ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ 23.9 ᠲᠦᠮᠡᠨ ᠠᠶᠠᠨᠴᠢᠨ ᠵᠦᠭᠡᠭᠡᠪᠦᠷᠢᠯᠡᠪᠠ
2025-02-08 14:05:03
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ 2255 ᠡᠭᠡᠯᠵᠢ ᠢ᠋ᠢᠨ ᠨᠢᠰᠭᠡᠯ ᠤ᠋ᠨ ᠨᠢᠰᠴᠦ᠍ ᠪᠠᠭᠤᠬᠤ ᠢ᠋ᠢ ᠪᠠᠲᠤᠯᠠᠵᠤ᠂ 23.9 ᠲᠦᠮᠡᠨ ᠠᠶᠠᠨᠴᠢᠨ (ᠤᠳᠠᠭ᠎ᠠ) ᠵᠦᠭᠡᠭᠡᠪᠦᠷᠢᠯᠡᠪᠠ᠃ 2 ᠰᠠᠷ᠎ᠠ ᠢ᠋ᠢᠨ 4 ᠤ᠋ ᠡᠳᠦᠷ ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ ᠤ᠋ᠨ ᠵᠦᠬᠡᠬᠡᠪᠤᠷᠢᠯᠡᠭᠰᠡᠨ ᠠᠶᠠᠨᠴᠢᠳ ᠤ᠋ᠨ ᠲᠣᠭ᠎ᠠ ᠣᠷᠭᠢᠯ ᠳ᠋ᠠᠭᠠᠨ ᠬᠦᠷᠴᠦ᠂ ᠨᠢᠭᠡ ᠯᠡ ᠡᠳᠦᠷ ᠲᠤ᠌ 3.4 ᠲᠦᠮᠡᠨ ᠬᠥᠮᠦᠨ ᠤᠳᠠᠭ᠎ᠠ ᠢ᠋ᠢᠨ ᠠᠶᠠᠨᠴᠢᠨ ᠵᠦᠭᠡᠭᠡᠪᠦᠷᠢᠯᠡᠵᠡᠢ᠃

ᠤᠢᠯᠠᠭᠠᠭᠰᠠᠨ ᠢ᠋ᠢᠡᠷ᠂ ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ ᠤ᠋ᠨ ᠬᠢᠨ ᠥᠷᠭᠡᠨ ᠣᠯᠠᠨ ᠠᠶᠠᠨᠴᠢᠳ ᠤ᠋ᠨ ᠴᠠᠭᠠᠨ ᠰᠠᠷ᠎ᠠ ᠵᠢᠨ ᠠᠮᠠᠷᠠᠯᠲᠠ ᠢ᠋ᠢᠨ ᠬᠤᠭᠤᠴᠠᠭᠠᠨ ᠤ᠋ ᠠᠶᠠᠯᠠᠯ ᠤ᠋ᠨ ᠬᠡᠷᠡᠭ᠌ᠴᠡᠭᠡ ᠢ᠋ᠢ ᠬᠠᠩᠭᠠᠬᠤ ᠢ᠋ᠢᠨ ᠲᠥᠯᠥᠭᠡ ᠡᠯ᠎ᠡ ᠠᠭᠠᠷ ᠤ᠋ᠨ ᠠᠶᠠᠯᠠᠯ ᠤ᠋ᠨ ᠺᠣᠮᠫᠠᠨᠢ ᠢ᠋ᠢᠨ ᠲᠡᠭᠡᠭᠡᠪᠦᠷᠢ ᠢ᠋ᠢᠨ ᠬᠦᠴᠦᠨ ᠢ᠋ ᠢᠳᠡᠪᠬᠢᠲᠡᠢ ᠣᠷᠣᠭᠤᠯᠵᠤ᠂ ᠱᠠᠩᠬᠠᠶ᠂ ᠭᠤᠸᠠᠩᠵᠧᠦ ᠂ ᠰᠠᠨᠶᠠ᠂ ᠬᠠᠷᠪᠢᠨ ᠵᠡᠷᠭᠡ ᠬᠣᠲᠠ ᠢ᠋ᠢᠨ ᠬᠡᠰᠡᠭ ᠡᠭᠡᠯᠵᠢ ᠢ᠋ᠢᠨ ᠨᠢᠰᠭᠡᠯ ᠢ᠋ ᠥᠷᠭᠡᠨ ᠪᠡᠶᠡᠲᠦ ᠨᠢᠰᠭᠡᠯ ᠪᠤᠯᠭᠠᠨ ᠲᠤᠬᠢᠷᠠᠭᠤᠯᠪᠠ᠃ ᠡᠭᠦᠨ ᠤ᠋ ᠬᠠᠮᠲᠤ ᠪᠸᠢ ᠬᠠᠶ ᠳ᠋ᠤ ᠱᠢᠭᠤᠳ ᠬᠥᠷᠬᠥ᠌ ᠡᠭᠡᠯᠵᠢ ᠢ᠋ᠢᠨ ᠨᠢᠰᠭᠡᠯ ᠢ᠋ ᠱᠢᠨ᠎ᠡ ᠪᠡᠷ ᠲᠤᠬᠢᠷᠠᠭᠤᠯᠵᠤ᠂ ᠵᠢᠶᠧ ᠶᠠᠩ ᠳ᠋ᠤ ᠬᠥᠷᠬᠥ᠌ ᠡᠭᠡᠯᠵᠢ ᠢ᠋ᠢᠨ ᠨᠢᠰᠭᠡᠯ ᠢ᠋ ᠰᠡᠷᠭᠦᠭᠡᠨ ᠭᠤᠸᠠᠩᠵᠧᠦ᠂ ᠴᠦᠩᠴᠢᠩ᠂ ᠬᠠᠩᠵᠧᠦ᠂ ᠵᠸᠩᠵᠸᠦ᠂ ᠦᠷᠦᠮᠴᠢ᠂ ᠢᠷᠭᠠᠶ ᠵᠡᠷᠭᠡ ᠣᠷᠣᠨ ᠤ᠋ ᠭᠠᠳᠠᠨᠠᠬᠢ ᠡᠭᠡᠯᠵᠢ ᠢ᠋ᠢᠨ ᠨᠢᠰᠭᠡᠯ ᠢ᠋ ᠨᠡᠮᠡᠭᠳᠡᠭᠦᠯᠵᠡᠢ᠃ ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ ᠭᠤᠤᠯᠳᠠᠭᠤ ᠲᠥᠷᠥᠯ ᠰᠠᠳᠤᠨ ᠢ᠋ᠢᠡᠨ ᠡᠷᠭᠢᠵᠤ ᠦᠵᠡᠬᠦ ᠪᠠ ᠵᠢᠭᠤᠯᠴᠢᠯᠠᠬᠤ ᠠᠶᠠᠨᠴᠢᠳ ᠤ᠋ᠨ ᠤᠷᠤᠰᠬᠠᠯ ᠢ᠋ᠢᠡᠷ ᠭᠤᠤᠯᠯᠠᠵᠤ᠂ ᠠᠶᠠᠨᠴᠢᠳ ᠤ᠋ᠨ ᠠᠶᠠᠨ ᠤ᠋ ᠵᠠᠮ ᠭᠤᠤᠯᠳᠠᠭᠤ ᠣᠷᠣᠨ ᠤ᠋ ᠳᠣᠲᠣᠷᠠᠬᠢ ᠤᠯᠠᠭᠠᠨᠬᠠᠳᠠ᠂ ᠬᠠᠢᠯᠠᠷ᠂ ᠲᠦᠩᠯᠢᠶᠣᠤ᠂ ᠱᠢᠯᠢᠩᠬᠣᠲᠠ᠂ ᠤᠯᠠᠭᠠᠨᠬᠣᠲᠠ ᠵᠢᠴᠢ ᠣᠷᠣᠨ ᠤ᠋ ᠭᠠᠳᠠᠨᠠᠬᠢ ᠱᠠᠩᠬᠠᠶ᠂ ᠭᠤᠸᠠᠩᠵᠧᠦ᠂ ᠨᠠᠨᠵᠢᠩ᠂ ᠬᠠᠢᠺᠸᠤ᠂ ᠬᠠᠩᠵᠧᠦ᠂ ᠬᠠᠷᠪᠢᠨ᠂ ᠰᠢ ᠠᠨ ᠵᠡᠷᠭᠡ ᠬᠣᠲᠠ ᠳ᠋ᠤ ᠲᠥᠪᠯᠡᠷᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号