ᠮᠠᠨ ᠤ᠋ ᠤᠷᠤᠨ 1.7 ᠳ᠋ᠦᠩᠱᠢᠭᠤᠷ ᠲᠥᠭᠥᠷᠢᠭ ᠤ᠋ᠨ ᠵᠠᠮ ᠨᠡᠪᠲᠡᠷᠡᠯᠭᠡ ᠢ᠋ᠢᠨ ᠰᠦᠶ᠋ᠳᠭᠡᠯ ᠢ᠋ ᠬᠡᠯᠲᠦᠷᠢᠭᠦᠯᠪᠡ
2025-02-08 13:55:16
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠮᠠᠨ ᠤ᠋ ᠤᠷᠤᠨ 7 ᠰᠠᠭᠤᠳᠠᠯ ᠵᠢᠴᠢ ᠲᠡᠭᠦᠨ ᠡᠴᠡ ᠳᠣᠷᠣᠭ᠍ᠰᠢᠬᠢ ᠪᠠᠭ᠎ᠠ ᠬᠡᠯᠪᠡᠷᠢ ᠢ᠋ᠢᠨ ᠠᠶᠠᠨᠴᠢᠳ ᠤ᠋ᠨ ᠮᠠᠱᠢᠨ ᠲᠡᠷᠭᠡ ᠡᠴᠡ ᠨᠡᠢᠲᠡ 1.7 ᠳ᠋ᠦᠩᠱᠢᠭᠤᠷ ᠲᠥᠭᠥᠷᠢᠭ ᠤ᠋ᠨ ᠵᠠᠮ ᠨᠡᠪᠲᠡᠷᠡᠯᠭᠡ ᠢ᠋ᠢᠨ ᠰᠦᠶ᠋ᠳᠭᠡᠯ ᠢ᠋ ᠬᠡᠯᠲᠦᠷᠢᠭᠦᠯᠪᠠ ᠃

ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠦᠪᠤᠷ ᠮᠤᠩᠭᠤᠯ ᠤ᠋ᠨ ᠬᠠᠷᠢᠶᠠᠨ ᠳ᠋ᠠᠬᠢ 294 ᠰᠦᠶ᠋ᠳᠭᠡᠯ ᠬᠤᠷᠢᠶᠠᠬᠤ ᠦᠷᠲᠡᠭᠡ ᠪᠠᠭ᠎ᠠ ᠬᠡᠯᠪᠡᠷᠢ ᠢ᠋ᠢᠨ ᠮᠠᠱᠢᠨ ᠲᠡᠷᠭᠡᠨ ᠤ᠋ ᠲᠤᠰᠭᠠᠶ ᠲᠡᠷᠭᠡᠨ ᠵᠠᠮ ᠭᠠᠷᠭᠠᠬᠤ᠂ ᠣᠶᠤᠨᠴᠢ ᠰᠦᠶ᠋ᠳᠭᠡᠯ ᠬᠤᠷᠢᠶᠠᠬᠤ ᠲᠥᠬᠥᠭᠡᠷᠦᠮᠵᠢ ᠬᠡᠷᠡᠭ᠌ᠯᠡᠬᠦ᠌᠂ ᠠᠵᠢᠯᠴᠢᠨ ᠨᠡᠮᠡᠵᠦ᠍ ᠲᠤᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠡᠷ ᠠᠶᠠᠨᠴᠢᠳ ᠤ᠋ᠨ ᠮᠠᠰᠢᠨ ᠲᠡᠷᠭᠡ ᠢ᠋ᠢᠨ ᠰᠠᠭᠠᠳ ᠦᠭᠡᠢ ᠨᠡᠪᠲᠡᠷᠡᠬᠦ ᠢ᠋ᠢ ᠪᠠᠲᠤᠯᠠᠪᠠ; ᠡᠯ᠎ᠡ ᠦᠶ᠋ᠯᠡᠴᠢᠯᠡᠭᠡᠨ ᠤ᠋ ᠲᠣᠭᠣᠷᠢᠭ ᠤ᠋ᠨ 2000 ᠭᠠᠷᠤᠶ ᠠᠵᠢᠯᠴᠢᠨ ᠵᠠᠰᠠᠮᠠᠯ ᠵᠠᠮ ᠤ᠋ᠨ ᠦᠶ᠋ᠯᠡᠴᠢᠯᠡᠭᠡᠨ ᠤ᠋ ᠨᠢᠭᠡᠳᠦᠭᠡᠷ ᠹᠷᠣᠨᠲ ᠢ᠋ ᠪᠠᠲᠤ ᠰᠠᠬᠢᠵᠤ᠂ 380 ᠲᠦᠮᠡᠨ ᠬᠥᠮᠦᠨ ᠤᠳᠠᠭ᠎ᠠ ᠢ᠋ᠢᠨ ᠠᠶᠠᠨᠴᠢᠳ ᠢ᠋ ᠭᠥᠯᠢᠶᠡᠨ ᠠᠪᠴᠠᠢ; ᠱᠢᠨ᠎ᠡ ᠡᠨᠧᠷᠭᠢ ᠢ᠋ᠢᠨ ᠮᠠᠰᠢᠨ ᠲᠡᠷᠭᠡ ᠤᠯᠠᠰᠢᠷᠠᠭᠰᠠᠨ ᠪᠠᠢᠳᠠᠯ ᠳ᠋ᠤ ᠴᠢᠭᠯᠡᠬᠦᠯᠤᠨ 196 ᠴᠠᠬᠢᠯᠭᠠᠨ ᠴᠡᠨᠡᠭ᠌ᠯᠡᠬᠦ᠌ ᠥᠷᠲᠡᠭᠡ᠂ 4 ᠱᠢᠯᠵᠢᠮᠡᠯ ᠴᠠᠬᠢᠯᠭᠠᠨ ᠴᠡᠨᠡᠭ᠌ᠯᠡᠬᠦ᠌ ᠲᠡᠷᠭᠡ ᠲᠣᠬᠢᠷᠠᠭᠤᠯᠵᠤ᠂ ᠲᠤᠰᠭᠠᠶ ᠬᠥᠮᠦᠨ ᠲᠤᠬᠢᠷᠠᠭᠤᠯᠤᠨ ᠴᠠᠬᠢᠯᠭᠠᠨ ᠴᠡᠨᠡᠭ᠌ᠯᠡᠬᠦ᠌ ᠡᠮᠬᠢ ᠳᠢᠭ᠌ᠯᠢᠮ ᠢ᠋ ᠬᠠᠮᠠᠭᠠᠯᠠᠪᠠ᠃ ᠴᠠᠭᠠᠨ ᠰᠠᠷ᠎ᠠ ᠡᠴᠡ ᠡᠮᠤᠨᠡᠬᠡᠨ ᠴᠢᠡᠭᠭ᠎ᠠ ᠬᠦᠢᠳᠠᠨ ᠠᠭᠠᠷ ᠮᠠᠨ ᠤ᠋ ᠤᠷᠤᠨ ᠢ᠋ ᠨᠦᠯᠦᠬᠡᠯᠡᠨ ᠶᠡᠬᠡᠡᠭᠭᠢ ᠭᠠᠵᠠᠷ ᠲᠦ᠍ ᠴᠠᠰᠤ ᠣᠷᠣᠭᠰᠠᠨ ᠳ᠋ᠤ ᠬᠠᠮᠢᠶ᠎ᠠ ᠪᠦᠬᠦᠢ ᠰᠠᠯᠠᠭ᠎ᠠ ᠮᠦᠴᠢᠷ ᠤ᠋ᠨ ᠬᠢᠨ ᠨᠡᠢᠲᠡ 1.2 ᠲᠦᠮᠡᠨ ᠠᠵᠢᠯᠲᠠᠨ (ᠤᠳᠠᠭ᠎ᠠ ) ᠲᠤᠬᠢᠷᠠᠭᠤᠯᠵᠤ᠂ 7409 ᠲᠣᠨ ᠴᠠᠰᠤ ᠬᠠᠢᠯᠠᠭᠤᠯᠬᠤ ᠡᠳ᠋ ᠰᠠᠴᠤᠨ᠂ 22.3 ᠲᠦᠮᠡᠨ ᠺᠢᠯᠣᠮᠧᠲ᠋ᠷ ᠵᠠᠰᠠᠮᠠᠯ ᠵᠠᠮ ᠤ᠋ᠨ ᠴᠠᠰᠤ ᠵᠢ ᠴᠡᠪᠡᠷᠯᠡᠵᠤ᠂ ᠨᠢᠭᠡᠯᠬᠡᠨ ᠡᠳᠦᠷ ᠤ᠋ᠨ ᠲᠤᠳᠤᠷ᠎ᠠ ᠪᠢᠲᠡᠭᠦᠮᠵᠢᠯᠡᠭ᠌ᠰᠡᠨ ᠵᠠᠰᠠᠮᠠᠯ ᠵᠠᠮ ᠢ᠋ ᠪᠦᠬᠦᠨ ᠢ᠋ ᠨᠡᠪᠲᠡᠷᠡᠭᠦᠯᠦᠭᠰᠡᠨ ᠪᠠᠢᠨ᠎ᠠ᠃



ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号