12315 ᠬᠠᠯᠠᠮᠱᠢᠯ ᠤᠲᠠᠰᠤ ᠶ᠋ᠢᠨ ᠲᠠᠪᠴᠠᠩ ᠤ᠋ᠨ ᠬᠢᠨ 24 ᠴᠠᠭ ᠢ᠋ᠶ᠋ᠡᠷ ᠠᠵᠢᠯ ᠤ᠋ᠨ ᠪᠠᠢᠷᠢ ᠪᠠᠨ ᠵᠢᠵᠢᠭᠦᠷᠯᠡᠨ ᠰᠠᠬᠢᠪᠠ
2025-02-08 10:25:36
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

2025 ᠣᠨ ᠤ᠋ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠤ᠂ ᠦᠪᠡᠷᠲᠡᠭᠡᠨ ᠵᠠᠰᠠᠬᠤ ᠤᠷᠤᠨ ᠤ᠋ 12315 ᠬᠠᠯᠠᠮᠱᠢᠯ ᠤᠲᠠᠰᠤ ᠶ᠋ᠢᠨ ᠲᠠᠪᠴᠠᠩ ᠤ᠋ᠨ ᠬᠢᠨ 24 ᠴᠠᠭ ᠢ᠋ᠶ᠋ᠡᠷ ᠠᠵᠢᠯ ᠤ᠋ᠨ ᠪᠠᠢᠷᠢ ᠪᠠᠨ ᠵᠢᠵᠢᠭᠦᠷᠯᠡᠨ ᠰᠠᠬᠢᠵᠤ᠂ ᠬᠡᠷᠡᠭ᠌ᠯᠡᠭ᠌ᠴᠢᠳ ᠤ᠋ᠨ ᠬᠠᠤᠯᠢ ᠶᠣᠰᠣᠨ ᠤ᠋ ᠡᠷᠬᠡ ᠠᠱᠢᠭ ᠢ᠋ ᠦᠨᠡᠨ ᠬᠦ᠌ ᠬᠠᠮᠠᠭᠠᠯᠠᠵᠤ᠂ ᠪᠠᠶᠠᠷ ᠤ᠋ᠨ ᠡᠳᠦᠷ ᠤ᠋ᠨ ᠬᠡᠷᠡᠭ᠌ᠯᠡᠭᠡᠨ᠎ᠦ ᠵᠠᠬ᠎ᠠ ᠳᠡᠯᠭᠡᠭᠦᠷ ᠤ᠋ᠨ ᠡᠮᠬᠢ ᠳᠢᠭ᠌ᠯᠢᠮ ᠢ᠋ ᠪᠠᠲᠤᠯᠠᠪᠠ᠃

ᠡᠨᠡ ᠭᠦ᠌ ᠬᠤᠭᠤᠴᠠᠭᠠᠨ ᠳ᠋ᠤ᠂ ᠪᠥᠬᠥ᠌ ᠣᠷᠣᠨ ᠬᠡᠷᠡᠭ᠌ᠯᠡᠭ᠌ᠴᠢᠳ ᠤ᠋ᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠭ᠎ᠠ ᠵᠢ ᠨᠡᠢᠲᠡ 2989 ᠬᠤᠪᠢ ᠭᠥᠯᠢᠶᠡᠨ ᠠᠪᠴᠤ᠌᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 0.78% ᠪᠡᠷ ᠨᠡᠮᠡᠭ᠌ᠳᠡᠪᠡ᠃ ᠡᠭᠦᠨ᠎ᠳᠦ ᠵᠠᠭᠠᠯᠳᠤᠯᠭ᠎ᠠ 1221 ᠬᠤᠪᠢ ᠪᠠᠢᠵᠤ᠂ ᠭᠥᠯᠢᠶᠡᠨ ᠠᠪᠤᠭ᠍ᠰᠠᠨ ᠶᠡᠷᠦᠩᠬᠡᠶ ᠬᠡᠮᠵᠢᠶᠡᠨ᠎ᠦ 40.85% ᠵᠢ ᠡᠵᠡᠯᠡᠵᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 0.16% ᠪᠡᠷ ᠪᠠᠭᠠᠰᠪᠠ; ᠢᠯᠡᠴᠢᠯᠡᠨ ᠮᠡᠳᠡᠭᠦᠯᠦᠯᠲᠡ 239 ᠬᠤᠪᠢ ᠪᠠᠢᠵᠤ᠂ ᠭᠥᠯᠢᠶᠡᠨ ᠠᠪᠤᠭ᠍ᠰᠠᠨ ᠶᠡᠷᠦᠩᠬᠡᠶ ᠬᠡᠮᠵᠢᠶᠡᠨ᠎ᠦ 8% ᠵᠢ ᠡᠵᠡᠯᠡᠵᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 3.63% ᠪᠡᠷ ᠪᠠᠭᠠᠰᠪᠠ; ᠠᠰᠠᠭᠤᠨ ᠯᠠᠪᠯᠠᠭ᠎ᠠ 1529 ᠬᠤᠪᠢ ᠪᠠᠢᠵᠤ᠂ ᠭᠥᠯᠢᠶᠡᠨ ᠠᠪᠤᠭ᠍ᠰᠠᠨ ᠶᠡᠷᠦᠩᠬᠡᠶ ᠬᠡᠮᠵᠢᠶᠡᠨ᠎ᠦ 51.15% ᠵᠢ ᠡᠵᠡᠯᠡᠵᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 2.27% ᠪᠡᠷ ᠨᠡᠮᠡᠭ᠌ᠳᠡᠪᠡ᠃ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠦᠭ᠌ᠰᠡᠨ ᠬᠡᠮᠵᠢᠶ᠎ᠡ ᠪᠡᠷ ᠡᠮᠦᠨ᠎ᠡ ᠲᠠᠪᠤᠨ ᠨᠡᠷᠡᠰ ᠲᠦ᠍ ᠵᠢᠭ᠍ᠰᠠᠭᠠᠭ᠍ᠳᠠᠭ᠍ᠰᠠᠨ ᠲᠠᠸᠠᠷ ᠵᠢᠴᠢ ᠦᠶ᠋ᠯᠡᠴᠢᠯᠡᠭᠡᠨ᠎ᠦ ᠲᠣᠮᠣ ᠲᠥᠷᠥᠯ ᠳ᠋ᠤ ᠲᠤᠰ ᠲᠤᠰ ᠢᠳᠡᠭᠡᠨ ᠤ᠋ ᠵᠦᠢᠯ 371 ᠬᠤᠪᠢ᠂ ᠢᠳᠡᠭᠡᠨ ᠤᠮᠳᠠᠭᠠᠨ ᠪᠠ ᠬᠣᠨᠣᠭ ᠪᠠᠭᠤᠳᠠᠯ ᠤ᠋ᠨ ᠦᠶ᠋ᠯᠡᠴᠢᠯᠡᠭᠡ 203 ᠬᠤᠪᠢ᠂ ᠰᠣᠶᠣᠯ ᠵᠤᠭ᠎ᠠ ᠴᠡᠩᠭᠡᠯ ᠪᠡᠶ᠎ᠡ ᠶ᠋ᠢᠨ ᠲᠠᠮᠢᠷ ᠤ᠋ᠨ ᠦᠶ᠋ᠯᠡᠴᠢᠯᠡᠭᠡ 184 ᠬᠤᠪᠢ᠂ ᠪᠣᠷᠣᠯᠠᠭᠤᠯᠭ᠎ᠠ ᠶ᠋ᠢᠨ ᠦᠶ᠋ᠯᠡᠴᠢᠯᠡᠭᠡ 181 ᠬᠤᠪᠢ᠂ ᠬᠤᠪᠴᠠᠰᠤ ᠬᠤᠨᠠᠷ ᠮᠠᠯᠠᠭᠠᠶ ᠱᠠᠬᠠᠶ 78 ᠬᠤᠪᠢ ᠪᠠᠢᠨ᠎ᠠ᠃

ᠤᠢᠯᠠᠭᠠᠬᠰᠠᠨ ᠢ᠋ᠶ᠋ᠡᠷ᠂ ᠴᠠᠭᠠᠨ ᠰᠠᠷ᠎ᠠ ᠶ᠋ᠢᠨ ᠠᠮᠠᠷᠠᠯᠲᠠ ᠡᠴᠡ ᠪᠤᠯᠵᠤ᠂ ᠬᠡᠷᠡᠭᠯᠡᠭᠴᠢᠳ ᠤ᠋ᠨ ᠭᠠᠳᠠᠭ᠍ᠰᠢ ᠭᠠᠷᠴᠤ ᠬᠡᠷᠡᠭᠯᠡᠭᠡ ᠬᠢᠬᠦ ᠠᠵᠢᠯᠯᠠᠭ᠎ᠠ ᠣᠯᠠᠱᠢᠷᠠᠵᠤ᠂ ᠬᠡᠷᠡᠭ᠌ᠯᠡᠭᠡᠨ᠎ᠦ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠨᠡᠮᠡᠭ᠌ᠳᠡᠪᠡ᠃ ᠺᠢᠨᠣ᠋ ᠦᠵᠡᠬᠦ᠂ ᠵᠤᠭ᠎ᠠ ᠴᠡᠩᠭᠡᠯ ᠤ᠋ᠨ ᠲᠠᠯᠠᠪᠤᠷ᠂ ᠤᠯᠠᠮᠵᠢᠯᠠᠯᠲᠤ ᠠᠷᠠᠳ ᠤ᠋ᠨ ᠵᠠᠩ ᠦᠶ᠋ᠯᠡ ᠶ᠋ᠢᠨ ᠲᠣᠭ᠍ᠯᠠᠯᠲᠠ ᠵᠡᠷᠭᠡ ᠤᠷᠠᠨ ᠰᠠᠢᠬᠠᠨ ᠤ᠋ ᠠᠵᠢᠯᠯᠠᠭ᠎ᠠ ᠬᠡᠷᠡᠭ᠌ᠯᠡᠭ᠌ᠴᠢᠳ ᠲᠦ᠍ ᠶᠡᠬᠡᠳᠡ ᠲᠠᠭᠠᠱᠢᠶᠠᠭ᠍ᠳᠠᠵᠤ᠂ ᠵᠤᠭ᠎ᠠ ᠴᠡᠩᠭᠡᠯ ᠪᠠ ᠰᠡᠯᠡᠭᠦᠴᠡᠯ ᠤ᠋ᠨ ᠬᠡᠷᠡᠭ᠌ᠯᠡᠭᠡ ᠶ᠋ᠢᠨ ᠲᠦᠷᠭᠡᠨ ᠨᠡᠮᠡᠭ᠌ᠳᠡᠬᠦ᠌ ᠵᠢ ᠠᠬᠢᠭᠤᠯᠵᠤ᠂ ᠵᠠᠭᠠᠯᠳᠤᠯᠭ᠎ᠠ ᠶ᠋ᠢᠨ ᠠᠰᠠᠭᠤᠳᠠᠯ ᠳ᠋ᠤ ᠭᠤᠤᠯᠳᠠᠭᠤ ᠦᠨ᠎ᠡ ᠬᠠᠩᠰᠢ ᠥᠨᠳᠥᠷ᠂ ᠦᠶ᠋ᠯᠡᠴᠢᠯᠡᠭᠡ ᠠᠨᠠᠶ᠂ ᠪᠢᠯᠧᠲ ᠪᠤᠴᠠᠭᠠᠬᠤ ᠶ᠋ᠢᠨ ᠠᠷᠭ᠎ᠠ ᠥᠬᠡᠶ ᠵᠡᠷᠭᠡ ᠪᠤᠢ; ᠴᠠᠭᠠᠨ ᠰᠠᠷ᠎ᠠ ᠶ᠋ᠢᠨ ᠢᠳᠡᠭᠡᠨ ᠤᠮᠳᠠᠭᠠᠨ ᠤ᠋ ᠲᠥᠷᠥᠯ ᠤ᠋ᠨ ᠬᠡᠷᠡᠭ᠌ᠯᠡᠭᠡᠨ᠎ᠦ ᠬᠡᠷᠡᠭ᠌ᠴᠡᠭᠡ ᠶᠡᠬᠡ ᠪᠡᠷ ᠨᠡᠮᠡᠭ᠌ᠳᠡᠵᠦ᠍᠂ ᠵᠠᠭᠠᠯᠳᠤᠯᠭ᠎ᠠ ᠶ᠋ᠢᠨ ᠠᠰᠠᠭᠤᠳᠠᠯ᠎ᠳᠦ ᠭᠤᠤᠯᠳᠠᠭᠤ ᠢᠳᠡᠭᠡᠨ ᠤᠮᠳᠠᠭᠠᠨ ᠤ᠋ ᠳᠣᠲᠣᠷ᠎ᠠ ᠤᠨᠳᠤᠤ ᠶᠠᠭᠤᠮ᠎ᠠ ᠪᠠᠢᠬᠤ᠂ ᠢᠳᠡᠭᠡᠨ᠎ᠦ ᠴᠢᠨᠠᠷ ᠢ᠋ ᠪᠠᠲᠤᠯᠠᠬᠤ ᠬᠤᠭᠤᠴᠠᠭ᠎ᠠ ᠦᠨᠭᠭᠡᠷᠡᠭᠰᠡᠨ᠂ ᠬᠣᠭᠣᠯᠠᠨ ᠤ᠋ ᠬᠡᠷᠡᠭ᠌ᠰᠡᠯ ᠤ᠋ᠨ ᠡᠷᠡᠭᠦᠯ ᠬᠠᠮᠠᠭᠠᠯᠠᠯ ᠤ᠋ᠨ ᠨᠥᠬᠥᠴᠡᠯ ᠠᠨᠠᠶ᠂ ᠲᠣᠳᠣᠷᠬᠠᠶ ᠦᠨ᠎ᠡ ᠬᠠᠳᠠᠭ᠍ᠰᠠᠨ ᠥᠬᠡᠶ ᠵᠡᠷᠭᠡ ᠪᠠᠢᠨ᠎ᠠ᠃

ᠣᠳᠣᠬᠠᠨ ᠳ᠋ᠤ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶ᠋ᠢᠨ ᠲᠦᠷᠦᠯ ᠤ᠋ᠨ ᠠᠵᠢᠯ ᠤ᠋ᠨ ᠨᠠᠷᠢᠨ ᠳᠠᠨᠭᠰᠠ ᠵᠢ ᠴᠦᠮ ᠬᠠᠷᠢᠶ᠎ᠠ ᠭᠠᠵᠠᠷ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠤ᠋ᠨ ᠪᠠᠢᠴᠠᠭᠠᠨ ᠱᠢᠢᠳᠪᠦᠷᠢᠯᠡᠬᠦ᠌ ᠶᠠᠪᠤᠴᠠ ᠳ᠋ᠤ ᠴᠠᠭ ᠲᠤᠬᠠᠢ ᠳ᠋ᠤᠨᠢ ᠰᠢᠯᠵᠢᠭᠦᠯᠦᠨ ᠳᠠᠩᠰᠠᠯᠠᠭᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号