《ᠮᠣᠭᠠᠢ ᠵᠢᠯ᠎ᠦᠨ ᠵᠢᠷᠤᠭᠲᠦ ᠳᠡᠪᠢᠭᠦᠷ》 ᠨᠢ ᠪᠠᠶᠠᠯᠢᠭ᠋ ᠰᠠᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠎ᠢ ᠳᠡᠯᠭᠡᠨ ᠦᠵᠡᠭᠦᠯᠵᠦ᠂ 《ᠰᠢᠨᠵᠢᠯᠡᠬᠦ ᠤᠬᠠᠭᠠᠨ᠎ᠤ ᠴᠤᠭᠯᠠᠭ᠎ᠠ ᠮᠠᠢᠮᠠᠢ 》 ᠡᠴᠡ ᠠᠮᠲᠠᠲᠦ ᠢᠳᠡᠭᠡᠨ᠎ᠤ ᠰᠢᠨᠵᠢᠯᠡᠬᠦ ᠤᠬᠠᠭᠠᠨ᠎ᠢ ᠬᠠᠢᠵᠦ᠂ 《ᠭᠡᠷ᠎ᠤᠨ ᠠᠬᠠᠮᠠᠳ ᠬᠡᠥᠬᠡᠳᠴᠤᠬᠭᠠᠷ ᠤᠷᠤᠯᠴᠠᠭᠰᠠᠨ ᠰᠢᠨᠵᠢᠯᠡᠬᠦ ᠤᠬᠠᠭᠠᠨ᠎ᠤ ᠲᠠᠮᠢᠷ᠎ᠤᠨ ᠴᠤᠭᠯᠠᠭᠠᠨ》 ᠨᠢ ᠤᠶᠤᠨ ᠤᠬᠠᠭᠠᠨ ᠪᠠ ᠪᠦᠲᠦᠭᠡᠯᠴᠢ ᠰᠡᠳᠬᠢᠮᠵᠢ ᠵᠢᠨ ᠤᠷ᠎ᠠ᠎ᠨᠢ ᠦᠵᠡᠬᠦᠯᠵᠤ᠂ 《ᠠᠶᠠᠯᠭᠤ ᠡᠭᠡᠰᠢᠭᠲᠦ ᠮᠣᠭᠠᠢ᠎ᠶᠢᠨ ᠪᠥᠵᠢᠭ》 ᠰᠢᠨᠵᠢᠯᠡᠬᠦ ᠤᠬᠠᠭᠠᠨ᠎ᠤ ᠲᠣᠭᠯᠠᠯᠲᠠ ᠨᠢ ᠰᠢᠨᠵᠢᠯᠡᠬᠦ ᠤᠬᠠᠭᠠᠨ᠎ᠤ ᠬᠦᠰᠡᠯ ᠵᠡᠭᠦᠳᠦ᠎ᠶᠢ ᠬᠦᠪᠦᠷᠡᠬᠦᠯᠦᠨᠡ ᠁ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠭᠴᠠᠯᠠᠬᠤ᠎ᠪᠠᠷ ᠭᠣᠣᠯ ᠰᠢᠵᠢᠮ ᠪᠣᠯᠭᠠᠨ᠂ 《ᠦᠯᠵᠡᠢᠲᠦ ᠮᠣᠭᠠᠢ ᠰᠢᠨ᠎ᠡ ᠠᠶᠠᠨ᠎ᠢ ᠡᠬᠢᠯᠡᠭᠦᠯᠵᠤ ᠰᠢᠨᠵᠢᠯᠡᠬᠦ ᠤᠬᠠᠭᠠᠨ᠎ᠤ ᠬᠠᠴᠢᠨ ᠶᠢᠷᠳᠢᠨᠴᠤ ᠪᠡᠷ ᠵᠤᠭᠠᠯᠠᠶ᠎ᠠ》 2025 ᠣᠨ᠎ᠤ ᠴᠠᠭᠠᠨ ᠰᠠᠷ᠎ᠠ᠎ᠶᠢᠨ ᠣᠨᠴᠠᠭᠠᠢ ᠠᠵᠢᠯᠯᠠᠭ᠎ᠠ᠎ᠶᠢ ᠨᠠᠷᠢᠨ ᠨᠢᠮᠪᠠᠢ ᠤᠬᠠᠭᠠᠯᠠᠪᠠ᠃ 2 ᠰᠠᠷ᠎ᠠ᠎ᠶᠢᠨ 1᠎ᠤ᠋ ᠡᠳᠦᠷ — ᠴᠠᠭᠠᠨ ᠰᠠᠷ᠎ᠠ᠎ᠶᠢᠨ ᠰᠢᠨ᠎ᠡ᠎ᠶᠢᠨ ᠳᠥᠷᠪᠡᠨ᠎ᠦ ᠡᠳᠦᠷ᠂ 4977 ᠦᠵᠡᠭᠴᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠳᠤ ᠬᠦᠷᠴᠦ ᠥᠪᠡᠷᠮᠢᠴᠡ ᠣᠨᠴᠠᠯᠢᠭ᠋ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠠᠭᠠᠨ ᠰᠠᠷ᠎ᠠ ᠵᠢᠨ ᠠᠭᠤᠯᠭ᠎ᠠ ᠵᠢ ᠣᠢᠯᠠᠭᠠᠬᠤ᠎ᠶᠢᠨ ᠬᠠᠮᠲᠤ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠠᠯᠪᠠᠨ᠎ᠤ ᠵᠢᠷᠭᠢᠶ᠎ᠡ ᠵᠢᠨ ᠤᠯᠠᠨ ᠨᠡᠢᠳᠡ ᠵᠢᠨ ᠲᠠᠪᠴᠠᠩ᠂ ᠪᠢᠴᠢᠯ ᠪᠦᠷᠭᠡ ᠵᠡᠷᠭᠡ ᠲᠠᠪᠴᠠᠩ᠎ᠢᠶᠡᠷ ᠰᠢᠭᠤᠳ ᠨᠡᠪᠲᠡᠷᠡᠭᠦᠯᠵᠤ᠂ ᠬᠦᠯᠢᠶᠡᠨ ᠠᠪᠴᠤ ᠰᠤᠨᠢᠷᠬᠠᠭᠰᠠᠨ ᠬᠡᠮᠵᠢᠶ᠎ᠡ 10 ᠲᠦᠮᠡᠨ ᠬᠥᠮᠥᠨ ᠤᠳᠠᠭ᠎ᠠ᠎ᠳᠤ ᠬᠦᠷᠴᠡᠢ᠃
《ᠳᠤᠭᠤᠷᠠᠭ ᠳᠡᠪᠢᠭᠦᠷ ᠨᠢ ᠳᠤᠮᠳᠠᠳᠤ ᠤᠯᠤᠰ ᠡᠴᠡ ᠡᠭᠦᠰᠦᠯ᠎ᠲᠠᠢ ᠪᠠᠢᠵᠤ᠂ ᠥᠨᠢ ᠤᠳᠠᠭᠠᠨ ᠵᠢᠯ᠎ᠤᠨ ᠲᠡᠦᠬᠡ᠎ᠲᠠᠢ᠃ ᠪᠠᠢᠯᠳᠤᠭᠠᠨᠲᠤ ᠤᠯᠤᠰ᠎ᠤᠨ ᠦᠶ᠎ᠡ᠎ᠳᠦ ᠠᠩᠬᠠᠨ᠎ᠤ ᠳᠦᠷᠰᠦ ᠨᠢ 〈ᠲᠠᠯ᠎ᠠ ᠰᠠᠷᠠᠨ〉 ᠬᠡᠯᠪᠡᠷᠢ ᠪᠡᠷ ᠢᠯᠡᠷᠡᠵᠤ᠂ ᠬᠠᠨ ᠤᠯᠤᠰ᠎ᠤᠨ ᠦᠶ᠎ᠡ᠎ᠳᠦ 〈ᠲᠡᠭᠰᠢ ᠳᠡᠪᠢᠭᠦᠷ〉 ᠪᠤᠶᠤ 〈ᠨᠢᠮᠭᠡᠨ ᠳᠡᠪᠢᠭᠦᠷ〉 ᠭᠡᠵᠦ ᠨᠡᠷᠡᠯᠡᠬᠦ ᠪᠤᠯᠵᠠᠢ᠃ ᠳᠤᠭᠤᠷᠠᠭ ᠳᠡᠪᠢᠭᠦᠷ ᠨᠢ ᠡᠶ᠎ᠡ ᠨᠠᠢᠷᠰᠠᠭ᠂ ᠥᠯᠵᠡᠢ ᠪᠡᠯᠭᠡ᠎ᠶᠢ ᠪᠡᠯᠭᠡᠳᠡᠵᠦ᠂ ᠳᠤᠮᠳᠠᠳᠤᠴᠤᠳ᠎ᠤᠨ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠬᠥᠭᠡᠭᠡᠴᠡᠯᠳᠦᠯ᠎ᠢ ᠬᠠᠷᠠᠭᠤᠯᠤᠭᠰᠠᠨ ᠪᠥᠭᠡᠳ ᠭᠡᠷ ᠪᠦᠯᠢ᠂ ᠨᠡᠢᠭᠡᠮ᠂ ᠤᠯᠤᠰ ᠣᠷᠣᠨ᠎ᠤ ᠡᠶ᠎ᠡ ᠵᠤᠬᠢᠴᠠᠩᠭᠤᠢ ᠵᠢᠨ ᠲᠦᠯᠦᠭᠡᠯᠡᠯ ᠪᠤᠯᠵᠤ ᠪᠠᠢᠳᠠᠭ》᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ ᠨᠢᠭᠡᠳᠦᠭᠡᠷ ᠳᠠᠪᠬᠤᠷᠯᠢᠭ᠋᠎ᠤᠨ ᠶᠡᠬᠡ ᠲᠢᠩᠬᠢᠮ᠎ᠳᠦ᠂ 《ᠮᠣᠭᠠᠢ ᠵᠢᠯ᠎ᠦᠨ ᠵᠢᠷᠤᠭᠲᠦ ᠳᠡᠪᠢᠭᠦᠷ》 ᠲᠣᠮᠣ᠌ ᠬᠡᠯᠪᠡᠷᠢ᠎ᠶᠢᠨ ᠬᠥᠮᠦᠵᠢᠯ᠎ᠦᠨ ᠠᠵᠢᠯᠯᠠᠭ᠎ᠠ ᠬᠦᠷ ᠬᠥᠭᠵᠢᠶᠡᠨ᠎ᠲᠠᠢ ᠶᠠᠪᠤᠭᠳᠠᠨ᠎ᠠ᠃ 30 ᠭᠡᠷ ᠪᠦᠯᠢ ᠵᠢᠨ ᠬᠢᠨ ᠪᠠᠶᠠᠯᠢᠭ᠋ ᠰᠠᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠎ᠢ ᠪᠡᠶᠡᠴᠢᠯᠡᠨ ᠣᠢᠯᠠᠭᠠᠵᠤ᠂ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠶᠢ ᠮᠡᠳᠡᠷᠡᠪᠠ᠃ ᠭᠡᠷ᠎ᠦᠨ ᠠᠬᠠᠮᠠᠳ ᠪᠣᠯᠣᠨ ᠬᠡᠥᠬᠡᠳ᠎ᠤᠳ ᠬᠠᠮᠲᠤ᠎ᠪᠠᠷ ᠪᠤᠳᠤᠭ᠎ᠲᠦ ᠳᠡᠪᠢᠭᠦᠷ᠎ᠦᠨ ᠵᠣᠬᠢᠶᠠᠨ ᠪᠦᠲᠦᠭᠡᠯᠭᠡ᠎ᠶᠢᠨ ᠬᠠᠪᠤ ᠴᠡᠩᠭᠡᠯᠳᠦ ᠰᠣᠭᠲᠣᠭᠤᠷᠠᠨ᠂ ᠪᠤᠳᠤᠭ᠎ᠲᠦ ᠳᠡᠪᠢᠭᠦᠷ᠎ᠦᠨ ᠤᠷ᠎ᠠ ᠮᠡᠷᠭᠡᠵᠢᠯ᠎ᠳᠦ ᠠᠭᠤᠯᠤᠭᠳᠠᠵᠤ ᠪᠠᠢᠭ᠎ᠠ ᠰᠢᠨᠵᠢᠯᠡᠬᠦ ᠤᠬᠠᠭᠠᠨ᠎ᠤ ᠦᠨᠳᠦᠰᠦᠯᠡᠯ᠎ᠢ ᠣᠢᠯᠠᠭᠠᠨ᠂ ᠥᠪᠡᠷ᠎ᠦᠨ ᠵᠣᠬᠢᠶᠠᠨ ᠪᠦᠲᠦᠭᠡᠭᠰᠡᠨ ᠭᠤᠢᠳᠠ ᠰᠠᠢᠬᠠᠨ ᠪᠤᠳᠤᠭ᠎ᠲᠦ ᠳᠡᠪᠢᠭᠦᠷ᠎ᠢᠶᠡᠨ ᠳᠡᠯᠭᠡᠨ ᠦᠵᠡᠭᠦᠯᠤᠨ᠎ᠠ᠃
《ᠬᠡᠢᠮᠣᠷᠢ ᠪᠠᠳᠠᠷᠠᠨᠭᠭᠤᠢ 》᠂ 《ᠦᠯᠵᠡᠢᠲᠦ ᠮᠣᠭᠠᠢ ᠠᠮᠲᠠᠲᠦ ᠤᠮᠳᠠᠭᠠᠨ》᠂ 《ᠬᠡᠰᠢᠭ ᠬᠤᠷᠤᠢᠯᠠᠭᠰᠠᠨ ᠰᠢᠬᠢᠷᠲᠦ ᠳᠤᠯᠤᠨᠤ》 ᠁ 《ᠰᠢᠨᠵᠢᠯᠡᠬᠦ ᠤᠬᠠᠭᠠᠨ᠎ᠤ ᠴᠤᠭᠯᠠᠭ᠎ᠠ ᠮᠠᠢᠮᠠᠢ 》 ᠵᠢᠨ ᠡᠮᠦᠨ᠎ᠡ ᠬᠥᠮᠥᠰ ᠪᠠᠭᠰᠢᠷᠠᠯᠳᠤᠵᠤ᠂ ᠲᠤᠬᠠᠢ᠎ᠶᠢᠨ ᠲᠠᠯᠠᠪᠠᠢ᠎ᠶᠢᠨ ᠦᠵᠡᠭᠴᠢᠳ ᠤᠷᠳᠤᠬᠠᠨ ᠭᠡᠭᠴᠢ ᠮᠥᠷᠯᠡᠨ᠂ ᠠᠮᠲᠠᠲᠤ ᠢᠳᠡᠭᠡᠨ ᠵᠤᠭᠤᠭᠯᠠᠨ᠂ ᠲᠡᠭᠦᠨ᠎ᠤ ᠲᠤᠬᠠᠢ ᠰᠢᠨᠵᠢᠯᠡᠬᠦ ᠤᠬᠠᠭᠠᠨ᠎ᠢ ᠤᠢᠯᠠᠭᠠᠬᠤ ᠪᠡᠷ ᠪᠡᠯᠡᠳᠬᠡᠨ᠎ᠡ᠃ ᠲᠤᠬᠠᠢ᠎ᠶᠢᠨ ᠲᠠᠯᠠᠪᠠᠢ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠠᠪᠰᠤᠷᠤᠨ ᠵᠢᠯᠣᠭᠣᠳᠤᠭ᠍ᠴᠢ᠎ᠶᠢᠨ ᠵᠢᠯᠣᠭᠣᠳᠤᠯᠭ᠎ᠠ ᠳᠣᠣᠷ᠎ᠠ᠂ ᠵᠠᠷᠢᠮ ᠦᠵᠡᠭᠴᠢᠳ ᠰᠢᠬᠢᠷ ᠪᠠ ᠬᠠᠷ᠎ᠠ ᠴᠠᠢ ᠰᠦ ᠲᠠᠢ ᠴᠠᠢ᠎ᠪᠠᠷ ᠠᠮᠲᠠᠳᠦ ᠴᠠᠢ ᠴᠢᠨᠠᠵᠦ᠂ ᠵᠠᠷᠢᠮ ᠨᠢ ᠬᠥᠪᠥᠩ ᠰᠢᠬᠢᠷ ᠬᠢᠬᠦ᠎ᠳᠤ ᠢᠳᠡᠪᠬᠢᠲᠡᠢ ᠣᠷᠣᠯᠴᠠᠵᠤ᠂ ᠵᠠᠷᠢᠮ ᠨᠢ ᠲᠠᠢᠯᠪᠤᠷᠢᠯᠠᠭ᠍ᠴᠢ᠎ᠶᠢ ᠳᠠᠭᠠᠵᠤ ᠰᠢᠬᠢᠷᠲᠦ ᠳᠤᠯᠤᠨᠤ ᠬᠢᠬᠦ ᠶᠠᠪᠤᠴᠠ᠎ᠳᠡᠬᠢ ᠡᠯᠪᠡᠭ ᠪᠠᠶᠠᠯᠢᠭ᠋ ᠬᠢᠮᠢ ᠹᠢᠽᠢᠺ᠎ᠦᠨ ᠮᠡᠳᠡᠯᠭᠡ᠎ᠶᠢ ᠣᠢᠯᠠᠭᠠᠵᠤ ᠠᠪᠤᠨ᠎ᠠ᠃ ᠬᠡᠷ᠎ᠤᠨ ᠠᠬᠠᠮᠠᠳ ᠬᠡᠦᠬᠡᠳ ᠴᠤᠬᠭᠠᠷ ᠤᠷᠤᠯᠴᠠᠬᠰᠠᠨ ᠰᠢᠨᠵᠢᠯᠡᠬᠦ ᠤᠬᠠᠭᠠᠨ᠎ᠤ ᠲᠠᠮᠢᠷ᠎ᠤᠨ ᠴᠤᠭᠯᠠᠭᠠᠨ ᠳᠡᠭᠡᠷ᠎ᠡ ᠬᠥᠮᠥᠰ᠎ᠦᠨ ᠠᠩᠬᠠᠷᠤᠯ᠎ᠢ ᠬᠠᠮᠤᠭ᠎ᠠᠴᠠ ᠢᠯᠡᠭᠦᠦ ᠲᠠᠲᠠᠭᠰᠠᠨ ᠨᠢ ᠳᠠᠷᠤᠢ 《ᠰᠣᠷᠢᠨᠵᠢᠨ ᠬᠦᠴᠦᠨ᠎ᠦ ᠲᠡᠩᠴᠡᠭᠦᠷᠢ᠎ᠶᠢᠨ ᠥᠷᠢᠰᠦᠯᠳᠦᠭᠡᠨ》ᠪᠣᠯᠣᠨ᠎ᠠ᠃ ᠲᠤᠰ ᠠᠵᠢᠯᠯᠠᠭ᠎ᠠ ᠨᠢ ᠤᠯᠠᠮᠵᠢᠯᠠᠯᠲᠤ ᠴᠠᠭᠠᠨ ᠰᠠᠷ᠎ᠠ᠎ᠶᠢᠨ ᠪᠠᠶᠠᠷ᠎ᠤᠨ ᠡᠯᠧᠮᠧᠨ᠋ᠲ᠎ᠢ ᠠᠭᠤᠰᠬᠠᠵᠤ᠂ ᠰᠣᠷᠢᠨᠵᠢᠨ ᠬᠦᠴᠦᠨ᠎ᠦ ᠰᠢᠨᠵᠢᠯᠡᠬᠦ ᠤᠬᠠᠭᠠᠨ᠎ᠢᠶᠠᠷ ᠭᠣᠣᠯ ᠪᠣᠯᠭᠠᠵᠤ᠂ 《ᠰᠣᠷᠢᠨᠵᠢᠨ ᠬᠦᠴᠦᠨ᠎ᠦ ᠰᠢᠳᠠᠮ᠎ᠲᠦ ᠪᠤᠤᠯᠢᠩ ᠪᠥᠮᠪᠥᠭᠡ 》᠂ 《ᠫᠠᠢ ᠬᠠᠷᠪᠤᠵᠤ ᠪᠤᠶᠠᠨ ᠦᠰᠦᠭ ᠴᠤᠭᠯᠠᠭᠤᠯᠬᠤ》᠂ 《ᠬᠣᠶᠠᠷ ᠬᠥᠮᠥᠨ᠎ᠦ ᠲᠡᠩᠴᠡᠭᠦᠷᠢᠲᠦ ᠲᠤᠭ᠎ᠤᠨ ᠮᠥᠷᠥᠢᠴᠡᠭᠡᠨ 》᠂ 《ᠬᠣᠶᠠᠷ ᠬᠥᠮᠥᠨ᠎ᠦ ᠰᠢᠲᠠᠷ᠎ᠠ ᠵᠢᠨ ᠮᠥᠷᠥᠢᠴᠡᠭᠡᠨ》 ᠵᠡᠷᠭᠡ ᠪᠦᠲᠦᠭᠡᠯᠴᠢ ᠰᠡᠳᠬᠢᠮᠵᠢ ᠪᠦᠬᠦᠢ ᠥᠷᠢᠰᠦᠯᠳᠦᠭᠡᠨᠲᠦ ᠴᠢᠨᠠᠷᠲᠠᠢ 4 ᠠᠵᠢᠯᠯᠠᠭ᠎ᠠ ᠪᠡᠷ ᠳᠠᠮᠵᠢᠵᠤ᠂ ᠲᠤᠬᠠᠢ᠎ᠶᠢᠨ ᠲᠠᠯᠠᠪᠠᠢ᠎ᠶᠢᠨ ᠦᠵᠡᠭᠴᠢᠳ᠎ᠲᠦ ᠪᠠᠶᠠᠷ ᠪᠠᠶᠠᠰᠤᠯ᠎ᠦᠨ ᠳᠤᠮᠳᠠ ᠰᠢᠨᠵᠢᠯᠡᠬᠦ ᠤᠬᠠᠭᠠᠨ᠎ᠤ ᠮᠡᠳᠡᠯᠬᠡ ᠵᠢ ᠵᠢᠭᠠᠵᠤ ᠦᠭᠬᠦᠨ᠂ ᠰᠢᠨᠵᠢᠯᠡᠬᠦ ᠤᠬᠠᠭᠠᠨ᠎ᠤ ᠥᠪᠡᠷᠮᠢᠴᠡ ᠷᠢᠳᠢ ᠰᠢᠳᠢ᠎ᠶᠢ ᠮᠡᠳᠡᠷᠡᠭᠦᠯᠵᠡᠢ᠃
ᠲᠤᠬᠠᠢ᠎ᠶᠢᠨ ᠲᠠᠯᠠᠪᠠᠢ᠎ᠳᠦ ᠪᠠᠢᠭᠰᠠᠨ ᠨᠢᠭᠡᠨ ᠵᠢᠭᠠᠯ᠄ 《ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠬᠨᠢᠭ ᠮᠡᠷᠭᠡᠵᠢᠯ᠎ᠦᠨ ᠣᠷᠳᠣᠨᠨᠡᠬᠡᠷᠡᠨ ᠰᠠᠢᠬᠠᠨ! ᠡᠨᠳᠡᠬᠢ ᠠᠵᠢᠯᠯᠠᠭ᠎ᠠ ᠮᠠᠰᠢ ᠰᠣᠨᠢᠷᠬᠠᠯᠲᠠᠢ᠂ ᠠᠪᠤ ᠡᠵᠢ᠎ᠲᠠᠢ᠎ᠪᠡᠨ ᠬᠠᠮᠲᠤ ᠡᠯᠪᠡᠭ ᠪᠠᠶᠠᠯᠢᠭ᠋ ᠰᠢᠨᠵᠢᠯᠡᠬᠦ ᠤᠬᠠᠭᠠᠨ᠎ᠤ ᠮᠡᠳᠡᠯᠭᠡ᠎ᠶᠢ ᠰᠤᠷᠴᠤ ᠡᠵᠡᠮᠰᠢᠭᠰᠡᠨ》 ᠭᠡᠵᠦ ᠪᠠᠶᠠᠷᠯᠠᠨ ᠬᠡᠯᠡᠨ᠎ᠡ᠃ 《ᠪᠢᠳᠠ ᠭᠡᠷ᠎ᠪᠦᠯᠢ ᠪᠡᠷ᠎ᠢᠶᠡᠨ ᠢᠷᠡᠭᠰᠡᠨ᠂ ᠡᠨᠳᠡᠬᠢ ᠠᠵᠢᠯᠯᠠᠭ᠎ᠠ ᠪᠠᠶᠠᠯᠢᠭ᠋ ᠰᠠᠢᠬᠠᠨ ᠪᠠᠢᠵᠤ᠂ ᠠᠳᠠᠯᠢ ᠪᠤᠰᠤ ᠨᠠᠰᠤᠨ᠎ᠤ ᠬᠦᠮᠦᠰ᠎ᠤᠨ ᠱᠠᠭᠠᠷᠳᠠᠯᠭ᠎ᠠ᠎ᠶᠢ ᠬᠠᠩᠭᠠᠵᠤ᠂ ᠡᠨᠳᠡ ᠶᠤᠰᠤᠳᠠᠢ ᠭᠤᠶᠤ 〈ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠠᠭᠠᠨ ᠰᠠᠷ᠎ᠠ 〉 ᠵᠢ ᠦᠩᠬᠡᠷᠡᠬᠦᠯᠵᠡᠢ 》 ᠭᠡᠵᠦ ᠲᠤᠬᠠᠢ᠎ᠶᠢᠨ ᠲᠠᠯᠠᠪᠠᠢ᠎ᠶᠢᠨ ᠦᠵᠡᠭᠴᠢ ᠵᠠᠩ ᠠᠪᠤᠭᠠᠢ ᠬᠡᠯᠡᠪᠡ᠃
ᠨᠢᠭᠡᠳᠦᠭᠡᠷ ᠳᠠᠪᠬᠤᠷᠯᠢᠭ᠋᠎ᠤᠨ ᠰᠢᠨᠵᠢᠯᠡᠬᠦ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ ᠮᠡᠳᠡᠭᠦᠯᠦᠯᠲᠡ᠎ᠶᠢᠨ ᠲᠢᠩᠬᠢᠮ᠎ᠳᠦ᠂ 《 ᠠᠶᠠᠯᠭᠤ ᠡᠭᠡᠰᠢᠭᠲᠦ ᠮᠣᠭᠠᠢ᠎ᠶᠢᠨ ᠪᠥᠵᠢᠭ 》 ᠰᠢᠨᠵᠢᠯᠡᠬᠦ ᠤᠬᠠᠭᠠᠨ᠎ᠤ ᠲᠣᠭᠯᠠᠯᠲᠠ ᠵᠢ ᠦᠵᠡᠭᠰᠡᠳ ᠪᠠᠢᠨ ᠪᠠᠢᠨ ᠨᠢᠵᠢᠭᠢᠨᠡᠳᠠᠯᠠ ᠠᠯᠠᠭ᠎ᠠ ᠲᠡᠰᠢᠵᠤ ᠤᠷᠮ᠎ᠠ ᠬᠠᠢᠷᠠᠯᠠᠵᠤ ᠪᠠᠢᠯ᠎ᠠ ᠃ ᠠᠵᠢᠯᠯᠠᠭ᠎ᠠ ᠨᠢ 《 ᠦᠯᠵᠡᠢᠲᠦ ᠮᠣᠭᠠᠢ᠎ᠶᠢᠨ ᠢᠷᠡᠯ ᠭᠠᠷᠤᠯ 》 ᠰᠣᠶᠣᠯ᠎ᠤᠨ ᠦᠯᠢᠭᠡᠷ᠎ᠢ ᠬᠤᠪ ᠢᠶᠠᠯᠴᠠᠬᠤ ᠬᠤᠷᠠᠯ᠂ 《 ᠮᠣᠭᠠᠢ 》 ᠵᠢᠨ ᠲᠤᠬᠠᠢ ᠮᠡᠳᠡᠯᠭᠡ ᠶ᠋ᠢᠨ ᠤᠷᠤᠯᠳᠤᠭᠠᠨ ᠪᠠ 《ᠠᠶᠠᠯᠭᠤ ᠡᠭᠡᠰᠢᠭᠲᠦ ᠮᠣᠭᠠᠢ᠎ᠶᠢᠨ ᠪᠥᠵᠢᠭ》 ᠰᠢᠨᠵᠢᠯᠡᠬᠦ ᠤᠬᠠᠭᠠᠨ᠎ᠤ ᠲᠣᠭᠯᠠᠯᠲᠠ ᠵᠡᠷᠭᠡ ᠭᠤᠷᠪᠠᠨ ᠬᠡᠰᠡᠭᠵᠢᠡᠷ ᠪᠦᠷᠢᠯᠳᠦᠵᠦ᠂ ᠠᠯᠢ ᠣᠯᠠᠨ ᠭᠣᠢᠳᠠ ᠰᠠᠢᠬᠠᠨ ᠰᠢᠨᠵᠢᠯᠡᠬᠦ ᠤᠬᠠᠭᠠᠨ᠎ᠤ ᠲᠤᠷᠰᠢᠯᠲᠠ᠎ᠪᠠᠷ ᠦᠵᠡᠭᠴᠢᠳ ᠪᠠᠶᠠᠷ ᠪᠠᠶᠠᠰᠤᠯ᠎ᠤᠨ ᠳᠤᠮᠳᠠ ᠰᠢᠨᠵᠢᠯᠡᠬᠦ ᠤᠬᠠᠭᠠᠨ᠎ᠤ ᠬᠠᠪᠤ ᠴᠡᠩᠭᠡᠯ᠎ᠢ ᠮᠡᠳᠡᠷᠡᠨ᠎ᠡ᠃
ᠴᠠᠭᠠᠨ ᠰᠠᠷ᠎ᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠳᠣᠨ᠎ᠤ 3 ᠤᠨᠴᠠᠭᠠᠢ ᠺᠢᠨᠣ᠋᠎ᠶᠢᠨ ᠣᠷᠳᠣᠨ ᠦᠵᠡᠭᠴᠢᠳ᠎ᠲᠦ ᠨᠢᠭᠡ ᠪᠦᠯᠦᠭ ᠰᠢᠨ᠎ᠡ ᠪᠡᠷ ᠵᠤᠬᠢᠶᠠᠭᠳᠠᠭᠰᠠᠨ ᠰᠢᠨᠵᠢᠯᠡᠬᠦ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ ᠺᠢᠨᠣ᠋ ᠪᠡᠯᠡᠳᠬᠡᠵᠦ ᠥᠭᠴᠡᠢ᠂《ᠰᠢᠪᠠᠵᠢ᠎ᠶᠢᠨ ᠦᠪᠡᠳᠡᠭᠰᠢ ᠳᠠᠶ᠋ᠢᠯᠠᠯᠭ᠎ᠠ 5》᠂ 《ᠠᠪᠤᠷᠭᠤ ᠭᠦᠷᠪᠡᠯ᠎ᠦᠨ ᠭᠠᠯᠲᠤ ᠠᠭᠤᠯᠠ᠎ᠶᠢᠨ ᠠᠶᠠᠯᠠᠯ》᠂ 《ᠤᠰᠤᠨ ᠳᠡᠭᠡᠷᠡᠬᠢ ᠵᠢᠭᠦᠷ》᠂ 《ᠮᠥᠰᠥ ᠴᠠᠰᠤᠨ᠎ᠤ ᠶᠡᠬᠡ ᠲᠤᠯᠤᠯᠳᠤᠭᠠᠨ 4D》᠂ 《ᠨᠢᠰᠦᠯᠲᠡ᠎ᠶᠢᠨ ᠨᠢᠭᠤᠴᠠ》 ᠵᠡᠷᠭᠡ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠺᠢᠨᠣ᠋ ᠵᠤᠭ᠎ᠠ ᠴᠡᠨᠭᠬᠡᠯ᠎ᠤᠨ ᠳᠤᠮᠳᠠ ᠬᠦᠮᠦᠵᠢᠯ᠎ᠢ ᠠᠭᠤᠰᠬᠠᠵᠤ᠂ ᠦᠵᠡᠭᠴᠢᠳ᠎ᠦᠨ ᠲᠠᠭᠠᠰᠢᠶᠠᠯ᠎ᠢ ᠤᠯᠵᠠᠢ᠃
ᠣᠢᠯᠠᠭᠠᠭᠰᠠᠨ᠎ᠢᠶᠠᠷ 《ᠦᠯᠵᠡᠢᠲᠦ ᠮᠣᠭᠠᠢ ᠰᠢᠨ᠎ᠡ ᠠᠶᠠᠨ᠎ᠢ ᠡᠬᠢᠯᠡᠭᠦᠯᠵᠤ ᠰᠢᠨᠵᠢᠯᠡᠬᠦ ᠤᠬᠠᠭᠠᠨ᠎ᠤ ᠬᠠᠴᠢᠨ ᠶᠢᠷᠳᠢᠨᠴᠤ᠎ᠪᠡᠷ ᠵᠤᠭᠠᠯᠠᠶ᠎ᠠ 》 ᠴᠠᠭᠠᠨ ᠰᠠᠷ᠎ᠠ᠎ᠶᠢᠨ ᠣᠨᠴᠠᠭᠠᠶ ᠠᠵᠢᠯᠯᠠᠭ᠎ᠠ ᠨᠢ ᠴᠠᠭᠠᠨ ᠰᠠᠷ᠎ᠠ᠎ᠶᠢᠨ ᠰᠢᠨ᠎ᠡ᠎ᠶᠢᠨ ᠳᠣᠯᠣᠭᠠᠨ ᠪᠣᠯᠲᠠᠯ᠎ᠠ ᠦᠷᠭᠦᠯᠵᠢᠯᠡᠵᠦ᠂ ᠡᠳᠦᠷ ᠪᠦᠷᠢ ᠠᠳᠠᠯᠢ ᠪᠤᠰᠤ ᠬᠡᠯᠪᠡᠷᠢ᠎ᠶᠢᠨ ᠪᠠᠶᠠᠯᠢᠭ᠋ ᠰᠠᠢᠬᠠᠨ ᠰᠢᠨᠵᠢᠯᠡᠬᠦ ᠤᠬᠠᠭᠠᠨ᠎ᠤ ᠮᠡᠳᠡᠯᠬᠡ ᠵᠢ ᠲᠦᠭᠡᠮᠡᠯᠵᠢᠭᠦᠯᠬᠦ ᠠᠵᠢᠯᠯᠠᠭ᠎ᠠ ᠵᠢ ᠶᠠᠪᠤᠭᠳᠠᠭᠤᠯᠬᠤ ᠪᠣᠯᠣᠨ᠎ᠠ᠃ ᠡᠭᠦᠨ᠎ᠡᠴᠡ ᠭᠠᠳᠠᠨ᠎ᠠ ᠪᠥᠬᠥ ᠶᠠᠪᠤᠴᠠ᠎ᠶᠢᠨ ᠲᠠᠢᠯᠤᠮᠵᠢ᠂ ᠲᠤᠰᠬᠠᠢ ᠰᠡᠳᠦᠪᠲᠦ ᠦᠵᠡᠭᠦᠯᠭᠡ᠎ᠶᠢᠨ ᠲᠢᠩᠬᠢᠮ᠎ᠦᠨ ᠲᠠᠢᠯᠤᠮᠵᠢ᠂ ᠣᠷᠣᠨ ᠪᠦᠰᠡ᠎ᠶᠢᠨ ᠲᠠᠢᠯᠤᠮᠵᠢ ᠵᠡᠷᠭᠡ ᠦᠨ᠎ᠡ ᠲᠦᠯᠦᠪᠦᠷᠢ ᠦᠭᠡᠢ ᠲᠠᠢᠯᠤᠮᠵᠢ ᠬᠢᠬᠦ ᠠᠵᠢᠯᠯᠠᠭ᠎ᠠ ᠪᠠ ᠳᠡᠯᠭᠡᠨ ᠦᠵᠡᠭᠦᠯᠬᠦ ᠵᠦᠢᠯᠡᠰ᠎ᠦᠨ ᠪᠡᠶᠡᠴᠢ ᠣᠢᠯᠠᠭᠠᠯᠲᠠ᠎ᠶᠢ ᠴᠤ᠌ ᠲᠤᠬᠳᠠᠬᠰᠠᠨ ᠴᠠᠬ ᠲᠠᠭᠠᠨ ᠶᠠᠪᠤᠭᠳᠠᠭᠤᠯᠵᠤ ᠪᠤᠢ᠃