠩᠨᠡᠯᠲᠡ᠎ᠶᠢᠨ ᠲᠢᠩᠬᠢᠮ ᠬᠡᠳᠦᠢᠨ ᠶᠠᠭᠠᠷᠠᠯᠲᠠᠢ ᠠᠵᠢᠯᠯᠠᠵᠤ ᠡᠬᠢᠯᠡᠪᠡ᠃ ᠳᠦᠭᠦᠷᠲᠡᠯ᠎ᠡ ᠪᠠᠷᠠᠭ᠎ᠠ ᠲᠡᠭᠡᠭᠡᠭᠰᠡᠨ ᠭᠤᠷᠪᠠᠨ ᠬᠦᠷᠳᠦᠲᠦ ᠲᠡᠷᠭᠡ ᠡᠭᠦᠳᠡᠨ ᠳᠡᠭᠡᠷ᠎ᠡ ᠵᠣᠭᠰᠣᠵᠤ᠂ ᠶᠡᠬᠡ ᠬᠡᠮᠵᠢᠶᠡᠨ᠎ᠦ ᠪᠣᠭᠣᠳᠠᠯ ᠪᠠᠭᠯᠠᠭ᠎ᠠ ᠤᠰᠤᠨ ᠤᠷᠤᠰᠬᠠᠯ ᠭᠡᠮᠡᠷ ᠳᠠᠮᠵᠢᠭᠤᠯᠭ᠎ᠠ᠎ᠶᠢᠨ ᠪᠦᠰᠡ᠎ᠪᠡᠷ ᠳᠠᠮᠵᠢᠭᠳᠠᠨ ᠢᠷᠡᠵᠦ᠂ ᠡᠵᠡᠩᠨᠡᠯᠲᠡ᠎ᠶᠢᠨ ᠲᠢᠩᠬᠢᠮ᠎ᠦᠨ ᠬᠠᠷᠢᠭᠤᠴᠠᠯᠭᠠᠲᠠᠨ ᠵᠢᠶᠠ ᠶᠤᠸᠠᠢ ᠴᠢ ᠳᠠᠮᠵᠢᠭᠤᠯᠭ᠎ᠠ᠎ᠶᠢᠨ ᠪᠦᠰᠡ᠎ᠶᠢᠨ ᠡᠮᠦᠨ᠎ᠡ ᠵᠣᠭᠰᠣᠵᠤ᠂ ᠲᠦᠷᠭᠡᠨ ᠬᠦᠷᠭᠡᠯᠲᠡ ᠵᠢᠨ ᠪᠤᠳᠠᠰ ᠨᠢᠭᠡ ᠪᠦᠷᠢ᠎ᠶᠢ ᠪᠣᠯᠪᠠᠰᠤᠷᠠᠩᠭᠤᠢ᠎ᠪᠠᠷ ᠢᠯᠭᠠᠨ ᠰᠠᠯᠭᠠᠵᠤ ᠤᠪᠤᠭᠠᠯᠠᠨ᠎ᠠ᠃
ᠤᠳᠠᠯ ᠦᠭᠡᠢ᠂ ᠲᠡᠭᠦᠨ᠎ᠦ ᠬᠠᠵᠠᠭᠤ ᠳ᠋ᠠᠭᠢ ᠭᠤᠷᠪᠠᠨ ᠬᠦᠷᠳᠦᠲᠦ ᠲᠡᠷᠭᠡᠨ ᠳᠡᠭᠡᠷᠡᠬᠢ ᠪᠣᠭᠣᠳᠠᠯ ᠪᠠᠭᠯᠠᠭ᠎ᠠ ᠨᠢ ᠵᠢᠵᠢᠭ ᠠᠭᠤᠯᠠ ᠪᠣᠯᠵᠤ ᠤᠪᠤᠭᠠᠷᠠᠪᠠ᠃《ᠴᠠᠭᠠᠨ ᠰᠠᠷ᠎ᠠ ᠨᠢ ᠮᠠᠰᠢ ᠤᠯᠠᠨ ᠬᠥᠮᠥᠨ᠎ᠳᠦ ᠠᠪᠴᠤ ᠬᠡᠯᠡᠪᠡᠯ ᠭᠡᠷ ᠬᠤᠲᠠᠯᠠᠭᠠᠷ ᠢᠶᠡᠨ ᠴᠤᠭᠯᠠᠷᠠᠬᠤ ᠵᠢᠷᠭᠠᠯᠳᠤ ᠴᠠᠭ ᠮᠦᠴᠡ ᠪᠤᠯᠬᠤ ᠶᠤᠮ᠃ ᠡᠢᠮᠦ ᠣᠯᠠᠨ ᠲᠦᠷᠭᠡᠨ ᠬᠦᠷᠭᠡᠯᠲᠡ᠎ᠵᠢᠨ ᠪᠤᠭᠤᠳᠠᠯ ᠪᠠᠭᠯᠠᠭ᠎ᠠ ᠡᠴᠡ ᠤᠯᠠᠨ ᠬᠥᠮᠥᠨ ᠲᠡᠳᠡᠨ᠎ᠦ ᠰᠢᠨ᠎ᠡ ᠵᠢᠯ᠎ᠦᠨ ᠪᠡᠯᠡᠭᠵᠢᠡᠨ ᠬᠦᠯᠢᠶᠡᠵᠦ ᠪᠠᠢᠬᠤ ᠶᠤᠮ᠂ ᠡᠢᠮᠦ᠎ᠡᠴᠡ ᠪᠢᠳᠡᠨ᠎ᠦ ᠠᠵᠢᠯ᠎ᠤᠨ ᠪᠠᠢᠷᠢ ᠪᠠᠨ ᠪᠠᠲᠤ ᠰᠠᠬᠢᠬᠤ ᠨᠢ ᠮᠠᠰᠢ ᠤᠳᠬ᠎ᠠ ᠠᠭᠤᠯᠭ᠎ᠠ᠎ᠲᠠᠢ ᠶᠤᠮ!》 ᠵᠢᠶᠠ ᠶᠤᠸᠠᠢ ᠴᠢ ᠢᠩᠬᠢᠵᠦ ᠬᠡᠯᠡᠬᠦ᠎ᠵᠢᠨ ᠳᠠᠭᠠᠤ ᠬᠠᠵᠠᠭᠤ᠎ᠳᠠᠬᠢ ᠬᠠᠮᠲᠤ ᠠᠵᠢᠯᠲᠠᠨ᠎ᠢᠶᠠᠨ ᠪᠣᠭᠣᠳᠠᠯ᠎ᠢ ᠲᠠᠷᠢ ᠲᠡᠭᠰᠢᠬᠡᠨ ᠵᠢᠡᠷ ᠲᠡᠷᠭᠡᠨ ᠳᠡᠭᠡᠷ᠎ᠡ ᠲᠢᠭᠯᠡᠵᠦ ᠲᠠᠯᠪᠢᠭᠠᠷᠠᠢ ᠭᠡᠵᠦ ᠰᠠᠨᠠᠭᠤᠯᠵᠤ ᠪᠠᠢᠯ᠎ᠠ᠂ ᠲᠡᠭᠦᠨ᠎ᠤ ᠬᠥᠳᠡᠯᠦᠯ ᠪᠠᠷᠢᠯ ᠨᠢ ᠪᠤᠱᠢᠭᠤ ᠱᠠᠯᠠᠮᠠᠭᠠᠢ ᠪᠦᠭᠡᠳ ᠮᠠᠰᠢ ᠪᠣᠯᠪᠠᠰᠤᠷᠠᠩᠭᠤᠢ ᠬᠠᠷᠠᠬᠳᠠᠨ᠎ᠠ᠃
2021 ᠣᠨ᠎ᠤ 8 ᠰᠠᠷ᠎ᠠ᠎ᠶᠢᠨ 1 ᠤ᠋ ᠡᠳᠦᠷ᠂ ᠰᠠᠶᠢᠬᠠᠨ ᠴᠡᠷᠢᠭ᠎ᠦᠨ ᠠᠯᠪᠠ ᠡᠴᠡ ᠬᠠᠯᠠᠬᠳᠠᠬᠰᠠᠨ ᠵᠢᠶᠠ ᠶᠤᠸᠠᠢ ᠴᠢ ᠲᠦᠷᠭᠡᠨ ᠬᠦᠷᠭᠡᠯᠳᠠ ᠵᠢᠨ ᠠᠵᠢᠯᠳᠠᠨ ᠪᠤᠯᠪᠠ᠃ ᠠᠩᠬ᠎ᠠ ᠵᠦᠩ ᠲᠦᠩ ᠲᠦᠷᠭᠡᠨ ᠬᠦᠷᠭᠡᠯᠲᠡ ᠵᠢᠨ ᠺᠤᠮᠫᠠᠨᠢ ᠳᠤ ᠠᠵᠢᠯᠯᠠᠬᠤ ᠥᠶ᠎ᠡ ᠳᠤ ᠲᠡᠷᠡ ᠶᠤᠰᠤᠲᠠᠢ ᠶᠠᠭᠤ ᠴᠤ᠌ ᠮᠡᠳᠡᠬᠦ ᠦᠬᠡᠢ ᠪᠠᠢᠪᠠ᠂ ᠬᠡᠰᠡᠭ ᠬᠤᠭᠤᠴᠠᠭᠠᠨ᠎ᠤ ᠭᠦᠨᠵᠡᠭᠡᠢ ᠨᠢᠮᠪᠠᠢ ᠰᠤᠷᠤᠯᠴᠠᠯᠭ᠎ᠠ᠎ᠪᠠᠷ ᠳᠠᠮᠵᠢᠨ᠂ ᠵᠢᠶᠠ ᠶᠤᠸᠠᠢ ᠴᠢ ᠠᠭᠠᠵᠢᠮ᠎ᠢᠶᠠᠷ ᠶᠡᠷᠦᠩᠬᠡᠢᠯᠡᠭᠰᠡᠨ ᠲᠤᠬᠠᠢᠯᠠᠭᠰᠠᠨ ᠠᠵᠢᠯ᠎ᠤᠨ ᠮᠡᠷᠭᠡᠵᠢᠯᠲᠡᠨ ᠪᠣᠯᠪᠠ᠃ ᠤᠳᠠᠰᠤ ᠲᠤᠰᠬᠤ ᠬᠡᠮᠵᠢᠶ᠎ᠡ ᠶᠡᠬᠡ ᠦᠶᠡᠰ ᠲᠡᠷᠡ ᠤᠳᠠᠰᠤ ᠲᠤᠰᠤᠬᠴᠢ ᠪᠤᠯᠵᠤ᠂ ᠪᠠᠷᠠᠭ᠎ᠠ ᠪᠠᠭᠤᠯᠭᠠᠬᠤ ᠠᠵᠢᠯ ᠶᠠᠭᠠᠷᠠᠦ ᠦᠶᠡᠰ ᠲᠡᠷᠡ ᠪᠤᠭᠤᠳᠠᠯ ᠪᠠᠬᠯᠠᠭ᠎ᠠ ᠲᠢᠭᠯᠡᠭᠴᠢ ᠪᠤᠯᠵᠤ ᠂ ᠲᠤᠬᠠᠢᠯᠠᠭᠰᠠᠨ ᠠᠵᠢᠯᠲᠠᠨ ᠬᠦᠷᠦᠯᠴᠡᠬᠦ ᠦᠭᠡᠢ ᠦᠶᠡᠰ ᠲᠡᠷᠡ ᠲᠤᠬᠠᠢᠯᠠᠭᠰᠠᠨ ᠠᠵᠢᠯᠲᠠᠨ ᠪᠤᠯᠵᠤ᠂ ᠵᠢᠯᠣᠭᠣᠴᠢ ᠠᠮᠠᠷᠠᠵᠦ ᠪᠠᠢᠭ᠎ᠠ ᠦᠶᠡᠰ ᠲᠡᠷᠡ ᠵᠢᠯᠣᠭᠣᠴᠢ ᠪᠤᠯᠵᠤ᠂ ᠲᠡᠷᠡ ᠪᠦᠷᠢᠨ ᠴᠢᠳᠠᠪᠤᠷᠢᠲᠤ ᠲᠦᠷᠭᠡᠨ ᠬᠦᠷᠭᠡᠭᠴᠢ ᠪᠣᠯᠵᠦ ᠪᠤᠯᠪᠠᠰᠤᠷᠠᠭᠰᠠᠨ ᠪᠠᠢᠨ᠎ᠠ᠃
ᠵᠢᠶᠠ ᠶᠤᠸᠠᠢ ᠴᠢ ᠺᠤᠮᠫᠠᠨᠢ ᠵᠢᠨ᠎ᠢᠶᠡᠨ ᠬᠥᠬᠡᠬᠣᠲᠠ᠎ᠶᠢᠨ ᠬᠣᠲᠤᠩ ᠠᠷᠠᠳ᠎ᠤᠨ ᠲᠣᠭᠣᠷᠢᠭ᠋᠎ᠤᠨ ᠠᠵᠢᠯᠴᠢᠨ ᠲᠠᠷᠢᠶᠠᠴᠢᠨ ᠴᠡᠷᠢᠭ ᠵᠠᠮ ᠳ᠋ᠡᠬᠢ ᠲᠦᠷᠭᠡᠨ ᠬᠦᠷᠭᠡᠯᠲᠡ ᠵᠢᠨ ᠠᠵᠢᠯ᠎ᠢ ᠬᠠᠷᠢᠭᠤᠴᠠᠳᠠᠭ᠂ ᠡᠨᠳᠡᠬᠢ ᠪᠤᠯ ᠪᠦᠷ ᠲᠡᠭᠦᠨ᠎ᠦ ᠭᠤᠷᠪᠠᠨ ᠵᠢᠯ᠎ᠦᠨ ᠲᠤᠷᠰᠢ ᠲᠠᠰᠤᠯᠴᠠᠬᠰᠠᠨ ᠬᠠᠭᠤᠴᠢᠨ ᠬᠡᠷᠡᠭᠯᠡᠭᠴᠢ ᠪᠤᠯᠬᠤ ᠶᠤᠮ᠃ 2 ᠰᠠᠷ᠎ᠠ᠎ᠶᠢᠨ 1᠎ᠤ᠋ ᠡᠳᠦᠷ᠂ ᠵᠢᠶᠠ ᠶᠤᠸᠠᠢ ᠴᠢ ᠰᠤᠷᠪᠤᠯᠵᠢᠯᠠᠭ᠍ᠴᠢ᠎ᠳᠤ᠄ 《ᠡᠳᠦᠷ ᠪᠣᠯᠭᠠᠨ ᠬᠠᠷᠢᠯᠴᠠᠭᠰᠠᠭᠠᠷ ᠪᠠᠢᠵᠤ ᠲᠠᠨᠢᠯ ᠳᠠᠰᠤᠯ ᠪᠤᠯᠵᠤ᠂ ᠠᠭᠠᠵᠢᠮ᠎ᠳᠠᠭᠠᠨ ᠪᠦᠷ ᠨᠠᠢᠵᠠ ᠪᠣᠯᠣᠯᠴᠠᠭᠰᠠᠨ᠂ ᠨᠠᠳᠠ᠎ᠳᠤ ᠠᠪᠴᠤ ᠬᠡᠯᠡᠪᠡᠯ ᠲᠡᠳᠡ ᠪᠣᠯ ᠮᠢᠨᠤ ᠡᠨᠡ ᠠᠵᠢᠯ᠎ᠢ ᠬᠢᠭᠰᠡᠨ᠎ᠡᠴᠡ ᠨᠠᠭᠠᠰᠢᠬᠢ ᠬᠠᠮᠤᠭ᠎ᠤᠨ ᠶᠡᠬᠡ ᠣᠯᠣᠯᠲᠠ ᠮᠦᠨ》 ᠭᠡᠪᠡ᠃
ᠡᠳᠦᠷ ᠲᠤᠳᠤᠮ᠎ᠤᠨ ᠲᠦᠷᠭᠡᠨ ᠬᠦᠷᠭᠡᠯᠲᠡ᠎ᠶᠢᠨ ᠠᠵᠢᠯ᠎ᠢ ᠰᠠᠢᠲᠤᠷ ᠬᠢᠭᠰᠡᠨ᠎ᠦ ᠲᠠᠷᠠᠭ᠎ᠠ᠂ ᠵᠢᠶᠠ ᠶᠤᠸᠠᠢ ᠴᠢ ᠰᠠᠨᠠᠭᠠᠴᠢᠯᠠᠭ᠎ᠠ᠎ᠡᠴᠡ᠎ᠪᠠᠨ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢᠦᠢᠯᠡᠳᠦᠯᠢᠶᠡᠨ ᠪᠠᠳᠠᠷᠠᠭᠤᠯᠵᠤ᠂ ᠥᠪᠥᠷ ᠮᠣᠩᠭᠣᠯ᠎ᠤᠨ ᠠᠩᠬᠠᠳᠠᠭ᠍ᠴᠢ ᠲᠦᠷᠭᠡᠨ ᠬᠦᠷᠭᠡᠯᠲᠡ᠎ᠶᠢᠨ ᠠᠵᠢᠯ ᠲᠦᠷᠦᠯ᠎ᠦᠨ ᠨᠡᠭᠦᠳᠡᠯ ᠨᠠᠮ᠎ᠤᠨ ᠭᠡᠰᠢᠭᠦᠨ᠎ᠦ ᠨᠠᠮ᠎ᠤᠨ ᠡᠭᠦᠷ᠎ᠢ ᠪᠠᠢᠭᠤᠯᠵᠤ᠂ ᠨᠠᠮ᠎ᠤᠨ ᠭᠡᠰᠢᠭᠦᠨ ᠲᠦᠷᠭᠡᠨ ᠬᠦᠷᠭᠡᠭᠴᠢ ᠲᠦᠷᠦᠭᠦᠯᠡᠨ ᠣᠷᠣᠯᠴᠠᠭᠰᠠᠨ᠂ ᠡᠪᠯᠡᠯ᠎ᠦᠨ ᠭᠡᠰᠢᠭᠦᠨ ᠲᠦᠷᠭᠡᠨ ᠬᠦᠷᠭᠡᠭᠴᠢ ᠪᠤᠤᠬᠢᠶᠠᠲᠠᠮᠵᠢᠭᠤᠯᠤᠨ ᠣᠷᠣᠯᠴᠠᠭᠰᠠᠨ《ᠤᠯᠠᠭᠠᠨ ᠬᠣᠰᠢᠭᠤᠴᠢ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ》 ᠶ᠋ᠢ ᠵᠣᠬᠢᠶᠠᠨ ᠪᠠᠢᠭᠤᠯᠵᠠᠢ᠃ ᠪᠠᠷᠠᠭ᠎ᠠ ᠬᠦᠷᠭᠡᠬᠦ ᠳᠤᠮᠳᠠ ᠭᠠᠯ ᠤᠨᠲᠠᠷᠠᠭᠠᠬᠤ ᠲᠤᠨᠤᠭ ᠲᠦᠬᠦᠬᠡᠷᠦᠮᠵᠢ ᠡᠪᠳᠡᠷᠡᠵᠦ ᠰᠦᠢᠳᠦᠭᠰᠡᠨ ᠵᠡᠷᠭᠡ ᠠᠰᠠᠭᠤᠳᠠᠯ᠎ᠢ ᠢᠯᠡᠷᠡᠬᠦᠯᠪᠡᠯ᠂ ᠲᠡᠷᠡ ᠳᠠᠷᠤᠢ᠎ᠳᠤ᠎ᠨᠢ ᠵᠠᠪᠳᠤᠨ ᠰᠡᠭᠦᠳᠡᠷᠯᠡᠵᠦ᠂ ᠴᠠᠭ ᠲᠤᠬᠠᠢ ᠳ᠋ᠤᠨᠢ ᠳᠠᠮᠵᠢᠭᠤᠯᠵᠤ᠂ ᠨᠡᠢᠭᠡᠮ ᠲᠣᠭᠣᠷᠢᠭ᠋᠎ᠢ ᠬᠠᠪᠰᠤᠷᠤᠨ ᠭᠡᠮᠰᠤᠭᠤᠭᠢ ᠴᠠᠭ ᠲᠤᠬᠠᠢ ᠳ᠋ᠤᠨᠢ ᠢᠯᠡᠷᠡᠭᠦᠯᠬᠦ ᠪᠠ ᠰᠢᠢᠳᠪᠦᠷᠢᠯᠡᠵᠦ ᠥᠭᠳᠡᠭ᠃ ᠵᠡᠭᠡᠯᠢ ᠳᠠᠭᠠᠤ᠎ᠶᠢᠨ ᠲᠦᠷᠭᠡᠨ ᠬᠦᠷᠭᠡᠯᠲᠡ᠎ᠶᠢᠨ ᠦᠷᠲᠡᠭᠡ᠎ᠶᠢ ᠬᠠᠢᠷ᠎ᠠ ᠬᠠᠯᠠᠮᠵᠢ᠎ᠶᠢᠨ ᠦᠷᠲᠡᠭᠡ ᠪᠣᠯᠭᠠᠨ ᠪᠠᠢᠭᠤᠯᠵᠤ᠂ ᠲᠦᠷᠭᠡᠨ ᠬᠦᠷᠭᠡᠭᠴᠢ᠂ ᠵᠠᠬᠢᠶᠠᠯᠠᠭ᠎ᠠ᠎ᠶᠢᠨ ᠬᠤᠭᠤᠯᠠ ᠬᠦᠷᠭᠡᠭᠴᠢ ᠵᠡᠷᠭᠡ ᠭᠠᠳᠠᠨᠠᠬᠢ ᠦᠢᠯᠡᠴᠢᠯᠡᠭᠡᠨ᠎ᠤ ᠬᠥᠮᠥᠰ᠎ᠲᠦ ᠳᠠᠭᠠᠷᠠᠪᠠᠯ ᠳᠤᠯᠠᠭᠠᠴᠠᠵᠤ ᠪᠤᠯᠬᠤ᠂ ᠰᠢᠷᠬᠠᠳᠤᠪᠠᠯ ᠡᠮ ᠬᠡᠷᠡᠭᠯᠡᠵᠦ ᠪᠣᠯᠬᠤ ᠬᠠᠯᠠᠭᠤᠨ ᠳᠤᠯᠠᠭᠠᠨ ᠦᠷᠦᠭᠡ ᠪᠤᠯᠭᠠᠨ ᠬᠠᠨᠭᠭᠠᠵᠠᠢ᠃
3 ᠵᠢᠯ᠎ᠦᠨ ᠲᠤᠷᠰᠢ᠂ ᠵᠢᠶᠠ ᠶᠤᠸᠠᠢ ᠴᠢ ᠣᠯᠠᠨ ᠤᠳᠠᠭ᠎ᠠ 《ᠪᠥᠬᠥ ᠤᠯᠤᠰ᠎ᠤᠨ ᠦᠢᠯᠡᠴᠢᠯᠡᠭᠡᠨ᠎ᠦ ᠶᠠᠰᠤ ᠴᠢᠨᠠᠷ᠎ᠤᠨ ᠰᠢᠯᠢᠳᠡᠭ ᠬᠡᠪ ᠳᠠᠭᠤᠷᠢᠶᠠᠯ᠎ᠤᠨ ᠱᠠᠩᠨᠠᠯ》 ᠢ᠋ ᠭᠥᠷᠳᠡᠵᠦ᠂ ᠤᠷᠢᠳ ᠬᠣᠵᠢᠳ 20 ᠭᠠᠷᠤᠢ ᠱᠠᠩᠨᠠᠯ ᠭᠥᠷᠳᠡᠵᠡᠢ᠃ ᠬᠥᠬᠡᠬᠣᠲᠠ᠎ᠳᠤ ᠵᠢᠶᠠ ᠶᠤᠸᠠᠢ ᠴᠢ ᠮᠡᠲᠦ ᠵᠢᠨ ᠴᠠᠭᠠᠨ ᠰᠠᠷ᠎ᠠ᠎ᠶᠢᠨ ᠬᠤᠭᠤᠴᠠᠭᠠᠨ᠎ᠳᠤ ᠠᠵᠢᠯ᠎ᠤᠨ ᠪᠠᠢᠷᠢ᠎ᠪᠠᠨ ᠰᠠᠬᠢᠭᠰᠠᠨ ᠲᠦᠷᠭᠡᠨ ᠬᠦᠷᠭᠡᠭᠴᠢ ᠲᠤᠩ ᠤᠯᠠᠨ ᠪᠤᠢ᠂ ᠬᠡᠷ ᠬᠤᠳᠠᠯᠠᠭᠠᠷ ᠵᠢᠡᠨ ᠴᠤᠭᠯᠠᠷᠠᠵᠤ ᠴᠠᠭᠠᠨ ᠰᠠᠷ᠎ᠠ ᠪᠠᠨ ᠪᠠᠶᠠᠷ ᠬᠦᠷ ᠲᠠᠢ ᠦᠩᠬᠡᠷᠡᠬᠦᠯᠵᠤ ᠪᠠᠢᠬᠤ ᠦᠶ᠎ᠠ ᠳ᠋ᠤ ᠳᠡᠳᠡ ᠮᠥᠨ ᠯᠡ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠲᠡᠷᠭᠡ ᠪᠡᠨ ᠵᠢᠯᠤᠭᠤᠳᠤᠨ ᠵᠡᠭᠡᠯᠢ ᠭᠤᠳᠤᠮᠵᠢ᠎ᠪᠡᠷ ᠰᠦᠯᠵᠢᠵᠤ᠂ ᠵᠢᠵᠢᠭᠬᠡᠨ ᠲᠦᠷᠭᠡᠨ ᠬᠦᠷᠭᠡᠯᠲᠡ᠎ᠪᠡᠷ ᠲᠦᠭ ᠲᠦᠮᠡᠨ ᠠᠢᠯ ᠡᠷᠦᠬᠡ ᠳ᠋ᠤ ᠳᠥᠭᠥᠮ ᠦᠵᠡᠬᠦᠯᠵᠤ ᠶᠠᠪᠤᠨ᠎ᠠ᠃