ᠤᠯᠠᠭᠠᠨᠬᠠᠳᠠ᠎ᠶᠢᠨ ᠮᠦᠽᠧᠢ᠎ᠳᠦ ᠰᠣᠶᠣᠯ᠎ᠤᠨ ᠦᠪᠡᠳᠡᠭᠰᠢ ᠨᠠᠢᠷ᠎ᠪᠤᠯᠪᠠ
2025-02-06 16:16:20
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠶᠢᠨ ᠰᠢᠨ᠎ᠡ᠎ᠶᠢᠨ ᠭᠤᠷᠪᠠᠨ᠎ᠳᠤ ᠤᠯᠠᠭᠠᠨᠬᠠᠳᠠ᠎ᠶᠢᠨ ᠮᠦᠽᠧᠢ᠎ᠳᠦ ᠬᠥᠷ ᠬᠥᠭᠵᠢᠶᠡᠨ᠎ᠢᠶᠡᠷ ᠪᠢᠯᠬᠠᠵᠤ ᠪᠠᠢᠯ᠎ᠠ᠃ 24 ᠮᠣᠭᠠᠢ᠎ᠵᠢᠯ ᠲᠠᠢ ᠬᠣᠲᠠ᠎ᠶᠢᠨ ᠠᠷᠠᠳ 2 ᠳᠤᠭᠤᠢᠯᠠᠩ ᠪᠤᠯᠵᠤ᠂ ᠪᠢᠷ ᠪᠠᠷᠢᠵᠤ᠂ ᠬᠠᠮᠲᠤ᠎ᠪᠠᠷ 《ᠰᠢᠳᠢᠲᠦ ᠮᠤᠭᠠᠢ ᠬᠡᠰᠢᠭ ᠬᠤᠷᠤᠢᠯᠠᠬᠤ》 ᠪᠠ 《ᠠᠷᠪᠠᠨ ᠬᠣᠶᠠᠷ ᠵᠢᠯ ᠡᠷᠳᠡᠨᠢ ᠡᠷᠭᠦᠭᠰᠡᠨ》 ᠬᠣᠶᠠᠷ ᠵᠢᠷᠤᠭ᠎ᠢ ᠵᠢᠷᠤᠵᠤ ᠭᠠᠷᠭᠠᠬᠰᠠᠨ ᠪᠠᠢᠨ᠎ᠠ᠃ 2 ᠴᠠᠭ ᠭᠠᠷᠤᠢ ᠴᠠᠭ ᠬᠡᠷᠡᠭᠰᠡᠵᠦ᠂ ᠠᠮᠢᠳᠤ ᠳᠦᠷᠰᠦᠯᠢᠭ ᠵᠢᠷᠤᠭᠰᠠᠨ ᠬᠣᠶᠠᠷ ᠵᠢᠷᠤᠭ᠎ᠢ ᠦᠵᠡᠭᠴᠢᠳ ᠲᠤ᠌ ᠳᠡᠯᠭᠡᠨ ᠦᠵᠡᠭᠦᠯᠪᠡ᠃

《ᠴᠠᠭᠠᠨ ᠰᠠᠷ᠎ᠠ᠎ᠡᠴᠡ ᠡᠮᠦᠨ᠎ᠡ᠂ ᠡᠵᠢ ᠨᠠᠳᠠ᠎ᠳᠤ ᠮᠦᠽᠧᠢ᠎ᠳᠦ 〈ᠮᠣᠭᠠᠢ ᠵᠢᠷᠤᠵᠤ ᠬᠡᠰᠢᠭ ᠬᠤᠷᠤᠢᠯᠠᠬᠤ  ᠥᠯᠵᠡᠢᠲᠦ ᠵᠢᠷᠤᠭ᠎ᠢ ᠬᠠᠮᠲᠤ᠎ᠪᠠᠷ ᠵᠢᠷᠤᠬᠤ 〉 ᠠᠵᠢᠯᠯᠠᠭ᠎ᠠ ᠶᠠᠪᠤᠭᠳᠠᠨ᠎ᠠ ᠭᠡᠵᠦ ᠬᠡᠯᠡᠵᠦ ᠥᠭᠭᠦᠭᠰᠡᠨ᠂ ᠶᠠᠭ ᠰᠠᠢᠬᠠᠨ ᠡᠨᠡ ᠵᠢᠯ᠎ᠦᠨ ᠴᠠᠭᠠᠨ ᠰᠠᠷ᠎ᠠ᠎ᠳᠤ ᠮᠠᠨᠠᠢᠬᠢᠨ ᠤᠯᠠᠭᠠᠨᠬᠠᠳᠠ᠎ᠳᠤ ᠦᠯᠡᠳᠡᠵᠦ ᠰᠢᠨᠡᠯᠡᠭᠰᠡᠨ ᠪᠤᠯᠬᠤᠷ ᠪᠢ ᠡᠵᠢ ᠪᠡᠷ ᠎ᠵᠢᠡᠨ ᠠᠯᠢ ᠡᠷᠲᠡ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠡᠢ᠃ ᠵᠢᠯ ᠤᠷᠤᠬᠤ ᠳ᠋ᠡᠭᠠᠨ ᠡᠢᠮᠦ ᠤᠳᠬ᠎ᠠ ᠠᠭᠤᠯᠭ᠎ᠠ᠎ᠲᠠᠢ ᠬᠥᠳᠡᠯᠭᠡᠭᠡᠨ᠎ᠳᠦ ᠣᠷᠣᠯᠴᠠᠭᠰᠠᠨ ᠨᠢ ᠨᠠᠳᠠ ᠳ᠋ᠤ ᠬᠦᠨ ᠰᠠᠭᠤᠭᠳᠠᠯ ᠦᠯᠡᠳᠡᠵᠤ ᠮᠠᠰᠢ ᠰᠠᠢᠨ ᠲᠥᠷᠥᠭᠳᠡᠯ ᠦᠭᠴᠡᠢ》᠃ 13 ᠨᠠᠰᠤᠲᠠᠢ ᠸᠠᠩ ᠵᠸ᠂ ᠮᠠᠨ᠎ᠤ ᠵᠢᠷᠤᠭ᠎ᠢ ᠪᠠᠰᠠ ᠮᠦᠽᠧᠢ᠎ᠳᠦ ᠳᠡᠯᠭᠡᠨ ᠦᠵᠡᠭᠦᠯᠵᠦ᠂ ᠬᠤᠳᠠ᠎ᠶᠢᠨ ᠠᠷᠠᠳ᠎ᠲᠤ ᠰᠣᠨᠢᠷᠬᠠᠭᠤᠯᠵᠤ ᠪᠠᠢᠨ᠎ᠠ ᠬᠡᠵᠦ ᠣᠮᠣᠭ ᠪᠠᠬᠠᠳᠤᠯ ᠲᠠᠢ ᠶᠠᠷᠢᠵᠤ  ᠪᠠᠢᠯ᠎ᠠ᠃

《ᠡᠨᠡ ᠬᠣᠶᠠᠷ ᠵᠢᠷᠤᠭ᠎ᠢ ᠮᠦᠽᠧᠢ᠎ᠳᠦ ᠬᠠᠳᠠᠭᠠᠯᠠᠵᠤ ᠪᠠᠢᠭ᠎ᠠ 〈ᠪᠠᠢᠯᠳᠤᠭᠠᠨᠲᠤ ᠤᠯᠤᠰ᠎ᠤᠨ ᠬᠦᠷᠡᠯ ᠬᠤᠪᠢᠩ〉 ᠪᠣᠯᠣᠨ 〈ᠠᠷᠪᠠᠨ ᠬᠣᠶᠠᠷ ᠵᠢᠯ᠎ᠦᠨ᠎ᠵᠣᠭᠣᠰ〉 ᠭᠡᠬᠦ ᠬᠣᠶᠠᠷ ᠲᠡᠦᠬᠡ᠎ᠶᠢᠨ ᠳᠤᠷᠠᠰᠬᠠᠯᠲᠤ ᠵᠦᠢᠯᠡᠰ᠎ᠢᠶᠡᠷ ᠡᠬᠡ ᠳᠡᠪᠲᠡᠷ ᠪᠣᠯᠭᠠᠵᠤ ᠵᠢᠷᠤᠵᠤ ᠲᠥᠯᠥᠪᠯᠡᠭᠰᠡᠨ ᠶᠤᠮ᠃ ᠣᠷᠢᠶᠠᠩᠭᠤ ᠬᠡ᠎ᠶᠢ ᠪᠠᠰᠠ〈ᠮᠣᠭᠠᠢ᠎ᠶᠢᠨ ᠬᠡ〉 ᠭᠡᠳᠡᠭ᠂ 〈ᠪᠠᠢᠯᠳᠤᠭᠠᠨᠲᠤ ᠤᠯᠤᠰ᠎ᠤᠨ ᠬᠦᠷᠡᠯ ᠬᠤᠪᠢᠩ〉᠎ᠤ᠋ᠨ ᠪᠡᠶ᠎ᠡ ᠳᠡᠭᠡᠷᠡᠬᠢ ᠣᠷᠢᠶᠠᠩᠭᠤ ᠬᠡ ᠨᠢ ᠬᠣᠶᠠᠷ ᠪᠤᠶᠤ ᠬᠣᠶᠠᠷ᠎ᠡᠴᠡ ᠳᠡᠭᠡᠭᠰᠢ ᠵᠢᠵᠢᠭ ᠮᠣᠭᠠᠢ ᠬᠠᠷᠢᠯᠴᠠᠨ ᠣᠷᠢᠶᠠᠯᠳᠤᠵᠤ᠂ ᠬᠡ ᠤᠭᠠᠯᠵᠠ᠎ᠶᠢᠨ ᠨᠢᠭᠡ ᠨᠢᠭᠡᠴᠢ᠎ᠶᠢ ᠪᠦᠷᠢᠯᠳᠦᠬᠦᠯᠳᠡᠭ;〈ᠠᠷᠪᠠᠨ ᠬᠣᠶᠠᠷ ᠵᠢᠯ᠎ᠦᠨ ᠵᠣᠭᠣᠰ〉 ᠨᠢ ᠲᠤᠮᠳᠠ ᠪᠠᠨ ᠳᠥᠷᠪᠡᠯᠵᠢᠨ ᠨᠦᠬᠡ᠎ᠲᠠᠢ ᠲᠣᠭᠣᠷᠢᠭ᠋ ᠬᠡᠯᠪᠡᠷᠢ ᠲᠠᠢ ᠪᠠᠢᠵᠤ᠂ ᠡᠷᠲᠡᠨ᠎ᠦ ᠲᠡᠭᠷᠢ ᠲᠥᠭᠥᠷᠢᠭ ᠭᠠᠵᠠᠷ ᠳᠦᠷᠪᠡᠯᠵᠢᠨ ᠭᠡᠬᠦ ᠤᠯᠠᠮᠵᠢᠯᠠᠯᠲᠤ ᠣᠷᠴᠢᠯᠠᠩ᠎ᠤᠨ ᠦᠵᠡᠯᠲᠡ᠎ᠶᠢ ᠢᠯᠡᠷᠭᠡᠢᠯᠠᠵᠤ᠂ ᠳᠡᠭᠡᠷ᠎ᠡ ᠨᠢ ᠠᠷᠪᠠᠨ ᠬᠣᠶᠠᠷ ᠵᠢᠯ᠎ᠦᠨ ᠬᠡ ᠤᠭᠠᠯᠵᠠ᠎ᠪᠡᠷ ᠴᠢᠮᠡᠭᠯᠡᠵᠦ᠂ ᠮᠣᠭᠠᠢ ᠨᠢ ᠮᠤᠷᠤᠯᠵᠠᠨ ᠤᠷᠢᠶᠠᠯᠳᠤᠵᠤ ᠂ ᠤᠶᠠᠨ ᠬᠠᠲᠠᠨ ᠪᠠᠢᠬᠤ ᠵᠢ ᠢᠯᠡᠳᠭᠡᠳᠡᠭ᠃ ᠤᠯᠠᠭᠠᠨᠬᠠᠳᠠ᠎ᠶᠢᠨ ᠮᠦᠽᠧᠢ᠎ᠶᠢᠨ ᠨᠡᠢᠭᠡᠮ᠎ᠦᠨ ᠬᠥᠮᠦᠵᠢᠯ᠎ᠦᠨ ᠬᠡᠯᠳᠡᠰ᠎ᠤᠨ ᠳᠡᠳ᠋ ᠡᠷᠬᠢᠯᠡᠭᠴᠢ ᠱᠣ᠌ ᠸᠸᠨ᠄ ᠪᠢᠳᠠ ᠡᠨᠡ ᠬᠣᠶᠠᠷ ᠪᠦᠲᠦᠭᠡᠯ᠎ᠢᠶᠡᠷ ᠳᠠᠮᠵᠢᠭᠤᠯᠤᠨ ᠣᠯᠠᠨ᠎ᠤ ᠮᠤᠭᠠᠢ ᠵᠢᠯ ᠳ᠋ᠡᠭᠡᠨ ᠠᠵᠠ ᠵᠢᠷᠭᠠᠯ ᠲᠠᠢ᠂ ᠪᠠᠶᠠᠨ ᠡᠷᠬᠢᠮ ᠦᠯᠵᠡᠢ ᠪᠡᠯᠭᠡ ᠲᠠᠢ ᠶᠠᠪᠤᠬᠤ ᠵᠢ ᠵᠦᠨᠭᠨᠡᠨ ᠪᠡᠯᠭᠡᠳᠡᠵᠦ ᠪᠠᠢᠨ᠎ᠠ  ᠭᠡᠵᠤ ᠪᠠᠢᠯ᠎ᠠ᠃

ᠮᠦᠽᠧᠢ᠎ᠲᠤᠭᠤᠷᠢᠵᠤ ᠰᠢᠨᠡᠯᠡᠬᠦ ᠪᠡᠷ ᠴᠠᠭᠠᠨ ᠰᠠᠷ᠎ᠠ᠎ᠶᠢᠨ ᠦᠨᠦᠷ ᠠᠮᠲᠠ ᠨᠢ ᠨᠠᠩ ᠰᠣᠶᠣᠯ᠎ᠤᠨ ᠦᠨᠦᠷ ᠠᠮᠲᠠ᠎ᠲᠠᠢ ᠪᠤᠯᠵᠠᠢ᠃ ᠮᠣᠭᠠᠢ ᠵᠢᠯ᠎ᠦᠨ ᠴᠠᠭᠠᠨ ᠰᠠᠷ᠎ᠠ᠎ᠤᠯᠠᠭᠠᠨᠬᠠᠳᠠ᠎ᠶᠢᠨ ᠮᠦᠽᠧᠢ ᠨᠢ ᠬᠣᠲᠠ᠎ᠶᠢᠨ ᠠᠷᠠᠳ᠎ᠲᠤ ᠠᠯᠢ ᠣᠯᠠᠨ ᠴᠠᠭᠠᠨ ᠰᠠᠷ᠎ᠠ ᠵᠢᠨ ᠦᠨᠦᠷ ᠠᠮᠲᠠ᠎ᠪᠠᠷ ᠥᠳᠬᠡᠨ᠂ ᠬᠠᠴᠢᠨ ᠰᠣᠨᠢᠷᠬᠠᠯᠲᠡᠢ ᠭᠣᠢᠳᠠ ᠰᠠᠢᠬᠠᠨ ᠠᠵᠢᠯᠯᠠᠭ᠎ᠠ ᠪᠡᠯᠡᠳᠬᠡᠪᠡ᠃

1 ᠰᠠᠷ᠎ᠠ᠎ᠶᠢᠨ 22 ᠎ᠡᠴᠡ 1 ᠰᠠᠷ᠎ᠠ᠎ᠶᠢᠨ 25 ᠎ᠤ᠋ ᠡᠳᠦᠷ ᠪᠣᠯᠲᠠᠯ᠎ᠠ᠂ ᠤᠯᠠᠭᠠᠨᠬᠠᠳᠠ᠎ᠶᠢᠨ ᠮᠦᠽᠧᠢ 《ᠴᠠᠭᠠᠨ ᠰᠠᠷ᠎ᠠ — ᠳᠤᠮᠳᠠᠳᠤᠴᠤᠳ᠎ᠤᠨ ᠤᠯᠠᠮᠵᠢᠯᠠᠯᠲᠤ ᠰᠢᠨ᠎ᠡ ᠵᠢᠯ᠎ᠢ ᠪᠡᠯᠭᠡᠯᠡᠬᠦ ᠨᠡᠢᠭᠡᠮ᠎ᠦᠨ ᠦᠢᠯᠡᠳᠦᠯᠭᠡ》ᠣᠯᠠᠨ ᠤᠯᠤᠰ ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠎ᠤᠨ ᠵᠣᠬᠢᠶᠠᠨ ᠪᠠᠢᠭᠤᠯᠤᠯᠲᠠ᠎ᠶᠢᠨ ᠬᠥᠮᠥᠨ ᠲᠥᠷᠥᠯᠬᠢᠲᠡᠨ᠎ᠦ ᠪᠣᠳᠠᠰ᠎ᠤᠨ ᠪᠤᠰᠤ ᠰᠣᠶᠣᠯ ᠎ᠤᠨ ᠥᠪ᠎ᠦᠨ ᠲᠥᠯᠥᠭᠡᠯᠡᠭᠴᠢ ᠪᠦᠲᠦᠭᠡᠯ᠎ᠦᠨ ᠨᠡᠷᠡᠰ᠎ᠦᠨ ᠵᠢᠭ᠍ᠰᠠᠭᠠᠯᠲᠠ᠎ᠳᠤ ᠰᠣᠩᠭᠣᠭᠳᠠᠭᠰᠠᠨ ᠪᠠᠶᠠᠷ᠎ᠤᠨ ᠮᠡᠳᠡᠭᠡ᠎ᠶᠢ ᠪᠡᠯᠭᠡᠯᠡᠨ᠂《ᠰᠢᠳᠢᠲᠦ ᠮᠣᠭᠠᠢ ᠦᠯᠵᠡᠢ ᠪᠡᠯᠭᠡ ᠳᠡᠪᠰᠢᠭᠦᠯᠬᠦ》ᠰᠢᠷᠢᠰ ᠤᠯᠠᠭᠠᠨ ᠪᠠᠭᠯᠠᠭ᠎ᠠ᠎ᠶᠢᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠡᠷᠭᠢᠯᠡᠵᠦ᠂ ᠬᠣᠲᠠ᠎ᠶᠢᠨ ᠠᠷᠠᠳ᠎ᠴᠠᠭᠠᠨ ᠰᠠᠷ᠎ᠠ᠎ᠶᠢᠨ ᠵᠠᠩ ᠵᠠᠩᠰᠢᠯ᠎ᠢ ᠬᠠᠮᠲᠤ᠎ᠪᠠᠷ ᠣᠢᠯᠠᠭᠠᠵᠤ᠂ ᠤᠯᠠᠭᠠᠨ ᠪᠠᠭᠯᠠᠭ᠎ᠠ᠎ᠶᠢ ᠬᠠᠮᠲᠤ᠎ᠪᠠᠷ ᠬᠤᠪᠢᠶᠠᠯᠴᠠᠪᠠ᠃

1 ᠰᠠᠷ᠎ᠠ᠎ᠶᠢᠨ 25 ᠎ᠤ᠋ ᠡᠳᠦᠷ᠂ ᠯᠢᠶᠣᠤ ᠤᠯᠤᠰ᠎ᠤᠨ ᠦᠶ᠎ᠡ᠎ᠶᠢᠨ ᠲᠡᠦᠬᠡ ᠰᠣᠶᠣᠯ᠎ᠤᠨ ᠮᠦᠽᠧᠢ ᠪᠢᠷ ᠪᠡᠬᠡᠰ ᠨᠤᠮ᠎ᠤᠨ ᠬᠡᠰᠢᠭ᠎ᠵᠢᠡᠷ ᠢᠷᠦᠭᠡᠯ ᠵᠦᠨᠭᠨᠡᠯ ᠳᠡᠪᠰᠢᠭᠦᠯᠬᠦ ᠠᠵᠢᠯᠯᠠᠭ᠎ᠠ ᠡᠷᠭᠢᠯᠡᠵᠦ᠂ ᠬᠣᠲᠠ᠎ᠶᠢᠨ ᠠᠷᠠᠳ᠎ᠲᠤ ᠴᠠᠭᠠᠨ ᠰᠠᠷ᠎ᠠ᠎ᠶᠢᠨ ᠬᠣᠣᠰ ᠤᠶᠠᠩᠭ᠎ᠠ᠎ᠶᠢᠨ ᠡᠭᠦᠰᠦᠯ᠂ ᠲᠥᠷᠥᠯ ᠵᠦᠢᠯ ᠵᠡᠷᠭᠡ ᠬᠠᠮᠢᠶ᠎ᠠ ᠪᠦᠬᠦᠢ ᠮᠡᠳᠡᠯᠭᠡ᠎ᠶᠢ ᠲᠠᠨᠢᠯᠴᠠᠭᠤᠯᠵᠤ᠂ ᠴᠠᠭᠠᠨ ᠰᠠᠷ᠎ᠠ᠎ᠶᠢᠨ ᠬᠣᠣᠰ ᠤᠶᠠᠩᠭ᠎ᠠ᠎ᠶᠢᠨ ᠰᠣᠶᠣᠯ᠎ᠤᠨ ᠠᠭᠤᠯᠬᠤᠨ ᠪᠠ ᠠᠷᠠᠳ᠎ᠤᠨ ᠳᠤᠮᠳᠠᠬᠢ ᠴᠠᠭᠠᠨ ᠰᠠᠷ᠎ᠠ᠎ᠶᠢᠨ ᠬᠣᠣᠰ ᠤᠶᠠᠩᠭ᠎ᠠ᠎ᠪᠢᠴᠢᠬᠦ᠂ ᠴᠠᠭᠠᠨ ᠰᠠᠷ᠎ᠠ᠎ᠶᠢᠨ ᠬᠣᠣᠰ ᠤᠶᠠᠩᠭ᠎ᠠ ᠨᠠᠭᠠᠬᠤ ᠵᠠᠩ ᠳᠠᠳᠬᠠᠯ᠎ᠢ ᠠᠭᠤᠳᠠᠯᠵᠤ᠂ ᠦᠵᠡᠭᠴᠢᠳ ᠥᠰᠥᠭ᠎ᠪᠤᠯᠭᠠᠨ ᠳ᠋ᠤ ᠬᠠᠢᠷ᠎ᠠ ᠰᠢᠨᠭᠭᠡᠭᠰᠡᠨ᠂ ᠪᠢᠷ ᠪᠤᠯᠭᠠᠨ ᠳ᠋ᠤ ᠬᠠᠪᠤᠷ᠎ᠰᠠᠭᠠᠲᠠᠭᠰᠠᠨ ᠬᠣᠣᠰ ᠤᠶᠠᠩᠭ᠎ᠠ᠂ ᠪᠤᠶᠠᠨ ᠬᠡᠬᠦ ᠦᠰᠦᠭ᠎ᠤᠨ ᠪᠢᠴᠢᠯᠬᠡ᠎ᠵᠢ ᠭᠡᠷ᠎ᠲᠡᠬᠡᠨ ᠠᠪᠴᠤ ᠬᠠᠷᠢᠵᠤ ᠪᠣᠯᠣᠨ᠎ᠠ᠂ ᠪᠠᠰᠠ ᠠᠬᠤᠢ ᠲᠠᠯᠠᠪᠠᠶ᠎ᠳᠤ ᠴᠠᠭᠠᠨ ᠰᠠᠷ᠎ᠠ᠎ᠶᠢᠨ ᠬᠣᠣᠰ ᠤᠶᠠᠩᠭ᠎ᠠ᠂ DIY ᠭᠠᠷ ᠤᠷᠠᠯᠠᠯ᠎ᠤᠨ 《ᠪᠤᠶᠠᠨ》 ᠥᠰᠥᠭ ᠰᠡᠢᠯᠬᠦ ᠵᠢᠴᠢ DIY ᠭᠠᠷ ᠤᠷᠠᠯᠠᠯ᠎ᠤᠨ ᠴᠣᠩᠬᠣᠨ ᠴᠠᠭᠠᠰᠤᠨ ᠰᠡᠢᠯᠦᠮᠡᠯ ᠮᠣᠭᠠᠢ᠎ᠶᠢ ᠬᠠᠢᠴᠢᠯᠠᠬᠤ ᠵᠢ ᠪᠡᠶᠡᠴᠢᠯᠡᠨ ᠣᠢᠯᠠᠭᠠᠵᠤ ᠪᠣᠯᠣᠨ᠎ᠠ᠃

1 ᠰᠠᠷ᠎ᠠ᠎ᠶᠢᠨ 26 ᠎ᠤ᠋ ᠡᠳᠦᠷ᠂ ᠯᠢᠶᠣᠤ ᠤᠯᠤᠰ᠎ᠤᠨ ᠦᠶ᠎ᠡ᠎ᠶᠢᠨ ᠲᠡᠦᠬᠡ ᠰᠣᠶᠣᠯ᠎ᠤᠨ ᠮᠦᠽᠧᠢ  ᠪᠡᠯᠭᠡᠲᠦ ᠠᠷᠢᠶᠠᠲᠠᠨ ᠎ᠢ ᠮᠥᠷᠳᠡᠬᠦ ᠠᠵᠢᠯᠯᠠᠭ᠎ᠠ ᠥᠷᠨᠢᠭᠦᠯᠵᠦ᠂ ᠬᠣᠲᠠ᠎ᠶᠢᠨ ᠵᠢᠭᠤᠯᠴᠢᠯᠠᠭᠰᠠᠳ᠎ᠢ ᠳᠠᠭᠠᠭᠤᠯᠤᠨ ᠡᠷᠲᠡᠨ᠎ᠦ ᠪᠠᠷᠢᠯᠭ᠎ᠠ᠎ᠳᠡᠭᠡᠷᠡᠬᠢ ᠪᠡᠯᠭᠡᠲᠦ ᠠᠷᠢᠶᠠᠲᠠᠨ᠎ᠢ ᠲᠠᠨᠢᠵᠤ᠂ ᠲᠡᠳᠡᠨ᠎ᠦ ᠲᠡᠦᠬᠡ ᠪᠠ ᠣᠳᠣᠬᠢ ᠪᠠᠢᠳᠠᠯ᠎ᠢ ᠬᠠᠢᠵᠦ᠂ ᠪᠡᠯᠭᠡᠲᠦ ᠠᠷᠢᠶᠠᠲᠠᠨ᠎ᠤ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠳᠠᠬᠢ ᠤᠳᠬ᠎ᠠ ᠠᠭᠤᠯᠭ᠎ᠠ᠎ᠶᠢ ᠰᠤᠷᠤᠯᠴᠠᠨ ᠣᠢᠯᠠᠭᠠᠬᠤ᠎ᠶᠢᠨ ᠬᠠᠮᠲᠤ ᠬᠣᠲᠠ ᠎ᠶᠢᠨ ᠠᠷᠠᠳ᠎ᠢ ᠵᠣᠬᠢᠶᠠᠨ ᠪᠠᠢᠭᠤᠯᠵᠤ᠂ ᠦᠵᠡᠭᠦᠯᠭᠡ᠎ᠶᠢᠨ ᠲᠢᠩᠬᠢᠮ ᠡᠴᠡ ᠪᠡᠯᠭᠡᠲᠦ ᠠᠷᠢᠶᠠᠲᠠᠠ᠎ᠢ ᠡᠷᠢᠨ ᠤᠯᠵᠤ ᠬᠠᠮᠲᠤ ᠰᠡᠭᠦᠳᠡᠷ ᠲᠠᠲᠠᠵᠤ᠂ ᠪᠡᠯᠭᠡᠲᠦ ᠠᠷᠢᠶᠠᠲᠠᠨ᠎ᠢ  ᠰᠢᠪᠠᠷ᠎ᠢᠶᠠᠷ ᠪᠠᠷᠢᠵᠦ ᠪᠦᠳᠦᠭᠡᠬᠦ ᠵᠢ ᠪᠡᠶᠡᠴᠢᠯᠡᠨ ᠣᠢᠯᠠᠭᠠᠭᠤᠯᠪᠠ ᠁

ᠰᠢᠨ᠎ᠡ ᠵᠢᠯ᠎ᠢᠶᠡᠨ ᠤᠭᠲᠤᠬᠤ᠂ ᠴᠠᠭᠠᠨ ᠰᠠᠷ᠎ᠠ᠎ᠪᠠᠨ ᠪᠡᠯᠭᠡᠯᠡᠬᠦ᠂ ᠨᠤᠲᠤᠭ ᠲᠠᠭᠠᠨ ᠬᠠᠷᠢᠬᠤ᠂ ᠠᠯᠢ ᠤᠯᠠᠨ ᠭᠣᠢᠳᠠ ᠰᠠᠢᠬᠠᠨ ᠠᠵᠢᠯᠯᠠᠭ᠎ᠠ ᠨᠢ ᠴᠠᠭᠠᠨ ᠰᠠᠷ᠎ᠠ᠎ᠶᠢᠨ ᠦᠨᠦᠷ ᠠᠮᠲᠠ᠎ᠶᠢ ᠤᠯᠠᠮ ᠥᠳᠬᠡᠨ ᠪᠣᠯᠭᠠᠪᠠ᠃

《ᠴᠠᠭᠠᠨ ᠰᠠᠷ᠎ᠠ᠎ᠶᠢᠨ ᠰᠢᠨ᠎ᠡ᠎ᠶᠢᠨ ᠵᠢᠷᠭᠤᠭᠠᠨ᠎ᠳᠤ᠂ ᠪᠢᠳᠡ ᠪᠠᠰᠠ ᠤᠯᠠᠭᠠᠨᠬᠠᠳᠠ᠎ᠶᠢᠨ ᠮᠦᠽᠧᠢ᠎ᠳ᠋ᠤ ᠡᠷᠳᠡᠨᠢ ᠬᠠᠢᠬᠤ ᠠᠵᠢᠯᠯᠠᠭ᠎ᠠ ᠡᠷᠭᠢᠯᠡᠨ ᠶᠠᠪᠤᠭᠤᠯᠵᠤ᠂ ᠣᠷᠣᠯᠴᠠᠭᠰᠠᠳ ᠭᠠᠷ ᠠᠪᠤᠯᠭ᠎ᠠ ᠪᠣᠯᠣᠨ ᠪᠣᠭᠣᠮᠲᠠ᠎ᠰᠢᠪᠲᠤᠯᠬᠤ ᠪᠠᠭᠠᠵᠢ ᠬᠡᠷᠡᠭᠰᠡᠯ᠎ᠢᠶᠡᠷ ᠳᠡᠮᠵᠢᠨ᠂ ᠲᠣᠭᠯᠠᠭᠠᠮ᠎ᠤᠨ ᠳᠦᠷᠢᠮ᠎ᠢ ᠦᠨᠳᠦᠰᠦᠯᠡᠨ ᠪᠣᠭᠣᠮᠲᠠ ᠰᠢᠪᠲᠤᠯᠵᠤ᠂ ᠪᠣᠭᠣᠮᠲᠠ ᠰᠢᠪᠲᠤᠯᠵᠤ ᠳᠡᠢᠯᠦᠭᠰᠡᠨ᠎ᠳ᠋ᠤᠨᠢ ᠱᠠᠩᠨᠠᠯ ᠤᠯᠭᠤᠨ᠎ᠠ》 ᠭᠡᠵᠦ ᠱᠣ᠌ ᠸᠸᠨ ᠲᠠᠨᠢᠯᠴᠠᠭᠤᠯᠵᠤ ᠪᠠᠢᠯ᠎ᠠ᠃

ᠴᠠᠭᠠᠨ ᠰᠠᠷ᠎ᠠ ᠪᠣᠯ ᠨᠤᠲᠤᠭ ᠤᠰᠤᠨ ᠡᠴᠡ ᠪᠠᠨ ᠰᠠᠯᠤᠭᠰᠠᠨ ᠬᠦᠮᠦᠰ᠎ᠤᠨ ᠭᠡᠷ ᠨᠤᠲᠤᠭ᠎ᠲᠠᠭᠠᠨ ᠪᠤᠴᠠᠬᠤ ᠴᠠᠭ ᠪᠤᠯᠤᠨ᠎ᠠ᠂ ᠭᠡᠷ ᠬᠣᠲᠠᠯᠠᠭᠠᠷ᠎ᠢᠶᠠᠨ ᠴᠤᠭᠯᠠᠷᠠᠬᠤ ᠬᠠᠯᠠᠭᠤᠨ ᠳᠤᠯᠠᠭᠠᠨ ᠴᠠᠭ ᠮᠦᠴᠡ ᠪᠤᠯᠤᠨ᠎ᠠ᠂ ᠮᠦᠨ ᠴᠤ᠌ ᠨᠤᠲᠤᠭ᠎ᠲᠠᠭᠠᠨ ᠬᠠᠷᠢᠭᠰᠠᠨ ᠬᠦᠮᠦᠰ᠎ᠦᠨ ᠨᠤᠲᠤᠭ᠎ᠤᠨ᠎ᠢᠶᠠᠨ ᠰᠣᠶᠣᠯ᠎ᠤᠨ ᠦᠪᠡᠳᠡᠭᠰᠢ ᠨᠠᠢᠷ᠎ᠢ ᠭᠥᠷᠳᠡᠬᠦ ᠬᠠᠮᠤᠭ᠎ᠤᠨ ᠰᠠᠢᠨ ᠴᠠᠭ ᠲᠣᠬᠢᠶᠠᠯ ᠪᠤᠯᠤᠨ᠎ᠠ᠃

1 ᠰᠠᠷ᠎ᠠ᠎ᠶᠢᠨ 22 ᠎ᠡᠴᠡ 2 ᠰᠠᠷ᠎ᠠ᠎ᠶᠢᠨ 2 ᠎ᠤ᠋ᠨ ᠡᠳᠦᠷ ᠪᠣᠯᠲᠠᠯ᠎ᠠ᠂ ᠤᠯᠠᠭᠠᠨᠬᠠᠳᠠ᠎ᠶᠢᠨ ᠮᠦᠽᠧᠢ ᠪᠠᠰᠠ《ᠮᠦᠽᠧᠢ᠎ᠳ᠋ᠤ ᠰᠡᠭᠦᠳᠡᠷᠯᠡᠭᠰᠡᠨ ᠭᠡᠷ ᠬᠤᠲᠠᠯᠠᠭᠠᠷ᠎ᠤᠨ ᠬᠡᠷᠡᠯ ᠵᠢᠷᠤᠭ》ᠪᠤᠶᠤ《ᠮᠦᠽᠧᠢ᠎ᠳ᠋ᠤ ᠪᠣᠯᠵᠣᠵᠤ᠂ ᠰᠢᠨ᠎ᠡ ᠵᠢᠯ᠎ᠤᠨ ᠵᠦᠨᠭᠨᠡᠯ ᠳᠡᠪᠰᠢᠭᠦᠯᠬᠦ 》 ᠠᠵᠢᠯᠯᠠᠭ᠎ᠠ᠎ᠶᠢ ᠨᠠᠷᠢᠨ ᠨᠢᠮᠪᠠᠢ ᠥᠷᠨᠢᠭᠦᠯᠵᠦ ᠂ ᠬᠣᠲᠠ᠎ᠶᠢᠨ ᠠᠷᠠᠳ ᠭᠡᠷ᠎ᠦᠨ ᠬᠥᠮᠥᠰ᠎ᠲᠠᠢ᠎ᠪᠡᠨ ᠤᠯᠠᠭᠠᠨᠬᠠᠳᠠ᠎ᠶᠢᠨ ᠮᠦᠽᠧᠢ᠎ᠶᠢᠨ ᠬᠣᠶᠠᠷ ᠣᠷᠳᠣᠨ᠎ᠳᠤ ᠭᠦᠷᠴᠤ ᠲᠤᠭᠤᠷᠢᠬᠤ᠎ᠶᠢ ᠵᠣᠷᠢᠭ᠍ᠵᠢᠭᠤᠯᠵᠤ᠂ ᠲᠣᠰ ᠲᠣᠰ ᠭᠡᠷ ᠬᠤᠲᠠᠯᠠᠭᠠᠷ᠎ᠤᠨ ᠬᠡᠷᠡᠯ ᠵᠢᠷᠤᠭ ᠰᠡᠭᠦᠳᠡᠷᠯᠡᠵᠦ ᠨᠠᠢᠵᠠ᠎ᠶᠢᠨ ᠲᠣᠭᠣᠷᠢᠭ᠋᠎ᠲᠠᠭᠠᠨ ᠬᠤᠪᠢᠶᠠᠯᠴᠠᠬᠤ᠎ᠶᠢᠨ ᠬᠠᠮᠲᠤ ᠬᠡᠷᠡᠯ ᠵᠢᠷᠤᠭ᠎ᠢᠶᠠᠨ ᠤᠯᠠᠭᠠᠨᠬᠠᠳᠠ᠎ᠶᠢᠨ ᠮᠦᠽᠧᠢ᠎ᠶᠢᠨ ᠵᠢᠷᠭᠢᠶ᠎ᠡ᠎ᠨᠡᠶ᠋ᠢᠲᠡ᠎ᠶᠢᠨ ᠲᠠᠪᠴᠠᠨᠭ᠌ ᠳ᠋ᠤ ᠶᠠᠪᠤᠭᠤᠯᠳᠠᠭ ᠯᠠ ᠶᠤᠮ ᠪᠣᠯ ᠳᠠᠷᠤᠢ ᠭᠣᠶᠣ᠌ ᠰᠠᠢᠬᠠᠨ ᠪᠡᠯᠡᠭ ᠤᠯᠵᠤ ᠪᠣᠯᠣᠨ᠎ᠠ; ᠡᠭᠦᠨ᠎ᠦ ᠬᠠᠮᠲᠤ᠂ ᠬᠣᠶᠠᠷ ᠣᠷᠳᠣᠨ᠎ᠤ ᠲᠣᠭᠣᠷᠢᠭ᠋᠎ᠡᠴᠡ ᠯᠤᠤ᠎ᠵᠢᠨ ᠡᠯᠧᠮᠧᠨ᠋ᠲ ᠪᠤᠶᠤ ᠮᠣᠭᠠᠢ᠎ᠶᠢᠨ ᠡᠯᠧᠮᠧᠨ᠋ᠲ᠎ᠦᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠡᠷᠢᠵᠦ ᠬᠡᠷᠡᠯ ᠵᠢᠷᠤᠭ ᠰᠡᠭᠦᠳᠡᠷᠯᠡᠬᠦ᠎ᠵᠢᠨ ᠬᠠᠮᠲᠤ ᠨᠠᠢᠵᠠ᠎ᠶᠢᠨ ᠲᠣᠭᠣᠷᠢᠭ᠋᠎ᠲᠠᠭᠠᠨ ᠬᠤᠪᠢᠶᠠᠯᠴᠠᠪᠠᠯ ᠰᠢᠨ᠎ᠡ ᠵᠢᠯ᠎ᠦᠨ ᠣᠨᠴᠠᠭᠠᠶ 《ᠵᠠᠬᠢᠳᠠᠯ》 ᠢ᠋ ᠣᠯᠵᠤ ᠪᠣᠯᠣᠨ᠎ᠠ᠃

ᠡᠨᠡ ᠬᠦ᠌ ᠪᠠᠶᠠᠷ ᠪᠠᠶᠠᠰᠤᠯ ᠪᠠ  ᠬᠦᠰᠡᠯ ᠵᠥᠩᠨᠡᠯ ᠪᠢᠯᠬᠠᠭᠰᠠᠨ ᠴᠠᠭᠠᠨ ᠰᠠᠷ᠎ᠠ᠎ᠶᠢᠨ ᠬᠤᠭᠤᠴᠠᠭᠠᠨ ᠳ᠋ᠤ᠂ ᠤᠯᠠᠭᠠᠨᠬᠠᠳᠠ᠎ᠶᠢᠨ ᠮᠦᠽᠧᠢ᠎ᠶᠢᠨ ᠠᠯᠢ ᠤᠯᠠᠨ ᠭᠤᠢᠲᠠ ᠰᠠᠢᠬᠠᠨ ᠠᠵᠢᠯᠯᠠᠭ᠎ᠠ ᠨᠢ ᠮᠠᠰᠢ ᠤᠯᠠᠨ ᠬᠤᠳᠠ᠎ᠶᠢᠨ ᠠᠷᠠᠳ᠎ᠤᠨ ᠠᠩᠬᠠᠷᠤᠯ᠎ᠢ ᠲᠠᠲᠠᠵᠤ᠂ ᠮᠦᠽᠧᠢ᠎ᠳᠦ ᠲᠡᠦᠬᠡ᠎ᠶᠢᠨ ᠥᠪᠡᠷᠮᠢᠴᠡ ᠷᠢᠳᠢ ᠰᠢᠳᠢ᠎ᠶᠢ ᠮᠡᠳᠡᠷᠡᠵᠦ᠂ ᠴᠠᠭᠠᠨ ᠰᠠᠷ᠎ᠠ᠎ᠶᠢᠨ ᠰᠣᠶᠣᠯ᠎ᠤᠨ ᠦᠪᠡᠳᠡᠭᠰᠢ ᠨᠠᠢᠷ᠎ᠢ ᠡᠳ᠋ᠯᠡᠵᠦ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号