ᠬᠥᠬᠡᠬᠣᠲᠠ ᠢ᠋ᠢᠨ ᠲᠡᠮᠦᠷ ᠵᠠᠮ ᠤ᠋ᠨ ᠲᠣᠪᠴᠢᠶ᠎ᠠ ᠡᠴᠡ ᠣᠢᠯᠠᠭᠠᠭ᠍ᠰᠠᠨ ᠢ᠋ᠢᠡᠷ᠂ ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠪᠦᠬᠦ ᠤᠷᠤᠨ ᠤ᠋ ᠲᠡᠮᠦᠷ ᠵᠠᠮ ᠤ᠋ᠨ ᠰᠠᠯᠠᠭ᠎ᠠ ᠮᠦᠴᠢᠷ ᠨᠡᠢᠳᠡ 78.4 ᠲᠦᠮᠡᠨ ᠠᠶᠠᠨᠴᠢᠨ (ᠤᠳᠠᠭ᠎ᠠ ) ᠵᠦᠭᠡᠭᠡᠪᠦᠷᠢᠯᠡᠵᠤ᠂ ᠡᠳᠦᠷ ᠪᠦᠷᠢ ᠳᠤᠮᠳᠠᠴᠢ ᠪᠡᠷ 9.8 ᠲᠦᠮᠡᠨ ᠠᠶᠠᠨᠴᠢᠨ ᠵᠦᠭᠡᠭᠡᠪᠦᠷᠢᠯᠡᠵᠡᠢ᠃ ᠠᠶᠠᠨᠴᠢᠳ ᠤ᠋ᠨ ᠠᠶᠠᠯᠠᠯ ᠤ᠋ᠨ ᠣᠷᠭᠢᠯ ᠤ᠋ᠨ ᠬᠤᠭᠤᠴᠠᠭ᠎ᠠ 2 ᠰᠠᠷ᠎ᠠ ᠢ᠋ᠢᠨ 4 ᠤ᠋ ᠡᠳᠦᠷ ᠲᠤᠬᠢᠶᠠᠵᠤ᠂ ᠨᠢᠬᠡ ᠯᠡ ᠡᠳᠤᠷ ᠲᠦ᠍ 15.6 ᠲᠦᠮᠡᠨ ᠠᠶᠠᠨᠴᠢᠨ ᠵᠦᠭᠡᠭᠡᠪᠦᠷᠢᠯᠡᠪᠠ ᠃
ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠬᠦᠬᠡᠬᠤᠲᠠ ᠢ᠋ᠢᠨ ᠲᠡᠮᠤᠷ ᠵᠠᠮ ᠤ᠋ᠨ ᠲᠤᠪᠴᠢᠶ᠎ᠠ ᠨᠢᠭᠡ ᠡᠳᠦᠷ ᠲᠤ᠌ ᠬᠠᠮᠤᠭ ᠣᠯᠠᠨᠳᠠᠭᠠᠨ 21 ᠡᠭᠡᠯᠵᠢ ᠢ᠋ᠢᠨ ᠠᠶᠠᠨᠴᠢᠨ ᠤ᠋ ᠭᠠᠯᠲᠤ ᠲᠡᠷᠭᠡ ᠨᠡᠮᠡᠵᠦ᠍᠂ 32 ᠡᠭᠡᠯᠵᠢ ᠢ᠋ᠢᠨ ᠬᠦᠳᠡᠯᠭᠡᠬᠦ ᠬᠦᠴᠦᠨᠲᠤ ᠭᠠᠯᠲᠤ ᠲᠡᠷᠭᠡ ᠲᠣᠬᠢᠷᠠᠭᠤᠯᠤᠨ᠂ ᠲᠡᠭᠡᠭᠡᠪᠦᠷᠢ ᠢ᠋ᠢᠨ ᠬᠦᠴᠦᠨ ᠢ᠋ ᠭᠣᠣᠯᠳᠠᠭᠤ ᠮᠠᠨ ᠤ᠋ ᠤᠷᠤᠨ ᠤ᠋ ᠳᠤᠮᠳᠠ ᠪᠡᠶ᠎ᠠ ᠪᠠ ᠪᠠᠷᠠᠭᠤᠨ ᠪᠡᠶ᠎ᠠ ᠢ᠋ᠢᠨ ᠬᠣᠲᠠ ᠢ᠋ᠢᠨ ᠬᠣᠭᠣᠷᠣᠨᠳᠣ ᠵᠢᠴᠢ ᠬᠥᠬᠡᠬᠣᠲᠠ᠂ ᠪᠤᠭᠤᠲᠤ ᠡᠴᠡ ᠪᠡᠭᠡᠵᠢᠩ᠂ ᠵᠡᠭᠦᠨ ᠬᠣᠢᠲᠤ ᠤᠷᠤᠨ ᠪᠠ ᠰᠢ ᠠᠨ ᠳ᠋ᠤ ᠬᠦᠷᠬᠦ ᠲᠡᠢᠰᠢ ᠲᠥᠪᠯᠡᠷᠡᠭᠦᠯᠵᠡᠢ᠃ ᠵᠢᠱ᠌ᠢᠯᠲᠡ ᠪᠡᠷ ᠴᠠᠭᠠᠨ ᠰᠠᠷ᠎ᠠ ᠢ᠋ᠢᠨ ᠠᠷᠪᠠᠨ ᠲᠠᠪᠤᠨ ᠡᠴᠡ ᠡᠮᠦᠨ᠎ᠡ ᠲᠡᠮᠦᠷ ᠵᠠᠮ ᠤ᠋ᠨ ᠠᠶᠠᠨᠴᠢᠳ ᠤ᠋ᠨ ᠤᠷᠤᠰᠭᠠᠯ ᠬᠠᠷᠢᠴᠠᠩᠭᠤᠶ ᠲᠣᠭ᠍ᠲᠠᠭᠤᠨ ᠪᠠᠢᠵᠤ᠂ ᠭᠤᠤᠯᠳᠠᠭᠤ ᠬᠥᠬᠡᠬᠣᠲᠠ᠂ ᠪᠤᠭᠤᠲᠤ᠂ ᠣᠷᠳᠣᠰ ᠵᠡᠷᠭᠡ ᠬᠣᠲᠠ ᠢ᠋ᠢᠨ ᠬᠣᠭᠣᠷᠣᠨᠳᠣ ᠵᠢᠴᠢ ᠮᠠᠨ ᠤ᠋ ᠤᠷᠤᠨ ᠤ᠋ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠡᠴᠡ ᠪᠡᠭᠡᠵᠢᠩ᠂ ᠱᠠᠩᠬᠠᠶ ᠵᠢᠴᠢ ᠵᠡᠭᠦᠨ ᠬᠣᠢᠲᠤ ᠣᠷᠣᠨ ᠬᠦᠷᠬᠦ ᠴᠢᠭᠯᠡᠯ ᠳ᠋ᠤ ᠲᠥᠪᠯᠡᠷᠡᠬᠦ ᠪᠤᠯᠤᠨ᠎ᠠ᠃ ᠲᠡᠮᠦᠷ ᠵᠠᠮ ᠤ᠋ᠨ ᠰᠠᠯᠠᠭ᠎ᠠ ᠮᠥᠴᠢᠷ ᠠᠶᠠᠨᠴᠢᠳ ᠤ᠋ᠨ ᠤᠷᠤᠰᠭᠠᠯ ᠤ᠋ᠨ ᠪᠠᠢᠳᠠᠯ ᠢ᠋ ᠦᠨᠳᠦᠰᠦᠯᠡᠨ ᠭᠠᠯᠲᠤ ᠲᠡᠷᠭᠡᠨ ᠤ᠋ ᠠᠶᠠᠯᠠᠯ ᠤ᠋ᠨ ᠵᠢᠷᠤᠭ ᠲᠠᠭᠠᠨ ᠬᠥᠳᠡᠯᠦᠩᠭᠦᠶ ᠲᠣᠬᠢᠷᠠᠭᠤᠯᠤᠯᠲᠠ ᠬᠢᠵᠦ᠍᠂ ᠬᠠᠯᠠᠮᠱᠢᠯ ᠭᠠᠵᠠᠷ ᠤ᠋ᠨ ᠲᠡᠭᠡᠭᠡᠪᠦᠷᠢ ᠢ᠋ᠢᠨ ᠴᠢᠳᠠᠪᠤᠷᠢ ᠢ᠋ᠢ ᠨᠡᠮᠡᠭ᠌ᠳᠡᠭᠦᠯᠤᠨ ᠠᠶᠠᠨᠴᠢᠳ ᠤ᠋ᠨ ᠠᠶᠠᠯᠠᠯ ᠤ᠋ᠨ ᠬᠡᠷᠡᠭ᠌ᠴᠡᠭᠡᠶ᠋ᠢ ᠬᠠᠩᠭᠠᠬᠤ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号