ᠬᠠᠩᠭᠢᠨ ᠬᠣᠰᠢᠭᠤᠨ ᠤ᠋ ᠤᠯᠠᠭᠠᠨᠮᠥ᠋ᠴᠢᠷ ᠤᠯᠤᠰ ᠤ᠋ᠨ ᠶᠡᠬᠡ ᠲᠢᠶᠠᠲᠷ ᠲᠤ᠌ ᠳᠤᠭᠯᠠᠯᠳᠠ ᠭᠠᠷᠭᠠᠪᠠ
2025-02-06 16:46:47
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ᠂ ᠬᠠᠩᠭᠢᠨ ᠬᠣᠰᠢᠭᠤᠨ ᠤ᠋ ᠤᠯᠠᠭᠠᠨᠮᠥ᠋ᠴᠢᠷ ᠤᠯᠤᠰ ᠤ᠋ᠨ ᠶᠡᠬᠡ ᠲᠢᠶᠠᠲᠷ ᠤ᠋ᠨ ᠤᠷᠢᠯᠭ᠎ᠠ ᠪᠠᠷ 《ᠤᠷᠠᠯᠢᠭ᠋ ᠤ᠋ᠨ ᠦᠢᠯᠡᠰ᠂ ᠤᠯᠤᠰ ᠤ᠋ᠨ ᠢᠷᠠᠭᠤ ᠡᠭᠡᠰᠢᠭ》 2025 ᠣᠨ ᠤ᠋ ᠰᠢᠨ᠎ᠡ ᠵᠢᠯ ᠤ᠋ᠨ ᠦᠪᠡᠳᠡᠭᠰᠢ ᠨᠠᠢᠷ ᠲᠤ᠌ ᠤᠷᠤᠯᠴᠠᠵᠤ᠂ ᠤᠯᠠᠭᠠᠨᠮᠥ᠋ᠴᠢᠷ ᠤ᠋ᠨ ᠳᠤᠭᠯᠠᠭᠴᠢᠳ ᠦᠨᠳᠦᠰᠦᠲᠡᠨ ᠤ᠋ ᠬᠤᠪᠴᠠᠰᠤ ᠵᠠᠰᠠᠯ ᠶ᠋ᠢᠡᠷ ᠶ᠋ᠢᠡᠨ ᠴᠢᠮᠡᠨ᠂ ᠲᠠᠯ᠎ᠠ ᠨᠤᠲᠤᠭ ᠤ᠋ᠨ ᠬᠥᠪᠡᠭᠦᠳ ᠥᠬᠢᠳ ᠤ᠋ᠨ ᠴᠤᠭ ᠵᠢᠪᠬᠤᠭ᠎ᠠ ᠪᠠ ᠬᠠᠯᠠᠭᠤᠨ ᠰᠡᠳᠬᠢᠯᠭᠡ ᠵᠢ ᠡᠪᠦᠷᠯᠡᠨ᠂ ᠤᠯᠤᠰ ᠤ᠋ᠨ ᠶᠡᠬᠡ ᠲᠢᠶᠠᠲᠷ ᠲᠤ᠌ ᠳᠤᠭᠯᠠᠯᠳᠠ ᠭᠠᠷᠭᠠᠵᠠᠢ᠃

ᠳᠤᠰ ᠤᠳᠠᠭᠠᠨ ᠤ᠋ ᠲᠣᠭᠯᠠᠯᠲᠠ ᠳ᠋ᠤ ᠬᠠᠩᠭᠢᠨ ᠬᠣᠰᠢᠭᠤᠨ ᠤ᠋ ᠤᠯᠠᠭᠠᠨᠮᠥ᠋ᠴᠢᠷ ᠤ᠋ᠨ ᠢᠵᠠᠭᠤᠷ ᠤᠷᠠᠯᠢᠭ ᠤ᠋ᠨ ᠬᠠᠮᠳᠤᠯᠢᠭ ᠤ᠋ᠨ ᠨᠠᠢᠷᠠᠭᠤᠯᠤᠨ ᠵᠣᠬᠢᠶᠠᠭᠰᠠᠨ 《ᠲᠡᠭᠷᠢᠯᠢᠭ ᠡᠭᠡᠰᠢᠭ᠂ ᠭᠦᠷᠤ ᠳᠠᠭᠤᠤ》 ᠪᠠ 《ᠤᠯᠠᠭᠠᠨ ᠽᠠᠨᠳᠠᠨ ᠰᠢᠷᠡᠭᠡ》 ᠵᠢ ᠳᠤᠭᠯᠠᠵᠤ᠂ ᠣᠷᠳᠣᠰ ᠤ᠋ᠨ ᠭᠠᠵᠠᠷ ᠣᠷᠣᠨ ᠤ᠋ ᠣᠨᠴᠠᠯᠢᠭ᠋ ᠲᠠᠢ ᠠᠷᠠᠳ ᠤ᠋ᠨ ᠳᠠᠭᠤᠤ ᠶ᠋ᠢᠨ ᠰᠤᠶᠤᠯ ᠪᠠ ᠤᠯᠤᠰ ᠤ᠋ᠨ ᠲᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠪᠤᠯᠬᠤ ᠬᠦᠷᠦ ᠳᠠᠭᠤᠤ ᠶ᠋ᠢᠨ ᠭᠠᠢᠬᠠᠮᠰᠢᠭᠳᠤ ᠷᠢᠳᠢ ᠰᠢᠳᠢ ᠵᠢ ᠬᠠᠷᠠᠭᠤᠯᠤᠨ᠂ ᠡᠬᠡ ᠤᠯᠤᠰ ᠨᠠᠮ ᠪᠠ ᠠᠷᠠᠳ ᠲᠦᠮᠡᠨ ᠳ᠋ᠤ ᠲᠠᠯᠠᠷᠬᠠᠭᠰᠠᠨ ᠰᠡᠳᠬᠢᠯᠭᠡ ᠪᠡᠨ ᠢᠯᠡᠳᠬᠡᠵᠡᠢ᠃

ᠤᠯᠠᠭᠠᠨᠮᠥ᠋ᠴᠢᠷ ᠲᠠᠯ᠎ᠠ ᠨᠤᠲᠤᠭ ᠤ᠋ᠨ 《ᠬᠤᠪᠢᠰᠬᠠᠯᠲᠤ ᠤᠳᠬ᠎ᠠ ᠤᠷᠠᠯᠢᠭ᠋ ᠤ᠋ᠨ ᠬᠥᠩᠭᠡᠨ ᠮᠣᠷᠢᠲᠤ ᠴᠡᠷᠢᠭ》 ᠬᠡᠮᠡᠭᠳᠡᠵᠦ᠂ ᠤᠯᠠᠨ ᠵᠢᠯ ᠤ᠋ᠨ ᠲᠤᠷᠰᠢ ᠤᠯᠠᠭᠠᠨᠮᠥ᠋ᠴᠢᠷ ᠤ᠋ᠨ ᠭᠡᠰᠢᠭᠦᠳ ᠠᠮᠢᠳᠤᠷᠠᠯ ᠤ᠋ᠨ ᠥᠩ ᠰᠢᠮᠡᠯᠢᠭ ᠬᠥᠷᠥᠰᠥᠨ ᠳ᠋ᠤ ᠦᠨᠳᠦᠰᠦᠯᠡᠵᠦ᠂ ᠮᠠᠯᠴᠢᠨ ᠲᠦᠮᠡᠨ ᠳ᠋ᠤ ᠦᠢᠯᠡᠴᠢᠯᠡᠨ᠂ ᠤᠳᠬ᠎ᠠ ᠤᠷᠠᠯᠢᠭ᠋ ᠤ᠋ᠨ ᠰᠢᠨ᠎ᠡ ᠡᠭᠦᠳᠦᠯᠲᠡ ᠵᠢ ᠠᠬᠢᠭᠤᠯᠵᠤ᠂ ᠮᠠᠰᠢ ᠤᠯᠠᠨ ᠰᠢᠯᠢᠳᠡᠭ ᠪᠦᠲᠦᠭᠡᠯ ᠢ᠋ ᠵᠣᠬᠢᠶᠠᠨ ᠪᠦᠲᠦᠭᠡᠵᠡᠢ᠃ ᠬᠠᠩᠭᠢᠨ ᠬᠣᠰᠢᠭᠤᠨ ᠤ᠋ ᠤᠯᠠᠭᠠᠨᠮᠥ᠋ᠴᠢᠷ ᠠᠷᠠᠳ ᠲᠦᠮᠡᠨ ᠶ᠋ᠢᠡᠷ ᠭᠣᠣᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠵᠢ ᠢᠮᠠᠭᠲᠠ ᠪᠠᠷᠢᠮᠲᠠᠯᠠᠵᠤ᠂ ᠤᠳᠬ᠎ᠠ ᠤᠷᠠᠯᠢᠭ᠋ ᠤ᠋ᠨ ᠪᠦᠲᠦᠭᠡᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠢᠨᠵᠧᠨᠧᠷᠢᠩ ᠢ᠋ ᠬᠡᠷᠡᠭᠵᠢᠭᠦᠯᠦᠨ᠂ ᠤᠷᠢᠳ ᠬᠣᠵᠢᠳ 《ᠣᠷᠳᠣᠰ ᠤ᠋ᠨ ᠬᠤᠷᠢᠮ ᠤ᠋ᠨ ᠶᠣᠰᠣᠯᠠᠯ》᠂ 《ᠲᠡᠭᠷᠢᠯᠢᠭ ᠡᠭᠡᠰᠢᠭ᠂ ᠭᠦᠷᠤ ᠳᠠᠭᠤᠤ》 ᠵᠡᠷᠭᠡ ᠨᠢᠭᠡ ᠪᠦᠯᠦᠭ ᠠᠷᠠᠳ ᠳᠦᠮᠡᠨ ᠳ᠋ᠤ ᠮᠡᠳᠡᠷᠡᠭᠳᠡᠵᠤ ᠤᠷᠠᠯᠢᠭ ᠤ᠋ᠨ ᠷᠢᠳᠢ ᠰᠢᠳᠢ ᠵᠢ ᠭᠠᠢᠬᠠᠭᠤᠯᠤᠭᠰᠠᠨ ᠰᠣᠳᠣᠨ ᠪᠦᠲᠦᠭᠡᠯ ᠢ᠋ ᠵᠣᠬᠢᠶᠠᠨ ᠪᠦᠲᠦᠭᠡᠵᠦ᠂ ᠳᠡᠯᠡᠬᠡᠢ ᠵᠢᠨ ᠲᠡᠰ ᠤ᠋ᠨ ᠱᠠᠩᠨᠠᠯ 18᠂ ᠤᠯᠤᠰ ᠤ᠋ᠨ ᠲᠡᠰ ᠤ᠋ᠨ ᠱᠠᠩᠨᠠᠯ 5᠂ ᠥᠪᠡᠷᠲᠡᠭᠡᠨ ᠵᠠᠰᠠᠬᠤ ᠣᠷᠣᠨ ᠤ᠋ ᠲᠡᠰ ᠤ᠋ᠨ ᠱᠠᠩᠨᠠᠯ 300 ᠭᠠᠷᠤᠢ ᠵᠢ ᠬᠦᠷᠳᠡᠵᠦ ᠦᠩᠬᠡᠷᠡᠵᠡᠢ᠃

《ᠡᠨᠡ ᠤᠳᠠᠭ᠎ᠠ ᠵᠢᠨ ᠲᠣᠭᠯᠠᠯᠲᠠ ᠵᠢ ᠪᠢᠳᠡ ᠨᠠᠯᠢᠶᠠᠳ ᠤᠷᠳᠤ ᠬᠤᠭᠤᠴᠠᠭ᠎ᠠ ᠬᠡᠷᠡᠭᠰᠡᠨ ᠪᠡᠯᠡᠳᠬᠡᠵᠡᠢ᠂ ᠬᠠᠩᠭᠢᠨ ᠬᠣᠰᠢᠭᠤᠨ ᠤ᠋ ᠤᠯᠠᠭᠠᠨᠮᠥ᠋ᠴᠢᠷ ᠤᠯᠤᠰ ᠤ᠋ᠨ ᠶᠡᠬᠡ ᠲᠢᠶᠠᠲᠷ ᠤ᠋ᠨ ᠲᠠᠢᠰᠠᠨ ᠳᠡᠭᠡᠷ᠎ᠡ ᠲᠣᠭᠯᠠᠯᠲᠠ ᠭᠠᠷᠭᠠᠵᠤ᠂ ᠪᠦᠬᠦ ᠤᠯᠤᠰ ᠤ᠋ᠨ ᠦᠵᠡᠭᠴᠢᠳ ᠲᠤ᠌ ᠬᠦᠷᠦ ᠳᠠᠭᠤᠤ ᠵᠢᠨ ᠰᠣᠶᠣᠯ ᠶ᠋ᠢᠡᠨ ᠬᠠᠷᠠᠭᠤᠯᠤᠨ᠂ ᠦᠵᠡᠭᠴᠢᠳ ᠤᠯᠠᠨ ᠳ᠋ᠤ ᠮᠣᠩᠭᠣᠯ ᠦᠨᠳᠦᠰᠦᠲᠡᠨ ᠤ᠋ ᠳᠠᠭᠤᠤ ᠬᠥᠭᠵᠢᠮ ᠤ᠋ᠨ ᠷᠢᠳᠢ ᠰᠢᠳᠢ ᠵᠢ ᠭᠠᠢᠬᠠᠭᠤᠯᠵᠤ᠂ ᠳᠠᠯ᠎ᠠ ᠨᠤᠳᠤᠭ ᠤ᠋ᠨ ᠰᠣᠶᠣᠯ ᠶ᠋ᠢᠡᠨ ᠨᠡᠩ ᠤᠯᠠᠨ ᠬᠥᠮᠥᠰ᠎ᠲᠦ ᠳᠠᠨᠢᠭᠤᠯᠤᠯ᠎ᠠ》 ᠭᠡᠵᠦ ᠤᠯᠠᠭᠠᠨᠮᠥ᠋ᠴᠢᠷ ᠤ᠋ᠨ ᠳᠠᠷᠤᠭ᠎ᠠ ᠳᠠᠯᠠᠨᠬᠤᠶᠠᠷ ᠶᠠᠷᠢᠨ᠎ᠠ᠃

ᠬᠠᠩᠭᠢᠨ ᠬᠣᠰᠢᠭᠤᠨ ᠤ᠋ ᠤᠯᠠᠭᠠᠨᠮᠥ᠋ᠴᠢᠷ ᠤᠯᠤᠰ ᠤ᠋ᠨ ᠲᠣᠮᠣ᠌ ᠲᠢᠶᠠᠲᠷ ᠲᠤ᠌ ᠠᠮᠵᠢᠯᠲᠠ ᠲᠠᠢ ᠳᠤᠭᠯᠠᠯᠳᠠ ᠭᠠᠷᠭᠠᠭᠰᠠᠨ ᠨᠢ ᠨᠢᠭᠡ ᠤᠳᠠᠭᠠᠨ ᠤ᠋ ᠲᠠᠯ᠎ᠠ ᠨᠤᠲᠤᠭ ᠤ᠋ᠨ ᠰᠣᠶᠣᠯ ᠤ᠋ᠨ ᠭᠣᠢᠳᠠ ᠰᠠᠢᠬᠠᠨ ᠢ᠋ ᠬᠠᠷᠠᠭᠤᠯᠤᠭᠰᠠᠨ ᠶ᠋ᠢᠡᠷ ᠪᠠᠷᠠᠬᠤ ᠦᠭᠡᠢ᠂ ᠤᠮᠠᠷᠠᠲᠤ ᠬᠢᠯᠢ ᠵᠢᠨ ᠰᠣᠶᠣᠯ ᠤ᠋ᠨ ᠥᠪᠡᠷᠮᠢᠴᠡ ᠷᠢᠳᠢ ᠰᠢᠳᠢ ᠵᠢ ᠭᠦᠢᠴᠡᠳ ᠢᠯᠡᠷᠡᠭᠦᠯᠵᠦ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ ᠤ᠋ᠨ ᠬᠣᠭᠣᠷᠣᠨᠳᠣᠬᠢ ᠰᠣᠶᠣᠯ ᠤ᠋ᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠠᠬᠢᠭᠤᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号