2025 ᠣᠨ ᠤ᠋ ᠴᠠᠭᠠᠨ ᠰᠠᠷ᠎ᠠ ᠳ᠋ᠤ ᠮᠠᠨ ᠤ᠋ ᠣᠷᠣᠨ 《ᠪᠠᠶᠠᠷ ᠪᠠᠶᠠᠰᠬᠤᠯᠠᠩ ᠲᠡᠶ ᠪᠡᠷ ᠴᠠᠭᠠᠨ ᠰᠠᠷ᠎ᠠ ᠵᠢ ᠪᠡᠯᠭᠡᠯᠡᠬᠦ》ᠪᠠᠷ ᠭᠤᠤᠯ ᠰᠡᠳᠦᠪ ᠪᠣᠯᠭᠠᠨ ᠡᠯ᠎ᠡ ᠲᠥᠷᠥᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠵᠢ 417 ᠵᠦᠶ᠋ᠯ ᠥᠷᠨᠢᠭᠦᠯᠵᠤ᠂ ᠴᠠᠭᠠᠨ ᠰᠠᠷ᠎ᠠ ᠶ᠋ᠢᠨ ᠠᠮᠠᠷᠠᠯᠲᠠ ᠶ᠋ᠢᠨ 8 ᠡᠳᠦᠷ ᠲᠦ᠍ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠵᠢ 3058 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠬᠡᠷᠡᠭᠯᠡᠬᠡᠨ ᠤ᠋ ᠶᠡᠷᠤᠩᠬᠡᠢ ᠵᠠᠷᠤᠳᠠᠯ ᠨᠢ 217 ᠳ᠋ᠦᠩᠱᠢᠭᠤᠷ ᠲᠥᠭᠥᠷᠢᠭ ᠲᠦ᠍ ᠬᠦᠷᠴᠠᠢ᠃ ᠡᠭᠦᠨ ᠳ᠋ᠦ ᠨᠢᠭᠡ ᠡᠳᠦᠷ ᠤ᠋ᠨ ᠵᠢᠭᠤᠯᠴᠢᠯᠠᠭᠴᠢ ᠵᠢ 1868 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠬᠤᠨᠤᠭ ᠤ᠋ᠨ ᠵᠢᠭᠤᠯᠴᠢᠯᠠᠭᠴᠢ ᠵᠢ 1190 ᠲᠦᠮᠡᠨ ᠬᠥᠮᠦᠨ ᠤᠳᠠᠭ᠎ᠠ ᠭᠥᠯᠢᠶᠡᠨ ᠠᠪᠤᠪᠠ ᠃
ᠴᠠᠭᠠᠨ ᠰᠠᠷ᠎ᠠ ᠶ᠋ᠢᠨ ᠠᠮᠠᠷᠠᠯᠲᠠ ᠵᠢᠨ ᠬᠤᠭᠤᠴᠠᠭᠠᠨ ᠳ᠋ᠦ ᠪᠦᠬᠦ ᠤᠷᠤᠨ ᠤ᠋ ᠡᠯ᠎ᠠ ᠭᠠᠵᠠᠷ ᠤ᠋ᠨ ᠰᠣᠶᠣᠯ ᠤ᠋ᠨ ᠦᠨᠦᠷ ᠠᠮᠲᠠ ᠨᠡᠩ ᠥᠳᠭᠡᠨ᠂ ᠤᠯᠠᠨ ᠲᠦᠮᠡᠨ ᠤ᠋ ᠰᠤᠶᠤᠯ ᠤ᠋ᠨ ᠠᠵᠢᠯᠯᠠᠭᠠᠨᠡᠩ ᠭᠣᠢᠳᠠ ᠰᠠᠢᠬᠠᠨ᠂ ᠮᠥᠰᠥ᠍ ᠴᠠᠰᠤᠨ ᠤ᠋ ᠵᠢᠭᠤᠯᠴᠢᠯᠠᠯ ᠨᠡᠩ ᠬᠦᠭᠵᠢᠶᠡᠨ ᠲᠠᠢ ᠶᠠᠪᠤᠭᠳᠠᠵᠤ᠂ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠲᠠᠲᠠᠬᠤ ᠬᠦᠴᠦᠨ ᠤᠯᠠᠮ ᠴᠢᠩᠭᠠᠷᠠᠪᠠ᠃ ᠲᠦᠩᠯᠢᠶᠣᠤ ᠬᠣᠲᠠ ᠶ᠋ᠢᠨ ᠺᠠᠢᠯᠦ᠍ ᠱᠢᠶᠠᠨ ᠤ᠋ ᠱᠢᠶᠤᠤ ᠵᠢᠶᠧ ᠵᠢᠶ ᠪᠠᠯᠭᠠᠰᠤ ᠵᠢᠨ ᠵᠤᠤ ᠭᠧᠨ ᠲᠣᠰᠭᠣᠨ᠂ ᠣᠷᠳᠣᠰ ᠬᠣᠲᠠ ᠶ᠋ᠢᠨ ᠦᠦᠱᠢᠨ ᠬᠣᠱᠢᠭᠤᠨ ᠤ᠋ ᠭᠠᠯᠠᠭᠤᠲᠤ ᠪᠠᠯᠭᠠᠰᠤ᠂ ᠪᠠᠶᠠᠨᠨᠠᠭᠤᠷ ᠬᠣᠲᠠ ᠶ᠋ᠢᠨ ᠤᠷᠠᠳ ᠤ᠋ᠨ ᠡᠮᠦᠨᠡᠲᠦ ᠬᠣᠱᠢᠭᠤᠨ ᠤ᠋ ᠪᠠᠷᠠᠭᠤᠨ ᠪᠠᠭ᠎ᠠ ᠵᠤᠤ ᠪᠠᠯᠭᠠᠰᠤ ᠵᠢᠨ ᠬᠥᠩ ᠤ᠋ᠨ ᠲᠠᠷᠢᠶ᠎ᠠ ᠲᠣᠰᠭᠣᠨ 2025 ᠣᠨ ᠤ᠋ ᠪᠥᠬᠥ᠌ ᠤᠯᠤᠰ ᠤ᠋ᠨ ᠴᠠᠭᠠᠨ ᠰᠠᠷ᠎ᠠ ᠶ᠋ᠢᠨ《ᠲᠣᠰᠭᠣᠨ ᠤ᠋ ᠦᠳᠡᠰᠢᠯᠡᠬᠡ》 ᠶ᠋ᠢᠨ ᠵᠢᠱ᠌ᠢᠶ᠎ᠡ ᠦᠵᠡᠭᠦᠯᠬᠦ᠌ ᠠᠵᠢᠯᠯᠠᠭ᠎ᠠ ᠳ᠋ᠦ ᠢᠳᠡᠪᠬᠢᠲᠡᠶ ᠣᠷᠣᠯᠴᠠᠵᠤ᠂ ᠪᠦᠬᠦ ᠤᠯᠤᠰ ᠤ᠋ᠨ ᠣᠯᠠᠨ ᠨᠡᠢᠲᠡ ᠶ᠋ᠢᠨ ᠰᠣᠶᠣᠯ ᠤ᠋ᠨ ᠰᠦᠯᠵᠢᠶᠡᠨ ᠳᠡᠭᠡᠷᠡᠬᠢ ᠱᠢᠭᠤᠳ ᠨᠡᠪᠲᠡᠷᠡᠭᠦᠯᠬᠡ ᠳ᠋ᠤᠨᠢ 122.25 ᠲᠦᠮᠡᠨ ᠦᠵᠡᠭᠴᠢ (ᠤᠳᠠᠭ᠎ᠠ) ᠣᠷᠣᠯᠴᠠᠵᠠᠢ᠃ ᠬᠥᠬᠡᠬᠣᠲᠠ ᠶ᠋ᠢᠨ ᠴᠠᠭᠠᠨ ᠰᠠᠷ᠎ᠠ ᠶ᠋ᠢᠨ ᠳᠠᠭᠤᠤ ᠬᠥᠭ᠌ᠵᠢᠮ ᠤ᠋ᠨ ᠦᠳᠡᠱᠢᠯᠡᠭᠡ᠂ ᠴᠠᠭᠠᠨ ᠰᠠᠷ᠎ᠠ ᠶ᠋ᠢᠨ ᠨᠠᠢᠷᠠᠯ ᠬᠥᠭ᠌ᠵᠢᠮ ᠤ᠋ᠨ ᠦᠳᠡᠱᠢᠯᠡᠭᠡ᠂ ᠦᠨᠳᠦᠰᠦᠲᠡᠨ ᠤ᠋ ᠨᠠᠢᠷᠠᠯ ᠬᠥᠭ᠌ᠵᠢᠮ ᠤ᠋ᠨ ᠦᠳᠡᠱᠢᠯᠡᠭᠡ᠂ ᠮᠤᠷᠢᠨ ᠬᠤᠭᠤᠷ ᠤ᠋ᠨ ᠲᠤᠰᠭᠠᠢ ᠳᠠᠯᠠᠪᠠᠢ ᠳᠠᠭᠤᠤ ᠬᠥᠭ᠌ᠵᠢᠮ ᠤ᠋ᠨ ᠦᠳᠡᠱᠢᠯᠡᠭᠡ ᠵᠡᠷᠭᠡ ᠰᠣᠳᠣᠨ ᠲᠣᠭ᠍ᠯᠠᠯᠲᠠ ᠨᠢ ᠴᠠᠭᠠᠨ ᠰᠠᠷ᠎ᠠ ᠳ᠋ᠦ ᠪᠠᠶᠠᠷ ᠬᠦᠷ ᠨᠡᠮᠡᠪᠠ᠃ ᠰᠤᠶᠤᠯ ᠵᠢᠭᠤᠯᠴᠢᠯᠠᠯ ᠤ᠋ᠨ ᠰᠠᠯᠠᠭ᠎ᠠ ᠮᠦᠴᠢᠷ ᠤ᠋ᠨ ᠬᠢᠨ ᠪᠠᠰᠠ ᠬᠤᠳᠠᠯᠳᠤᠭᠠᠨ ᠤ᠋ ᠶᠠᠪᠤᠳᠠᠯ ᠤ᠋ᠨ ᠰᠠᠯᠠᠭ᠎ᠠ ᠮᠦᠴᠢᠷ ᠲᠠᠢ ᠬᠠᠮᠳᠤᠷᠠᠨ ᠰᠤᠶᠤᠯ ᠢ᠋ᠶ᠋ᠡᠷ ᠠᠷᠠᠳ ᠲᠦ᠍ ᠠᠰᠢᠭ ᠬᠦᠷᠳᠡᠭᠡᠬᠦ᠂ ᠬᠢᠮᠳᠠᠷᠠᠯ ᠤ᠋ᠨ ᠳᠡᠮᠳᠡᠭᠳᠦ ᠳᠠᠷᠬᠠᠭᠠᠬᠤ᠂ ᠦᠨ᠎ᠠ ᠪᠠᠭᠤᠷᠠᠭᠤᠯᠬᠤ᠂ ᠬᠡᠷᠡᠭᠯᠡᠬᠡᠨ ᠤ᠋ ᠳᠡᠮᠳᠡᠭᠳᠦ ᠪᠡᠯᠡᠭᠯᠡᠬᠦ ᠵᠡᠷᠭᠡ ᠠᠷᠭ᠎ᠠ ᠪᠡᠷ ᠶᠠᠪᠤᠭᠳᠠᠭᠤᠯᠤᠭᠰᠠᠨ ᠬᠡᠷᠡᠭ᠌ᠯᠡᠭᠡ ᠵᠢ ᠠᠬᠢᠭᠤᠯᠵᠤ ᠠᠷᠠᠳ ᠲᠦ᠍ ᠠᠱᠢᠭ ᠬᠦᠷᠲᠡᠭᠡᠬᠦ᠌ ᠠᠵᠢᠯᠯᠠᠭ᠎ᠠ ᠶ᠋ᠢᠨ ᠦᠷ᠎ᠡ ᠪᠦᠲᠦᠮᠵᠢ ᠢᠯᠡᠳᠲᠡ ᠪᠠᠢᠵᠦ᠂ ᠣᠯᠠᠨ ᠶᠠᠩᠵᠤ ᠶ᠋ᠢᠨ ᠪᠦᠲᠦᠭᠡᠭ᠌ᠳᠡᠬᠦᠨ ᠨᠢ ᠤᠯᠠᠨ ᠤ᠋ ᠬᠦᠷᠢᠶᠡᠯᠡᠯ ᠢ᠋ ᠤᠯᠤᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号