ᠱᠢᠨᠬᠤᠸᠠ ᠬᠤᠷᠢᠶ᠎ᠠ ᠵᠢᠨ ᠭᠠᠳᠠᠭᠠᠳᠤ᠎ᠳᠤ ᠰᠠᠭᠤᠭ᠎ᠠ ᠰᠤᠷᠪᠤᠯᠵᠢᠯᠠᠭ᠍ᠴᠢ᠎ᠶ᠋ᠢᠨ ᠶᠡᠷᠦᠩᠬᠡᠢᠯᠡᠭ᠌ᠰᠡᠨ ᠮᠡᠳᠡᠭᠡᠯᠡᠯ᠄ ᠳᠤᠮᠳᠠᠳᠤ ᠤᠯᠤᠰ᠎ᠤᠨ ᠪᠢᠯᠢᠭ᠎ᠦᠨ ᠤᠯᠠᠷᠢᠯ᠎ᠤᠨ ᠮᠣᠭᠠᠶ ᠵᠢᠯ ᠬᠦᠷᠴᠦ᠍ ᠢᠷᠡᠬᠦ᠌ ᠲᠠᠱᠢᠷᠠᠮ᠎ᠢᠶᠠᠷ᠂ ᠪᠥᠬᠥ᠌ ᠳᠡᠯᠡᠬᠡᠶ᠎ᠶ᠋ᠢᠨ ᠡᠯ᠎ᠡ ᠭᠠᠵᠠᠷ᠎ᠲᠤ ᠴᠠᠭᠠᠨ ᠰᠠᠷᠠᠶ᠋ᠢ ᠪᠡᠯᠭᠡᠯᠡᠬᠦ᠌ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠶᠠᠪᠤᠭ᠍ᠳᠠᠵᠤ᠂ ᠣᠯᠠᠨ ᠤᠯᠤᠰ᠎ᠤᠨ ᠠᠷᠠᠳ ᠲᠦᠮᠡᠨ ᠳᠤᠮᠳᠠᠳᠤ ᠤᠯᠤᠰ᠎ᠤᠨ ᠴᠠᠭᠠᠨ ᠰᠠᠷ᠎ᠠ᠎ᠶ᠋ᠢᠨ ᠰᠣᠶᠣᠯ᠎ᠢ ᠣᠢᠯᠠᠭᠠᠬᠤ᠎ᠶ᠋ᠢᠨ ᠬᠠᠮᠲᠤ ᠴᠠᠭᠠᠨ ᠰᠠᠷ᠎ᠠ᠎ᠪᠡᠨ ᠤᠭ᠍ᠲᠤᠬᠤ ᠪᠠᠶᠠᠷ ᠪᠠᠶᠠᠰᠤᠯ᠎ᠢ ᠡᠳ᠋ᠯᠡᠭᠰᠡᠨ ᠪᠠᠢᠨ᠎ᠠ᠃
ᠱᠢᠨ᠎ᠡ ᠽᠧᠯᠡᠨᠳ᠋᠎ᠦᠨ ᠤᠯᠤᠰ᠎ᠤᠨ ᠮᠦᠽᠧᠢ᠎ᠳᠤ᠂ 2 ᠰᠠᠷ᠎ᠠ᠎ᠶ᠋ᠢᠨ 1 ᠤ᠋ ᠡᠳᠦᠷ ᠶᠠᠪᠤᠭᠳᠠᠭᠰᠠᠨ ᠱᠢᠨ᠎ᠡ ᠽᠧᠯᠡᠨᠳ᠋᠎ᠦᠨ ᠪᠠᠶᠠᠷ ᠪᠠᠶᠠᠰᠭᠤᠯᠠᠩᠲᠤ ᠴᠠᠭᠠᠨ ᠰᠠᠷᠠᠶ᠋ᠢ ᠤᠭ᠍ᠲᠤᠬᠤ ᠲᠤᠮᠤ ᠬᠡᠯᠪᠡᠷᠢ᠎ᠶ᠋ᠢᠨ ᠤᠷᠠᠨ ᠰᠠᠢᠬᠠᠨ᠎ᠤ ᠲᠣᠭ᠍ᠯᠠᠯᠲᠠ᠎ᠳᠤ ᠠᠳᠠᠯᠢ ᠪᠤᠰᠤ ᠦᠨᠳᠦᠰᠦᠲᠡᠨ᠎ᠦ 30 ᠭᠠᠷᠤᠢ ᠲᠣᠭ᠍ᠯᠠᠭ᠍ᠴᠢᠳ ᠬᠤᠷᠠᠨ ᠴᠤᠭ᠍ᠯᠠᠷᠠᠵᠤ᠂ ᠲᠤᠰ ᠲᠤᠰ᠎ᠤᠨ ᠦᠨᠳᠦᠰᠦᠲᠡᠨ᠎ᠦ ᠣᠨᠴᠠᠯᠢᠭ ᠪᠣᠯᠤᠨ ᠰᠣᠶᠣᠯ᠎ᠤᠨ ᠤᠯᠠᠨ ᠶᠠᠩᠵᠤᠲᠤ ᠴᠢᠨᠠᠷᠲᠠᠢ ᠤᠯᠠᠮᠵᠢᠯᠠᠯᠲᠤ ᠳᠠᠭᠤᠤ ᠬᠥᠭ᠌ᠵᠢᠮ ᠪᠣᠯᠤᠨ ᠪᠥᠵᠢᠭ᠎ᠢ ᠲᠤᠬᠯᠠᠨ ᠦᠵᠡᠭᠦᠯᠵᠡᠢ᠃
ᠠᠦ᠋ᠰᠲ᠋ᠷᠠᠯᠢᠶ᠎ᠠ᠎ᠶ᠋ᠢᠨ ᠱᠢᠳ᠋ᠨᠢᠳᠤ᠂ ᠳᠥᠷᠪᠡᠳᠦᠭᠡᠷ ᠬᠤᠭᠤᠴᠠᠭᠠᠨ᠎ᠤ ᠠᠦ᠋ᠰᠲ᠋ᠷᠠᠯᠢᠶᠠᠲᠤᠮᠳᠠᠳᠤ ᠵᠢᠨ ᠴᠠᠭᠠᠨ ᠰᠠᠷ᠎ᠠ᠎ᠶ᠋ᠢᠨ ᠦᠳᠡᠱᠢᠯᠡᠭᠡ 1 ᠰᠠᠷ᠎ᠠ᠎ᠶ᠋ᠢᠨ 31 ᠤ᠋ ᠡᠳᠦᠷ ᠱᠢᠳ᠋ᠨᠢ ᠵᠢᠨ ᠬᠣᠲᠠ᠎ᠶ᠋ᠢᠨ ᠶᠠᠪᠤᠳᠠᠯ᠎ᠤᠨ ᠲᠢᠩᠬᠢᠮ᠎ᠳᠦ ᠶᠠᠪᠤᠭ᠍ᠳᠠᠪᠠ᠃ ᠦᠳᠡᠱᠢᠯᠡᠭᠡ ᠳᠡᠭᠡᠷ᠎ᠡ᠂ ᠳᠠᠭᠤᠤ ᠬᠦᠭᠵᠢᠮ᠂ ᠪᠥᠵᠢᠭ᠂ ᠠᠷᠠᠳ᠎ᠤᠨ ᠬᠥᠭ᠌ᠵᠢᠮ᠂ ᠨᠡᠷᠡᠭᠦᠢ ᠨᠢᠳᠤᠷᠭ᠎ᠠ᠂ ᠱᠣᠭ ᠵᠦᠴᠦᠭᠡ ᠵᠡᠷᠭᠡ ᠲᠣᠭ᠍ᠯᠠᠯᠲᠠ ᠨᠢ ᠴᠠᠭᠠᠨ ᠰᠠᠷ᠎ᠠ ᠬᠡᠬᠦ ᠡᠨᠡ ᠬᠦ᠌ ᠳᠤᠮᠳᠠᠳᠤ᠎ᠶ᠋ᠢᠨ ᠤᠯᠠᠮᠵᠢᠯᠠᠯᠲᠤ ᠪᠠᠶᠠᠷ᠎ᠤᠨ ᠡᠳᠦᠷ᠎ᠦᠨ ᠥᠪᠡᠷᠮᠢᠴᠡ ᠷᠢᠳᠢ ᠱᠢᠳᠢ᠎ᠶ᠋ᠢ ᠠᠮᠢᠳᠤᠯᠢᠭ᠎ᠢᠶᠠᠷ ᠳᠡᠯᠭᠡᠨ ᠦᠵᠡᠭᠦᠯᠵᠡᠢ᠃ ᠠᠦ᠋ᠰᠲ᠋ᠷᠠᠯᠢᠶᠠᠲᠤᠮᠳᠠᠳᠤ ᠶ᠋ᠢᠨ ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢᠨ ᠶᠡᠷᠦᠩᠬᠡᠶ ᠤᠳᠤᠷᠢᠳᠤᠭᠠᠴᠢ ᠰᠦᠸᠸ ᠵᠢᠶᠠᠩ᠂ ᠡᠨᠡ ᠵᠢᠯ᠎ᠦᠨ ᠠᠦ᠋ᠰᠲ᠋ᠷᠠᠯᠢᠶᠠᠲᠤᠮᠳᠠᠳᠤ ᠶ᠋ᠢᠨ ᠴᠠᠭᠠᠨ ᠰᠠᠷ᠎ᠠ᠎ᠶ᠋ᠢᠨ ᠦᠳᠡᠱᠢᠯᠡᠭᠡ ᠨᠢ ᠪᠢᠯᠢᠭ᠎ᠦᠨ ᠤᠯᠠᠷᠢᠯ᠎ᠤᠨ ᠮᠣᠭᠠᠶ ᠵᠢᠯ᠎ᠦᠨ ᠲᠤᠬᠠᠢ ᠰᠠᠢᠨ ᠰᠠᠢᠬᠠᠨ ᠵᠥᠩᠨᠡᠯ ᠪᠣᠯᠬᠤ᠎ᠪᠠᠷ ᠪᠠᠷᠠᠬᠤ ᠥᠬᠡᠶ ᠨᠠᠩ ᠴᠤ᠌ ᠠᠦ᠋ᠰᠲ᠋ᠷᠠᠯᠢᠶ᠎ᠠ ᠳᠤᠮᠳᠠᠳᠤ᠎ᠶ᠋ᠢᠨ ᠬᠠᠷᠢᠯᠴᠠᠭ᠎ᠠ ᠵᠢᠨ ᠲᠠᠰᠤᠷᠠᠯᠲᠠ ᠥᠬᠡᠶ ᠱᠢᠨ᠎ᠡ ᠲᠦᠪᠱᠢᠨ᠎ᠳᠦ ᠬᠥᠷᠬᠥ᠎ᠶ᠋ᠢ ᠪᠡᠯᠭᠡᠳᠡᠵᠦ᠍ ᠪᠠᠢᠨ᠎ᠠ ᠭᠡᠵᠦ ᠢᠯᠡᠳᠭᠡᠪᠡ᠃
ᠡᠨᠡ ᠵᠢᠯ᠂ ᠯᠣᠨᠳᠣᠨᠤ ᠺᠠᠮᠳᠧᠨ ᠴᠤᠭ᠍ᠯᠠᠭ᠎ᠠ ᠮᠠᠢᠮᠠᠶ᠎ᠳᠤ ᠠᠩᠬ᠎ᠠ ᠤᠳᠠᠭ᠎ᠠ ᠳᠤᠮᠳᠠᠳᠤ ᠤᠯᠤᠰ᠎ᠤᠨ ᠴᠠᠭᠠᠨ ᠰᠠᠷᠠᠶ᠋ᠢ ᠪᠡᠯᠭᠡᠯᠡᠬᠦ ᠠᠵᠢᠯᠯᠠᠭ᠎ᠠ ᠶᠠᠪᠤᠭᠳᠠᠭᠤᠯᠵᠠᠢ᠃ ᠪᠠᠶᠠᠷ ᠬᠥᠷ᠎ᠲᠡᠶ ᠴᠠᠭᠠᠨ ᠰᠠᠷ᠎ᠠ᠎ᠶ᠋ᠢᠨ ᠦᠩᠭᠡᠲᠤ ᠳ᠋ᠧᠩ᠎ᠢ ᠥᠨᠳᠥᠷ ᠲᠤ᠌ ᠡᠯᠭᠦᠵᠦ᠍᠂ ᠳᠤᠮᠳᠠᠳᠤ ᠤᠯᠤᠰ᠎ᠤᠨ ᠮᠠᠶᠢᠭ᠎ᠤᠨ ᠪᠣᠭᠣᠷᠰᠣᠭ᠎ᠤᠨ ᠠᠩᠬᠢᠯᠤᠮ᠎ᠠ ᠦᠨᠦᠷ ᠬᠠᠩᠬᠤᠯᠵᠤ᠂ ᠮᠠᠰᠢ ᠤᠯᠠᠨ ᠬᠥᠮᠦᠨ ᠤᠯᠠᠭᠠᠨ ᠳ᠋ᠧᠩᠯᠦ᠍ ᠪᠠ 《ᠪᠤᠶᠠᠨ》 ᠭᠡᠬᠦ᠌ ᠦᠰᠦᠭ᠎ᠢ ᠭᠠᠷ ᠲᠠᠭᠠᠨ ᠪᠠᠷᠢᠵᠤ ᠪᠠᠢᠯ᠎ᠠ᠃ ᠪᠡᠯᠭᠡᠯᠡᠬᠦ᠌ ᠠᠵᠢᠯᠯᠠᠭ᠎ᠠ ᠳᠡᠭᠡᠷ᠎ᠡ᠂ ᠲᠤᠬᠠᠢ᠎ᠶ᠋ᠢᠨ ᠭᠠᠵᠠᠷ᠎ᠤᠨ ᠬᠤᠳᠠ᠎ᠶ᠋ᠢᠨ ᠠᠷᠠᠳ ᠵᠸᠨ᠎ᠨᠢ·ᠮᠢᠯᠸᠸᠳ᠋ᠸ ᠪᠤᠯᠪᠠᠰᠤᠷᠠᠩᠭᠤᠢ ᠪᠡᠷ ᠮᠠᠵᠢᠶᠠᠩ ᠫᠠᠢ ᠲᠤᠭᠯᠠᠬᠤ ᠵᠢᠨ ᠬᠠᠮᠲᠤ ᠪᠠᠰᠠ ᠪᠠᠢᠨ ᠲᠠᠬᠢᠨ ᠳᠡᠷᠭᠡᠳᠡᠬᠢ ᠨᠠᠢᠵᠠ᠎ᠳᠠᠭᠠᠨ ᠲᠤᠭᠯᠠᠭᠠᠮ᠎ᠤᠨ ᠳᠦᠷᠢᠮ᠎ᠤᠨ ᠲᠤᠬᠠᠢ ᠲᠠᠢᠯᠪᠤᠷᠢᠯᠠᠵᠤ ᠥᠭ᠌ᠭᠦᠨ᠎ᠠ᠃
ᠷᠣᠮᠠᠨᠢᠶ᠎ᠠ᠎ᠶᠢᠨ ᠨᠡᠢᠰᠯᠡᠯ ᠪᠦᠺᠠᠷᠧᠰᠲᠲᠦ᠂ ᠲᠤᠬᠠᠢ᠎ᠶᠢᠨ ᠭᠠᠵᠠᠷ᠎ᠤᠨ ᠳᠤᠮᠳᠠᠳᠤ᠎ᠶᠢᠨ ᠬᠠᠷᠢᠶᠠᠲᠤ ᠳᠤᠮᠳᠠᠳᠤ᠎ᠶᠢᠨ ᠰᠤᠷᠤᠭ᠍ᠴᠢᠳ᠎ᠤᠨ ᠥᠪᠡᠷ᠎ᠢᠶᠡᠨ ᠨᠠᠢᠷᠠᠭᠤᠯᠵᠤ ᠤᠳᠤᠷᠢᠳᠤᠭᠠᠭᠰᠠᠨ ᠴᠠᠭᠠᠨ ᠰᠠᠷ᠎ᠠ᠎ᠶᠢᠨ ᠦᠳᠡᠰᠢᠯᠡᠭᠡ 1 ᠰᠠᠷ᠎ᠠ᠎ᠶᠢᠨ 31᠎ᠤ᠋ ᠡᠳᠦᠷ ᠪᠦᠺᠠᠷᠧᠰᠲ ᠤᠨ ᠤᠯᠠᠨ ᠤᠯᠤᠰ᠎ᠤᠨ ᠰᠤᠷᠭᠠᠭᠤᠯᠢ᠎ᠳᠤ ᠶᠠᠪᠤᠭᠳᠠᠪᠠ᠃ ᠦᠳᠡᠰᠢᠯᠡᠭᠡ᠎ᠳᠦ ᠰᠤᠷᠤᠭ᠍ᠴᠢᠳ ᠳᠠᠭᠤᠤ ᠪᠥᠵᠢᠭ᠂ ᠲᠡᠭᠦᠯᠳᠡᠷ ᠬᠤᠭᠤᠷ᠎ᠤᠨ ᠬᠥᠭᠵᠢᠮ ᠵᠡᠷᠭᠡ ᠬᠡᠯᠪᠡᠷᠢ᠎ᠪᠡᠷ ᠳᠤᠮᠳᠠᠳᠤ᠎ᠶᠢᠨ ᠰᠣᠶᠣᠯ᠎ᠤᠨ ᠥᠪᠡᠷᠮᠢᠴᠡ ᠭᠠᠢᠬᠠᠮᠰᠢᠭ᠎ᠢ ᠢᠯᠡᠷᠡᠭᠦᠯᠪᠡ᠃ ᠰᠤᠷᠭᠠᠭᠤᠯᠢ ᠡᠴᠡ ᠪᠠᠰᠠ ᠴᠠᠢ᠎ᠶᠢᠨ ᠤᠷᠠᠯᠢᠭ᠋᠂ ᠴᠠᠭᠠᠰᠤ ᠨᠤᠭᠤᠯᠬᠤ᠂ ᠴᠠᠭᠠᠷᠢᠭ᠋ ᠬᠠᠶᠠᠬᠤ᠂ ᠲᠡᠪᠡᠭ ᠢᠰᠬᠦᠯᠬᠦ ᠵᠡᠷᠭᠡ ᠠᠭᠤᠯᠭ᠎ᠠ ᠵᠢ ᠲᠤᠬᠢᠷᠠᠭᠤᠯᠵᠠᠢ᠃ ᠡᠲᠡᠭᠡᠷ ᠰᠣᠨᠢᠷᠬᠠᠯᠲᠠᠢ ᠲᠣᠭᠯᠠᠭᠠᠮ ᠵᠢᠴᠢ ᠦᠰᠦᠨ ᠪᠢᠷ᠂ ᠳ᠋ᠧᠩᠯᠦ ᠬᠢᠬᠦ ᠵᠡᠷᠭᠡ ᠤᠯᠠᠮᠵᠢᠯᠠᠯᠲᠤ ᠭᠠᠷ ᠤᠷᠠᠯᠠᠯ᠎ᠤᠨ ᠠᠵᠢᠯᠯᠠᠭ᠎ᠠ᠎ᠳᠤ ᠣᠷᠣᠯᠴᠠᠬᠤ᠎ᠪᠠᠷ ᠳᠡᠮᠵᠢᠨ ᠲᠤᠬᠠᠢ᠎ᠶᠢᠨ ᠭᠠᠵᠠᠷ᠎ᠤᠨ ᠰᠤᠷᠤᠭ᠍ᠴᠢᠳ ᠳᠤᠮᠳᠠᠳᠤ ᠤᠯᠤᠰ᠎ᠤᠨ ᠴᠠᠭᠠᠨ ᠰᠠᠷ᠎ᠠ᠎ᠶᠢᠨ ᠪᠠᠶᠠᠷ ᠪᠠᠶᠠᠰᠤᠯ᠎ᠢ ᠮᠡᠳᠡᠷᠡᠵᠦ᠂ ᠳᠤᠮᠳᠠᠳᠤ᠎ᠶᠢᠨ ᠰᠣᠶᠣᠯ᠎ᠤᠨ ᠲᠤᠬᠠᠢ ᠲᠠᠨᠢᠯᠲᠠ᠎ᠪᠠᠨ ᠭᠦᠨᠵᠡᠭᠡᠢᠷᠡᠭᠦᠯᠵᠡᠢ᠃
ᠫᠠᠨᠠᠮᠠ᠎ᠶᠢᠨ ᠨᠡᠢᠰᠯᠡᠯ᠎ᠳᠦ ᠶᠠᠪᠤᠭᠳᠠᠭᠰᠠᠨ ᠳᠤᠮᠳᠠᠳᠤ᠎ᠶᠢᠨ ᠬᠠᠷᠢᠶᠠᠲᠤ ᠳᠤᠮᠳᠠᠳᠤᠴᠤᠳ ᠤᠨ ᠴᠠᠭᠠᠨ ᠰᠠᠷ᠎ᠠ᠎ᠶᠢᠨ ᠰᠦᠮ᠎ᠡ᠎ᠶᠢᠨ ᠴᠤᠭᠯᠠᠭᠠᠨ ᠳᠡᠭᠡᠷ᠎ᠡ᠂ ᠵᠢᠭᠤᠯᠴᠢᠯᠠᠭᠰᠠᠳ ᠯᠣᠣ᠎ᠲᠦ ᠠᠷᠰᠯᠠᠨ ᠪᠥᠵᠢᠭᠯᠡᠬᠦ᠂ ᠠᠮᠲᠠᠲᠤ ᠢᠳᠡᠭᠡᠨ ᠵᠤᠭᠤᠭᠯᠠᠬᠤ᠂ ᠭᠠᠷ ᠤᠷᠠᠯᠠᠯ᠎ᠤᠨ ᠪᠦᠲᠦᠭᠡᠭᠳᠡᠬᠦᠨ᠎ᠦ ᠦᠵᠡᠭᠦᠯᠭᠡ ᠵᠡᠷᠭᠡ᠎ᠶᠢ ᠪᠡᠶᠡᠴᠢᠯᠡᠨ ᠣᠢᠯᠠᠭᠠᠭᠰᠠᠨ ᠪᠥᠭᠡᠳ ᠫᠠᠨᠠᠮᠠ᠎ᠶᠢᠨ ᠠᠯᠳᠠᠷᠲᠤ ᠤᠷᠠᠯᠢᠭ᠍ᠴᠢᠳ᠎ᠤᠨ ᠲᠤᠭᠯᠠᠯᠲᠠ ᠵᠢ ᠰᠤᠨᠢᠷᠬᠠᠵᠠᠢ᠃
ᠴᠠᠭᠠᠨ ᠰᠠᠷ᠎ᠠ᠎ᠶᠢᠨ ᠬᠤᠭᠤᠴᠠᠭᠠᠨ᠎ᠳᠤ᠂ ᠲᠦᠨᠢᠰ᠎ᠦᠨ ᠳᠣᠷᠣᠨᠠᠳᠠᠬᠢᠨ᠎ᠤ ᠮᠡᠳᠡᠯᠭᠡ᠎ᠶᠢᠨ ᠨᠣᠮ᠎ᠤᠨ ᠳᠡᠯᠭᠡᠭᠦᠷ ᠴᠠᠭᠠᠨ ᠰᠠᠷ᠎ᠠ᠎ᠶᠢᠨ ᠬᠠᠮᠢᠶ᠎ᠠ ᠪᠦᠬᠦᠢ ᠰᠣᠶᠣᠯ᠎ᠤᠨ ᠠᠵᠢᠯᠯᠠᠭ᠎ᠠ ᠥᠷᠨᠢᠭᠦᠯᠵᠦ᠂ ᠣᠷᠣᠯᠴᠠᠭᠰᠠᠳ ᠣᠬᠣᠷ ᠸᠢᠳᠢᠤ᠋ ᠰᠣᠨᠢᠷᠬᠠᠬᠤ᠂ ᠱᠠᠩᠨᠠᠯᠲᠦ ᠠᠰᠠᠭᠤᠯᠲᠠ᠂ ᠦᠰᠦᠨ ᠪᠢᠷ᠎ᠤᠨ ᠪᠢᠴᠢᠯᠬᠡ ᠵᠡᠷᠭᠡ ᠠᠵᠢᠯᠯᠠᠭ᠎ᠠ᠎ᠪᠠᠷ ᠳᠠᠮᠵᠢᠨ ᠳᠤᠮᠳᠠᠳᠤ ᠤᠯᠤᠰ᠎ᠤᠨ ᠴᠠᠭᠠᠨ ᠰᠠᠷ᠎ᠠ᠎ᠶᠢᠨ ᠶᠡᠷᠦ᠎ᠶᠢᠨ ᠮᠡᠳᠡᠯᠭᠡ᠎ᠶᠢ ᠣᠢᠯᠠᠭᠠᠬᠤ᠎ᠶᠢᠨ ᠬᠠᠮᠲᠤ ᠳᠤᠮᠳᠠᠳᠤ ᠤᠯᠤᠰ᠎ᠤᠨ ᠴᠠᠭᠠᠨ ᠰᠠᠷ᠎ᠠ ᠵᠢᠪᠡᠶᠡᠴᠢᠯᠡᠨ ᠮᠡᠳᠡᠷᠡᠪᠡ᠃ ᠲᠦᠨᠢᠰ᠎ᠦᠨ ᠺᠠᠷᠽᠠᠵ ᠶᠡᠬᠡ ᠰᠤᠷᠭᠠᠭᠤᠯᠢ᠎ᠶᠢᠨ ᠳᠡᠭᠡᠳᠦ ᠵᠡᠷᠭᠡ᠎ᠶᠢᠨ ᠬᠡᠯᠡᠨ᠎ᠦ ᠳᠡᠭᠡᠳᠦ ᠰᠤᠷᠭᠠᠭᠤᠯᠢ᠎ᠶᠢᠨ ᠬᠢᠲᠠᠳ ᠬᠡᠯᠡᠨ᠎ᠦ ᠲᠤᠰᠬᠠᠢ ᠮᠡᠷᠭᠡᠵᠢᠯ᠎ᠦᠨ ᠰᠤᠷᠤᠭ᠍ᠴᠢᠳ《ᠲᠡᠷᠬᠡᠯ ᠰᠠᠷᠠᠠ ᠮᠢᠨᠤ ᠵᠢᠷᠦᠬᠡ ᠰᠡᠳᠬᠢᠯ᠎ᠢ ᠲᠦᠯᠦᠭᠡᠯᠡᠨ᠎ᠡ》 ᠵᠡᠷᠭᠡ ᠬᠢᠲᠠᠳ ᠳᠠᠭᠤᠤ᠎ᠶᠢ ᠪᠠᠶᠠᠷ ᠬᠥᠷ᠎ᠲᠠᠢ᠎ᠪᠡᠷ ᠳᠠᠭᠤᠯᠠᠵᠠᠢ᠃
ᠠᠮᠧᠷᠢᠺᠠ᠎ᠶᠢᠨ ᠨᠡᠢᠰᠯᠡᠯ ᠸᠠᠰᠢᠩᠲ᠋ᠣᠨ᠎ᠳᠤ ᠳᠤᠮᠳᠠᠳᠤ ᠤᠯᠤᠰ᠎ᠤᠨ ᠲᠥᠪ᠎ᠦᠨ ᠪᠠᠯᠧᠲ ᠪᠥᠵᠢᠭ᠎ᠦᠨ ᠪᠦᠯᠬᠦᠮ᠎ᠦᠨ ᠪᠥᠵᠢᠭᠲᠦ ᠵᠦᠴᠦᠭᠡ 《ᠴᠠᠭᠠᠨ ᠰᠠᠷ᠎ᠠ》 ᠶ᠋ᠢ 1 ᠰᠠᠷ᠎ᠠ᠎ᠶᠢᠨ 29 ᠤ᠋ ᠡᠳᠦᠷ ᠺᠸᠨᠢᠳᠢ ᠲᠤᠭᠯᠠᠯᠲᠠ ᠵᠢᠨ ᠤᠷᠠᠯᠢᠭ᠎ᠤᠨ ᠲᠦᠪ ᠲᠦ᠍ ᠠᠩᠬ᠎ᠠ ᠲᠣᠭᠯᠠᠪᠠ᠃ ᠡᠨᠡ ᠬᠦ᠌ ᠪᠥᠵᠢᠭᠲᠦ ᠵᠦᠴᠦᠭᠡ᠎ᠶᠢ ᠰᠣᠩᠭᠣᠳᠠᠭ ᠪᠠᠯᠧᠲ ᠪᠥᠵᠢᠭᠲᠦ ᠵᠦᠴᠦᠭᠡ《ᠬᠤᠰᠢᠭ᠎ᠠ᠎ᠶᠢᠨ ᠬᠠᠪᠴᠢᠭᠤᠷ》᠎ᠢ᠋ ᠦᠨᠳᠦᠰᠦᠯᠡᠨ ᠥᠭᠡᠷᠡᠴᠢᠯᠡᠨ ᠨᠠᠢᠷᠠᠭᠤᠯᠵᠤ᠂ ᠴᠠᠢ᠍ᠢᠺᠦᠸᠰᠺᠢᠶᠢᠨ ᠬᠥᠭᠵᠢᠮ᠎ᠢᠶᠡᠷ ᠳᠡᠪᠢᠰᠭᠡᠷᠯᠡᠵᠤ᠂ ᠥᠷᠥᠨᠡᠳᠠᠬᠢᠨ᠎ᠤ ᠬᠢᠨ᠎ᠤ ᠰᠠᠢᠨ ᠮᠡᠳᠡᠳᠡᠭ《ᠬᠤᠰᠢᠭ᠎ᠠ᠎ᠶᠢᠨ ᠬᠠᠪᠴᠢᠭᠤᠷ》 ᠲᠦ᠍ ᠷᠣᠮᠠᠨᠲ᠋ᠢᠭ᠋ ᠰᠠᠢᠬᠠᠨ ᠳᠤᠮᠳᠠᠳᠤ ᠤᠯᠤᠰ᠎ᠤᠨ ᠴᠣᠭ ᠰᠦᠯᠳᠡ᠎ᠶᠢ ᠠᠭᠤᠰᠬᠠᠵᠤ᠂ ᠪᠠᠯᠧᠲ ᠪᠥᠵᠢᠭ᠎ᠦᠨ ᠲᠠᠢᠰᠠᠨ ᠳᠡᠭᠡᠷ᠎ᠡ ᠪᠠᠶᠠᠯᠢᠭ᠋ ᠰᠠᠢᠬᠠᠨ ᠳᠤᠮᠳᠠᠳᠤ ᠵᠢᠨ ᠵᠠᠩ ᠦᠢᠯᠡ᠎ᠶᠢ ᠠᠮᠢᠳᠤᠯᠢᠭ᠋᠎ᠢᠶᠠᠷ ᠳᠡᠯᠭᠡᠨ ᠦᠵᠡᠭᠦᠯᠵᠡᠢ᠃ 《ᠠᠷᠪᠠᠨ ᠬᠣᠶᠠᠷ ᠵᠢᠯ᠎ᠦᠨ ᠪᠥᠵᠢᠭ》᠂《ᠬᠣᠣᠰ ᠤᠶᠠᠩᠭ᠎ᠠ᠎ᠶᠢᠨ ᠪᠥᠵᠢᠭ》᠂《ᠲᠣᠷᠭ᠎ᠠ ᠳᠤᠷᠳᠤᠩ᠎ᠤᠨ ᠪᠥᠵᠢᠭ》᠂《ᠱᠠᠭᠠᠵᠠᠩ ᠰᠠᠪᠠ᠎ᠶᠢᠨ ᠪᠥᠵᠢᠭ》 ᠵᠡᠷᠭᠡ ᠲᠣᠭᠯᠠᠯᠲᠠ ᠡᠬᠢᠯᠡᠬᠦ ᠦᠶ᠎ᠠ ᠳ᠋ᠤ᠂ ᠲᠤᠬᠠᠢ᠎ᠶᠢᠨ ᠲᠠᠯᠠᠪᠠᠢ᠎ᠶᠢᠨ 2300 ᠭᠠᠷᠤᠢ ᠦᠵᠡᠭᠴᠢᠳ ᠨᠢᠵᠢᠭᠢᠨᠡᠲᠡᠯ᠎ᠡ ᠠᠯᠠᠭ᠎ᠠ ᠲᠡᠰᠢᠨ ᠤᠤᠬᠠᠢᠯᠠᠵᠤ᠂ ᠪᠠᠯᠧᠲ ᠪᠥᠵᠢᠭᠲᠡᠬᠢ ᠳᠤᠮᠳᠠᠳᠤ ᠤᠯᠤᠰ᠎ᠤᠨ ᠰᠢᠨ᠎ᠡ ᠵᠢᠯ᠎ᠦᠨ ᠦᠨᠦᠷ ᠠᠮᠲᠠ᠎ᠶᠢ ᠬᠠᠮᠲᠤ ᠪᠠᠷ ᠮᠡᠳᠡᠷᠡᠵᠡᠢ᠃
2025 ᠣᠨ᠎ᠤ《ᠬᠠᠪᠤᠷ᠎ᠢ ᠤᠭᠳᠤᠶ᠎ᠠ》 ᠴᠠᠭᠠᠨ ᠰᠠᠷ᠎ᠠ᠎ᠶ᠋ᠢᠨ ᠦᠳᠡᠱᠢᠯᠡᠭᠡ 1 ᠰᠠᠷ᠎ᠠ᠎ᠶ᠋ᠢᠨ 26 ᠤ᠋ ᠡᠳᠦᠷ ᠠᠮᠧᠷᠢᠺᠠ᠎ᠶ᠋ᠢᠨ ᠾᠢᠥ᠋ᠰᠲ᠋ᠤᠨᠳ᠋ᠤ ᠶᠠᠪᠤᠭ᠍ᠳᠠᠪᠠ᠃ ᠦᠳᠡᠱᠢᠯᠡᠭᠡ ᠨᠢ《ᠪᠡᠯᠭᠡᠳᠦ ᠮᠤᠭᠠᠢ ᠬᠠᠪᠤᠷ᠎ᠢ ᠤᠭᠳᠤᠨ᠎ᠠ》ᠬᠡᠬᠦ ᠭᠣᠣᠯ ᠰᠡᠳᠦᠪ᠎ᠢᠶᠡᠷ ᠶᠠᠪᠤᠬᠳᠠᠵᠤ᠂ ᠱᠣᠣᠯᠢᠨ ᠰᠦᠮ᠎ᠡ᠎ᠶ᠋ᠢᠨ ᠰᠣᠶᠣᠯ᠎ᠤᠨ ᠲᠥᠪ ᠨᠢ 《ᠱᠢᠳᠢᠲᠦ ᠮᠣᠭᠠᠶ ᠦᠯᠵᠡᠢ ᠪᠡᠯᠭᠡ ᠵᠢ ᠬᠤᠷᠤᠢᠯᠠᠨ᠎ᠠ》 ᠭᠡᠬᠦ ᠳᠤᠭᠯᠠᠯᠳᠠ ᠭᠠᠷᠭᠠᠵᠤ᠂ ᠾᠢᠥ᠋ᠰᠲ᠋ᠤᠨ ᠠᠷᠠᠳ᠎ᠤᠨ ᠬᠥᠭ᠌ᠵᠢᠮ᠎ᠦᠨ ᠪᠦᠯᠬᠦᠮ ᠨᠢ 《ᠪᠠᠶᠠᠷ ᠬᠥᠷ᠎ᠲᠡᠶ ᠡᠯᠪᠡᠭ ᠬᠤᠷᠢᠶᠠᠯᠲᠠ》 ᠶ᠋ᠢ ᠬᠥᠭ᠌ᠵᠢᠮᠳᠡᠵᠦ᠍᠂ ᠾᠢᠥ᠋ᠰᠲ᠋ᠤᠨ ᠤᠷᠠᠯᠢᠭ᠎ᠤᠨ ᠪᠦᠯᠬᠦᠮ ᠨᠢ ᠪᠠᠰᠠ《ᠰᠤᠯᠤᠩᠭᠠᠴᠢᠷ ᠵᠠᠰᠠᠯ ᠲᠠᠢ ᠪᠥᠵᠢᠭ》᠂ 《ᠴᠠᠩ ᠠᠨ᠎ᠤ ᠷᠠᠫᠰᠤᠳᠢ》ᠵᠡᠷᠭᠡ ᠤᠯᠤᠰ᠎ᠤᠨ ᠬᠡᠪ ᠨᠡᠮᠪᠡ ᠪᠦᠬᠦᠢ ᠲᠣᠭ᠍ᠯᠠᠯᠲᠠ ᠵᠢᠴᠢ ᠬᠤᠳᠬᠤᠷᠠᠯ ᠪᠦᠵᠢᠭ 《ᠮᠣᠭᠠᠶ᠎ᠶ᠋ᠢᠨ ᠪᠥᠵᠢᠭ》 ᠢ᠋ ᠲᠤᠬᠯᠠᠨ ᠰᠤᠨᠢᠷᠬᠠᠭᠤᠯᠪᠠ᠃ ᠦᠳᠡᠱᠢᠯᠡᠭᠡ ᠨᠢ ᠳᠠᠭᠤᠴᠢᠨ ᠪᠣᠯᠤᠨ ᠦᠵᠡᠭ᠌ᠴᠢᠳ᠎ᠦᠨ ᠬᠠᠮᠳᠤ ᠪᠡᠷ ᠳᠠᠭᠤᠯᠠᠭᠰᠠᠨ《ᠦᠷᠭᠦᠯᠵᠢ ᠬᠡᠷ᠎ᠲᠡᠬᠡᠨ ᠬᠠᠷᠢᠵᠤ ᠪᠠᠢᠭᠠᠷᠠᠢ》 ᠭᠡᠬᠦ ᠨᠠᠢᠷᠠᠯ ᠳᠠᠭᠤᠤ᠎ᠶᠢᠨ ᠳᠤᠮᠳᠠ ᠬᠠᠮᠤᠭ᠎ᠤᠨ ᠢᠳᠡ ᠬᠦᠭ ᠲᠠᠢ ᠭᠱᠠᠨ᠎ᠳᠦ ᠬᠦᠷᠴᠦ᠂ ᠳᠤᠬᠠᠢ᠎ᠶᠢᠨ ᠳᠠᠯᠠᠪᠠᠢ᠎ᠶᠢᠨ ᠬᠦᠮᠦᠰ ᠬᠠᠮᠲᠤ᠎ᠪᠠᠷ ᠴᠠᠭᠠᠨ ᠰᠠᠷ᠎ᠠ᠎ᠪᠠᠨ ᠤᠭ᠍ᠲᠤᠵᠤ ᠪᠠᠶᠠᠷ ᠪᠠᠶᠠᠰᠤᠯ᠎ᠢ ᠡᠳ᠋ᠯᠡᠪᠡ᠃
ᠲᠠᠢ ᠤᠯᠤᠰ᠎ᠤᠨ ᠳᠤᠮᠳᠠ ᠬᠡᠰᠡᠭ᠎ᠲᠦ ᠪᠠᠢᠷᠢᠯᠠᠭ᠎ᠠ ᠳᠤᠮᠳᠠᠳᠤ ᠤᠯᠤᠰ ᠪᠠ ᠲᠠᠢ ᠤᠯᠤᠰ᠎ᠤᠨ ᠲᠦᠷᠭᠡᠨ ᠤ᠋ ᠲᠡᠮᠦᠷ ᠵᠠᠮ᠎ᠤᠨ ᠲᠥᠷᠥᠯ ᠵᠦᠶ᠋ᠯ᠎ᠦᠨ 4 — 3 ᠳ᠋ᠤᠭᠠᠷ ᠪᠠᠷᠢᠮᠵᠢᠶᠠᠲᠤ ᠬᠡᠰᠡᠭ᠎ᠲᠦ᠂ ᠲᠦᠷᠦᠯ ᠵᠦᠢᠯ᠎ᠤᠨ ᠬᠡᠯᠳᠡᠰ ᠨᠢ ᠠᠵᠢᠯᠲᠠᠳ᠎ᠢᠶᠡᠨ ᠵᠣᠬᠢᠶᠠᠨ ᠪᠠᠢᠭᠤᠯᠵᠤ ᠬᠠᠮᠲᠤ ᠪᠠᠷ 《ᠪᠤᠶᠠᠨ》ᠭᠡᠬᠦ ᠦᠰᠦᠭ ᠪᠢᠴᠢᠵᠦ᠍᠂ ᠬᠤᠤᠰ ᠤᠶᠠᠩᠭ᠎ᠠ ᠨᠠᠭᠠᠵᠤ᠂ ᠪᠠᠩᠰᠢ ᠪᠠᠷᠢᠬᠤ᠎ᠶᠢᠨ ᠬᠠᠮᠳᠤ ᠤᠷᠠᠨ ᠰᠠᠢᠬᠠᠨ᠎ᠤ ᠲᠣᠭ᠍ᠯᠠᠯᠲᠠ ᠭᠠᠷᠭᠠᠬᠤ ᠵᠡᠷᠭᠡ ᠴᠠᠭᠠᠨ ᠰᠠᠷ᠎ᠠ᠎ᠶ᠋ᠢᠨ ᠨᠠᠢᠷ ᠡᠷᠬᠢᠯᠡᠪᠡ᠃ ᠲᠠᠢ ᠤᠯᠤᠰ ᠪᠡᠷ ᠨᠤᠲᠤᠭ᠎ᠲᠠᠶ ᠠᠵᠢᠯᠲᠠᠨ ᠵᠢᠶᠧᠵᠠᠨ·ᠰᠠᠢᠱᠧᠨ᠂ ᠴᠠᠭᠠᠨ ᠰᠠᠷ᠎ᠠ ᠪᠣᠯ ᠳᠤᠮᠳᠠᠳᠤ ᠤᠯᠤᠰ᠎ᠤᠨ ᠬᠠᠮᠤᠭ᠎ᠤᠨ ᠴᠢᠬᠤᠯᠠ ᠤᠯᠠᠮᠵᠢᠯᠠᠯᠲᠤ ᠪᠠᠶᠠᠷ᠎ᠤᠨ ᠡᠳᠦᠷ᠎ᠦᠨ ᠨᠢᠭᠡ ᠪᠣᠯᠤᠨ᠎ᠠ᠂ ᠪᠢ ᠳᠤᠮᠳᠠᠳᠤ ᠤᠯᠤᠰ᠎ᠤᠨ ᠬᠠᠮᠲᠤ ᠠᠵᠢᠯᠯᠠᠭ᠍ᠴᠢᠲᠠᠶᠪᠠᠨ ᠮᠠᠰᠢ ᠡᠶ᠎ᠡ ᠨᠠᠢᠷᠲᠠᠢ ᠶᠠᠪᠤᠯᠴᠠᠳᠠᠭ᠂ 《ᠳᠤᠮᠳᠠᠳᠤ ᠪᠠ ᠲᠠᠶ ᠤᠯᠤᠰ ᠨᠢᠭᠡ ᠭᠡᠷ ᠮᠡᠲᠤ ᠲᠤᠳᠤᠨᠤ》᠂ ᠬᠣᠶᠠᠷ ᠤᠯᠤᠰ᠎ᠤᠨ ᠠᠷᠠᠳ ᠲᠦᠮᠡᠨ᠎ᠦ ᠭᠦᠨ ᠵᠤᠵᠠᠭᠠᠨ ᠨᠥᠬᠥᠷᠯᠡᠯ ᠬᠡᠵᠢᠶᠡᠳᠡ ᠦᠷᠭᠦᠯᠵᠢᠯᠡᠭᠦ᠎ᠶ᠋ᠢ ᠬᠦᠰᠡᠵᠦ᠍ ᠪᠠᠢᠨ᠎ᠠ ᠭᠡᠪᠡ᠃

2 ᠰᠠᠷ᠎ᠠ᠎ᠶ᠋ᠢᠨ 2 ᠤ᠋ᠨ ᠡᠳᠦᠷ ᠪᠣᠯ ᠪᠢᠯᠢᠭ᠎ᠦᠨ ᠤᠯᠠᠷᠢᠯ᠎ᠤᠨ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ ᠪᠤᠯᠤᠨ᠎ᠠ᠂ ᠠᠷᠠᠳ ᠤᠨ ᠳᠤᠮᠳᠠ 《ᠡᠳ᠋᠎ᠦᠨ ᠡᠵᠡᠨ᠎ᠢ ᠤᠭ᠍ᠲᠤᠬᠤ》 ᠵᠠᠩᠱᠢᠯ ᠲᠠᠶ ᠪᠠᠢᠲᠠᠬ᠂ ᠤᠯᠠᠨ ᠭᠠᠵᠠᠷ ᠤᠨ ᠬᠢᠨ ᠥᠪᠡᠷᠮᠢᠴᠡ ᠣᠨᠴᠠᠯᠢᠭ᠎ᠲᠠᠶ ᠵᠠᠩ ᠥᠢᠯᠨ᠎ᠶ᠋ᠢᠨ ᠠᠵᠢᠯᠯᠠᠭ᠎ᠠ ᠥᠷᠨᠢᠭᠦᠯᠵᠦ᠍ ᠴᠠᠭᠠᠨ ᠰᠠᠷ᠎ᠠ᠎ᠶ᠋ᠢᠨ ᠪᠠᠶᠠᠷ᠎ᠢᠶᠠᠨ ᠪᠡᠯᠭᠡᠯᠡᠪᠡ᠃ ᠵᠢᠷᠤᠭ ᠪᠤᠯ ᠳᠤᠬᠠᠢ᠎ᠶᠢᠨ ᠡᠳᠦᠷ᠂ ᠵᠧᠵᠢᠶᠠᠩ ᠮᠤᠵᠢ᠎ᠶ᠋ᠢᠨ ᠵᠢᠨ ᠬᠤᠸᠠ ᠬᠣᠲᠠ᠎ᠶ᠋ᠢᠨ ᠵᠢᠨ ᠳ᠋ᠦᠩ ᠲᠣᠭᠣᠷᠢᠭ᠎ᠤᠨ ᠯᠢᠩ ᠱᠢᠶᠠ ᠪᠠᠯᠭᠠᠰᠤᠨ᠎ᠤ ᠫᠦᠸᠸ ᠶᠠᠩ ᠡᠷᠲᠡᠨ᠎ᠦ ᠵᠡᠭᠡᠯᠢ᠎ᠳᠦ᠂ 《ᠡᠳ᠋᠎ᠤᠨ ᠡᠵᠡᠨ》 ᠵᠢᠭᠤᠯᠴᠢᠯᠠᠭᠰᠡᠳ ᠲᠤ 《 ᠠᠯᠳᠠᠨ ᠶᠤᠸᠠᠮᠪᠤᠤ 》 ᠬᠢᠴᠡᠳᠡᠢ ᠱᠣᠺᠣᠯᠠᠳ᠋ ᠪᠠ ᠪᠤᠶᠠᠨ ᠬᠡᠰᠢᠭ᠎ᠢ ᠪᠡᠯᠭᠡᠳᠡᠭᠰᠡᠨ ᠺᠠᠷᠲ ᠪᠡᠯᠡᠭᠯᠡᠵᠤ ᠪᠠᠢᠭ᠎ᠠ ᠨᠢ᠃
ᠰᠢᠨᠬᠤᠸᠠ ᠬᠤᠷᠢᠶ᠎ᠠ᠎ᠶᠢᠨ ᠭᠡᠷᠡᠯ ᠵᠢᠷᠤᠭ

2 ᠰᠠᠷ᠎ᠠ᠎ᠶᠢᠨ 1᠎ᠤ᠋ ᠡᠳᠦᠷ᠂ ᠠᠩᠭ᠌ᠯᠢ᠎ᠶᠢᠨ ᠯᠤᠨᠲᠤᠨᠤ ᠺᠠᠮᠳ᠋ᠸᠨ ᠴᠤᠭᠯᠠᠭ᠎ᠠ ᠮᠠᠢᠮᠠᠢ ᠠᠨᠭᠬ᠎ᠠ ᠤᠲᠠᠭ᠎ᠠ ᠳᠤᠮᠳᠠᠳᠤ ᠤᠯᠤᠰ᠎ᠤᠨ ᠴᠠᠭᠠᠨ ᠰᠠᠷ᠎ᠠ ᠶᠢ ᠪᠡᠯᠬᠡᠯᠡᠬᠥ ᠠᠵᠢᠯᠯᠠᠭ᠎ᠠ ᠡᠷᠭᠢᠯᠡᠪᠡ᠃ ᠯᠤᠨᠳᠤᠨ᠎ᠤ ᠪᠠᠷᠠᠭᠤᠨ ᠬᠣᠢᠲᠤ ᠬᠡᠰᠡᠭ ᠲᠦ᠍ ᠪᠠᠢᠷᠢᠯᠠᠳᠠᠭ ᠺᠠᠮᠳ᠋ᠸᠨᠴᠤᠭᠯᠠᠭᠠ ᠮᠠᠢᠮᠠᠢ ᠪᠣᠯ ᠯᠤᠨᠳᠤᠨ᠎ᠤ ᠬᠠᠮᠤᠭ᠎ᠤᠨ ᠬᠦᠷᠢᠶᠡᠯᠡᠯ᠎ᠲᠠᠢ ᠵᠢᠭᠤᠯᠴᠢᠯᠠᠯ᠎ᠤᠨ ᠭᠠᠵᠠᠷ᠎ᠤᠨ ᠨᠢᠭᠡ ᠪᠠᠢᠵᠤ᠂ ᠡᠳᠦᠷ ᠪᠦᠷᠢ ᠶᠡᠬᠡ ᠬᠡᠮᠵᠢᠶᠡᠨ᠎ᠤ ᠵᠢᠭᠤᠯᠴᠢᠯᠠᠭᠰᠠᠳ᠎ᠢ ᠲᠠᠳᠠᠳᠠᠭ᠃ ᠵᠢᠷᠤᠬ ᠪᠤᠯ ᠲᠤᠬᠠᠢ᠎ᠶᠢᠨ ᠡᠳᠦᠷ ᠬᠥᠮᠥᠰ ᠺᠠᠮᠳ᠋ᠸᠨ ᠴᠤᠭᠯᠠᠭ᠎ᠠ ᠮᠠᠢᠮᠠᠢ᠎ᠳᠡᠬᠢ ᠳᠤᠮᠳᠠᠳᠤ ᠤᠯᠤᠰ᠎ᠤᠨ ᠴᠠᠭᠠᠨ ᠰᠠᠷ᠎ᠠ᠎ᠶᠢᠨ ᠪᠠᠶᠠᠷ᠎ᠤᠨ ᠶᠣᠰᠣᠯᠠᠯ᠎ᠳᠤ ᠣᠷᠣᠯᠴᠠᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠯᠢ ᠶᠢᠩ ᠰᠡᠭᠦᠳᠡᠷᠯᠡᠪᠡ

2 ᠰᠠᠷ᠎ᠠ᠎ᠶ᠋ᠢᠨ 1 ᠤ᠋ ᠡᠳᠦᠷ᠂ ᠹᠷᠠᠨᠼᠢ᠎ᠳᠤ ᠵᠢᠭᠤᠯᠴᠢᠯᠠᠵᠤ ᠪᠠᠢᠭ᠎ᠠ ᠳᠤᠮᠳᠠᠳᠤ᠎ᠶ᠋ᠢᠨ ᠬᠠᠷᠢᠶᠠᠲᠤ ᠳᠤᠮᠳᠠᠳᠤᠴᠤᠳ᠎ᠤᠨ ᠴᠠᠭᠠᠨ ᠰᠠᠷ᠎ᠠ᠎ᠶ᠋ᠢᠨ ᠰᠦᠮ᠎ᠡ᠎ᠶ᠋ᠢᠨ ᠴᠤᠭ᠍ᠯᠠᠭᠠᠨ ᠵᠢᠴᠢ ᠠᠮᠲᠠᠲᠤ ᠢᠳᠡᠭᠡᠨ᠎ᠦ ᠨᠠᠢᠷ ᠹᠷᠠᠨᠼᠢ᠎ᠶ᠋ᠢᠨ ᠨᠡᠢᠰᠯᠡᠯ ᠫᠠᠷᠢᠰ ᠳᠡᠬᠢ ᠪᠥᠬᠥᠳᠡ ᠨᠠᠢᠷᠠᠮᠳᠠᠬᠤ ᠤᠯᠤᠰ᠎ᠤᠨ ᠠᠭᠤᠳᠠᠮ ᠲᠠᠯᠠᠪᠠᠶ᠎ᠳᠤ ᠶᠠᠪᠤᠭ᠍ᠳᠠᠪᠠ᠃ ᠳᠤᠬᠠᠢ᠎ᠶᠢᠨ ᠳᠠᠯᠠᠪᠠᠢ᠎ᠳᠦ ᠹᠷᠠᠨᠼᠢ᠎ᠶ᠋ᠢᠨ ᠠᠷᠠᠳ ᠤᠯᠠᠨ᠂ ᠭᠠᠳᠠᠭᠠᠳᠤ᠎ᠶ᠋ᠢᠨ ᠵᠢᠭᠤᠯᠴᠢᠯᠠᠭ᠍ᠰᠠᠳ ᠪᠣᠯᠤᠨ ᠳᠤᠮᠳᠠᠳᠤ᠎ᠶ᠋ᠢᠨ ᠬᠠᠷᠢᠶᠠᠲᠤ ᠳᠤᠮᠳᠠᠳᠤᠴᠤᠳ ᠳᠤᠮᠳᠠᠳᠤ ᠤᠯᠤᠰ᠎ᠤᠨ ᠴᠠᠭᠠᠨ ᠰᠠᠷ᠎ᠠ᠎ᠶ᠋ᠢᠨ ᠪᠠᠶᠠᠷ ᠪᠠᠶᠠᠰᠤᠯ᠎ᠢ ᠬᠠᠮᠳᠤ ᠪᠡᠷ ᠡᠳ᠋ᠯᠡᠵᠡᠭᠡᠪᠡ᠃ ᠵᠢᠷᠤᠭ ᠪᠤᠯ ᠳᠤᠬᠠᠢ᠎ᠶᠢᠨ ᠡᠳᠦᠷ᠂ ᠫᠠᠷᠢᠰ᠎ᠤᠨ ᠭᠤᠤᠯ ᠲᠣᠭᠣᠷᠢᠭ᠎ᠤᠨ ᠨᠢᠭᠡᠳᠦᠭᠡᠷ ᠳᠡᠳ᠋ ᠳᠠᠷᠤᠭ᠎ᠠ ᠺᠠᠯᠢᠨᠠ·ᠪᠠᠷᠪᠠᠷᠢ ᠨᠠᠢᠷ ᠳᠡᠭᠡᠷ᠎ᠡ ᠪᠠᠶᠠᠷ᠎ᠤᠨ ᠦᠭᠡ ᠬᠡᠯᠡᠵᠦ ᠪᠠᠢᠭ᠎ᠠ ᠨᠢ᠃
ᠱᠢᠨᠬᠤᠸᠠ ᠬᠤᠷᠢᠶ᠎ᠠ᠎ᠶᠢᠨ ᠰᠤᠷᠪᠤᠯᠵᠢᠯᠠᠭ᠍ᠴᠢ ᠭᠤᠤ ᠵᠢᠩ ᠰᠡᠭᠦᠳᠡᠷᠯᠡᠪᠡ

2 ᠰᠠᠷ᠎ᠠ ᠵᠢᠨ 1᠎ᠤ᠋ ᠡᠳᠦᠷ᠂ ᠠᠩᠭ᠌ᠯᠢ᠎ᠶᠢᠨ ᠯᠤᠨᠲᠤᠨᠤ ᠺᠠᠮᠳ᠋ᠸᠨ ᠴᠤᠭᠯᠠᠭ᠎ᠠ ᠮᠠᠢᠮᠠᠢ ᠠᠨᠭᠬ᠎ᠠ ᠤᠲᠠᠭ᠎ᠠ ᠳᠤᠮᠳᠠᠳᠤ ᠤᠯᠤᠰ᠎ᠤᠨ ᠴᠠᠭᠠᠨ ᠰᠠᠷ᠎ᠠ ᠶᠢ ᠪᠡᠯᠬᠡᠯᠡᠬᠥ ᠠᠵᠢᠯᠯᠠᠭ᠎ᠠ ᠡᠷᠭᠢᠯᠡᠪᠡ᠃ ᠯᠤᠨᠳᠤᠨ᠎ᠤ ᠪᠠᠷᠠᠭᠤᠨ ᠬᠤᠢᠳᠦ ᠬᠡᠰᠡᠭ ᠲᠦ᠍ ᠪᠠᠢᠷᠢᠯᠠᠳᠠᠭ ᠺᠠᠮᠳ᠋ᠸᠨ ᠴᠤᠭᠯᠠᠭ᠎ᠠ ᠮᠠᠢᠮᠠᠢ ᠪᠤᠯ ᠯᠤᠨᠳᠤᠨ᠎ᠤ ᠬᠠᠮᠤᠭ᠎ᠤᠨ ᠬᠦᠷᠢᠶᠡᠯᠡᠯ ᠲᠡᠢ ᠵᠢᠭᠤᠯᠴᠢᠯᠠᠯ᠎ᠤᠨ ᠭᠠᠵᠠᠷ᠎ᠤᠨ ᠨᠢᠭᠡ ᠪᠠᠢᠵᠤ᠂ ᠡᠳᠦᠷ ᠪᠦᠷᠢ ᠶᠡᠬᠡ ᠬᠡᠮᠵᠢᠶᠡᠨ᠎ᠤ ᠵᠢᠭᠤᠯᠴᠢᠯᠠᠭᠰᠠᠳ᠎ᠢ ᠲᠠᠳᠠᠳᠠᠭ᠃ ᠵᠢᠷᠤᠭ ᠪᠤᠯ ᠲᠤᠬᠠᠢ ᠵᠢᠨ ᠡᠳᠦᠷ ᠨᠢᠭᠡᠨ ᠡᠮᠡᠭᠲᠡᠢ ᠠᠩᠭ᠌ᠯᠢ᠎ᠶᠢᠨ ᠯᠤᠨᠲᠤᠨᠤ ᠺᠠᠮᠳ᠋ᠸᠨ ᠴᠤᠭᠯᠠᠭ᠎ᠠ ᠮᠠᠢᠮᠠᠢ ᠳᠡᠬᠢ ᠳᠤᠮᠳᠠᠳᠤ ᠤᠯᠤᠰ᠎ᠤᠨ ᠴᠠᠭᠠᠨ ᠰᠠᠷ᠎ᠠ᠎ᠶᠢᠨ ᠪᠠᠶᠠᠷ᠎ᠤᠨ ᠠᠵᠢᠯᠯᠠᠭ᠎ᠠ᠎ᠳᠤ ᠣᠷᠣᠯᠴᠠᠵᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠯᠢ ᠶᠢᠩ ᠰᠡᠭᠦᠳᠡᠷᠯᠡᠪᠡ

ᠵᠢᠷᠤᠭ ᠪᠤᠯ 2 ᠰᠠᠷ᠎ᠠ᠎ᠶᠢᠨ 1 ᠤ᠋ ᠡᠳᠦᠷ᠂ ᠲᠦᠨᠢᠰ᠎ᠦᠨ ᠨᠡᠢᠰᠯᠡᠯ ᠲᠦᠨᠢᠰ ᠬᠣᠲᠠ᠎ᠶᠢᠨ ᠳᠣᠷᠣᠨᠠᠳᠠᠬᠢᠨ᠎ᠤ ᠮᠡᠳᠡᠯᠭᠡ᠎ᠶᠢᠨ ᠨᠣᠮ᠎ᠤᠨ ᠳᠡᠯᠭᠡᠭᠦᠷ᠎ᠲᠦ᠂ ᠬᠢᠲᠠᠳ ᠬᠡᠯᠡ ᠰᠤᠷᠤᠯᠴᠠᠭᠰᠠᠳ ᠴᠠᠭᠠᠨ ᠰᠠᠷ᠎ᠠ᠎ᠶᠢᠨ ᠬᠠᠮᠢᠶ᠎ᠠ ᠪᠦᠬᠦᠢ ᠰᠣᠶᠣᠯ᠎ᠤᠨ ᠠᠵᠢᠯᠯᠠᠭ᠎ᠠ᠎ᠳᠤ ᠢᠷᠦᠭᠡᠯ ᠵᠦᠨᠭᠨᠡᠯ᠎ᠦᠨ ᠦᠭᠡ ᠪᠢᠴᠢᠵᠦ ᠪᠠᠢᠭ᠎ᠠ ᠨᠢ᠃
ᠰᠢᠨᠬᠤᠸᠠ ᠬᠣᠷᠢᠶ᠎ᠠ᠎ᠵᠢᠨ ᠭᠡᠷᠡᠯ ᠵᠢᠷᠤᠭ

ᠵᠢᠷᠤᠭ ᠪᠣᠯ 1 ᠰᠠᠷ᠎ᠠ᠎ᠶᠢᠨ 31 ᠤ᠋ ᠡᠳᠦᠷ ᠫᠠᠨᠠᠮᠠ᠎ᠶᠢᠨ ᠨᠡᠢᠰᠯᠡᠯ ᠫᠠᠨᠠᠮᠠ ᠬᠤᠳᠠ᠎ᠶᠢᠨ ᠳᠤᠮᠳᠠᠳᠤ᠎ᠶᠢᠨ ᠬᠠᠷᠢᠶᠠᠲᠤ ᠳᠤᠮᠳᠠᠳᠤᠴᠤᠳ᠎ᠤᠨ ᠪᠠᠶᠠᠷ ᠪᠠᠶᠠᠰᠬᠤᠯᠠᠩᠲᠤ ᠴᠠᠭᠠᠨ ᠰᠠᠷ᠎ᠠ᠎ᠶᠢᠨ ᠰᠦᠮ᠎ᠡ᠎ᠶᠢᠨ ᠴᠤᠭᠯᠠᠭᠠᠨ ᠳᠡᠭᠡᠷ᠎ᠡ ᠰᠡᠭᠦᠳᠡᠷᠯᠡᠭᠰᠡᠨ ᠯᠣᠣ ᠲᠣᠭᠯᠠᠭᠤᠯᠬᠤ ᠲᠣᠭᠯᠠᠯᠲᠠ ᠪᠣᠯᠣᠨ᠎ᠠ᠃
ᠰᠢᠨᠬᠤᠸᠠ ᠬᠣᠷᠢᠶ᠎ᠠ᠎ᠵᠢᠨ ᠰᠤᠷᠪᠤᠯᠵᠢᠯᠠᠭ᠍ᠴᠢ ᠰᠢᠦᠢ ᠶᠦᠩ ᠵᠧᠩ ᠰᠡᠭᠦᠳᠡᠷᠯᠡᠪᠡ

2 ᠰᠠᠷ᠎ᠠ᠎ᠶᠢᠨ 1 ᠤ᠋ ᠡᠳᠦᠷ᠂ ᠡᠮᠦᠨᠡᠲᠦ ᠠᠹᠷᠢᠺᠠ᠎ᠶᠢᠨ ᠬᠠᠤᠲᠸᠠ ᠮᠤᠵᠢ ᠳᠤᠮᠳᠠᠳᠤ ᠤᠯᠤᠰ᠎ᠤᠨ ᠮᠣᠭᠠᠢ ᠵᠢᠯ᠎ᠦᠨ ᠴᠠᠭᠠᠨ ᠰᠠᠷ᠎ᠠ᠎ᠶᠢ ᠪᠡᠯᠭᠡᠯᠡᠬᠦ ᠠᠵᠢᠯᠯᠠᠭ᠎ᠠ ᠥᠷᠨᠢᠭᠦᠯᠵᠦ᠂ ᠠᠷᠰᠯᠠᠨ ᠲᠤᠬᠯᠠᠭᠤᠯᠬᠤ ᠪᠦᠵᠢᠭ᠂ ᠬᠤᠸᠠᠷ ᠫᠤᠤᠵᠢᠩ᠎ᠤᠨ ᠲᠣᠭᠯᠠᠯᠲᠠ ᠵᠡᠷᠭᠡ ᠠᠵᠢᠯᠯᠠᠭ᠎ᠠ ᠨᠢ ᠲᠤᠬᠠᠢ᠎ᠶᠢᠨ ᠭᠠᠵᠠᠷ᠎ᠤᠨ ᠶᠡᠬᠡ ᠬᠡᠮᠵᠢᠶᠡᠨ᠎ᠦ ᠠᠷᠠᠳ ᠣᠯᠠᠨ᠎ᠤ ᠰᠤᠨᠢᠷᠬᠠᠯ᠎ᠢ ᠲᠠᠲᠠᠵᠤ᠂ ᠳᠤᠮᠳᠠᠳᠤ ᠤᠯᠤᠰ᠎ᠤᠨ ᠴᠠᠭᠠᠨ ᠰᠠᠷ᠎ᠠ᠎ᠶᠢᠨ ᠪᠠᠶᠠᠷ ᠪᠠᠶᠠᠰᠤᠯ᠎ᠢ ᠡᠳ᠋ᠯᠡᠪᠡ᠃ ᠵᠢᠷᠤᠭ ᠪᠤᠯ ᠲᠤᠬᠠᠢ ᠵᠢᠨ ᠡᠳᠦᠷ ᠡᠮᠦᠨᠡᠲᠦ ᠠᠹᠷᠢᠺᠠ᠎ᠶᠢᠨ ᠬᠠᠤᠲᠸᠨ ᠮᠤᠵᠢ᠎ᠳᠤ ᠲᠤᠬᠠᠢ ᠵᠢᠨ ᠭᠠᠵᠠᠷ᠎ᠤᠨ ᠠᠷᠠᠳ ᠤᠯᠠᠨ ᠴᠠᠭᠠᠨ ᠰᠠᠷ᠎ᠠ᠎ᠶᠢᠨ ᠳᠤᠷᠠᠰᠬᠠᠯ᠎ᠤᠨ ᠡᠳ᠋ ᠬᠤᠳᠠᠯᠳᠤᠨ ᠠᠪᠴᠤ ᠪᠠᠢᠭ᠎ᠠ ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠵᠠᠩ ᠢᠦᠢᠳ᠋ᠦᠩ ᠰᠡᠭᠦᠳᠡᠷᠯᠡᠪᠡ
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 2 ᠤ᠋ᠨ ᠴᠠᠬᠢᠯᠭᠠᠨ ᠮᠡᠳᠡᠭᠡ )