ᠴᠠᠭᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭᠠᠨ ᠳ᠋ᠸ᠋᠂ ᠪᠦᠬᠦ ᠤᠷᠤᠨ ᠤ᠋ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠴᠠᠭᠠᠨ ᠰᠠᠷ᠎ᠠ ᠵᠢᠨ ᠠᠮᠤᠷ ᠲᠦᠪᠰᠢᠨ ᠢ ᠬᠠᠮᠠᠭᠠᠯᠠᠵᠤ ᠲᠤᠬᠳᠠᠭᠤᠨ ᠢ ᠪᠠᠳᠤᠯᠠᠬᠤ ᠡᠯ᠎ᠡ ᠵᠦᠢᠯ ᠤ᠋ᠨ ᠠᠷᠭ᠎ᠠ ᠬᠡᠮᠵᠢᠶ᠎ᠡ ᠵᠢ ᠴᠢᠩᠭ᠎ᠠ ᠪᠤᠳᠠᠳᠠᠢ ᠨᠠᠷᠢᠯᠢᠬ ᠨᠠᠢᠳᠠᠪᠤᠷᠢᠵᠢᠭᠤᠯᠵᠤ᠂ ᠴᠠᠭᠠᠨ ᠰᠠᠷ᠎ᠠ ᠵᠢᠨ ᠵᠦᠬᠡᠬᠡᠪᠦᠷᠢ ᠵᠢᠨ ᠵᠠᠮ ᠬᠠᠷᠢᠯᠴᠠᠭᠠᠨ ᠤ᠋ ᠠᠮᠤᠷ ᠲᠦᠪᠰᠢᠨ᠂ ᠨᠡᠢᠬᠡᠮ ᠤ᠋ᠨ ᠵᠦᠷᠢᠴᠡᠯ ᠢ ᠠᠷᠢᠯᠭᠠᠬᠤ᠂ ᠲᠤᠮᠤ ᠬᠡᠯᠪᠡᠷᠢ ᠵᠢᠨ ᠠᠵᠢᠯᠯᠠᠭ᠎ᠠ ᠵᠢ ᠤᠷᠤᠬᠰᠢᠳᠠᠢ ᠶᠠᠪᠤᠬᠳᠠᠬᠤ ᠵᠢ ᠪᠠᠳᠤᠯᠠᠬᠤ ᠵᠡᠷᠬᠡ ᠠᠵᠢᠯ ᠢ ᠪᠦᠬᠦ ᠬᠦᠴᠦᠨ ᠵᠢᠡᠷ ᠴᠢᠩᠭ᠎ᠠ ᠠᠳᠬᠤᠪᠠ᠃
1 ᠰᠠᠷ᠎ᠠ ᠵᠢᠨ 28 ᠤ᠋ ᠡᠳᠦᠷ ᠤ᠋ᠨ 0 ᠴᠠᠬ ᠡᠴᠨ 2 ᠰᠠᠷ᠎ᠠ ᠵᠢᠨ 4 ᠤ᠋ ᠡᠳᠦᠷ ᠤ᠋ᠨ 12 ᠴᠠᠬ ᠪᠤᠯᠳᠠᠯ᠎ᠠ᠂ ᠪᠦᠬᠦ ᠤᠷᠤᠨ ᠳ᠋ᠸ᠋ ᠨᠡᠢᠳᠡ 34560 ᠤᠳᠠᠭ᠎ᠠ ᠵᠢᠨ ᠬᠡᠷᠡᠭ ᠤ᠋ᠨ ᠮᠡᠳᠡᠬᠦᠯᠦᠯᠳᠡ ᠵᠢ ᠲᠤᠰᠴᠤ᠂ ᠳᠡᠭᠡᠷ᠎ᠡ ᠵᠢᠯᠤᠨ ᠠᠳᠠᠯᠢ ᠬᠤᠭᠤᠴᠠᠭᠠᠨ ᠤ᠋ ᠬᠢ ᠡᠴᠨ 25.70% ᠵᠢᠡᠷ ᠲᠤᠷᠤᠬᠰᠢᠯᠠᠵᠤ᠂ ᠰᠦᠯᠵᠢᠶᠡᠨ ᠲᠡᠭᠡᠷᠡᠬᠢ ᠶᠠᠷᠢᠶ᠎ᠠ ᠬᠡᠯᠡᠯᠴᠡᠬᠡᠨ ᠤ᠋ ᠪᠠᠢᠳᠠᠯ ᠶᠡᠷᠦᠩᠬᠡᠢᠳᠡᠭᠡᠨ ᠲᠤᠬᠳᠠᠭᠤᠨ ᠪᠠᠢᠵᠤ᠂ ᠴᠠᠭᠠᠨ ᠰᠠᠷ᠎ᠠ ᠵᠢᠨ ᠭᠤᠤᠯ ᠰᠡᠳᠦᠪᠳᠦ ᠰᠤᠶᠤᠯ ᠤ᠋ᠨ ᠰᠢᠷᠢᠰ ᠠᠵᠢᠯᠯᠠᠭ᠎ᠠ ᠠᠮᠤᠷ ᠲᠦᠪᠰᠢᠨ ᠤᠷᠤᠬᠰᠢᠳᠠᠢ ᠶᠠᠪᠤᠬᠳᠠᠵᠤ᠂ ᠵᠢᠭᠤᠯᠴᠢᠯᠠᠯ ᠤ᠋ᠨ ᠦᠵᠡᠮᠵᠢ ᠵᠢᠨ ᠤᠷᠤᠨ ᠡᠮᠬᠢ ᠲᠢᠭᠯᠢᠮ ᠲᠠᠢ᠂ ᠪᠦᠬᠦ ᠤᠷᠤᠨ ᠤ᠋ ᠲᠦᠷᠬᠡᠨ ᠤ᠋ ᠵᠠᠰᠠᠮᠠᠯ ᠵᠠᠮ ᠪᠠ ᠭᠤᠤᠯ ᠪᠤᠯᠬᠤ ᠮᠤᠵᠢ ᠵᠢᠨ ᠵᠠᠮ ᠲᠡᠭᠡᠷ᠎ᠡ ᠶᠡᠬᠡ ᠬᠡᠪᠴᠢᠶᠡᠨ ᠤ᠋ ᠵᠠᠮ ᠬᠠᠷᠢᠯᠴᠠᠭᠠᠨ ᠤ᠋ ᠲᠦᠭᠵᠢᠷᠡᠯ ᠡᠬᠦᠰᠦᠭᠰᠡᠨ ᠦᠬᠡᠢ᠂ ᠬᠠᠷᠢᠴᠠᠩᠭᠤᠢ ᠲᠤᠮᠦ ᠶᠡᠬᠡ ᠵᠠᠮ ᠬᠠᠷᠢᠯᠴᠠᠭᠠᠨ ᠤ᠋ ᠡᠨᠳᠡᠯ ᠭᠠᠷᠤᠬᠰᠠᠨ ᠦᠬᠡᠢ᠃
ᠴᠠᠭᠠᠨ ᠰᠠᠷ᠎ᠠ ᠵᠢᠨ ᠠᠮᠠᠷᠠᠯᠳᠠ ᠵᠢᠨ ᠬᠤᠭᠤᠴᠠᠭᠠᠨ ᠳ᠋ᠸ᠋᠂ ᠪᠦᠬᠦ ᠤᠷᠤᠨ ᠤ᠋ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠨᠢ ᠴᠤᠬᠢᠯᠳᠠ ᠦᠭᠴᠦ ᠰᠡᠷᠬᠡᠢᠯᠡᠨ ᠬᠠᠮᠢᠶᠠᠷᠤᠨ ᠡᠵᠡᠮᠳᠡᠬᠦ ᠡᠯ᠎ᠡ ᠵᠦᠢᠯ ᠤ᠋ᠨ ᠠᠷᠭ᠎ᠠ ᠬᠡᠮᠵᠢᠶ᠎ᠡ ᠵᠢ ᠤᠨᠤᠴᠠᠳᠠᠢ ᠬᠡᠷᠡᠭᠵᠢᠬᠦᠯᠦᠨ᠂ 1 ᠰᠠᠷ᠎ᠠ ᠵᠢᠨ 26 ᠤ᠋ ᠡᠳᠦᠷ ᠡᠴᠨ 27 ᠤ᠋ ᠡᠳᠦᠷ ᠪᠤᠯᠳᠠᠯ᠎ᠠ ᠠᠮᠤᠷ ᠢ ᠬᠠᠮᠠᠭᠠᠯᠠᠬᠤ ᠪᠤᠳᠤᠯᠢᠶᠠᠨᠳᠠᠢ ᠤᠷᠤᠨ ᠪᠦᠰᠡ ᠵᠢ ᠲᠦᠪᠯᠡᠷᠡᠩᠬᠦᠢ ᠴᠡᠪᠡᠷᠯᠡᠨ ᠪᠠᠢᠴᠠᠭᠠᠵᠤ ᠴᠡᠭᠴᠡᠯᠡᠨ ᠵᠠᠰᠬᠠᠤ ᠠᠵᠢᠯᠢ ᠦᠷᠨᠢᠬᠦᠯᠦᠨ᠂ 1 ᠰᠠᠷ᠎ᠠ ᠵᠢᠨ 28 ᠤ᠋ ᠡᠳᠦᠷ ᠡᠴᠨ 29 ᠤ᠋ ᠡᠳᠦᠷ ᠪᠤᠯᠳᠠᠯ᠎ᠠ᠂ ᠪᠦᠬᠦ ᠤᠷᠤᠨ ᠤ᠋ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠡᠳᠦᠷ ᠪᠤᠯᠭᠠᠨ 3.5 ᠲᠦᠮᠡᠨ ᠬᠦᠮᠦᠨ ᠤᠳᠠᠭ᠎ᠠ ᠵᠢᠨ ᠴᠠᠬᠳᠠᠭ᠎ᠠ ᠲᠤᠮᠢᠯᠠᠨ ᠵᠢᠵᠢᠬᠦᠷᠯᠡᠵᠦ᠂ ᠨᠡᠢᠬᠡᠮ ᠤ᠋ᠨ ᠲᠠᠯ᠎ᠠ ᠵᠢᠨ ᠲᠤᠭᠤᠷᠢᠨ ᠰᠡᠷᠬᠡᠢᠯᠡᠬᠦ ᠵᠡᠷᠬᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠳᠠᠢ ᠦᠷᠨᠢᠬᠦᠯᠵᠡᠢ᠃ 1 ᠰᠠᠷ᠎ᠠ ᠵᠢᠨ 30 ᠤ᠋ ᠡᠳᠦᠷ ᠡᠴᠨ 2 ᠰᠠᠷ᠎ᠠ ᠵᠢᠨ 4 ᠤ᠋ ᠡᠳᠦᠷ ᠪᠤᠯᠳᠠᠯ᠎ᠠ᠂ ᠡᠯ᠎ᠡ ᠠᠢᠮᠠᠬ ᠬᠤᠳᠠ ᠵᠢᠨ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠲᠤᠰ ᠭᠠᠵᠠᠷ ᠤ᠋ᠨ ᠤᠯᠤᠰ ᠲᠦᠷᠦ ᠵᠢᠨ ᠠᠮᠤᠷ ᠲᠦᠪᠰᠢᠨ ᠪᠠ ᠨᠡᠢᠬᠡᠮ ᠤ᠋ᠨ ᠲᠤᠬᠳᠠᠭᠤᠨ ᠤ᠋ ᠪᠠᠢᠳᠠᠯ ᠳ᠋ᠸ᠋ ᠰᠠᠭᠤᠷᠢᠯᠠᠨ᠂ ᠵᠢᠵᠢᠬᠦᠷᠯᠡᠬᠦ ᠶᠠᠪᠤᠳᠠᠯ ᠢ ᠰᠢᠨᠵᠢᠯᠡᠬᠦ ᠤᠬᠠᠭᠠᠨᠴᠢ ᠪᠡᠷ ᠪᠠᠢᠷᠢᠯᠠᠭᠤᠯᠤᠨ᠂ ᠵᠢᠵᠢᠬᠦᠷᠯᠡᠬᠦ ᠠᠷᠭ᠎ᠠ ᠬᠡᠮᠵᠢᠶ᠎ᠡ ᠪᠠ ᠴᠠᠬᠳᠠᠭᠠᠨ ᠤ᠋ ᠬᠦᠴᠦᠨ ᠤ᠋ ᠡᠬᠢ ᠪᠠᠶᠠᠯᠢᠬ ᠢ ᠲᠤᠬᠢᠷᠠᠭᠤᠯᠬᠤ ᠵᠢ ᠰᠢᠯᠢᠳᠡᠭᠵᠢᠬᠦᠯᠦᠨ᠂ ᠬᠠᠮᠤᠬ ᠤ᠋ᠨ ᠶᠡᠬᠡ ᠬᠡᠮᠵᠢᠶ᠎ᠡ ᠪᠡᠷ ᠰᠢᠨᠵᠢᠯᠡᠬᠦ ᠤᠬᠠᠭᠠᠨᠴᠢ ᠪᠡᠷ ᠴᠠᠬᠳᠠᠭ᠎ᠠ ᠬᠡᠷᠡᠭᠯᠡᠬᠦ ᠵᠢ ᠪᠠᠳᠤᠯᠠᠪᠠ᠃ ᠡᠯ᠎ᠡ ᠱᠠᠳᠤᠨ ᠤ᠋ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠭᠤᠯᠴᠢᠯᠠᠯ ᠤ᠋ᠨ ᠦᠵᠡᠮᠵᠢ ᠵᠢᠨ ᠤᠷᠤᠨ᠂ ᠲᠤᠮᠤ ᠬᠡᠯᠪᠡᠷᠢ ᠵᠢᠨ ᠠᠵᠢᠯᠯᠠᠭ᠎ᠠ ᠵᠡᠷᠬᠡ ᠬᠦᠮᠦᠨ ᠨᠢᠬᠳᠠᠷᠠᠬᠰᠠᠨ ᠲᠠᠯᠠᠪᠤᠷ ᠭᠠᠵᠠᠷ ᠤ᠋ᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠵᠢᠯ ᠢ ᠦᠨᠡᠨ ᠬᠦ᠌ ᠴᠢᠩᠭᠠᠷᠠᠭᠤᠯᠤᠨ᠂ ᠴᠠᠰᠤ ᠤᠷᠤᠵᠤ ᠮᠦᠰᠦ ᠬᠦᠯᠳᠡᠬᠦ ᠴᠠᠬ ᠠᠭᠤᠷᠤᠨ ᠪᠠᠢᠳᠠᠯᠢ ᠠᠷᠭᠠᠴᠠᠭᠠᠬᠤ ᠪᠠ ᠭᠤᠤᠯᠳᠠᠯᠭ᠎ᠠ ᠲᠠᠢ ᠵᠠᠮ ᠱᠤᠭᠤᠮ ᠪᠠ ᠴᠠᠬ ᠬᠤᠭᠤᠴᠠᠭᠠᠨᠳᠡᠬᠢ ᠵᠠᠮ ᠬᠠᠷᠢᠯᠴᠠᠭ᠎ᠠ ᠵᠢ ᠰᠢᠯᠤᠭᠤᠳᠬᠠᠬᠤ ᠵᠢ ᠴᠢᠩᠭᠠᠳᠬᠠᠵᠤ᠂ ᠨᠡᠢᠳᠡ 53620 ᠬᠦᠮᠦᠨ ᠤᠳᠠᠭ᠎ᠠ ᠵᠢᠨ ᠴᠠᠬᠳᠠᠭ᠎ᠠ ᠬᠦᠳᠡᠯᠬᠡᠨ᠂ 98 ᠵᠠᠮ ᠬᠠᠷᠢᠯᠴᠠᠭᠠᠨ ᠤ᠋ ᠬᠠᠤᠯᠢ ᠬᠡᠷᠡᠭᠵᠢᠬᠦᠯᠬᠦ ᠪᠠᠢᠴᠠᠭᠠᠬᠤ ᠦᠷᠳᠡᠬᠡ ᠵᠢ ᠠᠵᠢᠯᠯᠠᠭᠤᠯᠵᠤ᠂ 334 ᠲᠦᠷ ᠴᠠᠬ ᠤ᠋ᠨ ᠵᠢᠵᠢᠬᠦᠷᠯᠡᠬᠦ ᠴᠡᠭ ᠢ ᠲᠤᠬᠢᠷᠠᠭᠤᠯᠤᠨ᠂ ᠤᠯᠠᠨ ᠲᠦᠮᠡᠨ ᠤ᠋ ᠭᠠᠳᠠᠬᠰᠢ ᠭᠠᠷᠬᠤ ᠠᠮᠤᠷ ᠲᠦᠪᠰᠢᠨ ᠢ ᠪᠦᠬᠦ ᠬᠦᠴᠦᠨ ᠵᠢᠡᠷ ᠪᠠᠳᠤᠯᠠᠵᠠᠢ᠃