2025 ᠣᠨ ᠤ᠋ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠤ᠂ ᠤᠷᠳᠤᠰ ᠬᠤᠳᠠ 《ᠴᠠᠭᠠᠨ ᠰᠠᠷ᠎ᠠ ᠪᠡᠨ ᠪᠠᠶᠠᠷ ᠬᠥᠷ ᠲᠠᠢ ᠥᠩᠭᠡᠷᠡᠭᠦᠯᠦᠶ᠎ᠡ》 ᠴᠠᠭᠠᠨ ᠰᠠᠷ᠎ᠠ ᠶ᠋ᠢᠨ ᠭᠣᠣᠯ ᠰᠡᠳᠦᠪᠲᠦ ᠰᠣᠶᠣᠯ ᠵᠢᠭᠤᠯᠴᠢᠯᠠᠯ ᠤ᠋ᠨ ᠰᠢᠷᠢᠰ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠂ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭᠰᠠᠳ ᠢ᠋ 311.17 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ 22.22 ᠳ᠋ᠦᠩᠰᠢᠭᠤᠷ ᠲᠥᠭᠥᠷᠢᠭ ᠤ᠋ᠨ ᠵᠢᠭᠤᠯᠴᠢᠯᠠᠯ ᠤ᠋ᠨ ᠤᠷᠤᠯᠭ᠎ᠠ ᠡᠬᠦᠳᠴᠡᠢ᠃
ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠤ᠂ ᠤᠷᠳᠤᠰ ᠬᠤᠳᠠ ᠠᠮᠠᠷᠠᠯᠲᠠ ᠶ᠋ᠢᠨ ᠡᠳᠦᠷ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠶ᠋ᠢᠨ ᠪᠡᠯᠡᠳᠬᠡᠯ ᠠᠵᠢᠯ ᠢ᠋ ᠯᠠᠪᠳᠠᠭᠤᠨ ᠪᠠᠲᠤᠲᠠᠢ ᠬᠢᠵᠦ᠂ 《ᠴᠠᠭᠠᠨ ᠰᠠᠷ᠎ᠠ ᠪᠡᠨ ᠪᠠᠶᠠᠷ ᠬᠥᠷ ᠲᠠᠢ ᠥᠩᠭᠡᠷᠡᠭᠦᠯᠦᠶ᠎ᠡ》 ᠬᠡᠬᠦ ᠭᠣᠣᠯ ᠰᠡᠳᠦᠪᠲᠦ 6 ᠲᠣᠮᠣ᠌ ᠬᠡᠰᠡᠭ ᠤ᠋ᠨ 141 ᠵᠦᠢᠯ ᠤ᠋ᠨ ᠴᠠᠭᠠᠨ ᠰᠠᠷ᠎ᠠ ᠶ᠋ᠢᠨ ᠥᠯᠵᠡᠢᠲᠦ ᠡᠳᠦᠷ ᠤ᠋ᠨ ᠰᠣᠶᠣᠯ ᠵᠢᠭᠤᠯᠴᠢᠯᠠᠯ ᠤ᠋ᠨ ᠰᠢᠷᠢᠰ ᠠᠵᠢᠯᠯᠠᠭ᠎ᠠ ᠵᠢ ᠥᠷᠨᠢᠭᠦᠯᠵᠦ᠂ ᠠᠷᠠᠳ ᠲᠤ᠌ ᠠᠰᠢᠭ᠋ ᠬᠦᠷᠲᠡᠭᠡᠬᠦ ᠤᠷᠠᠨ ᠰᠠᠢᠬᠠᠨ ᠤ᠋ ᠲᠣᠭᠯᠠᠯᠲᠠ᠂ ᠣᠯᠠᠨ ᠨᠡᠶ᠋ᠢᠲᠡ ᠶ᠋ᠢᠨ ᠰᠣᠶᠣᠯ ᠤ᠋ᠨ ᠦᠢᠯᠡᠴᠢᠯᠡᠭᠡ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠪᠡᠶᠡᠴᠢᠯᠡᠨ ᠣᠢᠯᠠᠭᠠᠬᠤ ᠦᠵᠡᠭᠦᠯᠭᠡ᠂ ᠰᠣᠶᠣᠯ ᠤ᠋ᠨ ᠦᠵᠡᠰᠬᠦᠯᠡᠩ ᠵᠡᠷᠭᠡ ᠤᠯᠠᠨ ᠲᠠᠯ᠎ᠠ ᠵᠢ ᠬᠠᠮᠤᠷᠴᠠᠢ᠃ ᠰᠣᠶᠣᠯ ᠵᠢᠭᠤᠯᠴᠢᠯᠠᠯ ᠤ᠋ᠨ ᠠᠷᠠᠳ ᠲᠤ᠌ ᠠᠰᠢᠭ᠋ ᠬᠦᠷᠲᠡᠭᠡᠬᠦ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠂ 《ᠣᠷᠳᠣᠰ ᠶ᠋ᠢᠡᠷ ᠵᠢᠭᠤᠯᠴᠢᠯᠠᠶ᠎ᠠ》 ᠸᠢᠴᠠᠲ ᠤ᠋ᠨ ᠵᠢᠵᠢᠭ ᠫᠷᠣᠭ᠌ᠷᠠᠮ ᠶ᠋ᠢᠡᠷ ᠳᠠᠮᠵᠢᠭᠤᠯᠤᠨ 100 ᠲᠦᠮᠡᠨ ᠲᠥᠭᠥᠷᠢᠭ ᠤ᠋ᠨ ᠬᠡᠷᠡᠭᠯᠡᠭᠡ ᠵᠢᠨ ᠲᠡᠮᠳᠡᠭᠲᠦ ᠵᠢ ᠲᠠᠷᠬᠠᠭᠠᠨ᠂ ᠰᠣᠶᠣᠯ ᠵᠢᠭᠤᠯᠴᠢᠯᠠᠯ ᠤ᠋ᠨ ᠬᠡᠷᠡᠭᠯᠡᠭᠡ ᠵᠢ ᠦᠷᠭᠦᠯᠵᠢᠯᠡᠨ ᠠᠬᠢᠭᠤᠯᠵᠠᠢ᠃ ᠪᠥᠬᠥ ᠬᠣᠲᠠ ᠶ᠋ᠢᠨ ᠡᠯ᠎ᠡ ᠲᠣᠮᠣ᠌ ᠰᠣᠶᠣᠯ ᠤ᠋ᠨ ᠣᠷᠳᠣᠨ᠂ ᠠᠭᠤᠳᠠᠮ ᠳᠠᠯᠠᠪᠠᠢ ᠳ᠋ᠤ 《ᠮᠦᠽᠧᠢ ᠳ᠋ᠡᠬᠢ ᠴᠠᠭᠠᠨ ᠰᠠᠷ᠎ᠠ ᠶ᠋ᠢᠨ ᠪᠠᠶᠠᠷ》᠂ 《ᠰᠣᠶᠣᠯ ᠤ᠋ᠨ ᠣᠷᠳᠣᠨ ᠳ᠋ᠡᠬᠢ ᠴᠠᠭᠠᠨ ᠰᠠᠷ᠎ᠠ》᠂ 《ᠠᠷᠠᠳ ᠲᠤ᠌ ᠠᠰᠢᠭ᠋ ᠬᠦᠷᠲᠡᠭᠡᠬᠦ ᠰᠤᠶᠤᠯ ᠤ᠋ᠨ ᠦᠵᠡᠰᠬᠦᠯᠡᠩ》 ᠵᠡᠷᠭᠡ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶ᠋ᠢᠨ ᠴᠠᠭᠠᠨ ᠰᠠᠷ᠎ᠠ ᠶ᠋ᠢᠨ ᠭᠣᠣᠯ ᠰᠡᠳᠦᠪᠲᠦ ᠰᠢᠷᠢᠰ ᠠᠵᠢᠯᠯᠠᠭ᠎ᠠ ᠵᠢ ᠥᠷᠨᠢᠭᠦᠯᠦᠨ᠂ ᠨᠡᠶ᠋ᠢᠲᠡ 38 ᠲᠦᠮᠡ ᠭᠠᠷᠤᠢ ᠬᠥᠮᠥᠨ ᠤᠳᠠᠭ᠎ᠠ ᠵᠢᠭᠤᠯᠴᠢᠯᠠᠭᠰᠠᠳ ᠢ᠋ ᠭᠥᠯᠢᠶᠡᠨ ᠠᠪᠴᠤ᠂ ᠰᠢᠨ᠎ᠡ ᠵᠢᠯ ᠤ᠋ᠨ ᠦᠨᠦᠷ ᠠᠮᠲᠠ ᠵᠢ ᠦᠳᠭᠡᠷᠡᠬᠦᠯᠵᠦ᠂ ᠪᠠᠶᠠᠷ ᠬᠥᠷ ᠲᠠᠢ ᠴᠠᠭᠠᠨ ᠰᠠᠷ᠎ᠠ ᠶ᠋ᠢᠨ ᠠᠭᠤᠷ ᠠᠮᠢᠰᠬᠤᠯ ᠢ᠋ ᠪᠣᠢ ᠪᠣᠯᠭᠠᠵᠠᠢ᠃ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠡᠯᠧᠮᠧᠨ᠋ᠲ ᠢ᠋ ᠭᠦᠨᠵᠡᠭᠡᠢ ᠠᠭᠤᠰᠤᠯᠴᠠᠭᠤᠯᠵᠤ᠂ ᠤᠯᠠᠮᠵᠢᠯᠠᠯᠲᠤ ᠰᠣᠶᠣᠯ ᠤ᠋ᠨ ᠷᠢᠳᠢ ᠰᠢᠳᠢ ᠵᠢ ᠭᠦᠢᠴᠡᠳ ᠢᠯᠡᠷᠡᠭᠦᠯᠦᠨ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠥᠪᠡᠷᠮᠢᠴᠡ ᠣᠨᠴᠠᠯᠢᠭ᠋ ᠲᠠᠢ ᠰᠢᠨ᠎ᠡ ᠵᠢᠯ ᠤ᠋ᠨ ᠵᠢᠭᠤᠯᠴᠢᠯᠠᠯ ᠤ᠋ᠨ ᠪᠦᠲᠦᠭᠡᠭᠳᠡᠬᠦᠨ ᠢ᠋ ᠭᠠᠷᠭᠠᠵᠤ᠂ ᠰᠦᠮ᠎ᠡ ᠶ᠋ᠢᠨ ᠴᠤᠭᠯᠠᠭᠠᠨ᠂ ᠯᠣᠣ ᠠᠷᠰᠯᠠᠨ ᠳᠤᠭᠯᠠᠭᠤᠯᠬᠤ᠂ ᠶᠠᠩᠭᠠᠷ ᠪᠦᠵᠢᠭ ᠪᠦᠵᠢᠭᠯᠡᠬᠦ ᠵᠡᠷᠭᠡ ᠰᠤᠶᠤᠯ ᠤ᠋ᠨ ᠠᠵᠢᠯᠯᠠᠭ᠎ᠠ ᠦᠷᠨᠢᠬᠦᠯᠵᠡᠢ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号