ᠲᠦᠩᠯᠢᠶᠣᠣ ᠬᠤᠲᠠ ᠣᠯᠠᠨ ᠲᠦᠮᠡᠨᠴᠢ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ ᠦᠷᠨᠢᠭᠦᠯᠪᠡ
2025-02-08 10:22:18
ᠵᠣᠬᠢᠶᠠᠭ᠍ᠴᠢ᠄
ᠪᠦᠦ ᠴᠢᠩ ᠱᠧᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 5᠎ᠤ ᠡᠳᠦᠷ᠂ ᠲᠦᠩᠯᠢᠶᠣᠣ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠂ ᠲᠥᠩᠯᠢᠶᠤᠤ ᠬᠤᠲᠠ ᠵᠢᠨ ᠠᠵᠤ ᠠᠬᠤᠢ ᠮᠠᠷᠭᠡᠵᠢᠯ᠎ᠤᠨ ᠨᠡᠭᠡᠭᠡᠯᠲᠡ᠎ᠶᠢᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠎ᠡᠴᠡ ᠭᠣᠣᠯᠯᠠᠨ ᠡᠷᠭᠢᠯᠡᠭᠰᠡᠨ 《ᠰᠠᠷ᠎ᠠ ᠰᠢᠨ᠎ᠠ᠎ᠪᠠᠨ ᠪᠠᠶᠠᠷ ᠬᠥᠷ ᠲᠠᠢ ᠥᠩᠭᠡᠷᠡᠭᠥᠯᠵᠤ᠂ ᠤᠮᠠᠷᠠᠲᠤ ᠬᠢᠯᠢ᠎ᠶᠢᠨ ᠰᠣᠶᠣᠯ᠎ᠢᠶᠠᠷ ᠴᠠᠭᠠᠨ ᠰᠠᠷ᠎ᠠ ᠪᠠᠨ ᠪᠡᠯᠭᠡᠯᠡᠶ᠎ᠡ》 ᠭᠤᠤᠯ ᠰᠡᠳᠥᠪᠳᠥ 2025 ᠣᠨ᠎ᠤ ᠲᠦᠩᠯᠢᠶᠣᠣ ᠬᠤᠲᠠ᠎ᠶᠢᠨ ᠴᠠᠭᠠᠨ ᠰᠠᠷ᠎ᠠ᠎ᠶᠢᠨ ᠣᠯᠠᠨ ᠲᠦᠮᠡᠨᠴᠢ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ ᠲᠤᠰ ᠬᠤᠲᠠ ᠵᠢᠨ ᠬᠣᠲᠠ᠎ᠶᠢᠨ ᠠᠷᠠᠳ᠎ᠤᠨ ᠠᠭᠤᠳᠠᠮ ᠲᠠᠯᠠᠪᠠᠶ᠎ᠳᠤ ᠶᠠᠪᠤᠭᠳᠠᠪᠠ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠤᠯᠠᠨ ᠬᠥᠮᠥᠨ ᠴᠤᠬᠯᠠᠷᠠᠨ ᠬᠦᠷ ᠬᠥᠭᠵᠢᠶᠡᠨ᠎ᠢᠶᠡᠷ ᠪᠢᠯᠬᠠᠨ᠎ᠠ᠃ ᠪᠠᠶᠠᠷ ᠪᠠᠶᠠᠰᠬᠤᠯᠠᠩᠲᠤ ᠠᠭᠤᠷ ᠠᠮᠢᠰᠬᠤᠯ᠎ᠤᠨ ᠳᠤᠮᠳᠠ᠂ ᠮᠣᠷᠢᠳᠠᠤᠨ᠎ᠤᠨ ᠡᠩᠨᠡᠭᠡ᠂ ᠥᠯᠵᠡᠢᠲᠦ ᠠᠮᠢᠲᠠᠨ᠎ᠤ ᠬᠡᠦᠬᠡᠯᠳᠡᠢ᠂ ᠯᠣᠣᠳᠥ ᠪᠥᠵᠢᠭ᠂ ᠬᠡᠩᠭᠡᠷᠭᠡ ᠵᠢᠨ ᠠᠩᠬᠢ᠂ ᠶᠠᠩᠭᠠᠷ ᠪᠥᠵᠢᠭ ᠵᠡᠷᠭᠡ ᠲᠣᠭᠯᠠᠯᠲᠠ᠎ᠶᠢᠨ ᠡᠩᠨᠡᠭᠡ ᠬᠣᠢᠨ᠎ᠠ ᠬᠣᠢᠨ᠎ᠠ᠎ᠠᠴᠠ ᠪᠠᠨ ᠬᠡᠯᠬᠢᠶᠡᠷᠡᠵᠤ᠂ ᠬᠤᠲᠠ ᠵᠢᠨ ᠠᠷᠠᠳ᠎ᠤᠨ ᠠᠭᠤᠳᠠᠮ ᠲᠠᠯᠠᠪᠠᠢ ᠵᠢᠨ ᠲᠤᠭᠤᠷᠢᠨ ᠳ᠋ᠡᠬᠢ ᠠᠭᠤᠯᠠ ᠵᠡᠭᠡᠯᠢ ᠮᠠᠨᠳᠥ ᠵᠠᠮ ᠵᠡᠷᠭᠡ ᠪᠡᠷ ᠲᠤᠭᠤᠷᠢᠨ ᠲᠤᠬᠯᠠᠵᠤ᠂ ᠬᠥᠮᠥᠰ᠎ᠤᠨ ᠤᠤᠬᠠᠢᠯᠠᠬᠤ ᠳᠠᠭᠤᠨ ᠵᠡᠭᠡᠯᠢ ᠭᠤᠳᠤᠮᠵᠢ ᠪᠡᠷ ᠴᠤᠤᠷᠢᠶᠠᠲᠤᠨ᠂ ᠴᠠᠭᠠᠨ ᠰᠠᠷ᠎ᠠ᠎ᠶᠢᠨ ᠪᠠᠶᠠᠰᠥᠯᠳᠥ ᠠᠭᠤᠷ ᠠᠮᠢᠰᠬᠤᠯ ᠲᠦᠭᠦᠷᠡᠩ ᠪᠢᠯᠬᠠᠵᠤ ᠪᠠᠢᠯ᠎ᠠ᠃

《ᠭᠡᠷ᠎ᠦᠨ ᠬᠥᠮᠥᠰ᠎ᠲᠠᠢ᠎ᠪᠡᠨ ᠬᠠᠮᠲᠤ ᠦᠵᠡᠬᠦ ᠪᠡᠷ ᠢᠷᠡᠭᠰᠡᠨ᠂ ᠮᠣᠷᠢᠳᠠᠤᠨ ᠎ᠤᠨ ᠡᠩᠨᠡᠭᠡ᠂ ᠶᠠᠩᠭᠠᠷ ᠪᠥᠵᠢᠭ᠂ ᠪᠠᠰᠠ ᠮᠠᠰᠢ ᠣᠯᠠᠨ ᠥᠯᠵᠡᠢᠲᠦ ᠠᠮᠢᠲᠠᠨ ᠡᠨᠳᠡ ᠪᠥᠷ ᠪᠤᠢ᠂ ᠦᠨᠡᠬᠡᠷ ᠰᠠᠢᠬᠠᠨ ᠡ》 ᠭᠡᠵᠦ ᠬᠤᠲᠠ᠎ᠶᠢᠨ ᠠᠷᠠᠳ ᠭᠤᠤ ᠰᠢᠸ᠋ ᠵᠢᠶᠧ ᠪᠠᠶᠠᠷᠯᠠᠨ ᠬᠡᠯᠡᠨ᠎ᠡ᠃ ᠵᠠᠮ ᠵᠡᠭᠡᠯᠢ ᠪᠡᠷ ᠲᠣᠭᠣᠷᠢᠨ ᠲᠤᠬᠯᠠᠵᠤ ᠪᠠᠷᠠᠭᠰᠠᠨ᠎ᠤ ᠳᠠᠷᠠᠭ᠎ᠠ᠂ ᠡᠯ᠎ᠡ ᠡᠩᠨᠡᠭᠡ ᠠᠩᠬᠢ᠎ᠶᠢᠨ ᠬᠢᠨ ᠪᠠᠰᠠ ᠬᠣᠲᠠ᠎ᠶᠢᠨ ᠠᠷᠠᠳ᠎ᠤᠨ ᠠᠭᠤᠳᠠᠮ ᠲᠠᠯᠠᠪᠠᠶ᠎ᠳᠤ ᠴᠤᠬᠯᠠᠷᠠᠨ᠂ ᠯᠣᠣᠳᠥ ᠪᠥᠵᠢᠭ᠂ ᠬᠡᠩᠭᠡᠷᠭᠡ ᠵᠢᠨ ᠲᠤᠬᠯᠠᠯᠲᠠ᠂ ᠼᠢᠷᠺ ᠪᠣᠯᠣᠨ ᠶᠠᠩᠭᠠᠷ ᠵᠡᠷᠭᠡ ᠲᠣᠭᠯᠠᠯᠲᠠ ᠭᠠᠷᠭᠠᠵᠠᠢ᠃ ᠡᠳᠡᠭᠡᠷ ᠭᠣᠢᠳᠠ ᠰᠠᠢᠬᠠᠨ ᠠᠷᠠᠳ᠎ᠤᠨ ᠵᠠᠩ ᠦᠢᠯᠡ᠎ᠶᠢᠨ ᠰᠣᠶᠣᠯ᠎ᠤᠨ ᠲᠣᠭᠯᠠᠯᠲᠠ ᠨᠢ ᠤᠯᠠᠮᠵᠢᠯᠠᠯᠳᠥ ᠰᠤᠶᠤᠯ᠎ᠤᠨ ᠭᠠᠢᠬᠠᠮᠰᠢᠬ᠎ᠢ ᠢᠯᠡᠷᠡᠭᠥᠯᠥᠭᠰᠡᠨ ᠵᠢᠨᠷ ᠪᠠᠷᠠᠬᠤ ᠦᠭᠡᠢ ᠪᠠᠰᠠ ᠬᠥᠮᠥᠰ᠎ᠦᠨ ᠰᠢᠨ᠎ᠡ ᠵᠢᠯ ᠳ᠋ᠡᠬᠢ ᠰᠠᠢᠨ ᠰᠠᠢᠬᠠᠨ ᠬᠦᠰᠡᠯ ᠡᠷᠡᠮᠡᠯᠵᠡᠯ᠎ᠢ ᠢᠯᠡᠳᠬᠡᠨ᠂ ᠴᠠᠭᠠᠨ ᠰᠠᠷ᠎ᠠ᠎ᠶᠢᠨ ᠪᠠᠶᠠᠷ᠎ᠤᠨ ᠠᠭᠤᠷ ᠠᠮᠢᠰᠬᠤᠯ᠎ᠢ ᠤᠯᠠᠮ ᠥᠳᠭᠡᠷᠡᠭᠥᠯᠥᠭᠰᠡᠨ ᠪᠠᠢᠨ᠎ᠠ᠃

《ᠡᠨᠡ ᠤᠳᠠᠭ᠎ᠠ᠎ᠶᠢᠨ ᠠᠵᠢᠯᠯᠠᠭ᠎ᠠ᠎ᠳᠤ ᠨᠤᠲᠤᠭ᠎ᠲᠠᠭᠠᠨ ᠪᠤᠴᠠᠭᠰᠠᠨ ᠣᠶᠤᠲᠠᠨ᠂ ᠮᠠᠯᠴᠢᠨ ᠲᠠᠷᠢᠶᠠᠴᠢᠨ ᠤᠷᠤᠯᠴᠠᠬᠰᠠᠨ ᠵᠢᠨᠷ ᠪᠠᠷᠠᠬᠤ ᠦᠭᠡᠢ᠂ ᠪᠠᠰᠠ ᠵᠢᠭᠤᠯᠴᠢᠯᠠᠬᠴᠢ᠂ ᠠᠵᠢᠯ᠎ᠠᠴᠠ᠎ᠪᠠᠨ ᠠᠮᠠᠷᠠᠭᠰᠠᠨ ᠠᠬᠠᠮᠠᠳ ᠺᠠᠳ᠋ᠷ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ ᠠᠵᠢᠯᠴᠢᠨ ᠵᠡᠷᠭᠡ 1000 ᠭᠠᠷᠤᠢ ᠬᠥᠮᠥᠨ ᠣᠷᠣᠯᠴᠠᠪᠠ᠂ ᠪᠢᠳᠡ ᠡᠨᠡ ᠤᠳᠠᠭ᠎ᠠ᠎ᠶᠢᠨ ᠠᠵᠢᠯᠯᠠᠭ᠎ᠠ᠎ᠪᠠᠷ ᠳᠠᠮᠵᠢᠭᠤᠯᠤᠨ ᠥᠷᠭᠡᠨ ᠣᠯᠠᠨ ᠬᠣᠲᠠ᠎ᠶᠢᠨ ᠠᠷᠠᠳ᠎ᠲᠤ ᠥᠪ ᠰᠣᠶᠣᠯ᠎ᠤᠨ ᠦᠪᠡᠳᠡᠭᠰᠢ ᠨᠠᠢᠷ᠎ᠢ ᠰᠤᠨᠢᠷᠬᠠᠭᠤᠯᠬᠤ ᠵᠢᠨ ᠬᠠᠮᠳᠤ᠂ ᠰᠢᠨ᠎ᠡ ᠨᠢᠭᠡᠨ ᠵᠢᠯ᠎ᠳᠦ ᠳᠡᠳᠡᠨᠡᠷ᠎ᠤᠨ ᠪᠠᠶᠠᠷ ᠪᠠᠶᠠᠰᠤᠯ ᠲᠠᠢ᠂ ᠥᠯᠵᠡᠢ ᠪᠡᠯᠭᠡ᠎ᠲᠠᠢ ᠥᠩᠭᠡᠷᠡᠭᠥᠯᠬᠥ ᠵᠢ ᠵᠥᠩᠨᠡᠬᠥ ᠪᠡᠷ ᠵᠤᠷᠢᠯᠲᠠ ᠪᠠᠨ ᠪᠤᠯᠭᠠᠵᠠᠢ》 ᠭᠡᠵᠦ ᠲᠦᠩᠯᠢᠶᠣᠣ ᠬᠤᠳᠠ᠎ᠶᠢᠨ ᠰᠣᠶᠣᠯ᠎ᠤᠨ ᠣᠷᠳᠣᠨ᠎ᠤ ᠳᠡᠳ᠋ ᠳᠠᠷᠤᠭ᠎ᠠ ᠯᠢᠶᠠᠩ ᠵᠢᠩ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号