《ᠪᠣᠳᠠᠰ᠎ᠤᠨ ᠪᠤᠰᠤ ᠰᠣᠶᠣᠯ᠎ᠤᠨ ᠥᠪ》 ᠪᠤᠯᠤᠬᠰᠠᠨ ᠦ ᠲᠠᠷᠠᠭᠠᠬᠢ ᠠᠩᠬᠠᠳᠠᠭ᠍ᠴᠢ ᠴᠠᠭᠠᠨ ᠰᠠᠷ᠎ᠠ ᠬᠦᠷᠴᠦ ᠢᠷᠡᠭᠰᠡᠨ᠎ᠢᠶᠡᠷ ᠤᠯᠠᠮᠵᠢᠯᠠᠯᠲᠤ ᠴᠠᠭᠠᠨ ᠰᠠᠷ᠎ᠠ᠎ᠶᠢᠨ ᠦᠨᠦᠷ ᠠᠮᠲᠠ ᠪᠦᠬᠦᠢ ᠪᠣᠳᠠᠰ᠎ᠤᠨ ᠪᠤᠰᠤ ᠰᠣᠶᠣᠯ᠎ᠤᠨ ᠥᠪ᠎ᠨᠢ ᠬᠥᠮᠥᠰ᠎ᠦᠨ ᠠᠩᠬᠠᠷᠤᠯ᠎ᠢ ᠨᠠᠩ ᠲᠠᠲᠠᠵᠤ᠂ ᠡᠯ᠎ᠡ ᠭᠠᠵᠠᠷ᠎ᠤᠨ ᠬᠢᠨ ᠠᠯᠢ ᠣᠯᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠠᠵᠢᠯᠯᠠᠭ᠎ᠠ ᠵᠢ ᠦᠷᠨᠢᠬᠦᠯᠦᠭᠰᠡᠨ ᠪᠠ ᠰᠢᠨ᠎ᠡ᠎ᠶᠢ ᠡᠭᠦᠳᠬᠦ ᠤᠬᠠᠭᠤᠯᠭ᠎ᠠ᠎ᠶᠢᠨ ᠠᠷᠭ᠎ᠠ ᠬᠡᠯᠪᠡᠷᠢ ᠵᠢ ᠠᠪᠴᠤ᠂ ᠮᠣᠭᠠᠢ ᠵᠢᠯ᠎ᠤᠨ ᠴᠠᠭᠠᠨ ᠰᠠᠷ᠎ᠠ᠎ᠶᠢᠨ ᠠᠭᠤᠷ ᠠᠮᠢᠰᠬᠤᠯ᠎ᠢ ᠨᠡᠩ ᠦᠳᠭᠡᠷᠡᠭᠦᠯᠵᠦ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠤᠨᠴᠠ ᠵᠢᠨ ᠬᠥᠭᠵᠢᠶᠡᠨ ᠲᠡᠢ ᠪᠣᠯᠭᠠᠪᠠ᠃
ᠲᠦᠩᠯᠢᠶᠣᠣ ᠬᠣᠲᠠ ᠵᠢᠨ ᠬᠢᠨ ᠴᠠᠭᠠᠨ ᠰᠠᠷ᠎ᠠ᠎ᠶᠢᠨ ᠰᠣᠶᠣᠯ᠎ᠤᠨ ᠦᠪᠡᠳᠡᠭᠰᠢ ᠨᠠᠢᠷ᠎ᠢ ᠨᠠᠷᠢᠨ ᠨᠢᠮᠪᠠᠢ ᠪᠡᠯᠡᠳᠬᠡᠪᠡ᠃ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ ᠠᠯᠢ ᠣᠯᠠᠨ ᠡᠯᠪᠡᠭ ᠪᠠᠶᠠᠯᠢᠭ᠋ ᠠᠵᠢᠯᠯᠠᠭ᠎ᠠ᠎ᠶᠢ ᠤᠬᠠᠭᠠᠯᠠᠭᠰᠡᠨᠢᠶᠡᠷ ᠪᠠᠷᠠᠬᠤ ᠦᠭᠡᠢ ᠪᠠᠰᠠ ᠭᠣᠢᠳᠠ ᠰᠠᠢᠬᠠᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠲᠣᠬᠢᠷᠠᠭᠤᠯᠵᠤ᠂ ᠥᠷᠭᠡᠨ ᠣᠯᠠᠨ ᠬᠣᠲᠠ᠎ᠶᠢᠨ ᠠᠷᠠᠳ ᠪᠣᠯᠣᠨ ᠵᠢᠭᠤᠯᠴᠢᠯᠠᠭᠰᠡᠳ᠎ᠢ ᠪᠣᠳᠠᠰ᠎ᠤᠨ ᠪᠤᠰᠤ ᠰᠣᠶᠣᠯ᠎ᠤᠨ ᠥᠪ ᠦᠨ ᠭᠦᠨ ᠵᠤᠵᠠᠭᠠᠨ ᠠᠭᠤᠷ ᠠᠮᠢᠰᠬᠤᠯ᠎ᠤᠨ ᠳᠤᠮᠳᠠ᠂ ᠴᠠᠭᠠᠨ ᠰᠠᠷ᠎ᠠ᠎ᠶᠢᠨ ᠦᠨᠦᠷ ᠠᠮᠲᠠ᠂ ᠰᠣᠶᠣᠯ᠎ᠤᠨ ᠦᠨᠦᠷ ᠠᠮᠲᠠ᠎ᠪᠠᠷ ᠪᠢᠯᠬᠠᠮ᠎ᠠ ᠪᠠᠶᠠᠷ ᠬᠥᠷ᠎ᠲᠠᠢ ᠴᠠᠭᠠᠨ ᠰᠠᠷ᠎ᠠ ᠵᠢ ᠬᠠᠮᠲᠤ᠎ᠪᠠᠷ ᠥᠩᠭᠡᠷᠡᠭᠦᠯᠬᠦ᠎ᠪᠡᠷ ᠴᠢᠷᠮᠠᠢᠭᠰᠠᠨ ᠪᠠᠢᠨ᠎ᠠ᠃
ᠶᠤᠸᠠᠢ ᠯᠠᠢ ᠾᠧ ᠰᠣᠶᠣᠯ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠵᠢᠨ ᠲᠣᠭᠣᠷᠢᠭ᠋᠎ᠲᠤ ᠬᠦᠳᠡᠷ᠎ᠤᠨ ᠬᠠᠢᠯᠤᠰᠢ ᠰᠠᠴᠤᠬᠤ᠂ ᠭᠠᠯᠲᠤ ᠬᠤᠪᠢᠩ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠡᠯᠭᠡᠨ ᠦᠵᠡᠭᠦᠯᠭᠡ ᠵᠢ ᠦᠷᠨᠢᠬᠦᠯᠪᠡ; ᠰᠢᠷᠠᠮᠦ᠋ᠷᠡᠨ ᠠᠭᠤᠳᠠᠮ ᠲᠠᠯᠠᠪᠠᠢ᠎ᠳᠤ ᠶᠠᠩᠭᠠᠷ ᠪᠥᠵᠢᠭ ᠪᠥᠵᠢᠭᠯᠡᠵᠦ᠂ ᠠᠷᠰᠯᠠᠨ ᠲᠤᠭᠯᠠᠭᠤᠯᠬᠤ ᠪᠦᠵᠢᠭ ᠪᠠ ᠯᠤᠤ ᠲᠤᠭᠯᠠᠭᠤᠯᠬᠤ ᠪᠦᠵᠢᠭ ᠪᠦᠵᠢᠭᠯᠡᠪᠡ; ᠬᠣᠰᠢᠭᠤ ᠰᠢᠶᠠᠨ ᠨᠡᠢᠭᠡᠮ ᠲᠣᠭᠣᠷᠢᠭ᠋᠎ᠲᠤ ᠴᠠᠭᠠᠰᠤᠨ ᠬᠠᠢᠴᠢᠯᠠᠮᠠᠯ᠂ ᠬᠠᠭᠠᠷᠢᠮᠠᠯ ᠵᠢᠷᠤᠭ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠷᠦᠯ ᠵᠦᠢᠯ᠎ᠢ ᠳᠡᠯᠭᠡᠨ ᠦᠵᠡᠭᠦᠯᠪᠡ ᠁ 《ᠪᠣᠳᠠᠰ ᠤᠨ ᠪᠤᠰᠤ ᠰᠣᠶᠣᠯ ᠤᠨ ᠥᠪ》 ᠪᠤᠯᠤᠬᠰᠠᠨᠦ ᠲᠠᠷᠠᠭᠠᠬᠢ ᠠᠩᠬᠠᠳᠠᠭ᠍ᠴᠢ ᠴᠠᠭᠠᠨ ᠰᠠᠷ᠎ᠠ ᠬᠦᠷᠴᠦ ᠢᠷᠡᠬᠦ ᠪᠡᠷ᠂ ᠠᠯᠢ ᠤᠯᠠᠨ ᠪᠣᠳᠠᠰ᠎ᠤᠨ ᠪᠤᠰᠤ ᠰᠣᠶᠣᠯ᠎ᠤᠨ ᠥᠪ ᠤ᠋ᠨ ᠠᠵᠢᠯᠯᠠᠭ᠎ᠠ ᠬᠣᠢᠨ᠎ᠠ ᠬᠣᠢᠨᠠᠡᠴᠠᠪᠠᠨ ᠶᠠᠪᠤᠭᠳᠠᠵᠤ᠂ ᠪᠠᠶᠠᠷ ᠬᠦᠷ᠎ᠲᠠᠢ ᠠᠭᠤᠷ ᠠᠮᠢᠰᠬᠤᠯ ᠨᠢ ᠴᠠᠭᠠᠨ ᠰᠠᠷ᠎ᠠ᠎ᠶᠢᠨ ᠦᠨᠦᠷ ᠠᠮᠲᠠ ᠵᠢ ᠤᠯᠠᠮ ᠥᠳᠬᠡᠷᠡᠭᠦᠯᠦᠭᠰᠡᠨ ᠪᠠᠢᠨ᠎ᠠ᠃
ᠪᠣᠳᠠᠰ᠎ᠤᠨ ᠪᠤᠰᠤ ᠰᠣᠶᠣᠯ᠎ᠤᠨ ᠥᠪ ᠦᠨ ᠦᠵᠡᠭᠦᠯᠭᠡ᠎ᠶᠢᠨ ᠠᠵᠢᠯᠯᠠᠭ᠎ᠠ᠎ᠡᠴᠡ ᠭᠠᠳᠠᠨ᠎ᠠ᠂ ᠲᠦᠩᠯᠢᠶᠣᠣ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠡᠴᠡ ᠪᠠᠰᠠ ᠤᠯᠠᠮᠵᠢᠯᠠᠯᠲᠤ ᠪᠠᠶᠠᠷ ᠤᠨ ᠡᠳᠦᠷ ᠦᠨ ᠰᠣᠶᠣᠯ᠎ᠤᠨ ᠠᠭᠤᠯᠬᠤᠨ᠎ᠢ ᠭᠦᠨᠵᠡᠭᠡᠢ ᠠᠭᠤᠳᠠᠯᠵᠤ᠂ ᠡᠯ᠎ᠡ ᠬᠣᠰᠢᠭᠤ ᠰᠢᠶᠠᠨ (ᠲᠣᠭᠣᠷᠢᠭ᠋) ᠲᠠᠢ ᠬᠠᠮᠲᠤᠷᠠᠨ ᠡᠯ᠎ᠡ ᠲᠥᠷᠥᠯ᠎ᠦᠨ ᠤᠷᠠᠨ ᠰᠠᠢᠬᠠᠨ᠎ᠤ ᠲᠣᠭᠯᠠᠯᠲᠠ᠂ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠲᠣᠭᠯᠠᠯᠲᠠ᠂ ᠤᠷᠠᠯᠢᠭ᠋᠎ᠤᠨ ᠪᠦᠲᠦᠭᠡᠯ᠎ᠦᠨ ᠦᠵᠡᠭᠦᠯᠭᠡ ᠵᠢᠴᠢ ᠣᠯᠠᠨ ᠲᠦᠮᠡᠨ᠎ᠦ ᠰᠣᠶᠣᠯ᠎ᠤᠨ ᠠᠵᠢᠯᠯᠠᠭ᠎ᠠ᠎ᠶᠢ ᠡᠷᠭᠢᠯᠡᠪᠡ᠃ ᠵᠢᠱ᠌ᠢᠶᠡᠯᠡᠪᠡᠯ ᠺᠠᠢᠯᠤ ᠰᠢᠶᠠᠨ᠎ᠤ ᠰᠢᠶᠣᠣ ᠵᠢᠶᠧ ᠵᠢᠢ ᠪᠠᠯᠭᠠᠰᠤᠨ᠎ᠤ ᠰᠢᠩ ᠯᠦᠩ ᠳᠢ ᠲᠣᠰᠬᠣᠨ᠎ᠤ ᠴᠠᠭᠠᠨ ᠰᠠᠷ᠎ᠠ ᠵᠢᠨ ᠦᠳᠡᠰᠢᠯᠡᠭᠡ ᠪᠤᠯᠤᠨ ᠰᠣᠶᠣᠯ᠎ᠤᠨ ᠣᠷᠳᠣᠨ᠎ᠳᠤ ᠪᠣᠳᠠᠰ᠎ᠤᠨ ᠪᠤᠰᠤ ᠰᠣᠶᠣᠯ᠎ᠤᠨ ᠥᠪ ᠢ ᠰᠣᠨᠢᠷᠬᠠᠬᠤ ᠠᠵᠢᠯᠯᠠᠭ᠎ᠠ᠂ ᠨᠠᠢ᠍ᠮᠠᠨ ᠬᠣᠰᠢᠭᠤᠨ᠎ᠤ ᠨᠣᠮ᠎ᠤᠨ ᠰᠠᠩ᠎ᠤᠨ ᠴᠠᠭᠠᠨ ᠰᠠᠷ᠎ᠠ᠎ᠪᠡᠨ ᠤᠭᠲᠤᠵᠤ ᠣᠷᠳᠣᠨ᠎ᠢᠶᠡᠷ ᠲᠤᠭᠤᠷᠢᠨ ᠦᠵᠡᠬᠦ ᠠᠵᠢᠯᠯᠠᠭ᠎ᠠ᠂ ᠤᠮᠠᠷᠠᠲᠤ ᠬᠢᠯᠢ᠎ᠶᠢᠨ ᠰᠣᠶᠣᠯ᠎ᠤᠨ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ᠎ᠤᠨ ᠦᠵᠡᠰᠬᠦᠯᠡᠩ ᠵᠡᠷᠭᠡ ᠨᠢ ᠬᠣᠲᠠ᠎ᠶᠢᠨ ᠠᠷᠠᠳ ᠪᠣᠯᠣᠨ ᠵᠢᠭᠤᠯᠴᠢᠯᠠᠭᠰᠡᠳ᠎ᠲᠤ ᠤᠯᠠᠮᠵᠢᠯᠠᠯᠲᠤ ᠪᠠᠶᠠᠷ᠎ᠤᠨ ᠡᠳᠦᠷ᠎ᠦᠨ ᠷᠢᠳᠢ ᠰᠢᠳᠢ᠎ᠶᠢ ᠪᠦᠬᠦ ᠲᠠᠯ᠎ᠠ᠎ᠪᠠᠷ ᠮᠡᠳᠡᠷᠡᠭᠦᠯᠪᠡ᠃
ᠲᠦᠩᠯᠢᠶᠣᠣ ᠬᠣᠲᠠ ᠪᠠᠰᠠ 《ᠪᠠᠷᠠᠭᠤᠨ ᠯᠢᠶᠣᠤᠾᠧ ᠭᠣᠣᠯ᠎ᠤᠨ ᠬᠥᠪᠡᠭᠡ·ᠪᠣᠯᠪᠠᠰᠤᠨ᠎ᠤ ᠦᠷ᠎ᠦᠨ ᠲᠤᠶᠠᠭ᠎ᠠ》 ᠪᠣᠳᠠᠰ ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠵᠢᠭᠤᠯᠴᠢᠯᠠᠯ᠎ᠤᠨ ᠵᠠᠮ ᠱᠤᠭᠤᠮ ᠢ ᠲᠤᠬᠢᠷᠠᠭᠤᠯᠪᠠ᠃ ᠡᠲᠡᠭᠡᠷ ᠵᠢᠭᠤᠯᠴᠢᠯᠠᠯ ᠤᠨ ᠵᠠᠮ ᠱᠤᠭᠤᠮ ᠨᠢ ᠬᠣᠷᠴᠢᠨ ᠠᠷᠠᠳ᠎ᠤᠨ ᠵᠠᠩ ᠦᠶ᠋ᠯᠡ ᠲᠡᠦᠬᠡ ᠰᠣᠶᠣᠯ᠎ᠤᠨ ᠬᠦᠷᠢᠶᠡᠯᠡᠩ᠂ ᠬᠦᠷᠢᠶ᠎ᠡ ᠬᠤᠰᠢᠭᠤᠨ᠎ᠤ ᠭᠤᠷᠪᠠᠨ ᠶᠡᠬᠡ ᠰᠦᠮ᠎ᠡ᠂ ᠨᠠᠢ᠍ᠮᠠᠨ ᠸᠠᠩ᠎ᠤᠨ ᠣᠷᠳᠣᠨ ᠵᠡᠷᠭᠡ ᠭᠣᠣᠯ ᠦᠵᠡᠮᠵᠢ᠎ᠶᠢᠨ ᠣᠷᠣᠨ᠎ᠢ ᠬᠣᠯᠪᠣᠵᠤ᠂ ᠬᠣᠲᠠ᠎ᠶᠢᠨ ᠠᠷᠠᠳ ᠪᠣᠯᠣᠨ ᠵᠢᠭᠤᠯᠴᠢᠯᠠᠭᠰᠡᠳ᠎ᠤᠨ ᠭᠠᠳᠠᠭ᠍ᠰᠢ ᠭᠠᠷᠴᠤ ᠵᠢᠭᠤᠯᠴᠢᠯᠠᠬᠤ᠎ᠳᠤ ᠨᠠᠩ ᠣᠯᠠᠨ ᠰᠣᠩᠭᠣᠯᠲᠠ ᠬᠠᠩᠭᠠᠭᠰᠠᠨ ᠪᠠᠢᠨ᠎ᠠ᠃
ᠪᠠᠶᠠᠷ᠎ᠤᠨ ᠡᠳᠦᠷ᠎ᠡᠴᠡ ᠡᠮᠦᠨ᠎ᠡ ᠂ ᠲᠦᠩᠯᠢᠶᠣᠣ ᠬᠤᠳᠠ᠎ᠶᠢᠨ ᠰᠢᠷᠠᠮᠥ᠋ᠷᠡᠨ ᠠᠭᠤᠳᠠᠮ ᠲᠠᠯᠠᠪᠠᠢ᠎ᠳᠤ ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠨᠠ᠎ᠶᠢᠨ ᠪᠠᠷᠠᠭ᠎ᠠ᠎ᠶᠢᠨ ᠳᠡᠯᠭᠡᠨ ᠪᠣᠷᠣᠯᠠᠭᠤᠯᠬᠤ ᠠᠵᠢᠯᠯᠠᠭ᠎ᠠ ᠬᠦᠷ ᠬᠥᠭᠵᠢᠶᠡᠨ᠎ᠲᠠᠢ ᠶᠠᠪᠤᠭᠳᠠᠵᠤ᠂ ᠲᠦᠩᠯᠢᠶᠣᠣ ᠬᠤᠳᠠ᠎ᠶᠢᠨ ᠪᠣᠷᠴᠠ᠂ ᠴᠠᠭᠠᠨ ᠢᠳᠡᠭᠡᠨ᠂ ᠪᠤᠷᠴᠠᠭ᠎ᠲᠤ ᠨᠠᠩᠬᠢ ᠪᠣᠣᠪᠣ ᠵᠡᠷᠭᠡ ᠣᠨᠴᠠᠯᠢᠭ᠍ᠲᠤ ᠵᠢᠭᠤᠯᠴᠢᠯᠠᠯ᠎ᠤᠨ ᠲᠠᠸᠠᠷ ᠨᠢ ᠬᠤᠳᠠ᠎ᠶᠢᠨ ᠠᠷᠠᠳ ᠪᠣᠯᠣᠨ ᠵᠢᠭᠤᠯᠴᠢᠯᠠᠭᠰᠡᠳ᠎ᠤᠨ ᠬᠦᠷᠢᠶᠡᠯᠡᠯ᠎ᠢ ᠣᠯᠵᠤ᠂ ᠮᠠᠰᠢ ᠤᠯᠠᠨ ᠬᠦᠮᠦᠰ ᠬᠤᠳᠠᠯᠳᠤᠨ ᠠᠪᠴᠤ᠂ ᠴᠠᠭᠠᠨ ᠰᠠᠷ᠎ᠠ᠎ᠶᠢᠨ ᠰᠢᠨ᠎ᠡ ᠵᠢᠨ ᠪᠠᠷᠠᠭ᠎ᠠ ᠵᠢᠨ ᠲᠦᠷᠦᠯ ᠵᠦᠢᠯ᠎ᠢ ᠪᠠᠶᠠᠯᠢᠭᠵᠢᠭᠤᠯᠪᠠ᠃
ᠣᠢᠯᠠᠭᠠᠭᠰᠠᠨ᠎ᠢᠶᠠᠷ᠂ ᠡᠨᠡ ᠵᠢᠯ᠎ᠦᠨ ᠴᠠᠭᠠᠨ ᠰᠠᠷ᠎ᠠ᠎ᠶᠢᠨ ᠬᠤᠭᠤᠴᠠᠭᠠᠨ᠎ᠳᠤ᠂ ᠲᠦᠩᠯᠢᠶᠣᠣ ᠬᠣᠲᠠ ᠵᠢᠨ ᠬᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠨᠠ᠎ᠶᠢᠨ ᠪᠠᠷᠠᠭ᠎ᠠ ᠬᠤᠳᠠᠯᠳᠤᠨ ᠠᠪᠬᠤ ᠨᠠᠢᠷ᠎ᠤᠨ ᠲᠤᠬᠢᠶᠠᠯ᠎ᠢ ᠠᠰᠢᠭ᠍ᠯᠠᠨ᠂ ᠢᠳᠡᠬᠡᠨ ᠤᠮᠳᠠᠭᠠᠨ᠂ ᠬᠤᠨᠤᠭ ᠪᠠᠭᠤᠳᠠᠯ᠂ ᠶᠠᠪᠤᠵᠤ ᠰᠠᠭᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠴᠡᠩᠭᠡᠬᠦ ᠵᠡᠷᠭᠡ ᠵᠠᠩᠭᠢᠯᠠᠭ᠎ᠠ᠎ᠶᠢᠨ ᠬᠦᠴᠦᠨ ᠵᠦᠢᠯ᠎ᠦᠨ ᠲᠣᠭᠣᠷᠢᠨ᠎ᠳᠤ᠂ ᠦᠵᠡᠮᠵᠢ᠎ᠶᠢᠨ ᠣᠷᠣᠨ᠂ ᠵᠡᠭᠡᠯᠢ ᠵᠢᠨ ᠲᠣᠭᠣᠷᠢᠭ᠋᠂ ᠢᠳᠡᠭᠡᠨ ᠤᠮᠳᠠᠭᠠᠨ᠂ ᠬᠤᠳᠠᠯᠳᠤᠭ᠎ᠠ ᠬᠠᠮ ᠳᠡᠯᠭᠡᠭᠦᠷ ᠵᠡᠷᠭᠡ ᠣᠯᠠᠨ ᠵᠦᠢᠯ᠎ᠦᠨ ᠡᠵᠡᠩᠨᠡᠯᠲᠡ᠎ᠶᠢᠨ ᠴᠤᠬᠴᠨ᠎ᠲᠠᠢ ᠬᠣᠯᠪᠤᠭᠠᠯᠠᠨ᠂ ᠣᠯᠠᠨ ᠵᠦᠢᠯ᠎ᠦᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ ᠨᠡᠢᠲᠡᠯᠡᠵᠦ᠂ ᠵᠢᠭᠤᠯᠴᠢᠯᠠᠭ᠍ᠰᠡᠳ᠎ᠲᠤ ᠦᠨᠡᠨ ᠪᠤᠲᠠᠲᠠᠢ ᠠᠰᠢᠭ᠋ ᠬᠦᠷᠲᠡᠭᠡᠬᠦ ᠪᠠ ᠲᠥᠬᠥᠮ ᠦᠵᠡᠭᠦᠯᠬᠦ᠎ᠶᠢ ᠦᠨᠡᠨ ᠬᠦ᠌ ᠪᠠᠲᠤᠯᠠᠵᠤ ᠂ ᠴᠠᠭᠠᠨ ᠰᠠᠷ᠎ᠠ᠎ᠶᠢᠨ ᠪᠠᠶᠠᠷᠲᠤ ᠠᠮᠢᠵᠢᠷᠠᠯ᠎ᠤᠨ ᠬᠦᠴᠦᠨ ᠨᠡᠮᠡᠷᠢᠯᠡᠪᠡ᠃