ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ᠂ ᠦᠬᠠᠢ ᠬᠤᠳᠠ᠎ᠶᠢᠨ ᠵᠡᠭᠡᠯᠢ ᠭᠤᠳᠤᠮᠵᠢ᠎ᠪᠠᠷ ᠥᠩᠭᠡᠲᠦ ᠳ᠋ᠧᠩ ᠳᠤᠸᠠᠯᠠᠵᠤ᠂ ᠴᠠᠭᠠᠨ ᠰᠠᠷ᠎ᠠ᠎ᠶᠢᠨ ᠠᠭᠤᠷ ᠠᠮᠢᠰᠬᠤᠯ᠎ᠢᠶᠠᠷ ᠪᠢᠯᠬᠠᠨ᠎ᠠ᠃ ᠥᠩᠭᠡᠷᠡᠭᠰᠡᠨ᠎ᠲᠠᠢ ᠬᠠᠷᠢᠴᠠᠭᠤᠯᠪᠠᠯ᠂ ᠡᠨᠡ ᠵᠢᠯ᠎ᠦᠨ ᠴᠠᠭᠠᠨ ᠰᠠᠷ᠎ᠠ᠎ᠳᠤ ᠲᠥᠷᠥᠯ ᠰᠠᠳᠤᠨ ᠨᠠᠢᠵᠠ ᠨᠥᠬᠥᠳ᠎ᠢᠶᠡᠨ ᠡᠷᠭᠢᠵᠦ ᠦᠵᠡᠬᠦ ᠂ ᠬᠠᠮᠲᠤ ᠬᠣᠭᠣᠯᠠᠯᠠᠵᠤ ᠨᠠᠭᠠᠳᠤᠨ ᠴᠡᠩᠭᠡᠬᠦ ᠵᠡᠷᠬᠡᠤᠯᠠᠮᠵᠢᠯᠠᠯᠲᠤ ᠵᠠᠩᠰᠢᠯ ᠡᠴᠡ ᠭᠠᠳᠠᠨ᠎ᠠ᠂ ᠦᠬᠠᠢ ᠬᠣᠲᠠ᠎ᠶᠢᠨ ᠠᠷᠠᠳ ᠨᠣᠮ᠎ᠤᠨ ᠰᠠᠩ᠂ ᠨᠣᠮ᠎ᠤᠨ ᠳᠡᠯᠭᠡᠭᠦᠷ᠎ᠲᠦ ᠬᠦᠷᠴᠦ᠂ ᠰᠣᠶᠣᠯ᠎ᠤᠨ ᠠᠭᠤᠷ ᠠᠮᠢᠰᠬᠤᠯ᠎ᠵᠢᠡᠷ ᠪᠢᠯᠬᠠᠭᠰᠠᠨ ᠪᠢᠴᠢᠭ᠎ᠤᠨ ᠰᠤᠷᠪᠤᠯᠵᠢ᠎ᠳᠤ ᠴᠠᠭᠠᠨ ᠰᠠᠷ᠎ᠠ ᠵᠢ ᠥᠩᠭᠡᠷᠡᠭᠦᠯᠵᠦ ᠪᠠᠢᠨ᠎ᠠ᠃
1 ᠰᠠᠷ᠎ᠠ᠎ᠶᠢᠨ 29 ᠤ᠋ ᠡᠳᠦᠷ᠂ ᠴᠠᠭᠠᠨ ᠰᠠᠷ᠎ᠠ᠎ᠶᠢᠨ ᠰᠢᠨ᠎ᠡ᠎ᠶᠢᠨ ᠨᠢᠭᠡᠨ᠎ᠦ ᠥᠷᠯᠥᠭᠡ᠂ ᠦᠬᠠᠢ᠎ᠶᠢᠨ 《ᠨᠣᠮ᠎ᠤᠨ ᠬᠤᠲᠠ》 ᠨᠣᠮ᠎ᠤᠨ ᠳᠡᠯᠭᠡᠭᠦᠷ ᠮᠣᠭᠠᠢ ᠵᠢᠯ᠎ᠦᠨ ᠠᠩᠬᠠᠨ᠎ᠤ ᠵᠣᠴᠢᠨ᠎ᠢᠶᠠᠨ ᠤᠭᠲᠤᠨ ᠠᠪᠴᠠᠢ᠃ ᠳᠡᠯᠭᠡᠭᠦᠷ᠎ᠤᠨ ᠨᠤᠮ᠎ᠤᠨ ᠲᠠᠯᠪᠢᠭᠤᠷ ᠲᠤ᠌ ᠡᠯ᠎ᠡ ᠵᠦᠢᠯ᠎ᠦᠨ ᠨᠣᠮ ᠪᠢᠴᠢᠭ ᠲᠡᠯᠬᠡᠨ ᠦᠷᠦᠭᠰᠡᠨ ᠪᠦᠬᠡᠳ ᠮᠠᠰᠢ ᠤᠯᠠᠨ ᠬᠣᠲᠠ᠎ᠶᠢᠨ ᠠᠷᠠᠳ ᠳᠡᠯᠭᠡᠭᠦᠷ ᠲᠤ᠌ ᠢᠷᠡᠵᠦ ᠦᠪᠡᠷ᠎ᠤᠨ ᠲᠤᠷᠠᠳᠠᠢ ᠬᠡᠰᠡᠨ ᠨᠤᠮ᠎ᠢᠶᠡᠨ ᠰᠣᠩᠭᠣᠵᠤ᠂ ᠰᠡᠳᠬᠢᠯ ᠲᠦᠪᠯᠡᠷᠡᠬᠦᠯᠦᠨ ᠤᠩᠰᠢᠵᠤ ᠰᠠᠭᠤᠬᠤ ᠨᠢ ᠡᠨᠡ ᠵᠢᠯ᠎ᠤᠨ ᠴᠠᠭᠠᠨ ᠰᠠᠷ᠎ᠠ ᠵᠢ ᠰᠣᠶᠣᠯ᠎ᠤᠨ ᠠᠭᠤᠷ ᠠᠮᠢᠰᠬᠤᠯ᠎ᠢᠶᠡᠷ ᠪᠢᠯᠬᠠᠭᠤᠯᠤᠬᠰᠠᠨ ᠪᠠᠢᠨ᠎ᠠ᠃
《ᠥᠩᠭᠡᠷᠡᠭᠰᠡᠨ ᠴᠠᠭᠠᠨ ᠰᠠᠷ᠎ᠠ ᠪᠡᠷ ᠭᠡᠷ᠎ᠲᠡᠬᠡᠨ ᠲᠧᠯᠸᠢᠰ ᠦᠵᠡᠵᠦ᠂ ᠭᠠᠷ ᠤᠲᠠᠰᠤ ᠨᠠᠭᠠᠳᠳᠠᠭ ᠪᠠᠢᠪᠠ᠂ ᠡᠨᠡ ᠵᠢᠯ ᠬᠡᠦᠬᠡᠳ᠎ᠢᠶᠡᠨ ᠳᠠᠭᠠᠭᠤᠯᠤᠨ ᠨᠣᠮ᠎ᠤᠨ ᠳᠡᠯᠭᠡᠭᠦᠷ᠎ᠲᠦ ᠢᠷᠡᠵᠦ ᠨᠣᠮ ᠤᠩᠰᠢᠵᠤ ᠰᠠᠭᠤᠬᠰᠠᠨ ᠨᠢ ᠬᠠᠷᠢᠨ ᠮᠠᠰᠢ ᠤᠳᠬ᠎ᠠ ᠠᠭᠤᠯᠭ᠎ᠠ᠎ᠲᠠᠢ ᠰᠠᠨᠠᠭᠳᠠᠵᠤ᠂ ᠬᠡᠦᠬᠡᠳ ᠪᠠᠰᠠ ᠮᠠᠰᠢ ᠪᠠᠶᠠᠷ ᠲᠠᠢ ᠪᠠᠢᠨ᠎ᠠ》᠃ ᠬᠣᠲᠠ᠎ᠶᠢᠨ ᠠᠷᠠᠳ ᠵᠢᠨ ᠠᠪᠠᠬᠠᠢ ᠬᠦᠦ᠎ᠪᠡᠨ ᠳᠠᠭᠠᠭᠤᠯᠤᠨ ᠬᠡᠦᠬᠡᠳ᠎ᠦᠨ ᠤᠩᠰᠢᠯᠭ᠎ᠠ᠎ᠶᠢᠨ ᠲᠣᠭᠣᠷᠢᠭ᠋᠎ᠲᠤ ᠢᠷᠡᠵᠦ᠂ ᠬᠡᠳᠦᠨ ᠵᠢᠷᠤᠭᠲᠤ ᠳᠡᠪᠲᠡᠷ ᠰᠣᠩᠭᠣᠨ᠂ ᠠᠮᠠᠷᠠᠯᠲᠠ᠎ᠶᠢᠨ ᠬᠤᠭᠤᠴᠠᠭᠠᠨ᠎ᠳᠤ ᠬᠡᠦᠬᠡᠳ᠎ᠲᠠᠢ᠎ᠪᠡᠨ ᠬᠠᠮᠲᠤ ᠤᠩᠰᠢᠯᠭ᠎ᠠ᠎ᠶᠢᠨ ᠪᠠᠶᠠᠷ ᠪᠠᠶᠠᠰᠤᠯ᠎ᠢ ᠡᠳ᠋ᠯᠡᠵᠦ ᠪᠠᠢᠪᠠ᠃
《ᠴᠠᠭᠠᠨ ᠰᠠᠷ᠎ᠠ᠎ᠶᠢᠨ ᠬᠤᠭᠤᠴᠠᠭᠠᠨ᠎ᠳᠤ᠂ ᠤᠳᠬ᠎ᠠ ᠵᠣᠬᠢᠶᠠᠯ᠎ᠤᠨ ᠲᠥᠷᠥᠯ᠂ ᠲᠡᠦᠬᠡ᠎ᠶᠢᠨ ᠲᠥᠷᠥᠯ᠂ ᠪᠠᠭᠠᠴᠤᠳ ᠬᠡᠦᠬᠡᠳ᠎ᠦᠨ ᠲᠥᠷᠥᠯ᠎ᠦᠨ ᠨᠣᠮ ᠪᠢᠴᠢᠭ᠎ᠦᠨ ᠪᠣᠷᠤᠯᠠᠭᠤᠯᠭ᠎ᠠ ᠬᠠᠮᠤᠭ᠎ᠤᠨ ᠰᠠᠢᠨ ᠪᠠᠢᠵᠤ᠂ ᠮᠠᠰᠢ ᠣᠯᠠᠨ ᠬᠣᠲᠠ᠎ᠶᠢᠨ ᠠᠷᠠᠳ ᠴᠥᠮ ᠭᠡᠷ ᠬᠤᠲᠠᠯᠠᠭᠠᠷ᠎ᠢᠶᠡᠨ ᠬᠠᠮᠲᠤ᠎ᠪᠠᠷ ᠨᠣᠮ ᠰᠣᠩᠭᠣᠨ ᠬᠤᠳᠠᠯᠳᠤᠨ ᠠᠪᠴᠤ ᠪᠠᠢᠨ᠎ᠠ》᠃ 《ᠨᠣᠮ᠎ᠤᠨ ᠬᠣᠲᠠ》 ᠲᠡᠯᠭᠡᠬᠦᠷ ᠬᠣᠲᠠ᠎ᠶᠢᠨ ᠠᠷᠠᠳ᠎ᠤᠨ ᠨᠤᠮ ᠤᠩᠰᠢᠬᠤ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ᠂ ᠪᠠᠰᠠ ᠦᠨ᠎ᠡ ᠬᠠᠩᠰᠢ ᠵᠢᠨ ᠲᠠᠯ᠎ᠠ ᠪᠡᠷ ᠣᠯᠠᠨ ᠵᠦᠢᠯ᠎ᠦᠨ ᠬᠠᠷᠠᠭᠠᠯᠵᠠᠯ᠎ᠦᠵᠡᠬᠦᠯᠬᠦ ᠠᠵᠢᠯᠯᠠᠭ᠎ᠠ ᠥᠷᠨᠢᠭᠦᠯᠦᠭᠰᠡᠨ ᠪᠥᠭᠡᠳ《ᠰᠠᠢᠨ ᠨᠣᠮ ᠲᠠᠨᠢᠯᠴᠠᠭᠤᠯᠬᠤ》 ᠲᠤᠰᠬᠠᠢ ᠲᠣᠭᠣᠷᠢᠭ᠋ ᠭᠠᠷᠭᠠᠵᠤ᠂ ᠬᠣᠲᠠ᠎ᠶᠢᠨ ᠠᠷᠠᠳ᠎ᠲᠤ ᠰᠠᠢᠨ ᠨᠣᠮ ᠲᠠᠨᠢᠯᠴᠠᠭᠤᠯᠵᠠᠢ᠃
ᠬᠤᠳᠠ᠎ᠶᠢᠨ ᠠᠷᠠᠳ᠎ᠤᠨ ᠤᠶᠤᠨ᠎ᠤ ᠪᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ᠎ᠶᠢᠨ ᠲᠥᠯᠥᠭᠡ᠂ ᠴᠠᠭᠠᠨ ᠰᠠᠷ᠎ᠠ᠎ᠵᠢᠨ ᠡᠮᠦᠨ᠎ᠡ ᠬᠣᠢᠨ᠎ᠠ᠂ ᠬᠤᠳᠠ᠂ ᠲᠣᠭᠣᠷᠢᠭ᠋ ᠬᠣᠶᠠᠷ ᠱᠠᠳᠤ ᠵᠢᠨ ᠨᠣᠮ᠎ᠤᠨ ᠰᠠᠩ ᠪᠠᠰᠠ 《ᠪᠠᠶᠠᠷ ᠬᠦᠷ᠎ᠲᠠᠢ ᠪᠡᠷ ᠰᠢᠨᠡᠯᠡᠬᠦ》᠂ 《ᠨᠣᠮ᠎ᠤᠨ ᠰᠠᠩ᠎ᠳᠤ ᠰᠢᠨᠡᠯᠡᠬᠦ》 ᠵᠡᠷᠭᠡ ᠰᠢᠷᠢᠰ ᠰᠣᠶᠣᠯ᠎ᠤᠨ ᠠᠵᠢᠯᠯᠠᠭ᠎ᠠ᠎ᠶᠢ ᠨᠠᠷᠢᠯᠢᠭ᠋ ᠤᠬᠠᠭᠠᠯᠠᠨ ᠲᠥᠰᠥᠪᠯᠡᠵᠦ᠂ ᠴᠠᠭᠠᠨ ᠰᠠᠷ᠎ᠠ᠎ᠶᠢᠨ ᠨᠣᠮ᠎ᠤᠨ ᠦᠵᠡᠰᠬᠦᠯᠡᠩ᠂ ᠣᠨᠢᠰᠤᠭ᠎ᠠ ᠲᠠᠭᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠣᠢᠯᠠᠭᠠᠬᠤ ᠵᠡᠷᠭᠡ ᠠᠵᠢᠯᠯᠠᠭ᠎ᠠ ᠥᠷᠨᠢᠭᠦᠯᠬᠦ᠎ᠪᠡᠷ ᠳᠠᠮᠵᠢᠨ᠂ ᠬᠤᠳᠠ᠎ᠶᠢᠨ ᠠᠷᠠᠳ᠎ᠤᠨ ᠠᠩᠬᠠᠷᠤᠯ᠎ᠢ ᠲᠠᠲᠠᠨ ᠤᠷᠤᠯᠴᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ᠎ᠢ ᠭᠦᠨᠵᠡᠭᠡᠢ ᠣᠢᠯᠠᠭᠠᠭᠤᠯᠪᠠ᠃
ᠵᠢᠯ᠎ᠡᠴᠡ ᠡᠮᠦᠨ᠎ᠡ᠂ ᠦᠬᠠᠢ ᠬᠣᠲᠠ᠎ᠶᠢᠨ ᠨᠣᠮ᠎ᠤᠨ ᠰᠠᠩ᠎ᠤᠨ ᠵᠣᠬᠢᠶᠠᠨ ᠪᠠᠢᠭᠤᠯᠵᠤ ᠥᠷᠨᠢᠭᠦᠯᠦᠭᠰᠡᠨ《ᠰᠡᠴᠡᠨ ᠤᠬᠠᠭᠠᠨ ᠤᠷᠠᠨ ᠭᠠᠷᠵᠢᠡᠷᠵᠢᠡᠨ ᠴᠣᠩᠬᠣᠨ ᠴᠠᠭᠠᠰᠤᠨ ᠰᠡᠢᠯᠦᠮᠡᠯ ᠬᠠᠢᠴᠢᠯᠠᠬᠤ᠂ ᠨᠣᠮ᠎ᠤᠨ ᠲᠡᠯᠡᠶ᠎ᠳᠦ ᠱᠤᠮᠪᠠᠭᠰᠠᠨ ᠰᠣᠶᠣᠯ᠎ᠤᠨ ᠵᠢᠭᠤᠯᠴᠢᠯᠠᠯ》ᠭᠡᠬᠦ ᠴᠠᠭᠠᠰᠤᠨ ᠬᠠᠢᠴᠢᠯᠠᠮᠠᠯ᠎ᠤᠨ ᠠᠵᠢᠯᠯᠠᠭ᠎ᠠ ᠳᠤᠮᠳᠠ᠂ ᠨᠣᠮ᠎ᠤᠨ ᠰᠠᠩ᠎ᠤᠨ ᠪᠠᠭ᠍ᠰᠢ ᠡᠴᠡ ᠬᠡᠦᠬᠡᠳ᠎ᠦᠳ᠎ᠲᠠᠢ ᠬᠠᠮᠲᠤ ᠴᠠᠭᠠᠰᠤᠨ ᠬᠠᠢᠴᠢᠯᠠᠮᠠᠯ᠎ᠤᠨ ᠢᠷᠡᠯᠲᠡ ᠪᠠ ᠲᠡᠦᠬᠡ᠎ᠶᠢ ᠮᠥᠷᠳᠡᠵᠦ᠂ ᠬᠡᠦᠬᠡᠳ᠎ᠦᠳ᠎ᠲᠦ ᠴᠠᠭᠠᠰᠤᠨ ᠬᠠᠢᠴᠢᠯᠠᠮᠠᠯ᠎ᠤᠨ ᠰᠣᠶᠣᠯ᠎ᠤᠨ ᠠᠬᠤᠢ ᠪᠠᠢᠳᠠᠯ᠎ᠢ ᠣᠢᠯᠠᠭᠠᠭᠤᠯᠵᠤ᠂ ᠴᠠᠭᠠᠨ ᠰᠠᠷ᠎ᠠ᠎ᠶᠢᠨ ᠬᠠᠢᠴᠢᠯᠠᠮᠠᠯ᠎ᠤᠨ ᠲᠤᠬᠠᠢ ᠲᠠᠨᠢᠯᠲᠠ᠎ᠶᠢ ᠭᠦᠨᠵᠡᠭᠡᠢᠷᠡᠭᠦᠯᠪᠡ᠃ ᠪᠠᠭ᠍ᠰᠢ᠎ᠶᠢᠨ ᠳᠠᠭᠠᠭᠤᠯᠭ᠎ᠠ ᠳᠣᠣᠷ᠎ᠠ᠂ ᠭᠡᠷ᠎ᠦᠨ ᠠᠬᠠᠮᠠᠳ ᠪᠣᠯᠣᠨ ᠬᠡᠦᠬᠡᠳ᠎ᠦᠳ ᠬᠠᠢᠴᠢ ᠠᠳᠬᠤᠨ ᠬᠠᠢᠴᠢᠯᠠᠬᠤ ᠪᠡᠷ ᠲᠤᠷᠰᠢᠵᠤ ᠪᠠᠢᠯ᠎ᠠ᠃ ᠵᠢᠷᠤᠭ ᠵᠢᠷᠤᠬᠤ᠂ ᠴᠠᠭᠠᠰᠤ ᠡᠪᠬᠡᠬᠦ᠂ ᠡᠰᠬᠡᠬᠦ᠎ᠪᠡᠷ ᠳᠠᠮᠵᠢᠨ᠂ ᠡᠯ᠎ᠡ ᠵᠦᠢᠯ᠎ᠦᠨ ᠴᠠᠭᠠᠰᠤᠨ ᠬᠠᠢᠴᠢᠯᠠᠮᠠᠯ᠎ᠤᠨ ᠪᠦᠲᠦᠭᠡᠯ ᠨᠢ ᠬᠡᠦᠬᠡᠳ᠎ᠦᠳ᠎ᠦᠨ ᠪᠦᠲᠦᠭᠡᠯᠴᠢ ᠰᠠᠨᠠᠭ᠎ᠠ ᠵᠢ ᠠᠮᠢᠳᠤᠯᠢᠭ᠋ ᠰᠠᠢᠬᠠᠨ ᠢᠯᠡᠷᠡᠬᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠥᠪᠡᠷᠮᠢᠴᠡ ᠲᠠᠲᠠᠬᠤ ᠬᠦᠴᠦᠨ ᠨᠢ ᠬᠥᠮᠥᠰ᠎ᠢ ᠭᠠᠢᠬᠠᠰᠢ ᠠᠯᠳᠠᠭᠤᠯᠤᠨ᠎ᠠ᠃
ᠤᠩᠰᠢᠯᠭ᠎ᠠ᠎ᠶᠢᠨ ᠬᠠᠪᠤ ᠴᠡᠩᠭᠡᠯ᠎ᠢ ᠡᠳ᠋ᠯᠡᠵᠦ᠂ ᠰᠣᠶᠣᠯ᠎ᠤᠨ ᠷᠢᠳᠢ ᠰᠢᠳᠢ᠎ᠶᠢ ᠮᠡᠳᠡᠷᠡᠨ᠎ᠡ᠂ ᠰᠤᠶᠤᠯ᠎ᠤᠨ ᠠᠭᠤᠷ ᠠᠮᠢᠰᠬᠤᠯ᠎ᠵᠢᠡᠷ ᠪᠢᠯᠬᠠᠭᠰᠠᠨ ᠴᠠᠭᠠᠨ ᠰᠠᠷ᠎ᠠ ᠵᠢ ᠦᠨᠭᠭᠡᠷᠡᠭᠦᠯᠬᠦ ᠨᠢ ᠠᠭᠠᠵᠢᠮ᠎ᠢᠶᠠᠷ ᠦᠬᠠᠢ ᠬᠣᠲᠠ᠎ᠶᠢᠨ ᠠᠷᠠᠳ᠎ᠤᠨ ᠰᠢᠨ᠎ᠡ ᠬᠡᠪ ᠰᠤᠷᠲᠠᠯ ᠪᠣᠯᠵᠤ ᠪᠠᠢᠨ᠎ᠠ᠃《ᠨᠢᠭᠡ ᠰᠠᠢᠨ ᠨᠣᠮ᠎ᠢ ᠨᠠᠷᠢᠨ ᠬᠢᠨᠠᠮᠠᠭᠠᠢ ᠤᠩᠰᠢᠬᠤ ᠨᠢ ᠣᠨᠳᠣᠣ ᠨᠢᠭᠡ ᠵᠦᠢᠯ᠎ᠦᠨ ᠬᠠᠪᠤ ᠴᠡᠩᠭᠡᠯ ᠪᠣᠯᠬᠤ ᠶᠤᠮ》᠃ ᠦᠬᠠᠢ ᠬᠣᠲᠠ᠎ᠶᠢᠨ ᠠᠷᠠᠳ ᠯᠢ ᠠᠪᠠᠬᠠᠢ ᠨᠤᠮᠪᠢᠴᠢᠭᠤᠨ ᠲᠤᠮᠳᠠ ᠰᠢᠨᠡᠯᠡᠬᠦ ᠨᠢ ᠣᠶᠤᠨ ᠰᠠᠨᠠᠭᠠᠨ᠎ᠤ ᠶᠢᠷᠲᠢᠨᠴᠦ᠎ᠶᠢ ᠪᠠᠶᠠᠯᠢᠬᠵᠢᠭᠤᠯᠤᠬᠰᠠᠨ ᠢᠶᠡᠷ ᠪᠠᠷᠠᠬᠤ ᠦᠭᠡᠢ᠂ ᠪᠠᠰᠠ ᠴᠠᠭᠠᠨ ᠰᠠᠷ᠎ᠠ᠎ᠶᠢᠨ ᠦᠨᠦᠷ ᠠᠮᠲᠠ᠎ᠶᠢ ᠨᠠᠩ ᠥᠳᠬᠡᠨ ᠪᠣᠯᠭᠠᠵᠠᠢ ᠭᠡᠵᠦ ᠢᠯᠡᠳᠭᠡᠪᠡ᠃
ᠣᠢᠷ᠎ᠠ᠎ᠶᠢᠨ ᠵᠢᠯ᠎ᠡᠴᠡ ᠨᠠᠭᠠᠰᠢ᠂ ᠦᠬᠠᠢ ᠬᠣᠲᠠ《ᠪᠥᠬᠥ ᠠᠷᠠᠳᠵᠢᠡᠷᠵᠢᠡᠨ ᠨᠣᠮ ᠤᠩᠰᠢᠬᠤ·ᠪᠢᠴᠢᠭ᠎ᠤᠨ ᠰᠤᠷᠪᠤᠯᠵᠢ᠎ᠳᠤ ᠦᠬᠠᠢ》ᠰᠣᠶᠣᠯ᠎ᠤᠨ ᠲᠥᠷᠥᠯ ᠲᠡᠮᠳᠡᠭ᠎ᠢ ᠡᠭᠦᠳᠴᠦ᠂ ᠲᠦᠭᠡᠮᠡᠯ ᠬᠠᠷᠠᠭᠠᠯᠵᠠᠯᠲᠤ ᠨᠣᠮ ᠤᠩᠰᠢᠬᠤ ᠦᠢᠯᠡᠴᠢᠯᠡᠭᠡᠨ᠎ᠦ ᠰᠢᠰᠲᠧᠮ᠎ᠢ ᠪᠠᠶ᠋ᠢᠭᠤᠯᠬᠤ᠂ ᠨᠣᠮ ᠤᠩᠰᠢᠬᠤ᠎ᠶᠢ ᠳᠡᠯᠭᠡᠷᠡᠭᠦᠯᠬᠦ ᠲᠣᠭᠲᠠᠴᠠ᠎ᠶᠢ ᠲᠡᠭᠦᠯᠳᠡᠷᠵᠢᠭᠦᠯᠬᠦ᠂ ᠨᠣᠮ ᠤᠩᠰᠢᠬᠤ ᠡᠬᠢ ᠪᠠᠶᠠᠯᠢᠭ᠋᠎ᠤᠨ ᠬᠠᠩᠭᠠᠯᠭ᠎ᠠ᠎ᠶᠢ ᠨᠡᠮᠡᠭᠳᠡᠭᠦᠯᠬᠦ᠎ᠪᠡᠷ ᠳᠡᠮᠵᠢᠨ ᠬᠣᠲᠠ᠎ᠶᠢᠨ ᠠᠷᠠᠳ᠎ᠲᠤ ᠨᠠᠩ ᠡᠷᠬᠡ ᠲᠡᠭᠰᠢ᠂ ᠨᠠᠩ ᠥᠨᠳᠥᠷ ᠪᠦᠲᠦᠮᠵᠢᠲᠡᠶ᠂ ᠨᠠᠩ ᠴᠢᠨᠠᠷ ᠰᠠᠢᠲᠠᠢ ᠪᠥᠬᠥ ᠠᠷᠠᠳ᠎ᠤᠨ ᠨᠣᠮ ᠤᠩᠰᠢᠬᠤ ᠦᠢᠯᠡᠴᠢᠯᠡᠭᠡ ᠬᠠᠩᠭᠠᠵᠤ᠂ ᠠᠷᠠᠳ ᠲᠦᠮᠡᠨ᠎ᠦ ᠣᠶᠤᠨ᠎ᠤ ᠪᠠ ᠰᠣᠶᠣᠯ᠎ᠤᠨ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭᠠᠪᠠ᠃
《ᠨᠢᠭᠡ ᠮᠥᠴᠡ᠎ᠶᠢᠨ ᠪᠥᠬᠥ ᠠᠷᠠᠳ᠎ᠤᠨ ᠤᠩᠰᠢᠯᠭ᠎ᠠ᠎ᠶᠢᠨ ᠲᠣᠭᠣᠷᠢᠭ᠋》᠎ᠤ᠋ᠨ ᠪᠦᠲᠦᠭᠡᠨ ᠪᠠᠢᠭᠤᠯᠤᠯᠲᠠ᠎ᠶᠢᠨ ᠬᠠᠷᠠᠯᠲᠠ᠎ᠶᠢᠨ ᠲᠣᠭᠣᠷᠢᠨ᠎ᠳᠤ᠂ ᠦᠬᠠᠢ ᠬᠣᠲᠠ ᠨᠡᠢᠭᠡᠮ ᠲᠣᠭᠣᠷᠢᠭ᠋᠂ ᠰᠤᠷᠭᠠᠭᠤᠯᠢ᠂ ᠪᠠᠩᠬᠢ᠂ ᠡᠮᠨᠡᠯᠭᠡ᠎ᠶᠢᠨ ᠬᠣᠷᠢᠶ᠎ᠠ ᠵᠡᠷᠭᠡ 268 ᠴᠡᠭ᠎ᠲᠦ ᠤᠩᠰᠢᠯᠭ᠎ᠠ᠎ᠶᠢᠨ ᠣᠷᠣᠨ ᠪᠦᠰᠡ ᠵᠢ ᠪᠠᠢᠭᠤᠯᠵᠤ᠂ 3.6 ᠲᠦᠮᠡ ᠭᠠᠷᠤᠢ ᠵᠦᠢᠯ᠂ 5.3 ᠲᠦᠮᠡᠨ ᠳᠡᠪᠲᠡᠷ ᠨᠣᠮ ᠪᠢᠴᠢᠭ᠎ᠢ ᠦᠨ᠎ᠡ ᠲᠥᠯᠥᠪᠦᠷᠢ ᠦᠭᠡᠢ ᠲᠣᠬᠢᠷᠠᠭᠤᠯᠤᠨ ᠬᠦᠷᠭᠡᠵᠦ᠂ ᠨᠣᠮ᠎ᠤᠨ ᠰᠠᠩ᠎ᠤᠨ ᠡᠬᠢ ᠪᠠᠶᠠᠯᠢᠭ᠎ᠢ ᠲᠣᠭᠲᠠᠮᠠᠯ ᠬᠤᠭᠤᠴᠠᠭ᠎ᠠ᠎ᠲᠠᠢ ᠬᠠᠷᠢᠯᠴᠠᠨ ᠰᠣᠯᠢᠯᠴᠠᠵᠤ ᠬᠠᠮᠲᠤ᠎ᠪᠠᠷ ᠡᠳ᠋ᠯᠡᠵᠦ᠂ ᠪᠥᠬᠥ ᠬᠣᠲᠠ᠎ᠶᠢᠨ ᠨᠣᠮ ᠪᠢᠴᠢᠭ᠎ᠢ ᠪᠥᠬᠥ ᠬᠡᠪᠴᠢᠶᠡᠨ᠎ᠳᠦ ᠲᠣᠬᠢᠷᠠᠭᠤᠯᠤᠨ ᠬᠦᠷᠭᠡᠬᠦ᠂ ᠪᠥᠬᠥ ᠬᠡᠪᠴᠢᠶᠡᠨ᠎ᠳᠦ ᠭᠦᠢᠯᠭᠡᠭᠡᠬᠦ᠂ ᠪᠥᠬᠥ ᠬᠡᠪᠴᠢᠶᠡᠨ᠎ᠳᠦ ᠡᠷᠬᠢᠯᠳᠦᠬᠦᠯᠬᠦ᠎ᠶᠢ ᠪᠡᠶᠡᠯᠡᠭᠦᠯᠪᠡ᠃ 《ᠭᠣᠣᠯᠲᠤ ᠪᠣᠷᠣ᠌ ᠨᠣᠮ ᠤᠩᠰᠢᠬᠤ ᠪᠠᠶᠠᠷ》 ᠵᠢᠡᠷ ᠭᠠᠷᠳᠠᠴᠠ ᠪᠣᠯᠭᠠᠵᠤ᠂ ᠪᠥᠬᠥ ᠬᠣᠲᠠ᠎ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠲᠦ 《ᠬᠣᠩᠭᠢᠯ ᠵᠠᠮ᠎ᠤᠨ ᠨᠣᠮ ᠪᠢᠴᠢᠭ᠎ᠦᠨ ᠥᠷᠲᠡᠭᠡ》᠂ 《ᠠᠩᠭᠢ᠎ᠶᠢᠨ ᠨᠣᠮ ᠪᠢᠴᠢᠭ᠎ᠦᠨ ᠪᠤᠯᠤᠩ》᠂ 《ᠨᠣᠮ ᠪᠢᠴᠢᠭ᠎ᠦᠨ ᠥᠷᠲᠡᠭᠡ》 ᠵᠡᠷᠭᠡ ᠤᠩᠰᠢᠯᠭ᠎ᠠ᠎ᠶᠢᠨ ᠣᠷᠣᠨ ᠪᠦᠰᠡ᠎ᠶᠢ 1300 ᠭᠠᠷᠤᠢ ᠪᠠᠢᠭᠤᠯᠵᠤ᠂ ᠨᠣᠮ ᠪᠢᠴᠢᠭᠵᠢᠡᠷ ᠰᠤᠷᠭᠠᠭᠤᠯᠢ᠎ᠶᠢᠨ ᠬᠦᠷᠢᠶ᠎ᠡ᠎ᠶᠢ ᠤᠮᠳᠠᠯᠠᠭᠰᠠᠨ ᠪᠠᠢᠨ᠎ᠠ᠃
ᠡᠭᠦᠨ᠎ᠦ ᠬᠠᠮᠲᠤ᠂ ᠦᠬᠠᠢ ᠬᠣᠲᠠ ᠪᠠᠰᠠ《ᠭᠣᠶᠣ᠌ ᠬᠡᠭᠡᠨᠴᠢᠷ》 ᠥᠪᠡᠷᠮᠢᠴᠡ ᠣᠨᠴᠠᠯᠢᠭ᠋᠎ᠲᠠᠢ ᠤᠩᠰᠢᠯᠭ᠎ᠠ᠎ᠶᠢᠨ ᠣᠷᠣᠨ ᠵᠠᠢ᠎ᠶᠢ ᠪᠣᠶ ᠪᠣᠯᠭᠠᠬᠤ᠎ᠪᠠᠷ ᠳᠠᠮᠵᠢᠨ ᠤᠩᠰᠢᠭ᠍ᠴᠢᠳ᠎ᠤᠨ ᠠᠩᠬᠠᠷᠤᠯ᠎ᠢ ᠲᠠᠲᠠᠪᠠ᠃ ᠡᠳᠦᠭᠡ ᠤᠳᠤ ᠦᠶ᠎ᠡ᠎ᠶᠢᠨ ᠬᠡᠪ ᠨᠠᠮᠪᠠ᠎ᠲᠠᠢ ᠹᠦ ᠾᠧ ᠨᠣᠮ᠎ᠤᠨ ᠬᠦᠷᠢᠶᠡᠯᠡᠩ᠂ ᠭᠡᠷ᠎ᠦᠨ ᠭᠠᠳᠠᠨᠠᠬᠢ ᠬᠡᠪ ᠨᠠᠮᠪᠠ᠎ᠲᠠᠢ ᠵᠢᠨᠭ ᠷᠸᠨ ᠨᠣᠮ᠎ᠤᠨ ᠳᠡᠯᠭᠡᠭᠦᠷ᠂ ᠤᠷᠠᠨ ᠪᠢᠴᠢᠯᠭᠡ᠎ᠶᠢᠨ ᠬᠡᠪ ᠨᠠᠮᠪᠠ᠎ᠲᠠᠢ ᠶᠤᠸᠠᠢ ᠢᠤᠢ ᠨᠣᠮ᠎ᠤᠨ ᠪᠠᠭᠠᠷ᠂ ᠰᠦᠯᠵᠢᠶᠡᠨ᠎ᠦ ᠬᠠᠯᠠᠮᠰᠢᠯ᠎ᠤᠨ ᠬᠡᠪ ᠨᠠᠮᠪᠠ᠎ᠲᠠᠢ ᠸᠠᠩ ᠶᠠᠩ ᠨᠣᠮ᠎ᠤᠨ ᠪᠠᠭᠠᠷ᠂ ᠡᠯᠡᠰᠦᠨ ᠴᠦᠯ᠎ᠦᠨ ᠭᠣᠣᠯ ᠰᠡᠳᠦᠪᠲᠦ ᠱᠢ ᠰᠢᠩ ᠡᠯᠡᠰᠦᠨ ᠴᠦᠯ᠎ᠦᠨ ᠭᠤᠸ᠎ᠠ ᠵᠦᠢ᠎ᠶᠢᠨ ᠨᠣᠮ᠎ᠤᠨ ᠳᠡᠯᠭᠡᠭᠦᠷ ᠵᠡᠷᠭᠡ ᠲᠤᠰ ᠲᠤᠰ᠎ᠤᠨ ᠦᠪᠡᠷᠮᠢᠴᠡ ᠣᠨᠴᠠᠯᠢᠭ᠋᠎ᠲᠠᠢ ᠨᠣᠮ᠎ᠤᠨ ᠰᠠᠩ᠂ ᠨᠣᠮ᠎ᠤᠨ ᠳᠡᠯᠭᠡᠭᠦᠷ ᠨᠢ ᠦᠬᠠᠢ ᠬᠤᠳᠠ᠎ᠶᠢᠨ ᠠᠷᠠᠳ᠎ᠤᠨ ᠨᠣᠮ ᠤᠩᠰᠢᠬᠤ ᠬᠠᠯᠠᠭᠤᠨ ᠰᠡᠳᠬᠢᠯᠭᠡ᠎ᠶᠢ ᠬᠥᠭᠵᠢᠭᠡᠵᠦ᠂ ᠤᠯᠠᠨ᠎ᠤ ᠤᠯᠠᠨ ᠡᠰᠢᠲᠦ ᠨᠣᠮ ᠤᠩᠰᠢᠬᠤ ᠬᠡᠷᠡᠭᠴᠡᠭᠡ᠎ᠶᠢ ᠬᠠᠩᠭᠠᠵᠤ ᠪᠠᠢᠨ᠎ᠠ᠃
ᠦᠬᠠᠢ ᠬᠣᠲᠠ ᠪᠠᠰᠠ ᠡᠯ᠎ᠡ ᠲᠣᠭᠣᠷᠢᠭ᠋᠎ᠤᠨ 《ᠪᠢᠴᠢᠭ᠎ᠤᠨ ᠰᠤᠷᠪᠤᠯᠵᠢ᠎ᠳᠤ ᠦᠬᠠᠢ ᠬᠠᠢᠷᠤᠪ᠎ᠤᠨ ᠲᠣᠬᠣᠢ ᠳ᠋ᠡᠬᠢ ᠪᠤᠯᠵᠤᠭ᠎ᠠ》᠂ 《ᠤᠯᠠᠭᠠᠨ ᠪᠤᠷᠭᠠᠰᠤᠨ᠎ᠤ ᠤᠩᠰᠢᠯᠭ᠎ᠠ ᠪᠠ ᠬᠤᠪᠢᠶᠠᠯᠴᠠᠯ》᠂ 《ᠤᠮᠠᠷᠠᠲᠤ᠎ᠶᠢᠨ ᠬᠠᠢᠨᠠᠨ ᠳ᠋ᠤ ᠨᠣᠮ᠎ᠤᠨ ᠦᠨᠦᠷ ᠬᠠᠩᠬᠤᠯᠵᠤ·ᠪᠥᠬᠥ ᠠᠷᠠᠳ᠎ᠢᠶᠠᠷ᠎ᠢᠶᠠᠨ ᠨᠣᠮ ᠤᠩᠰᠢᠬᠤ》ᠵᠡᠷᠭᠡ ᠬᠠᠷᠢᠶ᠎ᠠ ᠣᠷᠣᠨ᠎ᠤ ᠲᠥᠷᠥᠯ ᠲᠡᠮᠳᠡᠭ ᠢ᠋ ᠪᠣᠢᠵᠢᠭᠤᠯᠤᠨ ᠡᠭᠦᠳᠬᠦ᠎ᠶᠢ ᠢᠳᠡᠪᠬᠢᠲᠡᠢ ᠠᠬᠢᠭᠤᠯᠵᠤ᠂ 《ᠰᠠᠷ᠎ᠠ ᠪᠦᠷᠢ ᠭᠣᠣᠯ ᠰᠡᠳᠦᠪ᠎ᠲᠠᠢ᠂ ᠭᠠᠷᠠᠭ ᠪᠦᠷᠢ ᠬᠥᠳᠡᠯᠭᠡᠭᠡᠨ᠎ᠲᠠᠢ᠂ ᠡᠳᠦᠷ ᠪᠦᠷᠢ ᠲᠠᠭᠤᠨ᠎ᠲᠠᠢ》 ᠪᠣᠯᠭᠠᠬᠤ᠎ᠪᠠᠷ ᠴᠢᠷᠮᠠᠢᠵᠤ ᠪᠠᠢᠨ᠎ᠠ᠃
《ᠪᠦᠬᠦ ᠠᠷᠠᠳ᠎ᠢᠶᠠᠷ᠎ᠢᠶᠠᠨ ᠨᠣᠮ ᠤᠩᠰᠢᠬᠤ·ᠪᠢᠴᠢᠭ᠎ᠤᠨ ᠰᠤᠷᠪᠤᠯᠵᠢ᠎ᠳᠤ ᠦᠬᠠᠢ》 ᠰᠣᠶᠣᠯ᠎ᠤᠨ ᠲᠦᠷᠦᠯ ᠲᠡᠮᠳᠡᠭ᠎ᠦᠨ ᠪᠠᠢᠭᠤᠯᠤᠯᠲᠠ ᠭᠦᠨᠵᠡᠭᠡᠢᠷᠡᠨ ᠠᠬᠢᠬᠤ᠎ᠶᠢ ᠳᠠᠭᠠᠯᠳᠤᠨ᠂ ᠨᠣᠮ ᠤᠩᠰᠢᠬᠤ ᠨᠢ ᠦᠬᠠᠢ᠎ᠵᠢᠨ ᠨᠡᠩ ᠤᠯᠠᠨ ᠬᠤᠲᠠ᠎ᠵᠢᠨ ᠠᠷᠠᠳ᠎ᠤᠨ ᠠᠮᠢᠳᠤᠷᠠᠯ᠎ᠤᠨ ᠠᠷᠭ᠎ᠠ ᠬᠡᠯᠪᠡᠷᠢ ᠪᠣᠯᠵᠤ᠂ ᠨᠣᠮᠪᠢᠴᠢᠭ ᠨᠢ ᠡᠨᠡ ᠬᠦ᠌ ᠬᠤᠳᠠ᠎ᠶᠢᠨ ᠨᠡᠩ ᠢᠯᠡ ᠲᠣᠳᠣ᠌ ᠰᠣᠶᠣᠯ᠎ᠤᠨ ᠥᠩᠭᠡ ᠪᠤᠳᠤᠭ ᠪᠣᠯᠵᠤ ᠪᠠᠢᠨ᠎ᠠ᠃