ᠲᠦᠭ ᠲᠦᠮᠡᠨ ᠬᠥᠮᠥᠨ᠎ᠦ ᠴᠠᠭᠠᠨ ᠰᠠᠷ᠎ᠠ᠎ᠶᠢᠨ ᠠᠶᠠᠯᠠᠯ᠎ᠢ ᠳᠤᠯᠠᠭᠠᠴᠠᠭᠤᠯᠤᠨ᠎ᠠ
2025-02-05 10:33:24
ᠵᠣᠬᠢᠶᠠᠭ᠍ᠴᠢ᠄
​ᠠᠨ ᠶᠢᠨ᠎ᠳ᠋ᠦᠩ
ᠣᠩᠱᠢᠭ᠍ᠰᠠᠨ ᠣᠳᠠᠭ᠎ᠠ᠄
★★★☆☆

《ᠰᠠᠢᠨ ᠰᠢᠨᠡᠯᠡᠪᠡᠤ᠂ ᠡᠨᠡ ᠪᠣᠯ ᠲᠠᠨ ᠤ᠋ ᠫᠠᠰᠫᠣᠷᠲ᠂ ᠬᠤᠷᠢᠶᠠᠵᠤ ᠠᠪᠤᠭᠠᠷᠠᠢ》᠃ 2 ᠰᠠᠷ᠎ᠠ᠎ᠶᠢᠨ 2 ᠤ᠋ᠨ ᠡᠳᠦᠷ — ᠴᠠᠭᠠᠨ ᠰᠠᠷ᠎ᠠ᠎ᠶᠢᠨ ᠰᠢᠨ᠎ᠡ᠎ᠶᠢᠨ ᠲᠠᠪᠤᠨ᠎ᠳᠤ᠂ ᠡᠷᠢᠶᠡᠨ ᠬᠤᠳᠠ᠎ᠶᠢᠨ ᠵᠠᠰᠠᠮᠠᠯ ᠵᠠᠮ᠎ᠤᠨ ᠬᠢᠯᠢ᠎ᠵᠢᠨ ᠪᠣᠭᠣᠮᠲᠠ᠎ᠶᠢᠨ ᠬᠤᠯᠪᠤᠭᠠᠯᠠᠨ ᠪᠠᠢᠴᠠᠭᠠᠬᠤ ᠶᠡᠬᠡ ᠲᠢᠩᠬᠢᠮ᠎ᠳᠦ ᠭᠣᠢᠳᠠ ᠰᠠᠢᠬᠠᠨ ᠳᠤᠮᠳᠠᠳᠤ᠎ᠶᠢᠨ ᠵᠠᠩᠭᠢᠶ᠎ᠠ᠂ ᠤᠯᠠᠭᠠᠨ ᠦᠩᠭᠡ ᠵᠢᠨ ᠲᠤᠮᠤ ᠪᠤᠶᠠᠨ᠌ ᠦᠰᠦᠭ᠎ᠢ ᠰᠢᠯᠭᠠᠨ ᠪᠠᠲᠤᠯᠠᠬᠤ ᠲᠠᠢᠰᠠᠨ᠎ᠳᠤ ᠡᠯᠭᠦᠵᠦ᠂ ᠬᠢᠯᠢ ᠵᠢᠨ ᠪᠣᠭᠣᠮᠲᠠ᠎ᠶᠢᠨ ᠦᠨᠴᠦᠭ ᠪᠤᠯᠤᠩ᠎ᠢᠶᠡᠷ ᠥᠯᠵᠡᠢᠲᠦ ᠰᠠᠢᠬᠠᠨ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢᠶᠠᠷ ᠪᠢᠯᠬᠠᠨ᠎ᠠ᠃ ᠡᠷᠢᠶᠡᠨ ᠬᠣᠲᠠ᠎ᠶᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ᠎ᠶᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ ᠮᠠ ᠵᠢᠶᠦ᠋ᠨ ᠯᠦᠩ ᠠᠶᠠᠨᠴᠢᠳ᠎ᠲᠤ ᠪᠣᠭᠣᠮᠲᠠ ᠥᠩᠭᠡᠷᠡᠬᠦ ᠭᠠᠷᠳᠠᠮ᠎ᠢ ᠲᠦᠷᠭᠡᠨ ᠭᠦᠢᠴᠡᠳᠭᠡᠨ ᠥᠭᠴᠦ᠂ ᠴᠠᠭᠠᠨ ᠰᠠᠷ᠎ᠠ᠎ᠶᠢᠨ ᠴᠢᠩ ᠦᠨᠡᠨᠴᠢ ᠵᠥᠩᠨᠡᠯ ᠲᠡᠪᠰᠢᠭᠦᠯᠵᠦ ᠠᠶᠠᠨᠴᠢᠳ᠎ᠤᠨ ᠰᠡᠳᠭᠢᠯ ᠢ᠋ ᠲᠤᠯᠠᠭᠠᠴᠠᠭᠤᠯᠤᠭᠰᠠᠨ ᠪᠠᠢᠨ᠎ᠠ᠃

ᠵᠢᠵᠢᠭᠦᠷᠯᠡᠬᠦ ᠠᠵᠢᠯ᠎ᠲᠤᠮᠳᠠ ᠪᠠᠨ ᠦᠴᠦᠬᠡᠨ ᠴᠤ᠌ ᠠᠯᠳᠠᠭ᠎ᠠ ᠪᠤᠷᠤᠭᠤ ᠭᠠᠷᠭᠠᠬᠤ ᠦᠭᠡᠢ᠂ ᠠᠶᠠᠨᠴᠢᠳ ᠲᠤ᠌ ᠵᠠᠭᠠᠯᠳᠤᠬᠳᠠᠬᠤ ᠦᠭᠡᠢ᠂ ᠡᠨᠳᠡᠯ ᠭᠠᠷᠬᠤ ᠦᠭᠡᠢ᠂ ᠠᠶᠠᠨᠴᠢᠳ᠎ᠤᠨ ᠬᠠᠨᠤᠮᠵᠢ ᠵᠢᠨ ᠬᠡᠮᠵᠢᠶ᠎ᠡ ᠵᠢ 100% ᠎ᠳ᠋ᠤ᠌ ᠬᠦᠷᠭᠡᠬᠦ — ᠡᠳᠡᠬᠡᠷ ᠪᠣᠯ ᠮᠠ ᠵᠢᠶᠦ᠋ᠨ ᠯᠦᠩ᠎ᠤᠨ ᠥᠪᠡᠷ᠎ᠦᠨ ᠪᠠᠶ᠎ᠠ ᠳ᠋ᠡᠬᠡᠨ ᠲᠠᠯᠪᠢᠭ᠍ᠰᠠᠭᠠᠷ ᠢᠷᠡᠭᠰᠡᠨ ᠴᠢᠩᠭ᠎ᠠ ᠱᠠᠭᠠᠷᠳᠠᠯᠭ᠎ᠠ ᠪᠣᠯᠣᠨ᠎ᠠ᠃ 《ᠡᠨᠡ ᠬᠦ᠌ ᠰᠢᠯᠭᠠᠨ ᠪᠠᠲᠤᠯᠠᠬᠤ ᠲᠠᠢᠰᠠ᠎ᠶᠢ  ᠵᠢᠵᠢᠭ ᠭᠡᠵᠤ ᠪᠢᠲᠡᠭᠡᠢ ᠪᠠᠰᠤ᠂ ᠠᠶᠠᠨᠴᠢᠳ᠎ᠤᠨ ᠨᠢᠳᠦᠨ᠎ᠳᠦ ᠲᠡᠷᠡ ᠨᠢ ᠵᠥᠪᠬᠡᠨ ᠬᠢᠯᠢ᠎ᠪᠡᠷ ᠣᠷᠣᠵᠤ ᠭᠠᠷᠬᠤ ᠡᠬᠦᠳᠡ ᠪᠠᠢᠵᠤ ᠮᠡᠳᠡᠨ᠎ᠡ᠂ ᠭᠡᠪᠡᠴᠦ ᠪᠢᠳᠡᠨ᠎ᠳᠦ ᠠᠪᠴᠤ ᠬᠡᠯᠡᠪᠡᠯ᠂ ᠡᠨᠡ ᠪᠣᠯ ᠳᠠᠷᠤᠢ ᠤᠯᠤᠰ᠎ᠤᠨ ᠡᠭᠦᠳᠡᠨ᠎ᠦ ᠠᠮᠤᠷ ᠲᠦᠪᠰᠢᠨ᠎ᠢ ᠬᠠᠮᠠᠭᠠᠯᠠᠬᠤ ᠡᠮᠦᠨ᠎ᠡ ᠹᠷᠣᠨᠲ᠎ᠤᠨ ᠵᠢᠭᠰᠠᠭᠠᠯ᠎ᠤᠨ ᠭᠠᠵᠠᠷ ᠪᠣᠯᠣᠨ᠎ᠠ᠃ ᠣᠬᠣᠷᠬᠠᠨ ᠬᠡᠳᠦᠨ ᠠᠷᠪᠠᠨ ᠰᠧᠺᠦ᠋ᠨ᠋ᠳ᠋᠎ᠲᠦ ᠭᠠᠷᠳᠠᠮ᠎ᠢ ᠲᠦᠷᠭᠡᠨ ᠪᠥᠭᠡᠳ ᠣᠨᠣᠪᠴᠢᠲᠠᠶ ᠭᠦᠢᠴᠡᠳᠬᠡᠬᠦ᠎ᠪᠡᠷ ᠪᠠᠷᠠᠬᠤ ᠦᠭᠡᠢ ᠪᠠᠰᠠ ᠠᠯᠢᠪᠠ ᠬᠡᠮ ᠰᠤᠭᠤᠬ᠎ᠤᠨ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠦᠨ ᠰᠢᠢᠳᠪᠦᠷᠢᠯᠡᠵᠦ ᠂ ᠤᠯᠤᠰ᠎ᠤᠨ ᠡᠭᠦᠳᠡᠨ᠎ᠦ ᠠᠮᠤᠷ ᠲᠦᠪᠰᠢᠨ᠎ᠢ ᠪᠠᠳᠤᠯᠠᠬᠤ ᠬᠦᠨᠳᠦ ᠡᠭᠦᠷᠭᠡ᠎ᠶᠢ ᠯᠠᠪᠳᠠᠭᠤᠨ᠎ᠢᠶᠡᠷ ᠡᠭᠦᠷᠭᠡᠯᠡᠬᠦ ᠬᠡᠷᠡᠭᠲᠡᠢ᠂ ᠡᠢᠮᠦᠷᠬᠦᠦ ᠳᠠᠷᠤᠯᠲᠠ ᠪᠠ ᠬᠠᠷᠢᠭᠤᠴᠠᠯᠭ᠎ᠠ᠎ᠶᠢ ᠪᠢᠳᠡ ᠬᠡᠨ ᠡᠴᠡ ᠴᠤ᠌ ᠢᠯᠡᠭᠦᠦ ᠲᠣᠳᠣᠷᠬᠠᠢ ᠮᠡᠳᠡᠨ᠎ᠡ 》 ᠬᠡᠬᠦ ᠮᠠ ᠵᠢᠶᠦ᠋ᠨ ᠯᠦᠩ᠎ᠤᠨ ᠦᠭᠡ ᠶᠠᠷᠢᠶ᠎ᠠ᠎ᠳᠤ ᠳᠣᠭᠳᠣᠯᠤᠭᠰᠠᠨ ᠰᠡᠳᠬᠢᠯ  ᠪᠠ ᠠᠵᠢᠯ᠎ᠳ᠋ᠡᠭᠠᠨ ᠦᠴᠦᠬᠡᠨ ᠴᠤ᠌ ᠤᠰᠤᠯᠳᠠᠬᠤ ᠦᠬᠡᠢ ᠡᠷᠡᠰ ᠪᠠᠲᠤ ᠵᠣᠷᠢᠭ᠋ ᠢᠯᠡᠷᠡᠵᠦ ᠪᠠᠢᠯ᠎ᠠ᠃

ᠡᠷᠢᠶᠡᠨ ᠬᠤᠲᠠ ᠬᠢᠯᠢ ᠵᠢᠨ ᠪᠣᠭᠣᠮᠲᠠ ᠪᠣᠯ ᠳᠤᠮᠳᠠᠳᠤ ᠮᠣᠩᠭᠣᠯ᠎ᠤᠨ ᠬᠠᠮᠤᠭ᠎ᠤᠨ ᠲᠣᠮᠣ᠌ ᠬᠠᠭᠤᠷᠠᠢ ᠵᠠᠮ᠎ᠤᠨ ᠬᠢᠯᠢ ᠵᠢᠨ ᠪᠣᠭᠣᠮᠲᠠ ᠪᠠᠢᠵᠦ᠂ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠡᠳᠦᠷ ᠪᠦᠷᠢ ᠶᠡᠬᠡ ᠬᠡᠮᠵᠢᠶᠡᠨ᠎ᠦ ᠠᠶᠠᠨᠴᠢᠳ ᠪᠠ ᠮᠠᠰᠢᠨ ᠲᠡᠷᠭᠡ ᠬᠢᠯᠢ ᠵᠢᠨ ᠪᠤᠭᠤᠮᠲᠠ ᠪᠡᠷ ᠤᠷᠤᠵᠤ ᠭᠠᠷᠴᠤ᠂ ᠲᠦᠷᠦᠯ ᠰᠠᠳᠤᠨ ᠨᠠᠢᠵᠠ ᠨᠥᠬᠥᠳ᠎ᠢᠶᠡᠨ ᠡᠷᠬᠢᠨ ᠦᠵᠡᠬᠦ᠂ ᠤᠯᠤᠰ ᠠᠯᠤᠰᠯᠠᠭᠰᠠᠨ ᠵᠢᠭᠤᠯᠴᠢᠯᠠᠯ ᠪᠠ ᠠᠷᠠᠯᠵᠢᠶ᠎ᠠ ᠬᠤᠳᠠᠯᠳᠤᠭᠠᠨ᠎ᠤ ᠵᠦᠪᠳᠡᠯᠴᠡᠬᠡ ᠬᠢᠬᠦ ᠶᠠᠪᠤᠳᠠᠯ ᠮᠠᠰᠢ ᠤᠯᠠᠨ ᠪᠠᠢᠳᠠᠬ᠃

ᠵᠧᠵᠢᠶᠠᠩ᠎ᠡᠴᠡ ᠢᠷᠡᠭᠰᠡᠨ ᠡᠮᠡᠭᠲᠡᠢ ᠣᠶᠤᠲᠠᠨ ᠵᠠᠩ ᠰᠢᠶᠣᠣ ᠶᠠ ᠭᠤᠷᠪᠠᠨ ᠰᠦᠯᠵᠢᠶᠡᠨ ᠨᠠᠢᠵᠠ ᠲᠠᠢ ᠪᠡᠨ ᠪᠤᠯᠵᠤᠭ᠎ᠠ ᠶᠤᠰᠤᠭᠠᠷ ᠲᠤᠰ ᠲᠤᠰ ᠵᠧᠵᠢᠶᠠᠩ᠂ ᠬᠠᠢᠨᠠᠨ ᠪᠣᠯᠣᠨ ᠱᠠᠨᠳᠦ᠋ᠩ᠎ᠡᠴᠡ ᠢᠷᠡᠵᠤ ᠡᠷᠢᠶᠡᠨ ᠬᠣᠲᠠ᠎ᠳᠤ ᠤᠴᠠᠷᠠᠵᠦ᠂ ᠮᠣᠩᠭᠣᠯ ᠤᠯᠤᠰ᠎ᠢ ᠳᠤᠭᠤᠯᠤᠨ ᠣᠷᠣᠰ᠎ᠤᠨ ᠪᠠᠢᠭᠠᠯ ᠨᠠᠭᠤᠷ᠎ᠲᠤ ᠬᠦᠷᠴᠦ᠂ 16 ᠡᠳᠦᠷ᠎ᠦᠨ ᠬᠤᠭᠤᠴᠠᠭ᠎ᠠ᠎ᠪᠦᠬᠦᠢ ᠤᠯᠤᠰ ᠠᠯᠤᠰᠯᠠᠨ ᠵᠢᠭᠤᠯᠴᠢᠯᠠᠬᠤ᠎ᠪᠡᠷ ᠲᠥᠯᠥᠪᠯᠡᠵᠦ ᠪᠠᠢᠨ᠎ᠠ᠃《ᠵᠢᠭᠤᠯᠴᠢᠯᠠᠬᠤ ᠶᠠᠪᠤᠴᠠ᠎ᠳᠠᠭᠠᠨ ᠬᠦᠴᠦᠨ ᠪᠦᠬᠦᠢ ᠦᠨᠡᠮᠯᠡᠯ᠎ᠢᠶᠡᠨ ᠪᠡᠶ᠎ᠡ᠎ᠳᠡᠭᠡᠨ ᠠᠪᠴᠤ ᠶᠠᠪᠤᠭᠠᠷᠠᠢ᠂ ᠠᠮᠤᠷ ᠲᠦᠪᠰᠢᠨ᠎ᠢᠶᠡᠨ ᠠᠩᠬᠠᠷᠴᠤ᠂ ᠠᠶᠠᠨ ᠵᠠᠮ᠎ᠳᠠᠭᠠᠨ ᠪᠠᠶᠠᠷ ᠵᠢᠷᠭᠠᠯ ᠲᠠᠢ ᠪᠠᠢᠬᠤ᠎ᠶᠢ ᠴᠢᠨᠢ ᠵᠥᠩᠨᠡᠶ᠎ᠡ !》 ᠬᠡᠬᠦ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ᠎ᠶᠢᠨ ᠬᠠᠯᠠᠭᠤᠮᠰᠤᠭ ᠰᠠᠨᠠᠭᠤᠯᠤᠮᠵᠢ ᠨᠢ ᠵᠠᠩ ᠰᠢᠶᠣᠣ ᠶᠠ ᠪᠣᠯᠣᠨ ᠲᠡᠭᠦᠨ᠎ᠤ ᠨᠠᠢᠵᠠ ᠨᠠᠷ᠎ᠲᠤ᠌ ᠮᠠᠰᠢ ᠰᠠᠢᠨ ᠰᠠᠭᠤᠬᠳᠠᠯ ᠦᠯᠡᠳᠡᠭᠡᠭᠰᠡᠨ ᠠᠵᠢ᠃

《 2 ᠰᠠᠷ᠎ᠠ᠎ᠶᠢᠨ 1 ᠤ᠋ ᠡᠳᠦᠷ 2100 ᠭᠠᠷᠤᠢ ᠬᠥᠮᠥᠨ ᠬᠢᠯᠢ᠎ᠶᠢᠨ ᠪᠣᠭᠣᠮᠲᠠ ᠪᠡᠷ ᠥᠩᠭᠡᠷᠡᠵᠦ᠂ ᠪᠢᠳᠡ ᠪᠠᠢᠴᠠᠭᠠᠨ ᠰᠢᠯᠭᠠᠬᠤ ᠵᠠᠮ᠎ᠢ ᠪᠦᠬᠦᠨ᠎ᠢ ᠨᠡᠭᠡᠭᠡᠵᠦ᠂ ᠠᠶᠠᠨᠴᠢᠳ ᠎ᠤᠨ ᠠᠮᠤᠷ ᠲᠦᠪᠰᠢᠨ᠎ᠢᠶᠡᠷ ᠭᠠᠳᠠᠭ᠍ᠰᠢ ᠭᠠᠷᠬᠤ᠂ ᠥᠨᠳᠥᠷ ᠪᠦᠲᠦᠮᠵᠢᠲᠡᠢ᠎ᠪᠡᠷ ᠬᠢᠯᠢ ᠵᠢᠨ ᠪᠣᠭᠣᠮᠲᠠ᠎ᠪᠠᠷ ᠥᠩᠭᠡᠷᠡᠭᠦ ᠵᠢ ᠪᠠᠲᠤᠯᠠᠪᠠ!》 ᠭᠡᠵᠦ ᠲᠤᠰ ᠥᠷᠲᠡᠭᠡᠨ᠎ᠦ ᠵᠢᠵᠢᠭᠦᠷᠯᠡᠬᠦ ᠳᠥᠷᠪᠡᠳᠦᠭᠡᠷ ᠠᠩᠭᠢ᠎ᠶᠢᠨ ᠳᠡᠳ᠋ ᠳᠠᠷᠤᠭ᠎ᠠ ᠦ᠋ ᠬᠣᠩ ᠯᠢᠶᠠᠩ ᠬᠡᠯᠡᠪᠡ᠃ ᠲᠡᠭᠦᠨ᠎ᠦ ᠡᠬᠡᠨᠡᠷ ᠪᠣᠯᠣᠨ ᠬᠡᠦᠬᠡᠳ ᠨᠢ 400 ᠭᠠᠷᠤᠢ ᠺᠢᠯᠤᠮᠧᠲᠷ᠎ᠤᠨ ᠬᠤᠯᠠ ᠪᠠᠢᠭ᠎ᠠ ᠬᠥᠬᠡᠬᠣᠲᠠ᠎ᠳᠤ ᠪᠤᠢ᠂ ᠭᠡᠪᠡᠴᠦ ᠲᠡᠷᠡ 3 ᠵᠢᠯ ᠳᠠᠷᠠᠭᠠᠯᠠᠨ ᠠᠵᠢᠯ᠎ᠤᠨ ᠪᠠᠢᠷᠢ ᠲᠡᠭᠡᠷ᠎ᠡ ᠪᠠᠨ ᠴᠠᠭᠠᠨ ᠰᠠᠷ᠎ᠠ᠎ᠪᠠᠨ ᠥᠩᠭᠡᠷᠡᠭᠦᠯᠵᠤ ᠪᠤᠢ᠃ ᠭᠡᠷ᠎ᠦᠨ ᠬᠥᠮᠥᠰ᠎ᠦᠨ᠎ᠢᠶᠡᠨ ᠲᠤᠬᠠᠢ ᠦ᠋ ᠬᠣᠩ ᠯᠢᠶᠠᠩ᠄《ᠪᠠᠶᠠᠷ ᠳᠤᠷᠠᠰᠬᠠᠯ᠎ᠤᠨ ᠡᠳᠦᠷ ᠪᠣᠯᠬᠤ ᠲᠤᠲᠤᠮ ᠪᠢᠳᠡᠨ᠎ᠤ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ ᠤᠯᠠᠮ ᠶᠠᠭᠠᠷᠠᠤ ᠪᠣᠯᠲᠠᠬ ᠃ ᠴᠠᠭᠠᠨ ᠰᠠᠷ᠎ᠠ ᠵᠢᠨ ᠠᠮᠠᠷᠠᠯᠲᠠ ᠵᠢᠨ ᠳᠠᠷᠠᠭ᠎ᠠ ᠭᠡᠷ᠎ᠤᠨ ᠬᠦᠮᠦᠰ ᠲᠠᠢ ᠪᠡᠨ ᠤᠴᠠᠷᠠᠨ ᠵᠤᠯᠭᠠᠨ᠎ᠠ ᠳ᠋ᠡ》 ᠭᠡᠪᠡ᠃

ᠡᠨᠡ ᠬᠦ᠌ ᠲᠡᠭ᠎ᠡᠴᠡ ᠳᠣᠷᠣᠭ᠍ᠰᠢ ᠬᠣᠷᠢᠨ ᠬᠡᠳᠦᠨ ᠭᠷᠡᠳᠦ᠋ᠰ᠎ᠦᠨ ᠬᠠᠬᠢᠷ ᠬᠦᠢᠲᠡᠨ᠎ᠳᠦ ᠡᠷᠢᠶᠡᠨ ᠬᠣᠲᠠ᠎ᠶᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ᠎ᠶᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ ᠨᠠᠷ ᠶᠠᠭᠠᠷᠠᠯᠲᠠᠢ ᠠᠵᠢᠯᠯᠠᠵᠤ ᠠᠵᠢᠯ᠎ᠤᠨ ᠪᠠᠢᠷᠢ ᠪᠡᠨ ᠪᠠᠲᠤ ᠰᠠᠬᠢᠵᠤ᠂ ᠬᠠᠯᠠᠭᠤᠮᠰᠤᠭ ᠦᠢᠯᠡᠴᠢᠯᠡᠭᠡ ᠪᠠ ᠴᠢᠩᠭ᠎ᠠ ᠨᠢᠮᠪᠠᠢ ᠣᠪᠣᠷ᠎ᠢᠶᠠᠷ ᠤᠯᠤᠰ᠎ᠤᠨ ᠡᠭᠦᠳᠡᠨ᠎ᠦ ᠠᠮᠤᠷ ᠲᠦᠪᠰᠢᠨ ᠪᠠ ᠰᠠᠭᠠᠳ ᠦᠭᠡᠢ ᠨᠡᠪᠲᠡᠷᠡᠬᠦ᠎ᠶᠢ ᠰᠠᠬᠢᠨ ᠬᠠᠮᠠᠭᠠᠯᠠᠵᠤ ᠪᠣᠶ᠃ ᠲᠡᠳᠡ ᠭᠡᠷ᠎ᠦᠨ ᠬᠥᠮᠥᠰ᠎ᠲᠠᠢ᠎ᠪᠡᠨ ᠬᠠᠮᠲᠤ ᠴᠠᠭᠠᠯᠠᠵᠤ ᠴᠢᠳᠠᠬᠤ ᠦᠬᠡᠢ᠂ ᠬᠠᠷᠢᠭᠤᠴᠠᠯᠭ᠎ᠠ ᠪᠠ ᠡᠭᠦᠷᠭᠡᠯᠡᠯ᠎ᠢᠶᠡᠷ ᠠᠶᠠᠨᠴᠢᠨ ᠨᠢᠭᠡ ᠪᠦᠷᠢ᠎ᠵᠢᠨ ᠰᠠᠨᠠᠭ᠎ᠠ ᠠᠮᠤᠷ ᠪᠠ ᠬᠠᠯᠠᠭᠤᠨ ᠳᠤᠯᠠᠭᠠᠬᠠᠨ ᠠᠶᠠᠯᠠᠯ᠎ᠢ ᠰᠠᠬᠢᠨ ᠬᠠᠮᠠᠭᠠᠯᠠᠵᠦ ᠪᠠᠢᠨ᠎ᠠ᠃ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ ᠰᠦᠩ ᠰᠢ ᠰᠠᠢ᠄《ᠬᠡᠳᠦᠢᠪᠡᠷ ᠭᠡᠷ᠎ᠲᠡᠬᠡᠨ ᠬᠠᠷᠢᠵᠤ ᠭᠡᠷ᠎ᠬᠤᠲᠠᠯᠠᠭᠠᠷ᠎ᠢᠶᠡᠨ ᠴᠤᠬᠯᠠᠷᠠᠨ ᠨᠠᠢᠷᠠᠯᠳᠤᠵᠤ ᠳᠡᠶ᠋ᠢᠯᠬᠦ ᠦᠭᠡᠢ ᠪᠣᠯᠪᠠᠴᠤ ᠠᠶᠠᠨᠴᠢᠳ᠎ᠤᠨ ᠪᠠᠶᠠᠷ ᠬᠦᠷ ᠲᠠᠢ ᠪᠡᠷ ᠠᠶᠠᠯᠠᠬᠤ ᠵᠢ ᠪᠠᠲᠤᠯᠠᠬᠤ ᠶᠠᠪᠤᠳᠠᠯ ᠨᠢ ᠪᠢᠳᠡᠨ᠎ᠦ ᠬᠦᠴᠦ ᠬᠦᠳᠡᠯᠮᠦᠷᠢ ᠶᠡᠷᠦ ᠨᠢ ᠲᠠᠯᠠᠭᠠᠷᠳᠠᠵᠦ ᠦᠬᠡᠢ ᠵᠢ ᠭᠡᠷᠡᠴᠢᠯᠡᠵᠦ ᠪᠠᠢᠭ᠎ᠠ ᠶᠤᠮ》 ᠭᠡᠪᠡ᠃ ᠡᠨᠡ ᠬᠦ᠌ ᠣᠨᠴᠠᠭᠠᠶ ᠴᠠᠭ ᠮᠥᠴᠡ᠎ᠳᠦ ᠲᠠᠳᠠ ᠬᠠᠷᠠᠮ ᠦᠭᠡᠢ ᠵᠣᠷᠢᠭᠤᠯᠵᠤ᠂ ᠲᠦᠪ ᠬᠢᠴᠢᠶᠡᠩᠬᠦᠢ ᠪᠡᠷ ᠠᠵᠢᠯ᠎ᠤᠨ ᠪᠠᠢᠷᠢ ᠪᠡᠨ ᠪᠠᠲᠤ ᠰᠠᠬᠢᠵᠤ᠂ ᠤᠯᠤᠰ᠎ᠤᠨ ᠡᠭᠦᠳᠡᠨ ᠳ᠋ᠡᠬᠢ ᠦᠵᠡᠰᠭᠦᠯᠡᠩᠲᠤ ᠰᠠᠢᠬᠠᠨ ᠨᠢᠭᠡᠨ ᠦᠵᠡᠮᠵᠢ ᠪᠣᠯᠵᠤ᠂ ᠲᠦᠭ ᠲᠦᠮᠡᠨ ᠬᠥᠮᠥᠨ᠎ᠦ ᠴᠠᠭᠠᠨ ᠰᠠᠷ᠎ᠠ᠎ᠶᠢᠨ ᠠᠶᠠᠯᠠᠯ᠎ᠢ ᠳᠤᠯᠠᠭᠠᠴᠠᠭᠤᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号