《ᠴᠠᠭᠠᠨ ᠰᠠᠷ᠎ᠠ — ᠲᠤᠮᠳᠠᠳᠤᠴᠤᠳ᠎ᠤᠨ ᠤᠯᠠᠮᠵᠢᠯᠠᠯᠲᠤ ᠱᠢᠨ᠎ᠡ ᠵᠢᠯ᠎ᠢᠶᠡᠨ ᠪᠡᠯᠭᠡᠯᠡᠬᠦ᠌ ᠨᠡᠢᠭᠡᠮ᠎ᠦᠨ ᠦᠢᠯᠡᠳᠦᠯᠭᠡ》 ᠵᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠬᠥᠮᠦᠨ ᠲᠥᠷᠥᠯᠬᠢᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠭ᠌ᠴᠢ ᠪᠦᠲᠦᠭᠡᠯ᠎ᠦᠨ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠤᠭ᠍ᠰᠠᠨ᠎ᠤ ᠳᠠᠷᠠᠭᠠᠬᠢ ᠠᠩᠬᠠᠳᠠᠭ᠍ᠴᠢ ᠴᠠᠭᠠᠨ ᠰᠠᠷ᠎ᠠ ᠪᠡᠷ᠂ ᠤᠷᠳᠤᠰ ᠬᠤᠳᠠ᠎ᠶ᠋ᠢᠨ ᠬᠢᠨ ᠴᠠᠭᠠᠨ ᠰᠠᠷ᠎ᠠ᠎ᠶ᠋ᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠤᠯᠠᠨ ᠲᠦᠮᠡᠨ᠎ᠦ ᠤᠶᠤᠨ᠎ᠤ ᠪᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠂ ᠬᠡᠷᠡᠭ᠌ᠯᠡᠭᠡ᠎ᠶ᠋ᠢ ᠠᠬᠢᠭᠤᠯᠵᠤ ᠠᠵᠤ ᠠᠬᠤᠢ᠎ᠶ᠋ᠢ ᠳᠠᠢᠴᠢᠯᠠᠬᠤ ᠵᠢ ᠤᠶᠠᠯᠳᠤᠭᠤᠯᠤᠨ᠂ 《ᠲᠠᠩᠰᠤᠭ ᠰᠠᠢᠬᠠᠨ ᠤᠷᠳᠤᠰ》 ᠱᠢᠷᠢᠰ ᠰᠣᠶᠣᠯ᠎ᠤᠨ ᠠᠵᠢᠯᠯᠠᠭ᠎ᠠ᠎ᠪᠠᠷ ᠵᠠᠭᠤᠴᠢ ᠪᠣᠯᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯ᠂ ᠤᠳᠤ ᠦᠶ᠎ᠡ᠎ᠶ᠋ᠢᠨ ᠤᠷᠠᠯᠢᠭ᠂ ᠠᠷᠠᠳ᠎ᠤᠨ ᠵᠠᠩ ᠦᠢᠯᠡ ᠵᠢ ᠪᠡᠶᠡᠴᠢᠯᠡᠨ ᠣᠢᠯᠠᠭᠠᠬᠤ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢᠨ ᠭᠦᠨᠵᠡᠭᠡᠢ ᠠᠭᠤᠰᠤᠯᠴᠠᠯ᠎ᠢᠶᠠᠷ ᠳᠠᠮᠵᠢᠨ᠂ ᠤᠯᠠᠮᠵᠢᠯᠠᠯᠲᠤ ᠴᠠᠭᠠᠨ ᠰᠠᠷ᠎ᠠ᠎ᠶ᠋ᠢᠨ ᠦᠨᠦᠷ ᠠᠮᠲᠠ ᠪᠣᠯᠤᠨ ᠴᠠᠭ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠠᠭᠤᠯᠤᠭᠰᠠᠨ ᠰᠣᠶᠣᠯ ᠵᠢᠭᠤᠯᠴᠢᠯᠠᠯ᠎ᠤᠨ ᠦᠪᠡᠳᠡᠭ᠌ᠰᠢ ᠨᠠᠢᠷ ᠡᠷᠬᠢᠯᠡᠪᠡ᠃
ᠤᠮᠠᠷᠠᠲᠤ ᠬᠢᠯᠢ᠎ᠶ᠋ᠢᠨ ᠰᠣᠶᠣᠯ᠎ᠤᠨ ᠴᠢᠬᠤᠯᠠ ᠠᠴᠢᠶᠠᠯᠠᠪᠤᠷᠢ ᠪᠣᠯᠤᠭ᠍ᠰᠠᠨ᠎ᠤ ᠬᠤᠪᠢ᠎ᠳᠤ᠂ ᠤᠷᠳᠤᠰ ᠬᠤᠳᠠ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ ᠬᠣᠯᠪᠣᠭᠠᠰᠤ ᠪᠣᠯᠭᠠᠵᠤ ᠴᠠᠭᠠᠨ ᠰᠠᠷ᠎ᠠ᠎ᠶᠢᠨ ᠤᠯᠠᠮᠵᠢᠯᠠᠯᠲᠤ ᠵᠠᠩ ᠦᠢᠯᠡ ᠵᠢ ᠤᠳᠤ ᠦᠶ᠎ᠡ᠎ᠶ᠋ᠢᠨ ᠳᠠᠢᠰᠠᠨ᠎ᠳᠤ ᠭᠠᠷᠭᠠᠪᠠ᠃ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠨᠢᠭᠡᠨ᠎ᠳᠦ ᠡᠵᠡᠨ ᠬᠣᠷᠣᠭ᠎ᠠ ᠬᠣᠱᠢᠭᠤᠨ᠎ᠤ ᠵᠢᠶᠦ᠋ᠨ ᠸᠠᠩ᠎ᠤᠨ ᠣᠷᠳᠣᠨ᠎ᠤ ᠠᠭᠤᠳᠠᠮ ᠲᠠᠯᠠᠪᠠᠶ᠎ᠳᠤ ᠬᠠᠷᠠᠩᠭ᠎ᠠ ᠬᠡᠩᠭᠡᠷᠭᠡ᠎ᠶᠢᠨ ᠳᠠᠭᠤᠨ ᠨᠢᠵᠢᠭᠢᠨᠡᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠠᠶᠠᠷᠲᠤ ᠴᠤᠭ᠍ᠯᠠᠭᠠᠨ ᠬᠥᠱᠢᠭᠡ᠎ᠪᠡᠨ ᠰᠡᠬᠦᠪᠡ᠃ ᠯᠣᠣ ᠳᠤᠭᠯᠠᠭᠤᠯᠬᠤ ᠠᠷᠰᠯᠠᠨ ᠪᠦᠵᠢᠭᠯᠡᠬᠦᠯᠬᠦ ᠳᠤᠭᠯᠠᠯᠳᠠ ᠬᠦᠷ ᠨᠠᠷᠬᠢᠶᠠᠨ ᠲᠠᠢ ᠶᠠᠪᠤᠭᠳᠠᠵᠤ᠂ ᠮᠣᠳᠣᠨ ᠬᠥᠯᠲᠦ ᠬᠤᠯᠤᠰᠤᠨ ᠮᠣᠷᠢ ᠬᠦᠭ ᠠᠢᠵᠠᠮ ᠨᠡᠮᠡᠷᠢᠯᠡᠵᠦ᠂ ᠰᠸᠴᠤᠸᠠᠨ ᠵᠦᠴᠦᠭᠡ᠎ᠶ᠋ᠢᠨ ᠴᠢᠷᠠᠶ ᠬᠤᠪᠢᠷᠠᠭᠠᠬᠤ ᠤᠷᠠᠯᠢᠭ ᠪᠠ ᠭᠠᠯᠲᠤ ᠬᠤᠪᠢᠩ᠎ᠤᠨ ᠲᠣᠭ᠍ᠯᠠᠯᠲᠠ ᠬᠠᠴᠢᠨ ᠰᠣᠨᠢᠨ ᠭᠡᠷᠡᠯ ᠭᠢᠯᠪᠠᠭ᠎ᠠ ᠰᠠᠴᠤᠷᠠᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠠᠯᠭᠠᠮᠵᠢᠯᠠᠭᠴᠢ ᠡᠴᠡ《ᠸᠠᠩ᠎ᠤᠨ ᠣᠷᠳᠣᠨ ᠴᠠᠭᠠᠨ ᠰᠠᠷ᠎ᠠ᠎ᠪᠠᠨ ᠪᠡᠯᠭᠡᠯᠡᠨᠡᠮ》 ᠭᠡᠬᠦ᠌ ᠭᠠᠢᠬᠠᠮᠱᠢᠭ᠍ᠲᠤ ᠡᠷᠳᠡᠮ᠎ᠢᠶᠡᠨ ᠤᠯᠠᠨ᠎ᠳᠦ ᠭᠠᠢᠬᠠᠭᠤᠯᠪᠠ᠃ ᠤᠯᠤᠰ᠎ᠤᠨ ᠬᠡᠪ ᠨᠡᠮᠪᠡ ᠵᠢ ᠢᠯᠡᠷᠡᠭᠦᠯᠦᠭᠰᠡᠨ ᠬᠢᠲᠠᠳ ᠬᠤᠪᠴᠠᠰᠤ᠎ᠶᠢᠨ ᠦᠵᠡᠭᠦᠯᠭᠡ ᠨᠢ ᠲᠠᠨ᠎ᠢ ᠡᠷᠲᠡᠨ᠎ᠦ ᠦᠶ᠎ᠡ᠎ᠳᠦ ᠠᠪᠠᠴᠢᠵᠦ᠂ ᠪᠢᠯᠢᠭ᠌ᠲᠦ ᠭᠥᠷᠥᠭᠡᠰᠦ ᠬᠡᠯᠪᠡᠷᠢ ᠲᠠᠢ ᠮᠠᠱᠢᠨ ᠬᠦᠮᠦᠨ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠳᠡᠯᠭᠡᠨ ᠦᠵᠡᠭᠦᠯᠵᠦ᠍᠂ ᠰᠦᠯᠵᠢᠶᠡᠨ ᠤᠳᠤᠳ᠎ᠤᠨ ᠱᠤᠭ ᠶᠠᠷᠢᠶ᠎ᠠ᠎ᠶᠢᠨ ᠲᠣᠭ᠍ᠯᠠᠯᠲᠠ ᠨᠢ ᠬᠦᠮᠦᠰ᠎ᠢ ᠡᠯᠢᠭᠡ ᠪᠠᠨ ᠬᠦᠰᠢᠳᠡᠯ᠎ᠡ ᠢᠨᠢᠶᠡᠯᠭᠡᠨ᠎ᠡ ᠁ ᠤᠯᠠᠮᠵᠢᠯᠠᠯ ᠪᠣᠯᠤᠨ ᠣᠲᠣ ᠦᠶ᠎ᠡ ᠵᠢ ᠠᠭᠤᠰ ᠥᠪᠡᠷᠮᠢᠴᠡ ᠦᠨᠦᠷ ᠠᠮᠲᠠ᠎ᠨᠢ ᠣᠯᠠᠨ ᠲᠦᠮᠡᠨ᠎ᠦ ᠴᠠᠭᠠᠨ ᠰᠠᠷ᠎ᠠ᠎ᠶ᠋ᠢᠨ ᠲᠤᠬᠠᠢ ᠬᠦᠰᠡᠯ ᠡᠷᠡᠮᠡᠯᠵᠡᠯ᠎ᠢ ᠬᠠᠩᠭᠠᠭ᠍ᠰᠠᠨ ᠪᠥᠭᠡᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠦᠴᠦᠷᠬᠡᠭ ᠶᠡᠬᠡ ᠷᠢᠳᠢ ᠱᠢᠳᠢ᠎ᠶ᠋ᠢ ᠢᠯᠡᠷᠡᠭᠦᠯᠪᠡ᠃
ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠤᠯᠠᠮᠵᠢᠯᠠᠯᠲᠤ ᠪᠠᠶᠠᠷ᠎ᠤᠨ ᠡᠳᠦᠷ ᠬᠢᠭᠡᠳ ᠵᠤᠭ᠎ᠠ ᠰᠡᠯᠡᠭᠦᠴᠡᠯ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ ᠳᠤᠮᠳᠠᠬᠢ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ᠎ᠶ᠋ᠢᠨ ᠲᠥᠯᠥᠭᠡ᠂ ᠣᠷᠳᠣᠰ ᠬᠣᠲᠠ᠎ᠶ᠋ᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠮᠣᠭᠠᠶ ᠵᠢᠯ ᠦᠨ ᠴᠠᠭᠠᠨ ᠰᠠᠷ᠎ᠠ ᠵᠢᠨ ᠬᠤᠭᠤᠴᠠᠭᠠᠨ᠎ᠳᠤ 《 ᠪᠠᠶᠠᠷ ᠬᠥᠷ᠎ᠲᠡᠶ ᠱᠢᠨᠡᠯᠡᠬᠦ᠌》 ᠰᠣᠶᠣᠯ ᠵᠢᠭᠤᠯᠴᠢᠯᠠᠯ᠎ᠤᠨ ᠱᠢᠷᠢᠰ ᠠᠵᠢᠯᠯᠠᠭ᠎ᠠ ᠵᠢ ᠥᠷᠨᠢᠭᠦᠯᠵᠦ᠍ ᠪᠠᠢᠨ᠎ᠠ᠃ ᠠᠵᠢᠯᠯᠠᠭ᠎ᠠ ᠨᠢ ᠠᠷᠠᠳ᠎ᠲᠤ ᠠᠱᠢᠭ ᠬᠦᠷᠲᠡᠭᠡᠬᠦ᠌ ᠤᠷᠠᠨ ᠰᠠᠢᠬᠠᠨ᠎ᠤ ᠲᠣᠭ᠍ᠯᠠᠯᠲᠠ᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠦᠵᠡᠭᠦᠯᠭᠡ᠂ ᠵᠢᠭᠤᠯᠴᠢᠯᠠᠯ ᠬᠡᠷᠡᠭ᠌ᠯᠡᠭᠡ ᠵᠡᠷᠭᠡ 140 ᠭᠠᠷᠤᠶ ᠵᠦᠶ᠋ᠯ᠎ᠦᠨ ᠠᠭᠤᠯᠭ᠎ᠠ᠎ᠶ᠋ᠢ ᠬᠠᠮᠤᠷᠴᠠᠢ᠃
ᠵᠡᠭᠦᠨᠭᠠᠷ ᠬᠣᠱᠢᠭᠤᠨ᠎ᠤ ᠴᠠᠭᠠᠨ ᠰᠠᠷ᠎ᠠ᠎ᠶ᠋ᠢᠨ ᠦᠳᠡᠱᠢᠯᠡᠭᠡ ᠳᠡᠭᠡᠷ᠎ᠡ ᠮᠠᠩᠬᠠᠨ ᠠᠶᠠᠯᠭᠤ ᠨᠤᠲᠤᠭ᠎ᠤᠨ ᠵᠠᠩ ᠦᠢᠯᠡ ᠶᠢ ᠢᠯᠡᠷᠡᠬᠦᠯᠵᠦ᠂ ᠱᠢᠨ᠎ᠡ ᠠᠷᠠᠳ᠎ᠤᠨ ᠬᠥᠭ᠌ᠵᠢᠮ ᠨᠢ ᠥᠪᠡᠷᠮᠢᠴᠡ ᠬᠡᠪ ᠨᠠᠮᠪᠠ᠎ᠶ᠋ᠢ ᠬᠠᠷᠠᠭᠤᠯᠵᠤ᠂ ᠵᠢᠯᠣᠭᠣᠴᠢ ᠦᠭᠡᠢ ᠨᠢᠰᠭᠡᠯ ᠪᠣᠯᠤᠨ ᠬᠤᠸᠠᠷ ᠫᠤᠤᠵᠢᠩ᠎ᠤᠨ ᠲᠤᠭᠯᠠᠯᠳᠠ ᠬᠣᠣᠰᠯᠠᠵᠤ᠂ ᠴᠠᠭᠠᠨ ᠰᠠᠷ᠎ᠠ᠎ᠶ᠋ᠢᠨ ᠵᠠᠩ ᠦᠢᠯᠡ ᠪᠣᠯᠤᠨ ᠣᠷᠴᠢᠨ ᠦᠶ᠎ᠡ᠎ᠶ᠋ᠢᠨ ᠤᠷᠠᠯᠢᠭ ᠠᠭᠤᠰᠤᠯᠴᠠᠨ᠂ ᠣᠯᠠᠨ ᠲᠦᠮᠡᠨ ᠬᠠᠯᠠᠭᠤᠨ ᠳᠤᠯᠠᠭᠠᠨ ᠡᠶ᠎ᠡ ᠵᠣᠬᠢᠴᠠᠯ᠎ᠲᠠᠶ ᠴᠠᠭᠠᠨ ᠰᠠᠷ᠎ᠠ᠎ᠶ᠋ᠢᠨ ᠠᠭᠤᠷ ᠠᠮᠢᠰᠭᠤᠯ ᠡᠴᠡ ᠪᠠᠶᠠᠷ᠎ᠤᠨ ᠡᠳᠦᠷ᠎ᠦᠨ ᠪᠠᠶᠠᠷ ᠪᠠᠬᠠᠳᠤᠯ ᠢ ᠡᠳ᠋ᠯᠡᠵᠤ ᠪᠤᠯᠤᠨ᠎ᠠ; ᠳ᠋ᠦᠩᠱᠧᠩ ᠲᠣᠭᠣᠷᠢᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠠᠭᠠᠨ ᠰᠠᠷᠠᠶ᠋ᠢ ᠤᠭ᠍ᠲᠤᠬᠤ ᠠᠵᠢᠯᠯᠠᠭ᠎ᠠ᠎ᠳᠤ᠂ ᠴᠠᠭᠠᠰᠤᠨ ᠬᠠᠢᠴᠢᠯᠠᠮᠠᠯ᠂ ᠸᠠᠭᠠᠷ᠎ᠤᠨ ᠤᠷᠠᠯᠢᠭ᠂ ᠭᠤᠯᠢᠷ ᠪᠠᠷᠢᠮᠠᠯ᠂ ᠬᠤᠸᠠᠷᠲᠠᠶ ᠮᠠᠨᠳᠠᠤ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ᠎ᠨᠢ ᠣᠯᠠᠨ ᠲᠦᠮᠡᠨ᠎ᠳᠦ ᠣᠨᠴᠠᠭᠠᠶ ᠲᠥᠷᠥᠭ᠌ᠳᠡᠯ ᠥᠭ᠌ᠴᠦ᠂ ᠣᠯᠠᠨ᠎ᠳᠤ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠣᠢᠷ᠎ᠠ ᠵᠠᠶ ᠡᠴᠡ ᠮᠡᠳᠡᠷᠡᠬᠦ᠌ ᠠᠵᠠ ᠲᠣᠬᠢᠶᠠᠯ ᠬᠠᠩᠭᠠᠪᠠ; ᠦᠦᠱᠢᠨ ᠬᠣᠱᠢᠭᠤᠨ᠎ᠤ ᠬᠠᠮᠲᠤ᠎ᠪᠠᠷ ᠪᠠᠶᠠᠵᠢᠵᠤ ᠬᠠᠮᠲᠤ᠎ᠪᠠᠷ ᠡᠳ᠋ᠯᠡᠬᠦ᠌ ᠰᠢᠨ᠎ᠠ᠎ᠶ᠋ᠢᠨ ᠪᠠᠷᠠᠭ᠎ᠠ᠎ᠶᠢᠨ ᠴᠤᠭ᠍ᠯᠠᠭ᠎ᠠ ᠮᠠᠢᠮᠠᠢ ᠳᠡᠭᠡᠷ᠎ᠡ ᠴᠠᠭᠠᠨ ᠰᠠᠷ᠎ᠠ᠎ᠶ᠋ᠢᠨ ᠬᠣᠣᠰ ᠤᠶᠠᠩᠭ᠎ᠠ᠂ ᠳ᠋ᠧᠩᠯᠦ᠍᠂ ᠴᠠᠭᠠᠨ ᠰᠠᠷ᠎ᠠ᠎ᠶ᠋ᠢᠨ ᠪᠤᠶᠠᠨᠲᠤ ᠤᠭᠤᠲᠠᠨ᠎ᠳᠤ ᠤᠯᠠᠨ ᠲᠦᠮᠡᠨ᠎ᠦ ᠴᠠᠭᠠᠨ ᠰᠠᠷ᠎ᠠ᠎ᠶ᠋ᠢᠨ ᠱᠢᠨ᠎ᠡ ᠳᠦᠷᠰᠦ ᠪᠠᠢᠳᠠᠯ᠎ᠤᠨ ᠲᠤᠬᠠᠢ ᠬᠦᠰᠡᠯ ᠡᠷᠡᠮᠡᠯᠵᠡᠯ ᠪᠢᠯᠬᠠᠵᠤ᠂ ᠲᠤᠰ᠎ᠤᠨ᠎ᠳᠦ ᠪᠤᠴᠠᠯᠭᠠᠭᠰᠠᠨ ᠮᠠᠨᠲᠠᠤ᠂ ᠨᠤᠲᠤᠭ᠎ᠤᠨ ᠲᠠᠬᠢᠶ᠎ᠠ᠂ ᠳᠠᠷᠠᠰᠤ ᠵᠡᠷᠭᠡ ᠤᠯᠠᠮᠵᠢᠯᠠᠯᠲᠤ ᠠᠮᠲᠠᠲᠤ ᠢᠳᠡᠭᠡᠨ ᠨᠢ ᠤᠯᠠᠨ᠎ᠤ ᠲᠠᠭᠠᠰᠢᠶᠠᠯ᠎ᠢ ᠤᠯᠵᠤ᠂ ᠰᠢᠨ᠎ᠠ᠎ᠶ᠋ᠢᠨ ᠪᠠᠷᠠᠭ᠎ᠠ ᠬᠤᠳᠠᠯᠳᠤᠨ ᠠᠪᠬᠤ ᠪᠠ ᠠᠮᠲᠠᠲᠤ ᠢᠳᠡᠭᠡᠨ ᠠᠮᠳᠠᠯᠠᠵᠤ ᠪᠠᠢᠭ᠎ᠠ ᠦᠵᠡᠭᠳᠡᠯ ᠨᠢ ᠱᠢᠨ᠎ᠡ ᠵᠢᠯ᠎ᠦᠨ ᠠᠭᠤᠷ ᠠᠮᠢᠰᠭᠤᠯ᠎ᠢ ᠬᠦᠢᠴᠡᠳ ᠢᠯᠡᠷᠡᠭᠦᠯᠦᠨ᠎ᠡ ᠁
ᠡᠭᠦᠨ᠎ᠦ ᠬᠠᠮᠲᠤ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠮᠦᠽᠧᠶ᠂ ᠰᠣᠶᠣᠯ᠎ᠤᠨ ᠣᠷᠳᠣᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠠᠯᠠᠪᠠᠶ ᠣᠷᠳᠣᠨ ᠵᠡᠷᠭᠡ᠎ᠨᠢ ᠴᠥᠮ ᠴᠠᠭᠠᠨ ᠰᠠᠷ᠎ᠠ᠎ᠶ᠋ᠢᠨ ᠭᠤᠤᠯ ᠰᠡᠳᠦᠪᠲᠦ ᠦᠵᠡᠰᠭᠦᠯᠡᠩ ᠡᠷᠭᠢᠯᠡᠪᠡ; ᠪᠦᠬᠦ᠌ ᠬᠣᠲᠠ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠠ ᠦᠵᠡᠮᠵᠢ᠎ᠶ᠋ᠢᠨ ᠴᠡᠭ ᠨᠢ ᠴᠠᠭᠠᠨ ᠰᠠᠷ᠎ᠠ᠎ᠶ᠋ᠢᠨ ᠵᠤᠭ᠎ᠠ ᠰᠡᠯᠡᠭᠦᠴᠡᠯ ᠵᠢᠭᠤᠯᠴᠢᠯᠠᠯ ᠪᠠ ᠣᠨᠴᠠᠯᠢᠭ᠍ᠲᠤ ᠵᠠᠮ ᠱᠤᠭᠤᠮ᠎ᠢ ᠨᠡᠬᠡᠬᠡᠵᠤ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠤ ᠵᠢᠭᠤᠯᠴᠢᠯᠠᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠪᠠᠶᠠᠯᠢᠭ᠍ᠵᠢᠭᠤᠯᠪᠠ; ᠪᠥᠬᠥ᠌ ᠬᠣᠲᠠ᠎ᠶ᠋ᠢᠨ ᠬᠡᠪᠴᠢᠶᠡᠨ᠎ᠳᠦ《ᠳᠤᠯᠠᠭᠠᠨ ᠬᠣᠲᠠ᠎ᠶᠢᠨ ᠪᠠᠶᠠᠰᠤᠯᠳᠤ ᠬᠤᠳᠠᠯᠳᠤᠭ᠎ᠠ》 ᠡᠪᠦᠯ ᠬᠠᠪᠤᠷ᠎ᠤᠨ ᠰᠣᠶᠣᠯ ᠵᠢᠭᠤᠯᠴᠢᠯᠠᠯ᠎ᠤᠨ ᠠᠷᠠᠳ᠎ᠲᠤ ᠠᠱᠢᠭ ᠬᠦᠷᠲᠡᠭᠡᠬᠦ᠌ ᠬᠡᠷᠡᠭ᠌ᠯᠡᠭᠡ ᠵᠢᠨ ᠠᠵᠢᠯᠯᠠᠭ᠎ᠠ᠎ᠥᠷᠨᠢᠭᠦᠯᠵᠦ᠍᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ 《ᠣᠷᠳᠣᠰ ᠬᠤᠳᠠ᠎ᠶᠢᠨ ᠡᠭᠦᠯᠡᠨ ᠵᠢᠭᠤᠯᠴᠢᠯᠠᠯ》 ᠵᠢᠷᠬᠢᠶ᠎ᠡ᠎ᠶᠢᠨ ᠵᠢᠵᠢᠭ ᠫᠷᠤᠭ᠌ᠷᠠᠮ᠎ᠢᠶᠠᠷ ᠳᠡᠮᠵᠢᠨ ᠲᠣᠭ᠍ᠲᠠᠭ᠍ᠰᠠᠨ ᠲᠣᠭᠠᠨ᠎ᠤ ᠬᠡᠷᠡᠭ᠌ᠯᠡᠭᠡ ᠵᠢᠨ ᠲᠡᠮᠳᠡᠭ᠌ᠲᠦ ᠵᠢ 300 ᠲᠦᠮᠡᠨ ᠲᠥᠭᠥᠷᠢᠭ ᠲᠠᠷᠬᠠᠭᠠᠵᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠡᠷᠡᠭ᠌ᠯᠡᠭᠡ ᠵᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ ᠵᠢᠨ ᠳᠠᠯᠳᠠ ᠬᠦᠴᠦᠨ᠎ᠢ ᠠᠭᠤᠳᠠᠯᠪᠠ᠃
ᠡᠭᠦᠨ ᠡᠴᠡ ᠭᠠᠳᠠᠨ᠎ᠠ᠂ ᠥᠷᠭᠡᠨ ᠣᠯᠠᠨ ᠬᠣᠲᠠ᠎ᠶ᠋ᠢᠨ ᠠᠷᠠᠳ ᠲᠤ᠌ ᠪᠠᠶᠠᠷ᠎ᠤᠨ ᠡᠳᠦᠷ᠎ᠦᠨ ᠬᠤᠭᠤᠴᠠᠭᠠᠨ᠎ᠳᠤ ᠡᠯᠪᠡᠭ ᠪᠠᠶᠠᠯᠢᠭ ᠰᠣᠶᠣᠯ᠎ᠤᠨ ᠦᠪᠡᠳᠡᠭ᠌ᠰᠢ ᠨᠠᠢᠷ᠎ᠢ ᠡᠳ᠋ᠯᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠣᠷᠳᠣᠰ ᠬᠣᠲᠠ᠎ᠶ᠋ᠢᠨ ᠡᠯ᠎ᠡ ᠶᠡᠬᠡ ᠰᠣᠶᠣᠯ᠎ᠤᠨ ᠲᠠᠯᠠᠪᠠᠶ ᠣᠷᠳᠣᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠠᠮᠠᠷᠠᠯᠳᠠ ᠳᠠᠯᠪᠢᠬᠤ ᠦᠭᠡᠢ ᠪᠠᠢᠵᠤ᠂ ᠬᠥᠮᠦᠰ᠎ᠤᠨ ᠰᠣᠶᠣᠯ᠎ᠤᠨ ᠱᠢᠮ᠎ᠡ ᠬᠦᠷᠲᠡᠬᠦ᠂ ᠰᠡᠳᠭᠢᠯ ᠰᠠᠨᠠᠭ᠎ᠠ ᠪᠠᠨ ᠲᠠᠢᠳᠭᠤᠷᠠᠭᠤᠯᠬᠤ᠂ ᠪᠠᠶᠠᠷ᠎ᠤᠨ ᠡᠳᠦᠷ᠎ᠢᠶᠡᠨ ᠬᠥᠷᠨᠡᠷᠬᠢᠶᠡᠨ ᠲᠡᠶ ᠥᠩᠭᠡᠷᠡᠭᠦᠯᠬᠦ᠌ ᠵᠢ ᠪᠠᠳᠤᠯᠠᠵᠤ ᠪᠠᠢᠨ᠎ᠠ᠃